ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠰᠣᠨᠢᠨ ᠮᠡᠳᠡᠭᠡ   -   ᠬᠤᠰᠢᠭᠤ ᠨᠤᠲᠤᠭ᠎ᠤᠨ ᠰᠣᠨᠢᠨ ᠮᠡᠳᠡᠭᠡ
ᠦᠵᠦᠮᠦᠴᠢᠨ ᠨᠤᠲᠤᠭ ᠲᠤ᠌ ᠳᠠᠬᠢᠨᠳᠠ ᠳᠡᠯᠭᠡᠷᠡᠭᠰᠡᠨ ᠠᠯᠲᠠᠨᠵᠤᠯᠠ ᠴᠡᠴᠡᠭ
ᠨᠡᠢᠲᠡᠯᠡᠭᠰᠡᠨ ᠴᠠᠭ᠄ 2026-07-15

ᠣᠢᠷ᠎ᠠ ᠳ᠋ᠦ᠍᠂ ᠱᠢᠯᠢ ᠵᠢᠨ ᠭᠤᠤᠯ ᠠᠢᠮᠠᠭ ᠤ᠋ᠨ ᠵᠡᠭᠦᠨ ᠦᠵᠦᠮᠦᠴᠢᠨ ᠬᠣᠱᠢᠭᠤᠨ ᠤ᠋ ᠰᠠᠮᠠᠢ ᠰᠤᠮᠤ ᠵᠢᠨ ᠬᠢᠯᠢ ᠳ᠋ᠤ 40 ᠭᠠᠷᠤᠶ ᠵᠢᠯ ᠠᠯᠠᠭ᠎ᠠ ᠪᠤᠯᠤᠭᠰᠠᠨ ᠠᠯᠲᠠᠨᠵᠤᠯᠠ ᠴᠡᠴᠡᠭ ᠳᠠᠬᠢᠨᠳᠠ ᠢᠯᠡᠷᠡᠵᠤ᠂ ᠳᠦᠷᠰᠦ ᠵᠢᠨ ᠰᠦᠷᠦᠭ ᠤ᠋ᠨ ᠤᠷᠭᠤᠴᠠ᠎ᠨᠢ ᠮᠠᠰᠢ ᠰᠠᠢᠨ ᠪᠠᠢᠪᠠ᠃ ᠡᠨᠡ ᠬᠦ᠌ ᠢᠯᠡᠷᠡᠭᠦᠯᠦᠯᠲᠡ ᠨᠢ ᠲᠤᠬᠠᠶ ᠵᠢᠨ ᠭᠠᠵᠠᠷ ᠤ᠋ᠨ ᠲᠠᠯ᠎ᠠ ᠨᠤᠲᠤᠭ ᠤ᠋ᠨ ᠠᠮᠢ ᠠᠬᠤᠶ ᠦᠷᠭᠦᠯᠵᠢᠯᠡᠨ ᠰᠠᠢᠵᠢᠷᠠᠭ᠍ᠰᠠᠨ ᠤ᠋ ᠴᠢᠬᠤᠯᠠ ᠪᠡᠯᠭᠡ ᠲᠡᠮᠳᠡᠭ ᠪᠣᠯᠵᠠᠶ᠃

ᠤᠢᠷ᠎ᠠ ᠳ᠋ᠤ᠂ ᠵᠡᠭᠦᠨ ᠦᠵᠦᠮᠦᠴᠢᠨ ᠬᠣᠱᠢᠭᠤᠨ ᠤ᠋ ᠬᠢᠨ ᠳᠤᠬᠠᠢ ᠵᠢᠨ ᠭᠠᠵᠠᠷ ᠤ᠋ᠨ ᠪᠠᠢᠴᠠᠭᠠᠯᠳᠠ ᠬᠢᠵᠤ᠂ ᠱᠢᠨᠵᠢᠯᠡᠬᠦ᠌ ᠤᠬᠠᠭᠠᠨ ᠤ᠋ ᠰᠤᠳᠤᠯᠭᠠᠲᠠᠳ ᠠᠯᠲᠠᠨᠵᠤᠯᠠ ᠴᠡᠴᠡᠭ ᠤ᠋ᠨ ᠤᠷᠭᠤᠯᠲᠠ ᠵᠢᠨ ᠪᠠᠢᠳᠠᠯ ᠢ᠋ ᠤᠢᠷ᠎ᠠ ᠵᠠᠢ ᠡᠴᠡ ᠠᠵᠢᠭ᠍ᠯᠠᠭ᠍ᠰᠠᠨ ᠵᠢᠡᠷ ᠪᠠᠷᠠᠬᠤ ᠥᠬᠡᠶ᠂ ᠪᠠᠰᠠ ᠵᠡᠭᠦᠨ ᠦᠵᠦᠮᠦᠴᠢᠨ ᠬᠣᠱᠢᠭᠤᠨ ᠤ᠋ ᠦᠷᠭᠦᠯᠵᠢᠯᠡᠨ ᠱᠢᠯᠢᠳᠡᠭ᠌ᠵᠢᠭ᠌ᠰᠡᠨ ᠠᠮᠢ ᠠᠬᠤᠶ ᠣᠷᠴᠢᠨ ᠲᠣᠭᠣᠷᠢᠨ ᠨᠢ ᠨᠢᠭᠡᠨᠲᠡ ᠲᠣᠰ ᠬᠣᠪᠣᠷ ᠴᠤᠬᠠᠭ ᠤᠷᠭᠤᠮᠠᠯ ᠤ᠋ᠨ ᠲᠦᠷᠰᠤ ᠵᠢᠨ ᠥᠰᠥᠯᠲᠡ ᠪᠠ ᠦᠷᠡᠵᠢᠯ ᠤ᠋ᠨ ᠬᠡᠷᠡᠭ᠌ᠴᠡᠭᠡ ᠶ᠋ᠢ ᠭᠦᠶ᠋ᠴᠡᠳ ᠬᠠᠩᠭᠠᠵᠤ᠂ ᠳᠦᠷᠰᠦ ᠵᠢᠨ ᠰᠦᠷᠦᠭ ᠤ᠋ᠨ ᠣᠷᠣᠱᠢᠨ ᠲᠣᠭ᠍ᠲᠠᠨᠢᠬᠤ᠎ᠳᠤ ᠲᠣᠬᠢᠷᠠᠮᠵᠢᠲᠠᠶ ᠨᠥᠬᠥᠴᠡᠯ ᠬᠠᠩᠭᠠᠭ᠍ᠰᠠᠨ ᠭᠡᠳᠡᠭ ᠢ᠋ ᠪᠤᠳᠠᠲᠠᠢ ᠲᠤᠭ᠎ᠠ ᠪᠠᠷᠢᠮᠲᠠ ᠪᠡᠷ ᠭᠡᠷᠡᠴᠢᠯᠡᠭᠰᠡᠨ ᠪᠠᠢᠨ᠎ᠠ᠃ ᠪᠠᠢᠴᠠᠭᠠᠯᠲᠠ ᠵᠢᠨ ᠦᠷ᠎ᠡ ᠳ᠋ᠦᠩ ᠡᠴᠡ ᠦᠵᠡᠪᠡᠯ᠂ ᠲᠣᠰ ᠲᠦᠷᠰᠤ ᠵᠢᠨ ᠰᠦᠷᠦᠭ ᠨᠢ ᠭᠤᠤᠯᠳᠠᠭᠤ ᠡᠯᠡᠰᠦ ᠪᠦᠷᠬᠦᠭ᠌ᠰᠡᠨ ᠣᠨᠴᠠᠭᠠᠶ 3 ᠭᠠᠵᠠᠷ ᠲᠤ᠌᠎ᠲᠥᠪᠯᠡᠷᠡᠵᠦ᠍᠂ ᠶᠡᠷᠦᠩᠬᠡᠶ ᠲᠠᠯᠠᠪᠠᠶ ᠨᠢ ᠪᠠᠷᠤᠭ 15 ᠮᠥ᠍ ᠪᠤᠢ᠃ ᠠᠯᠲᠠᠨᠵᠤᠯᠠ ᠴᠡᠴᠡᠭ ᠨᠢ ᠦᠪᠤᠷ ᠮᠤᠡᠭᠭᠤᠯ᠎ᠤᠨ ᠳᠤᠮᠳᠠ ᠪᠠ ᠵᠡᠭᠦᠨ ᠬᠡᠰᠡᠭ᠎ᠲᠦ ᠪᠠᠢᠳᠠᠭ ᠬᠣᠪᠣᠷ ᠴᠤᠬᠠᠭ ᠤᠷᠭᠤᠮᠠᠯ ᠤ᠋ᠨ ᠲᠦᠷᠰᠤ ᠪᠣᠯᠬᠤ ᠪᠥᠭᠡᠳ ᠪᠠᠰᠠ ᠴᠤ᠌ ᠮᠠᠨ ᠤ᠋ ᠤᠯᠤᠰ ᠴᠢᠨᠠᠭ᠍ᠰᠢᠯᠠᠪᠠᠯ ᠧᠦ᠋ᠷᠣᠫᠠ ᠠᠽᠢᠶ᠎ᠠ ᠵᠢᠨ ᠡᠬᠡ ᠬᠠᠭᠤᠷᠠᠶ ᠵᠢᠨ ᠠᠯᠲᠠᠨᠵᠤᠯᠠ ᠴᠡᠴᠡᠭ ᠤ᠋ᠨ ᠲᠠᠷᠬᠠᠯᠲᠠ ᠵᠢᠨ ᠬᠠᠮᠤᠭ ᠤ᠋ᠨ ᠵᠡᠭᠦᠨ ᠦᠵᠦᠭᠦᠷ ᠤ᠋ᠨ ᠤᠷᠭᠤᠮᠠᠯ ᠤ᠋ᠨ ᠲᠦᠷᠰᠤ ᠪᠠᠢᠵᠤ᠂ ᠠᠮᠢ ᠠᠬᠤᠶ ᠵᠢᠨ ᠬᠠᠮᠠᠭᠠᠯᠠᠯᠲᠠ ᠪᠠ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠲᠠᠯ᠎ᠠ ᠪᠠᠷ ᠮᠠᠰᠢ ᠦᠨᠳᠤᠷ ᠦᠨ᠎ᠡ ᠥᠷᠲᠡᠭ ᠲᠠᠢ ᠪᠤᠯᠤᠨ᠎ᠠ᠃

ᠢᠷᠡᠯᠲᠡ᠄ ᠰᠢᠯᠢ ᠵᠢᠨ ᠭᠣᠣᠯ ᠠᠢ᠌ᠮᠠᠭ᠎ᠤᠨ ᠵᠠᠬᠢᠷᠭ᠎ᠠ ᠵᠢᠨ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号