ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠰᠣᠨᠢᠨ ᠮᠡᠳᠡᠭᠡ   -   ᠬᠤᠰᠢᠭᠤ ᠨᠤᠲᠤᠭ᠎ᠤᠨ ᠰᠣᠨᠢᠨ ᠮᠡᠳᠡᠭᠡ
81ᠮᠠᠯᠴᠢᠨ ᠳᠠᠷᠢᠶᠠᠴᠢᠨ᠎ᠢ ᠭᠡᠷ᠎ᠤᠨ ᠡᠭᠦᠳᠡᠨ᠎ᠳᠦ ᠨᠢ ᠠᠵᠢᠯ ᠤᠯᠭᠤᠯ᠎ᠠ
ᠨᠡᠢᠲᠡᠯᠡᠭᠰᠡᠨ ᠴᠠᠭ᠄ 2026-07-23

ᠰᠢᠯᠤᠭᠤᠨ ᠬᠥᠪᠡᠭᠡᠲᠦ ᠴᠠᠭᠠᠨ ᠬᠤᠰᠢᠭᠤᠨ᠎ᠤ᠋ ᠨᠡᠷᠰᠦ (ᠬᠦᠬᠡ ᠵᠢᠮᠢᠰᠬᠡᠨ᠎ᠡ) ᠎ᠶ᠋ᠢᠨ ᠠᠵᠤ ᠦᠢᠯᠡᠰ᠎ᠦ᠋ᠨ ᠬᠦᠷᠢᠶᠡᠯᠡᠩ ᠪᠤᠯ ᠣᠳᠣ ᠦᠶ᠎ᠡ᠎ᠶ᠋ᠢᠨ ᠲᠥᠬᠦᠭᠡᠷᠦᠮᠵᠢᠲᠦ ᠲᠠᠷᠢᠶᠠᠯᠠᠩ᠎ᠤ᠋ᠨ ᠭᠣᠣᠯᠳᠠᠯᠭ᠎ᠠ᠎ᠲᠠᠢ ᠲᠦᠷᠦᠯ ᠵᠦᠢᠯ ᠪᠤᠯᠤᠨ᠎ᠠ᠃ ᠲᠤᠰ ᠲᠦᠷᠦᠯ ᠵᠦᠢᠯ ᠨᠢ ᠠᠰᠢᠭᠯᠠᠯᠲᠠ ᠎ᠳᠦ ᠤᠷᠤᠭᠰᠠᠨ ᠤᠬᠤᠷᠬᠠᠨ ᠨᠢᠭᠡ ᠵᠢᠯ᠎ᠤᠨ ᠬᠤᠭᠤᠴᠠᠭᠠᠨ᠎ᠳᠦ ᠣᠢᠷ᠎ᠠ ᠬᠠᠪᠢ᠎ᠶ᠋ᠢᠨ ᠮᠠᠯᠴᠢᠨ ᠲᠠᠷᠢᠶᠠᠴᠢᠳ᠎ᠢ ᠢᠳᠡᠪᠬᠢᠲᠠᠢ ᠬᠦᠳᠦᠯᠦᠨ ᠵᠢᠯᠤᠭᠤᠳᠴᠦ᠂ ᠨᠡᠷᠰᠦ (ᠬᠦᠬᠡ ᠵᠢᠮᠢᠰᠬᠡᠨ᠎ᠡ) ᠲᠠᠷᠢᠬᠤ ᠠᠵᠢᠯ᠎ᠳᠦ ᠤᠷᠤᠯᠴᠠᠭᠤᠯᠤᠨ᠂ ᠠᠵᠢᠯ ᠤᠯᠭᠤᠬᠤ ᠲᠠᠪᠴᠠᠨᠭ ᠬᠠᠨᠭᠭᠠᠨ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ᠎ᠢ᠋ ᠨᠢ ᠦᠷᠭᠡᠳᠬᠡᠵᠠᠢ᠃

ᠡᠨᠡ ᠵᠢᠯ ᠲᠦᠴᠢᠨ ᠨᠠᠰᠦ ᠲᠠᠢ ᠵᠤᠯᠠ ᠪᠤᠯ ᠱᠢᠨᠭ ᠶᠤᠤ ᠪᠠᠯᠭᠠᠰᠤᠨ᠎ᠤ ᠱᠢᠨ ᠡᠾᠸ ᠲᠤᠰᠬᠤᠨ᠎ᠤ ᠮᠠᠯᠴᠢᠨ᠃ ᠲᠡᠳᠡᠨ᠎ᠤ ᠬᠢᠨ ᠬᠤᠷᠢᠭᠠᠳ᠎ᠮᠦ᠍  ᠲᠡᠷᠢᠶᠠᠨ ᠭᠠᠵᠠᠷ ᠲᠡᠭᠡᠷ᠎ᠡ ᠪᠡᠨ ᠠᠷᠪᠠᠭᠠᠳ ᠦᠬᠡᠷ ᠮᠠᠯᠵᠢᠨ ᠠᠮᠢᠳᠤᠷᠠᠯ ᠵᠢᠡᠨ ᠠᠷᠭᠠᠴᠠᠭᠠᠵᠤ ᠪᠠᠢᠵᠠᠢ᠃ ᠲᠡᠷᠡ ᠨᠢᠳᠤᠨᠤᠨ ᠡᠪᠤᠯ ᠎ᠡᠴᠡ ᠡᠬᠢᠯᠡᠨ ᠲᠤᠰ ᠬᠦᠷᠢᠶᠡᠯᠡᠨᠭ᠎ᠳᠦ ᠠᠵᠢᠯᠯᠠᠵᠤ ᠰᠠᠷ᠎ᠠ ᠪᠦᠷᠢ 4000 ᠲᠦᠭᠦᠷᠢᠭ᠎ᠤᠨ ᠲᠤᠭᠲᠠᠭᠰᠠᠨ ᠤᠷᠤᠯᠭ᠎ᠠ ᠲᠠᠢ ᠪᠤᠯᠤᠭᠰᠠᠨ ᠨᠢ ᠤᠳᠤᠬᠢ ᠠᠮᠢᠳᠤᠷᠠᠯ ᠎ᠳᠦ ᠨᠢ ᠶᠡᠬᠡᠬᠡᠨ ᠨᠡᠮᠡᠷᠢ ᠪᠤᠯᠵᠠᠢ᠃ 

ᠵᠤᠯᠠ᠄ 《 ᠪᠢ ᠡᠨᠳᠡ ᠠᠵᠢᠯᠯᠠᠭᠠᠳ ᠤᠳᠤ ᠬᠠᠭᠠᠰ ᠵᠢᠯ ᠢᠯᠡᠭᠦᠤ ᠪᠤᠯᠴᠢᠬᠠᠯ᠎ᠠ᠂ ᠠᠵᠢᠯ ᠶᠡᠬᠡ ᠬᠦᠨᠭᠬᠡᠨ᠂ ᠭᠡᠷ ᠡᠴᠡ ᠤᠢᠷᠠᠬᠠᠨ᠂ ᠮᠢᠨᠤ ᠭᠤᠤᠯ ᠬᠢᠳᠡᠭ ᠠᠵᠢᠯ ᠨᠢ ᠵᠢᠮᠢᠰ᠎ᠤᠨ ᠮᠤᠳᠤ ᠤᠰᠤᠯᠠᠨ᠎ᠠ᠂ ᠰᠠᠷ᠎ᠠ᠎ᠳᠦ ᠪᠡᠨ ᠲᠤᠭᠲᠠᠭᠰᠠᠨ ᠤᠷᠤᠯᠭ᠎ᠠ ᠲᠠᠢ ᠪᠤᠯᠤᠭᠰᠠᠨ ᠨᠢ ᠮᠠᠨ᠎ᠤ ᠠᠮᠢᠳᠤᠷᠠᠯ᠎ᠳᠦ ᠶᠡᠬᠡ ᠪᠠᠲᠤᠯᠠᠭ᠎ᠠ ᠲᠠᠢ ᠪᠤᠯᠵᠠᠢ》 ᠭᠡᠵᠤ ᠶᠠᠷᠢᠯ᠎ᠠ᠃ 

ᠤᠢᠯᠠᠭᠠᠭᠰᠠᠨ ᠵᠢᠡᠷ ᠰᠢᠯᠤᠭᠤᠨ ᠬᠥᠪᠡᠭᠡᠲᠦ ᠴᠠᠭᠠᠨ ᠬᠣᠰᠢᠭᠤ ᠬᠤᠯᠠᠨ ᠰᠢᠷᠭ᠎ᠠ ᠳᠠᠭ᠎ᠠ᠎ᠶ᠋ᠢᠨ ᠡᠯᠡᠰᠦᠨ᠎ᠦ᠌ ᠡᠮᠦᠨ᠎ᠡ ᠵᠠᠬ᠎ᠠ᠎ᠳ᠋ᠤ᠌ ᠪᠠᠢᠷᠢᠯᠠᠵᠤ᠂ ᠠᠭᠤᠷ ᠠᠮᠢᠰᠬᠤᠯ ᠰᠡᠷᠢᠭᠦᠨ᠂ ᠨᠠᠷᠠᠨ᠎ᠤ᠋ ᠲᠤᠰᠤᠯᠲᠠ ᠭᠦᠢᠴᠡᠳ ᠵᠡᠷᠭᠡ ᠪᠠᠢᠭᠠᠯᠢ᠎ᠶ᠋ᠢᠨ ᠨᠥᠬᠥᠴᠡᠯ ᠨᠢ ᠨᠡᠷᠰᠦ (ᠬᠦᠬᠡ ᠵᠢᠮᠢᠰᠬᠡᠨ᠎ᠡ) ᠲᠠᠷᠢᠵᠤ ᠤᠷᠭᠤᠭᠤᠯᠬᠤ᠎ᠳ᠋ᠤ᠌ ᠮᠠᠰᠢ ᠰᠠᠢᠨ ᠣᠷᠴᠢᠨ ᠲᠣᠭᠣᠷᠢᠨ᠎ᠤ ᠨᠦᠬᠦᠴᠡᠯ ᠲᠠᠢ ᠪᠠᠢᠳᠠᠬ᠃ ᠳᠤᠰ ᠬᠦᠷᠢᠶᠡᠯᠡᠩ ᠎ᠢ 2025 ᠤᠨ᠎ᠤ 4 ᠰᠠᠷ᠎ᠠ᠎ᠳᠦ ᠵᠠᠰᠠᠬ᠎ᠤᠨ ᠤᠷᠳᠤᠨ ᠪᠠ ᠠᠵᠤ ᠠᠬᠤᠢᠯᠠᠯ ᠬᠠᠮᠳᠤᠷᠠᠨ ᠠᠵᠢᠯᠯᠠᠬᠤ ᠬᠡᠯᠪᠡᠷᠢ ᠪᠡᠷ ᠡᠬᠢᠯᠡᠨ ᠪᠠᠢᠭᠤᠯᠵᠤ᠂ ᠶᠡᠷᠦᠨᠭᠬᠡᠢ ᠪᠡᠯᠡ ᠤᠷᠤᠭᠤᠯᠤᠯᠲᠠ ᠨᠢ1.2 ᠳ᠋ᠦᠨᠭᠰᠢᠭᠤᠷ ᠲᠦᠭᠦᠷᠢᠭ ᠬᠦᠷᠬᠦ ᠪᠤᠯᠤᠨ᠎ᠠ᠃ ᠤᠳᠤ ᠬᠦᠷᠢᠶᠡᠯᠡᠨᠭ ᠎ᠤᠨ 40 ᠰᠠᠭᠤᠷᠢ ᠲᠤᠯᠠᠭᠠᠨ ᠬᠦᠯᠡᠮᠵᠢ ᠨᠢ ᠨᠢᠬᠡᠨᠳᠡ ᠠᠰᠢᠬᠯᠠᠯᠳᠠ᠎ᠳᠤ ᠤᠷᠤᠵᠠᠢ᠃ 

ᠤᠳᠤᠬᠠᠨ᠎ᠳᠤ᠎ᠲᠤᠰ ᠬᠦᠷᠢᠶᠡᠯᠡᠨᠭ᠎ᠤᠨ ᠵᠢᠯ᠎ᠤᠨ ᠭᠠᠷᠭᠠᠯᠲᠠ ᠨᠢ 320 ᠲᠤᠨ᠎ᠳᠦ ᠬᠦᠷᠴᠦ᠂ ᠠᠷᠪᠠᠭᠠᠳ ᠳᠤᠬᠳᠠᠬᠰᠠᠨ ᠠᠵᠢᠯᠴᠢᠨ ᠳᠠᠢ ᠪᠠᠢᠵᠤ᠂ ᠤᠬᠤᠷ ᠬᠤᠭᠤᠴᠠᠭᠠᠨ᠎ᠤ ᠠᠵᠢᠯᠴᠢᠨ ᠎ᠵᠢᠡᠨ ᠪᠠᠬᠳᠠᠭᠠᠪᠠᠯ ᠡᠳᠤᠷ᠎ᠲᠦ 60—80 ᠠᠵᠢᠯᠴᠢᠨ ᠬᠡᠷᠡᠭᠯᠡᠵᠤ ᠪᠠᠢᠨ᠎ᠠ᠃ ᠡᠨᠡᠬᠦ ᠠᠵᠢᠯ᠎ᠤᠨ ᠬᠡᠷᠡᠭᠴᠡᠭᠡ ᠨᠢ ᠲᠤᠬᠠᠢ ᠵᠢᠨ ᠭᠠᠵᠠᠷ ᠤᠷᠤᠨ᠎ᠤ ᠮᠠᠯᠴᠢᠨ ᠲᠠᠷᠢᠶᠠᠴᠢᠨ᠎ᠤ  ᠭᠡᠷ᠎ᠤᠨ᠎ᠵᠢᠡᠨ ᠤᠢᠷ᠎ᠠ ᠬᠠᠪᠢ᠎ᠳᠦ ᠪᠡᠨ ᠠᠵᠢᠯ ᠤᠯᠬᠤ ᠪᠤᠯᠤᠮᠵᠢ᠎ᠵᠢ ᠪᠦᠷᠢᠯᠳᠦᠬᠦᠯᠵᠠᠢ᠃

ᠰᠢᠯᠤᠭᠤᠨ ᠬᠥᠪᠡᠭᠡᠲᠦ ᠴᠠᠭᠠᠨ ᠬᠤᠰᠢᠭᠤᠨ᠎ᠤ ᠱᠢᠨᠭ ᠶᠤᠤ ᠪᠠᠯᠭᠠᠰᠤᠨ᠎ᠤ ᠰᠢᠨ ᠡᠾᠸ ᠲᠤᠰᠬᠤᠨ᠎ᠤ ᠨᠠᠮ᠎ᠤᠨ ᠡᠭᠦᠷ᠎ᠤᠨ ᠱᠦᠵᠢ ᠲᠠᠢ ᠨᠢᠨᠭ᠄ 《ᠲᠤᠰ ᠬᠦᠷᠢᠶᠡᠯᠡᠨᠭ ᠨᠢ ᠤᠳᠤᠬᠠᠨ᠎ᠳᠦ 81ᠮᠠᠯᠴᠢᠨ ᠲᠠᠷᠢᠶᠠᠴᠢᠨ᠎ᠳᠦ ᠠᠵᠢᠯ᠎ᠤᠨ ᠪᠠᠢᠷᠢ ᠬᠠᠨᠭᠭᠠᠨ᠂ ᠨᠡᠢᠲᠡ102 ᠲᠦᠮᠡᠨ ᠲᠥᠭᠥᠷᠢᠭ᠎ᠦ᠋ᠨ ᠬᠥᠳᠡᠯᠮᠦᠷᠢ ᠬᠦᠴᠦᠨ᠎ᠦ᠌ ᠬᠠᠷᠠᠮᠵᠢ ᠦᠭᠴᠠᠢ᠃ ᠪᠦᠬᠦᠨ ᠵᠢᠡᠷ ᠵᠢᠡᠨ ᠠᠰᠢᠭᠯᠠᠯᠲᠠ᠎ᠳᠦ ᠤᠷᠤᠭᠰᠠᠨ᠎ᠤ ᠰᠡᠭᠦᠯᠡᠷ ᠲᠤᠬᠠᠢ᠎ᠵᠢᠨ ᠭᠠᠵᠠᠷ ᠤᠷᠤᠨ᠎ᠤ180 ᠮᠠᠯᠴᠢᠨ ᠲᠠᠷᠢᠶᠠᠴᠢᠳ᠎ᠲᠦ ᠠᠵᠢᠯ ᠤᠯᠭᠤᠨ᠂ ᠵᠢᠯ᠎ᠤᠨ ᠲᠤᠮᠳᠠᠴᠢ ᠤᠷᠤᠯᠭ᠎ᠠ ᠵᠢ ᠨᠢ ᠬᠣᠶᠠᠷ ᠲᠦᠮᠡᠨ ᠲᠥᠭᠥᠷᠢᠭ᠎ᠡᠴᠡ ᠳᠡᠭᠡᠭᠰᠢ ᠨᠡᠮᠡᠭᠳᠡᠭᠦᠯᠵᠤ ᠲᠡᠢᠯᠤᠨ᠎ᠡ》 ᠭᠡᠵᠤ ᠶᠠᠷᠢᠨ᠎ᠠ᠃ 

 

 

ᠢᠷᠡᠯᠲᠡ᠄ ᠰᠢᠯᠢ ᠵᠢᠨ ᠭᠣᠣᠯ ᠠᠢ᠌ᠮᠠᠭ᠎ᠤᠨ ᠵᠠᠬᠢᠷᠭ᠎ᠠ ᠵᠢᠨ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号