ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠲᠡᠷᠢᠭᠦᠨ ᠬᠠᠭᠤᠳᠠᠰᠤ  -   ᠲᠡᠷᠢᠭᠦᠨ ᠵᠣᠷᠪᠣᠰ
ᠰᠢ᠎ᠵᠢᠨ᠎ᠫᠢᠩ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠳᠤ ᠴᠢᠬᠤᠯᠠ ᠵᠢᠭᠠᠪᠤᠷᠢ ᠥᠭᠴᠦ᠍ ᠴᠢᠬᠤᠯᠠᠴᠢᠯᠠᠭᠰᠠᠨ᠎ᠨᠢ ᠬᠠᠷᠢᠶᠠᠲᠤ ᠨᠠᠷ᠎ᠤᠨ ᠰᠡᠳᠬᠢᠯ ᠬᠠᠷᠢᠶᠠᠲᠤ ᠨᠠᠷ᠎ᠤᠨ ᠬᠦᠴᠦᠨ᠎ᠢ ᠨᠡᠩ ᠰᠠᠶ᠋ᠢᠲᠤᠷ ᠨᠢᠭᠲᠠᠷᠠᠭᠤᠯᠵᠤ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠪᠦᠯᠬᠦᠮᠳᠡᠨ ᠲᠡᠮᠡᠴᠡᠬᠦ᠌᠎ᠶᠢ ᠠᠬᠢᠭᠤᠯᠬᠤ ᠬᠡᠷᠡᠭᠲᠡᠢ ᠸᠠᠩ ᠬᠤ᠌ ᠨᠢᠩ ᠪᠦᠬᠦ ᠤᠯᠤᠰ᠎ᠤ᠋ᠨ ᠬᠠᠷᠢᠶᠠᠳᠤ ᠨᠠᠷ᠎ᠤ᠋ᠨ ᠶᠠᠪᠤᠳᠠᠯ᠎ᠤ᠋ᠨ ᠠᠵᠢᠯ᠎ᠤ᠋ᠨ ᠬᠤᠷᠠᠯ᠎ᠳ᠋ᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ
ᠨᠡᠢᠲᠡᠯᠡᠭᠰᠡᠨ ᠴᠠᠭ᠄ 2026-07-29

ᠳᠤᠮᠳᠠᠳᠤ ᠤᠯᠤᠰ᠎ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠎ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠵᠢᠨ ᠲᠡᠷᠢᠭᠦᠯᠡᠭᠴᠢ ᠰᠢ᠎ᠵᠢᠨ᠎ᠫᠢᠩ ᠣᠶ᠋ᠢᠷ᠎ᠠ᠎ᠳᠤ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠳᠤ ᠴᠢᠬᠤᠯᠠ ᠵᠢᠭᠠᠪᠤᠷᠢ ᠥᠭᠴᠦ᠍᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠬᠠᠷᠢᠶᠠᠲᠤ ᠨᠠᠷ᠎ᠤᠨ ᠶᠠᠪᠤᠳᠠᠯ᠎ᠤᠨ ᠹᠷᠣᠨᠲ᠎ᠤ᠋ᠨ ᠬᠢᠨ ᠨᠠᠮ᠎ᠤᠨ ᠲᠥᠪ ᠬᠣᠷᠢᠶ᠎ᠠ᠎ᠵᠢᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠥᠷᠭᠡᠨ ᠣᠯᠠᠨ ᠭᠠᠳᠠᠭᠠᠳᠤ᠎ᠳᠤ ᠰᠠᠭᠤᠭ᠎ᠠ ᠬᠠᠷᠢᠶᠠᠲᠤ᠌ ᠨᠡᠷ ᠪᠣᠯᠤᠨ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠳᠤ ᠨᠠᠷ᠎ᠤ᠋ᠨ ᠬᠡᠷ ᠪᠦᠯᠢ᠎ᠶᠢᠨ ᠬᠢᠨ᠎ᠢ ᠪᠦᠯᠬᠦᠮᠳᠡᠭᠦᠯᠦᠨ ᠳᠠᠶ᠋ᠢᠴᠢᠯᠠᠵᠤ᠂ ᠤᠯᠤᠰ᠎ᠤᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢ ᠠᠬᠢᠭᠤᠯᠬᠤ᠂ ᠳᠤᠮᠳᠠᠳᠤ᠎ᠶᠢᠨ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠳᠤᠮᠳᠠᠳᠤ ᠭᠠᠳᠠᠭᠠᠳᠤ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠠᠬᠢᠭᠤᠯᠬᠤ ᠵᠡᠷᠭᠡ ᠲᠠᠯ᠎ᠠ᠎ᠪᠠᠷ ᠢᠳᠡᠪᠬᠢᠲᠡᠶ ᠬᠤᠪᠢ ᠨᠡᠮᠡᠷᠢ ᠦᠵᠡᠭᠦᠯᠪᠡ ᠭᠡᠵᠤ ᠵᠢᠭᠠᠵᠤ ᠭᠠᠷᠭᠠᠵᠠᠢ᠃

ᠰᠢ᠎ᠵᠢᠨ᠎ᠫᠢᠩ᠂ ᠰᠢᠨ᠎ᠡ ᠠᠶᠠᠨ᠎ᠳᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠠᠷᠢᠶᠠᠲᠤ ᠨᠠᠷ᠎ᠤᠨ ᠶᠠᠪᠤᠳᠠᠯ᠎ᠤᠨ ᠲᠤᠬᠠᠢ ᠲᠦᠷᠦ᠎ᠶᠢᠨ ᠪᠤᠳᠤᠯᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠶᠢᠨ ᠲᠣᠭᠣᠷᠢᠨ᠎ᠳᠤ᠂ ᠬᠠᠷᠢᠶᠠᠲᠤ ᠨᠠᠷ᠎ᠤᠨ ᠰᠡᠳᠬᠢᠯ ᠬᠠᠷᠢᠶᠠᠲᠤ ᠨᠠᠷ᠎ᠤᠨ ᠬᠦᠴᠦᠨ᠎ᠢ ᠨᠡᠩ ᠰᠠᠶ᠋ᠢᠲᠤᠷ ᠨᠢᠭᠲᠠᠷᠠᠭᠤᠯᠵᠤ᠂ ᠥᠷᠭᠡᠨ ᠤᠯᠠᠨ ᠭᠠᠳᠠᠭᠠᠳᠤ᠎ᠳᠤ ᠰᠠᠭᠤᠭ᠎ᠠ ᠬᠠᠷᠢᠶᠠᠲᠤ᠌ ᠨᠡᠷ ᠪᠣᠯᠤᠨ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠲᠤ᠎ᠨᠠᠷ᠎ᠤᠨ ᠭᠡᠷ ᠪᠦᠯᠢ᠎ᠶᠢᠨ ᠬᠢᠨ᠎ᠢ ᠬᠦᠳᠦᠯᠥᠨ ᠳᠠᠭᠠᠭᠤᠯᠵᠤ ᠰᠢᠯᠢᠳᠡᠭ ᠤᠯᠠᠮᠵᠢᠯᠠᠯ᠎ᠢ ᠵᠠᠯᠭᠠᠮᠵᠢᠯᠠᠵᠤ᠂ ᠤᠯᠤᠰ᠎ᠵᠢᠡᠨ ᠬᠠᠢᠷᠠᠯᠠᠬᠤ ᠰᠡᠳᠬᠢᠯᠭᠡ᠎ᠶᠢ ᠵᠤᠵᠠᠭᠠᠳᠬᠠᠵᠤ᠂ ᠥᠪᠡᠷᠮᠢᠴᠡ ᠳᠠᠪᠠᠭᠤᠯᠢᠭ᠎ᠢᠶᠠᠨ ᠪᠠᠳᠠᠷᠠᠭᠤᠯᠵᠤ᠂ ᠨᠡᠩ ᠶᠡᠬᠡ ᠵᠢᠳᠬᠦᠯ ᠴᠢᠷᠮᠠᠶ᠋ᠢᠯᠭ᠎ᠠ ᠭᠠᠷᠭᠠᠵᠤ᠂ ᠡᠬᠡ ᠤᠯᠤᠰ᠎ᠤᠨ ᠨᠢᠭᠡᠳᠦᠯ᠎ᠦᠨ ᠶᠡᠬᠡ ᠦᠢᠯᠡᠰ᠎ᠲᠦ᠍ ᠢᠳᠡᠪᠬᠢᠲᠡᠢ ᠦᠢᠯᠡᠴᠢᠯᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠪᠦᠯᠬᠦᠮᠳᠡᠨ ᠲᠡᠮᠡᠴᠡᠬᠦ᠌᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠦᠯᠡᠮᠵᠢ ᠶᠡᠬᠡ ᠬᠦᠴᠦᠨ ᠴᠢᠳᠠᠯ᠎ᠢ ᠨᠢᠭᠳᠠᠷᠠᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃

ᠪᠦᠬᠦ᠌ ᠤᠯᠤᠰ᠎ᠤᠨ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠤᠨ ᠬᠤᠷᠠᠯ 7 ᠰᠠᠷ᠎ᠠ᠎ᠶᠢᠨ 27᠎ᠡᠴᠡ 28᠎ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃ ᠳᠤᠮᠳᠠᠳᠤ ᠤᠯᠤᠰ᠎ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠎ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠶ᠋ᠢᠩᠭᠤ᠎ᠶᠢᠨ ᠭᠡᠰᠢᠭᠦᠨ᠂ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠸᠠᠩ ᠬᠤ᠌ ᠨᠢᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃

ᠸᠠᠩ ᠬᠤ᠌ ᠨᠢᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ᠎ᠵᠢᠨ᠎ᠫᠢᠩ ᠬᠠᠷᠢᠶᠠᠲᠤ ᠨᠠᠷ᠎ᠤᠨ ᠶᠠᠪᠤᠳᠠᠯ᠎ᠤ᠋ᠨ ᠠᠵᠢᠯ᠎ᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠤᠢ᠌ᠷ᠎ᠠ᠎ᠳ᠋ᠤ ᠲᠤᠰᠬᠠᠶ᠋ᠢᠯᠠᠨ ᠴᠢᠬᠤᠯᠠ ᠵᠢᠭᠠᠪᠤᠷᠢ ᠥᠭᠴᠦ᠍᠂ ᠥᠷᠭᠡᠨ ᠤᠯᠠᠨ ᠭᠠᠳᠠᠭᠠᠳᠤ᠎ᠳᠤ ᠰᠠᠭᠤᠭ᠎ᠠ ᠬᠠᠷᠢᠶᠠᠲᠤ᠌ ᠨᠡᠷ ᠪᠣᠯᠤᠨ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠲᠤ ᠨᠠᠷ᠎ᠤ᠋ᠨ ᠭᠡᠷ ᠪᠦᠯᠢ᠎ᠶᠢᠨ ᠬᠢᠨ᠎ᠦ ᠤᠯᠤᠰ᠎ᠤᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢ ᠠᠬᠢᠭᠤᠯᠬᠤ᠂ ᠳᠤᠮᠳᠠᠳᠤ᠎ᠶᠢᠨ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠳᠤᠮᠳᠠᠳᠤ ᠭᠠᠳᠠᠭᠠᠳᠤ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠠᠬᠢᠭᠤᠯᠬᠤ ᠵᠡᠷᠭᠡ ᠲᠠᠯ᠎ᠠ᠎ᠪᠠᠷ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ᠎ᠶᠢ ᠳᠡᠭᠡᠳᠦ ᠬᠡᠮᠵᠢᠶ᠎ᠠ᠎ᠪᠡᠷ ᠦᠨᠡᠯᠡᠵᠦ᠍᠂ ᠬᠠᠷᠢᠶᠠᠲᠤ᠎ᠨᠠᠷ᠎ᠤᠨ ᠰᠡᠳᠬᠢᠯ ᠬᠠᠷᠢᠶᠠᠲᠤ ᠨᠠᠷ᠎ᠤᠨ ᠬᠦᠴᠦᠨ᠎ᠢ ᠨᠢᠭᠲᠠᠷᠠᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠪᠦᠯᠬᠦᠮᠳᠡᠨ ᠲᠡᠮᠡᠴᠡᠬᠦ᠌᠎ᠶᠢ ᠠᠬᠢᠭᠤᠯᠬᠤ᠎ᠳᠤ ᠡᠭᠦᠷᠭᠡ ᠱᠠᠭᠠᠷᠳᠠᠯᠭ᠎ᠠ ᠳᠤᠷᠠᠳᠴᠤ᠌᠂ ᠰᠢᠨ᠎ᠡ ᠴᠠᠭ ᠦᠶ᠎ᠡ ᠰᠢᠨ᠎ᠡ ᠠᠶᠠᠨ᠎ᠳ᠋ᠡᠬᠢ ᠬᠠᠷᠢᠶᠠᠲᠤ ᠨᠠᠷ᠎ᠤᠨ ᠶᠠᠪᠤᠳᠠᠯ᠎ᠤ᠋ᠨ ᠠᠵᠢᠯ᠎ᠢ ᠰᠠᠶ᠋ᠢᠲᠤᠷ ᠬᠢᠬᠦ᠌᠎ᠳᠦ ᠴᠢᠭᠯᠡᠯ᠎ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠵᠠᠢ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶ᠋ᠢᠯᠠᠭᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠰᠠᠶ᠋ᠢᠲᠤᠷ ᠠᠳᠬᠤᠬᠤ ᠬᠡᠷᠡᠭᠲᠡᠢ ᠭᠡᠵᠤ ᠢᠯᠡᠳᠭᠡᠵᠠᠢ᠃

ᠸᠠᠩ ᠬᠤ᠌ ᠨᠢᠩ᠂ ᠬᠠᠷᠢᠶᠠᠲᠤ ᠨᠠᠷ᠎ᠤᠨ ᠶᠠᠪᠤᠳᠠᠯ᠎ᠤ᠋ᠨ ᠠᠵᠢᠯ ᠪᠣᠯ ᠨᠠᠮ ᠪᠣᠯᠤᠨ ᠤᠯᠤᠰ᠎ᠤᠨ ᠤᠷᠳᠤ ᠬᠤᠭᠤᠴᠠᠭᠠᠨ᠎ᠤ ᠴᠢᠨᠠᠷᠳᠠᠢ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠠᠵᠢᠯ ᠪᠣᠯᠤᠨ᠎ᠠ᠃ ᠰᠢᠨ᠎ᠡ ᠴᠠᠭ ᠦᠶ᠎ᠡ᠎ᠡᠴᠡ ᠨᠠᠭᠠᠰᠢ᠂ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ ᠪᠦᠬᠦ᠌ ᠲᠠᠯ᠎ᠠ᠎ᠪᠠᠷ ᠴᠢᠩᠭᠠᠷᠠᠵᠤ᠂ ᠢᠯᠡᠳᠲᠡ ᠦᠷ᠎ᠡ ᠪᠦᠲᠦᠮᠵᠢ ᠣᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠦ ᠬᠦᠴᠦᠲᠡᠢ ᠦᠢᠯᠡᠴᠢᠯᠡᠪᠡ᠃ ᠰᠢᠨ᠎ᠡ ᠠᠶᠠᠨ᠎ᠳᠤ᠂ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠨᠠᠮ᠎ᠤᠨ ᠨᠢᠭᠡᠳᠦᠮᠡᠯ ᠹᠷᠣᠨᠲ᠎ᠤ᠋ᠨ ᠠᠵᠢᠯ᠎ᠢ ᠰᠠᠶ᠋ᠢᠲᠤᠷ ᠬᠢᠬᠦ᠌ ᠲᠤᠬᠠᠶ ᠴᠢᠬᠤᠯᠠ ᠦᠵᠡᠯ ᠰᠠᠨᠠᠭ᠎ᠠ᠂ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠢ ᠴᠢᠩᠭᠠᠳᠬᠠᠨ ᠰᠠᠶ᠋ᠢᠵᠢᠷᠠᠭᠤᠯᠬᠤ ᠲᠤᠬᠠᠢ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠭᠤᠷᠪᠠᠳᠤᠭᠠᠷ ᠪᠥᠬᠥᠳᠡ ᠬᠤᠷᠠᠯ᠂ ᠳᠦᠷᠪᠡᠳᠦᠭᠡᠷ ᠪᠦᠭᠦᠳᠡ ᠬᠤᠷᠠᠯ᠎ᠤ᠋ᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠡᠳᠬᠢᠯ ᠨᠢᠭᠡᠳᠤᠨ ᠬᠦᠴᠦ᠎ᠪᠡᠨ ᠬᠠᠮᠲᠤᠳᠬᠠᠵᠤ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠦᠨ ᠡᠳ᠋ᠯᠡᠬᠦ ᠭᠤᠤᠯ ᠰᠡᠳᠦᠪ᠎ᠢ ᠪᠠᠷᠢᠮᠲᠠᠯᠠᠵᠤ᠂ ᠶᠡᠬᠡ ᠲᠠᠯ᠎ᠠ᠎ᠳᠤ ᠦᠢᠯᠡᠴᠢᠯᠡᠬᠦ᠌ ᠪᠠ ᠬᠠᠷᠢᠶᠠᠲᠤ ᠨᠠᠷ᠎ᠲᠤ᠌ ᠦᠢᠯᠡᠴᠢᠯᠡᠬᠦ᠌᠎ᠶᠢ ᠬᠠᠷᠢᠯᠴᠠᠨ ᠨᠢᠭᠡᠳᠬᠡᠬᠦ᠌᠎ᠶᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶᠢᠨ ᠬᠠᠷᠢᠶᠠᠲᠤ ᠨᠠᠷ᠎ᠤᠨ ᠶᠠᠪᠤᠳᠠᠯ ᠪᠠ ᠭᠠᠳᠠᠭᠠᠳᠤ᠎ᠳ᠋ᠡᠬᠢ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠢ ᠬᠠᠮᠵᠢᠯᠴᠠᠭᠤᠯᠵᠤ᠂ ᠡᠬᠢ ᠪᠠᠶᠠᠯᠢᠭ᠎ᠢ ᠨᠡᠢᠳᠭᠡᠬᠦ ᠪᠠ ᠦᠢᠯᠡᠳᠦᠯ᠎ᠢ ᠪᠠᠳᠠᠷᠠᠭᠤᠯᠬᠤ᠎ᠶᠢ ᠨᠢᠭᠡᠳᠦᠯᠲᠡᠶ ᠲᠥᠯᠥᠪᠵᠢᠭᠦᠯᠵᠤ᠂ ᠰᠢᠨ᠎ᠡ ᠴᠠᠭ ᠦᠶ᠎ᠡ᠎ᠶᠢᠨ ᠬᠠᠷᠢᠶᠠᠲᠤ ᠨᠠᠷ᠎ᠤᠨ ᠶᠠᠪᠤᠳᠠᠯ᠎ᠤᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠬᠡᠷᠡᠭᠲᠡᠶ᠃ ᠥᠷᠭᠡᠨ ᠤᠯᠠᠨ ᠭᠠᠳᠠᠭᠠᠳᠤ᠎ᠳᠤ ᠰᠠᠭᠤᠭ᠎ᠠ ᠬᠠᠷᠢᠶᠠᠲᠤ᠌ ᠨᠡᠷ ᠪᠣᠯᠤᠨ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ᠎ᠤᠨ ᠭᠡᠷ ᠪᠦᠯᠢ᠎ᠶᠢᠨ ᠬᠢᠨ᠎ᠢ ᠨᠡᠩ ᠰᠠᠶ᠋ᠢᠲᠤᠷ ᠪᠦᠯᠬᠦᠮᠳᠡᠭᠦᠯᠵᠦ᠍᠂ ᠲᠡᠳᠡᠨ᠎ᠦ ᠡᠭᠡ ᠤᠯᠤᠰ᠎ᠤ᠋ᠨ ᠣᠳᠣᠬᠢᠴᠢᠯᠠᠯᠳᠠ᠎ᠵᠢᠨ ᠪᠦᠳᠦᠭᠡᠨ ᠪᠠᠶ᠋ᠢᠭᠤᠯᠤᠯᠲᠠ᠎ᠶᠢ ᠳᠡᠮᠵᠢᠬᠦ᠌ ᠪᠠ ᠲᠡᠭᠦᠨ᠎ᠳᠦ ᠣᠷᠣᠯᠴᠠᠬᠤ᠂ ᠳᠤᠮᠳᠠᠳᠤ᠎ᠶᠢᠨ ᠰᠣᠶᠣᠯ᠎ᠢ ᠪᠠᠳᠠᠷᠠᠭᠤᠯᠬᠤ᠂ ᠡᠭᠡ ᠤᠯᠤᠰ᠎ᠤ᠋ᠨ ᠨᠢᠭᠡᠳᠦᠯ᠎ᠢ ᠠᠬᠢᠭᠤᠯᠬᠤ᠂ ᠳᠤᠮᠳᠠᠳᠤ ᠭᠠᠳᠠᠭᠠᠳᠤ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠨᠢᠭᠲᠠᠷᠠᠭᠤᠯᠬᠤ ᠵᠡᠷᠭᠡ ᠲᠠᠯ᠎ᠠ᠎ᠪᠠᠷ ᠨᠡᠩ ᠶᠡᠬᠡ ᠦᠢᠯᠡᠳᠦᠯ᠎ᠢᠶᠡᠨ ᠪᠠᠳᠠᠷᠠᠭᠤᠯᠬᠤ᠎ᠶᠢ ᠬᠥᠳᠤᠯᠤᠨ ᠵᠢᠯᠣᠭᠣᠳᠴᠤ᠌ ᠵᠣᠷᠢᠭᠵᠢᠭᠤᠯᠬᠤ ᠬᠡᠷᠡᠭᠲᠡᠢ ᠭᠡᠵᠤ ᠢᠯᠡᠳᠭᠡᠵᠠᠢ᠃

ᠳᠤᠮᠳᠠᠳᠤ ᠤᠯᠤᠰ᠎ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠎ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠨᠢᠭᠡᠳᠦᠮᠡᠯ ᠹᠷᠣᠨᠲ᠎ᠤ᠋ᠨ ᠬᠡᠯᠲᠡᠰ᠎ᠦᠨ ᠳᠠᠷᠤᠭ᠎ᠠ ᠯᠢ ᠭᠠᠨ ᠵᠢᠶ᠍ᠸ ᠳ᠋ᠦᠩᠨᠡᠯᠲᠡ᠎ᠶᠢᠨ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠬᠠᠷᠢᠶᠠᠲᠤ ᠨᠠᠷ᠎ᠤᠨ ᠶᠠᠪᠤᠳᠠᠯ᠎ᠤ᠋ᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ᠎ᠶᠢᠨ ᠴᠢᠬᠤᠯᠠ ᠶᠡᠬᠡ ᠠᠴᠢ ᠬᠣᠯᠪᠣᠭᠳᠠᠯ᠂ ᠴᠠᠭ ᠦᠶ᠎ᠡ᠎ᠶᠢᠨ ᠦᠷᠳᠡᠭ᠂ ᠭᠣᠣᠯ ᠠᠭᠤᠯᠭ᠎ᠠ᠂ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠤᠢ᠌ᠯᠠᠭᠠᠨ ᠡᠵᠡᠮᠰᠢᠵᠦ᠍᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠣᠷᠢᠶ᠎ᠠ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠬᠠᠷᠢᠶᠠᠲᠤ᠎ᠨᠠᠷ᠎ᠤᠨ ᠶᠠᠪᠤᠳᠠᠯ᠎ᠤ᠋ᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ᠎ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠡᠷᠡ ᠶᠣᠰᠣᠭᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠰᠠᠶ᠋ᠢᠲᠤᠷ ᠠᠳᠬᠤᠵᠤ᠂ ᠪᠦᠯᠬᠦᠮᠳᠡᠨ ᠲᠡᠮᠡᠴᠡᠬᠦ᠌ ᠰᠠᠭᠤᠷᠢ᠎ᠶᠢ ᠤᠯᠠᠮ ᠨᠢᠭᠡ ᠠᠯᠬᠤᠮ ᠪᠡᠬᠢᠵᠢᠭᠦᠯᠵᠦ᠍᠂ ᠬᠠᠷᠢᠶᠠᠲᠤ ᠨᠠᠷ᠎ᠤᠨ ᠡᠷᠬᠡ ᠠᠰᠢᠭ᠎ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠵᠠᠰᠠᠭ᠎ᠤ᠋ᠨ ᠠᠵᠢᠯ᠎ᠤᠨ ᠪᠦᠲᠦᠮᠵᠢ᠎ᠶᠢᠨ ᠳᠤᠬᠠᠢ ᠵᠦᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠵᠦ᠍᠂ ᠰᠡᠳᠬᠢᠯ᠎ᠵᠢᠠᠨ ᠨᠢᠭᠳᠠᠷᠠᠭᠤᠯᠤᠨ ᠬᠦᠴᠦ᠎ᠪᠡᠨ ᠬᠠᠮᠲᠤᠳᠬᠠᠵᠤ᠂ ᠦᠷᠭᠦᠯᠵᠢᠯᠡᠨ ᠲᠡᠮᠡᠴᠡᠵᠦ᠍᠂ ᠡᠯ᠎ᠡ ᠲᠠᠯ᠎ᠠ᠎ᠶᠢᠨ ᠬᠦᠴᠦᠨ᠎ᠢ ᠥᠷᠭᠡᠨ᠎ᠢᠶᠡᠷ ᠨᠢᠭᠲᠠᠷᠠᠭᠤᠯᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠰᠢᠨ᠎ᠡ ᠴᠠᠭ ᠦᠶ᠎ᠡ᠎ᠶᠢᠨ ᠬᠠᠷᠢᠶᠠᠲᠤ ᠨᠠᠷ᠎ᠤᠨ ᠶᠠᠪᠤᠳᠠᠯ᠎ᠤ᠋ᠨ ᠠᠵᠢᠯ᠎ᠢ ᠰᠠᠶ᠋ᠢᠲᠤᠷ ᠬᠢᠬᠦ᠌ ᠬᠡᠷᠡᠭᠲᠡᠢ ᠭᠡᠵᠤ ᠢᠯᠡᠳᠭᠡᠪᠡ᠃

ᠵᠧᠵᠢᠶᠠᠩ ᠮᠤᠵᠢ᠂ ᠹᠦᠵᠢᠶᠠᠨ ᠮᠤᠵᠢ᠂ ᠭᠤᠸᠠᠩᠳᠦ᠋ᠩ ᠮᠤᠵᠢ᠂ ᠶᠦᠨᠨᠠᠨ ᠮᠤᠵᠢ᠂ ᠰᠢᠨᠵᠢᠶᠠᠩ᠎ᠤᠨ ᠤᠶ᠋ᠢᠭᠤᠷ᠎ᠤᠨ ᠥᠪᠡᠷᠲᠡᠭᠡᠨ ᠵᠠᠰᠠᠬᠤ ᠣᠷᠣᠨ᠂ ᠭᠠᠳᠠᠭᠠᠳᠤ ᠶᠠᠪᠤᠳᠠᠯ᠎ᠤᠨ ᠶᠠᠮᠤᠨ᠂ ᠰᠤᠷᠭᠠᠨ ᠬᠥᠮᠦᠵᠢᠯ᠎ᠦᠨ ᠶᠠᠮᠤᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠵᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠳᠤᠮᠳᠠᠳᠤ ᠤᠯᠤᠰ᠎ᠤᠨ ᠬᠠᠷᠢᠶᠠᠲᠤ ᠨᠠᠷ᠎ᠤᠨ ᠬᠣᠯᠪᠣᠭ᠎ᠠ᠎ᠶᠢᠨ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠯᠣᠪᠰᠠᠩᠵᠠᠯᠰᠠᠨ᠂ ᠦ᠋ ᠵᠧᠩ ᠯᠦᠩ᠂ ᠰᠢᠶᠠᠨ ᠬᠤᠢ ᠬᠤᠷᠠᠯ᠎ᠳᠤ ᠣᠷᠣᠯᠴᠠᠪᠠ᠃

ᠡᠯ᠎ᠡ ᠮᠤᠵᠢ ᠣᠷᠣᠨ ᠬᠣᠲᠠ ᠪᠣᠯᠤᠨ ᠰᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠶ᠋ᠢᠭᠤᠯᠤᠯᠲᠠ᠎ᠶᠢᠨ ᠪᠢᠩᠲ᠋ᠤᠸᠠᠨ᠂ ᠲᠥᠪ᠎ᠦᠨ ᠪᠠ ᠲᠦᠷᠦ᠎ᠶᠢᠨ ᠪᠠᠶ᠋ᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠠᠷᠠᠳ᠎ᠤᠨ ᠪᠦᠯᠬᠦᠮ᠂ ᠲᠥᠪ᠎ᠡᠴᠡ ᠬᠠᠮᠢᠶᠠᠷᠴᠤ᠌ ᠪᠠᠶ᠋ᠢᠭ᠎ᠠ ᠬᠡᠰᠡᠭ ᠮᠥᠩᠭᠥᠨ ᠭᠦᠢᠯᠭᠡᠭᠡᠨ᠎ᠦ ᠪᠠᠶ᠋ᠢᠭᠤᠯᠤᠮᠵᠢ᠂ ᠠᠵᠤ ᠠᠬᠤᠶ᠋ᠢᠯᠠᠯ᠂ ᠬᠡᠰᠡᠭ ᠶᠡᠬᠡ ᠳᠡᠭᠡᠳᠦ ᠰᠤᠷᠭᠠᠭᠤᠯᠢ᠂ ᠭᠠᠳᠠᠭᠠᠳᠤ᠎ᠳᠤ ᠰᠠᠭᠤᠭ᠎ᠠ ᠬᠡᠰᠡᠭ ᠡᠯᠴᠢᠨ ᠰᠠᠶ᠋ᠢᠳ᠎ᠤᠨ ᠶᠠᠮᠤᠨ ᠺᠣᠨᠰᠦ᠋ᠯ᠎ᠦᠨ ᠭᠠᠵᠠᠷ᠎ᠤᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号