ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠲᠤᠭ᠎ᠠ ᠪᠦᠷᠢᠳᠭᠡᠯ
ᠶᠡᠷᠦᠩᠬᠡᠢ ᠪᠡᠯᠡ ᠣᠷᠣᠭᠤᠯᠤᠯᠲᠠ ᠨᠢ 1812 ᠳ᠋ᠦᠩᠰᠢᠭᠤᠷ ᠲᠥᠭᠥᠷᠢᠭ!
ᠨᠡᠢᠲᠡᠯᠡᠭᠰᠡᠨ ᠴᠠᠭ᠄ 2026-07-15

ᠣᠢᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ 《ᠵᠠᠰᠠᠮᠠᠯ ᠵᠠᠮ᠎ᠤᠨ ᠬᠥᠭᠵᠢᠯᠲᠡ᠎ᠶᠢᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ》᠎ᠶᠢ ᠳᠠᠷᠤᠮᠠᠯᠯᠠᠨ ᠶᠠᠪᠤᠭᠤᠯᠵᠠᠢ᠂ ᠥᠪᠥᠷ ᠮᠣᠩᠭᠣᠯ᠎ᠤᠨ ᠵᠠᠰᠠᠮᠠᠯ ᠵᠠᠮ᠎ᠤᠨ 93 ᠲᠥᠷᠥᠯ ᠵᠦᠢᠯ᠎ᠢ ᠤᠯᠤᠰ᠎ᠤᠨ ᠲᠥᠯᠦᠪᠵᠢᠭᠦᠯᠭᠡ᠎ᠳᠦ ᠪᠢᠴᠢᠵᠦ ᠣᠷᠣᠭᠤᠯᠤᠭᠰᠠᠨ ᠪᠥᠭᠡᠳ ᠶᠡᠷᠦᠩᠬᠡᠢ ᠪᠡᠯᠡ ᠣᠷᠤᠭᠤᠯᠤᠯᠲᠠ ᠨᠢ 1812 ᠳ᠋ᠦᠩᠰᠢᠭᠤᠷ ᠲᠥᠭᠥᠷᠢᠭ ᠪᠣᠯᠣᠨ᠎ᠠ᠃ ᠡᠭᠦᠨ᠎ᠳᠦ᠂ ᠤᠯᠤᠰ᠎ᠤᠨ ᠲᠦᠷᠭᠡᠨ᠎ᠤ ᠵᠠᠰᠠᠮᠠᠯ ᠵᠠᠮ᠎ᠤᠨ 10 ᠲᠥᠷᠥᠯ ᠵᠦᠢᠯ᠎ᠤᠨ ᠵᠠᠮ᠎ᠤᠨ ᠣᠷᠳᠣ᠌ ᠨᠢ 858 ᠺᠢᠯᠣᠮᠧᠲᠷ ᠪᠠᠢᠵᠤ᠂ ᠶᠡᠷᠦᠩᠬᠡᠢ ᠪᠡᠯᠡ ᠣᠷᠣᠭᠤᠯᠤᠯᠲᠠ ᠨᠢ 421 ᠳ᠋ᠦᠩᠰᠢᠭᠤᠷ ᠲᠥᠭᠥᠷᠢᠭ ᠪᠣᠯᠣᠨ᠎ᠠ; ᠤᠯᠤᠰ᠎ᠤᠨ ᠡᠩ᠎ᠦᠨ ᠵᠠᠰᠠᠮᠠᠯ ᠵᠠᠮ᠎ᠤᠨ 83 ᠲᠥᠷᠥᠯ ᠵᠦᠢᠯ᠎ᠤᠨ ᠵᠠᠮ᠎ᠤᠨ ᠣᠷᠳᠣ᠌ ᠨᠢ 6559 ᠺᠢᠯᠣᠮᠧᠲᠷ ᠪᠠᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1391 ᠳ᠋ᠦᠩᠰᠢᠭᠤᠷ ᠲᠥᠭᠥᠷᠢᠭ ᠪᠣᠯᠣᠨ᠎ᠠ᠃ 

ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ ᠨᠢ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ᠎ᠶᠢᠨ ᠬᠡᠯᠡᠯᠴᠡᠭᠡ᠎ᠶᠢᠨ ᠬᠣᠯᠪᠣᠭᠳᠠᠯ ᠪᠦᠬᠦᠢ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ ᠯᠤᠭ᠎ᠠ ᠵᠣᠯᠭᠠᠭᠤᠯᠵᠤ ᠨᠡᠪᠲᠡᠷᠡᠯᠴᠡᠬᠦ᠎ᠪᠡᠨ ᠴᠢᠩᠭᠠᠳᠬᠠᠵᠤ᠂ ᠳᠡᠮᠵᠢᠯᠭᠡ ᠣᠯᠬᠤ᠎ᠪᠠᠷ ᠢᠳᠡᠪᠬᠢᠲᠡᠢ ᠴᠢᠷᠮᠠᠢᠪᠠ᠃ ᠡᠨᠡ ᠤᠳᠠᠭᠠᠨ᠎ᠤ ᠵᠠᠰᠠᠮᠠᠯ ᠵᠠᠮ᠎ᠤᠨ ᠲᠦᠷᠦᠯ ᠵᠦᠢᠯ᠎ᠢ ᠤᠯᠤᠰ᠎ᠤᠨ ᠲᠥᠯᠥᠪᠵᠢᠭᠦᠯᠭᠡ᠎ᠳᠦ ᠪᠢᠴᠢᠵᠦ ᠣᠷᠣᠭᠤᠯᠤᠭᠰᠠᠨ ᠨᠢ ᠥᠪᠥᠷ ᠮᠣᠩᠭᠣᠯ ᠲᠥᠪ᠎ᠦᠨ ᠪᠡᠯᠡ ᠮᠥᠩᠭᠥ᠎ᠶᠢᠨ ᠳᠡᠮᠵᠢᠯᠭᠡ᠎ᠶᠢ ᠣᠯᠬᠤ᠎ᠳᠤ ᠪᠠᠲᠤᠯᠠᠭ᠎ᠠ ᠲᠠᠢ ᠪᠣᠯᠵᠤ᠂ ᠥᠪᠥᠷ ᠮᠣᠩᠭᠣᠯ᠎ᠤᠨ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠡᠬᠢ ᠵᠠᠮ ᠬᠠᠷᠢᠯᠴᠠᠭᠠᠨ᠎ᠤ ᠰᠠᠭᠤᠷᠢ ᠪᠡᠯᠡᠳᠬᠡᠮᠵᠢ᠎ᠶᠢᠨ ᠳᠤᠲᠠᠭᠤᠳᠠᠯ᠎ᠢ ᠨᠥᠬᠥᠪᠦᠷᠢᠯᠡᠬᠦ᠂ ᠵᠠᠰᠠᠮᠠᠯ ᠵᠠᠮ᠎ᠤᠨ ᠲᠣᠣᠷ᠎ᠤᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ᠂ ᠮᠤᠵᠢ᠎ᠶᠢᠨ ᠬᠣᠭᠣᠷᠣᠨᠳᠣᠬᠢ ᠬᠣᠯᠪᠣᠯᠳᠤᠭ᠎ᠠ᠂ ᠠᠵᠤ ᠦᠢᠯᠡᠰ᠎ᠦᠨ ᠡᠬᠢ ᠪᠠᠶᠠᠯᠢᠭ᠋᠎ᠤᠨ ᠨᠡᠪᠲᠡᠷᠡᠯ᠎ᠢ ᠰᠠᠭᠠᠳ ᠦᠭᠡᠢ ᠨᠡᠪᠲᠡᠷᠡᠭᠦᠯᠬᠦ᠂ ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃ 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ᠎ᠤ ᠢᠯᠡᠷᠬᠡᠢᠯᠡᠭᠰᠡᠨ᠎ᠢᠶᠡᠷ᠂ ᠤᠯᠤᠰ᠎ᠤᠨ ᠲᠥᠷᠥ᠎ᠶᠢᠨ ᠪᠣᠳᠣᠯᠭ᠎ᠠ᠎ᠶᠢᠨ ᠴᠣᠩᠬᠣᠪᠴᠢ ᠬᠤᠭᠤᠴᠠᠭ᠎ᠠ᠎ᠶᠢ ᠵᠠᠪᠳᠤᠨ ᠡᠵᠡᠮᠰᠢᠵᠦ᠂ ᠠᠵᠢᠯ᠎ᠤᠨ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠂ ᠠᠬᠢᠭᠤᠯᠬᠤ ᠠᠷᠭ᠎ᠠ ᠬᠡᠮᠵᠢᠶ᠎ᠡ᠎ᠪᠠᠨ ᠨᠠᠷᠢᠯᠢᠭ᠍ᠵᠢᠭᠤᠯᠵᠤ᠂  ᠲᠥᠯᠥᠪᠵᠢᠭᠦᠯᠭᠡ᠎ᠳᠦ ᠪᠢᠴᠢᠵᠦ ᠣᠷᠣᠭᠤᠯᠤᠭᠰᠠᠨ ᠲᠥᠷᠥᠯ ᠵᠦᠢᠯ᠎ᠦᠨ ᠡᠮᠦᠨᠡᠬᠢ ᠬᠤᠭᠤᠴᠠᠭᠠᠨ᠎ᠤ ᠭᠠᠷᠳᠠᠮ ᠭᠦᠢᠴᠡᠳᠬᠡᠬᠦ᠎ᠶᠢ ᠲᠦᠷᠭᠡᠳᠬᠡᠨ ᠠᠬᠢᠭᠤᠯᠵᠤ᠂ ᠲᠥᠪ᠎ᠦᠨ ᠪᠡᠯᠡ ᠮᠥᠩᠭᠥ ᠪᠠ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠦᠷᠭᠦᠯᠵᠢᠯᠡᠨ ᠣᠯᠵᠤ᠂ ᠲᠥᠷᠥᠯ ᠵᠦᠢᠯ᠎ᠢ ᠡᠷᠲᠡᠬᠡᠨ ᠨᠠᠢᠳᠠᠪᠤᠷᠢᠵᠢᠭᠤᠯᠬᠤ᠎ᠪᠡᠷ ᠠᠬᠢᠭᠤᠯᠤᠨ᠂ ᠣᠳᠣᠬᠢᠴᠢᠯᠠᠭᠰᠠᠨ ᠴᠢᠨᠠᠷ ᠰᠠᠢᠲᠠᠢ ᠶᠡᠷᠦᠩᠬᠡᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠭᠲᠠᠯᠴᠠᠭ᠎ᠠ᠎ᠶᠢ ᠲᠦᠷᠭᠡᠳᠬᠡᠨ ᠪᠠᠢᠭᠤᠯᠵᠤ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠪᠡᠬᠢ ᠵᠠᠮ ᠬᠠᠷᠢᠯᠴᠠᠭᠠᠨ᠎ᠤ ᠪᠠᠲᠤᠯᠠᠭ᠎ᠠ ᠬᠠᠩᠭᠠᠨ᠎ᠠ ᠭᠡᠪᠡ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号