ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠬᠠᠣᠯᠢ ᠲᠥᠷᠢᠮ
2026 ᠣᠨ ᠎ᠤ ᠠᠩᠬᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠡᠩᠨᠡᠭᠡ᠎ᠶᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ 《ᠶᠡᠬᠡ ᠬᠢᠴᠢᠶᠡᠯ᠎ᠦᠨ ᠲᠠᠩᠬᠢᠮ 》 ᠶᠠᠪᠤᠬᠲᠠᠪᠠ
ᠨᠡᠢᠲᠡᠯᠡᠭᠰᠡᠨ ᠴᠠᠭ᠄ 2026-02-28

ᠲᠦᠷᠦᠬᠦᠬᠡᠨ᠂ ᠦᠪᠦᠷ ᠮᠤᠩᠭᠤᠯ ᠎ᠤᠨ ᠥᠪᠡᠷᠲᠡᠭᠡᠨ ᠵᠠᠰᠠᠬᠤ ᠣᠷᠣᠨ ᠎ᠤ ᠬᠠᠤᠯᠢ ᠴᠠᠭᠠᠵᠠ᠎ᠶᠢᠨ ᠲᠢᠩᠬᠢᠮ 2026 ᠣᠨ ᠎ᠤ ᠠᠩᠬᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠡᠩᠨᠡᠭᠡ᠎ᠶᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ 《ᠶᠡᠬᠡ ᠬᠢᠴᠢᠶᠡᠯ᠎ᠦᠨ ᠲᠠᠩᠬᠢᠮ 》 ᠢ᠋ ᠡᠷᠭᠢᠯᠡᠵᠦ᠂ ᠥᠪᠥᠷ ᠮᠣᠩᠭᠣᠯ᠎ᠤᠨ ᠨᠡᠢᠭᠡᠮ ᠵᠢᠷᠤᠮ ᠎ᠤᠨ ᠳᠡᠭᠡᠳᠦ ᠰᠤᠷᠭᠠᠭᠤᠯᠢ ᠵᠢᠨ  ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠣᠣ ᠵᠢᠩ ᠬᠤᠸᠠ ᠫᠷᠤᠹᠧᠰᠰᠤᠷ ᠎ᠢ ᠤᠷᠢᠵᠤ ᠲᠤᠰᠬᠠᠢ  ᠰᠡᠳᠦᠪ᠎ᠢᠶᠡᠷ  ᠬᠢᠴᠢᠶᠡᠯ  ᠳᠠᠢᠯᠤᠮᠵᠢ ᠬᠢᠯᠭᠡᠪᠡ᠃

ᠵᠤᠤ ᠵᠢᠩ ᠬᠤᠸᠠ ᠫᠷᠤᠹᠸᠰᠰᠤᠷ ᠭᠣᠣᠯᠳᠠᠭᠤ ᠨᠢᠭᠡᠳᠦᠮᠡᠯ ᠹᠷᠣᠨᠲ᠎ᠤᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ ᠎ᠢ ᠨᠠᠢᠳᠠᠪᠤᠷᠢᠵᠢᠭᠤᠯᠬᠤ ᠎ᠶᠢᠨ ᠴᠢᠬᠤᠯᠠ ᠠᠴᠢ ᠬᠣᠯᠪᠣᠭᠳᠠᠯ᠂ ᠨᠢᠭᠡᠳᠦᠮᠡᠯ ᠹᠷᠣᠨᠲ᠎ᠤᠨ ᠠᠵᠢᠯ ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠬᠤ ᠪᠣᠳᠠᠲᠠᠢ ᠱᠠᠭᠠᠷᠳᠠᠯᠭ᠎ᠠ᠎ᠶᠢ ᠪᠦᠬᠦ ᠲᠠᠯ᠎ᠠ ᠎ᠪᠠᠷ ᠡᠵᠡᠮᠳᠡᠵᠦ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠂ ᠨᠢᠭᠡᠳᠦᠮᠡᠯ ᠹᠷᠣᠨᠲ ᠎ᠤᠨ ᠠᠵᠢᠯ᠎ᠤᠨ ᠬᠠᠷᠢᠭᠤᠴᠠᠯᠭ᠎ᠠ ᠎ᠶᠢᠨ ᠳᠦᠷᠢᠮ᠎ᠢ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠰᠢᠰᠲᠸᠮ ᠲᠠᠢ ᠠᠬᠢᠭᠤᠯᠬᠤ᠂ ᠨᠢᠭᠡᠳᠦᠮᠡᠯ ᠹᠷᠣᠨᠲ ᠎ᠤᠨ ᠠᠵᠢᠯ ᠎ᠤᠨ ᠬᠠᠷᠢᠭᠤᠴᠠᠯᠭ᠎ᠠ ᠢ᠋ᠢᠨ ᠲᠦᠷᠢᠮ ᠢ᠋ ᠨᠠᠢᠳᠠᠪᠤᠷᠢᠵᠢᠭᠤᠯᠬᠤ᠎ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ᠎ᠶᠢ ᠴᠢᠩᠭᠠᠳᠬᠠᠬᠤ ᠢᠯᠡ ᠲᠣᠳᠣ᠌ ᠤᠳᠤᠷᠢᠳᠤᠮᠵᠢ᠎ᠶᠢ ᠪᠤᠢ ᠪᠣᠯᠭᠠᠬᠤ᠎ᠶᠢ ᠪᠠᠷᠢᠮᠲᠠᠯᠠᠬᠤ ᠵᠡᠷᠭᠡ ᠲᠦᠷᠪᠡᠨ ᠲᠠᠯ᠎ᠠ ᠡᠴᠡ ᠭᠦᠨᠵᠡᠭᠡᠢ ᠲᠣᠳᠣᠷᠬᠠᠢᠯᠠᠨ ᠲᠠᠢᠯᠪᠤᠷᠢᠯᠠᠪᠠ᠃ ᠬᠢᠴᠢᠶᠡᠯ᠎ᠤᠨ ᠯᠣᠭᠢᠭ᠋ ᠨᠢ ᠲᠣᠳᠣᠷᠬᠠᠢ᠂ ᠠᠭᠤᠯᠤᠭᠳᠠᠬᠤᠨ ᠨᠢ ᠪᠠᠶᠠᠯᠢᠭ᠋ ᠪᠠᠢᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠲᠠᠢᠯᠪᠤᠷᠢᠯᠠᠭᠰᠠᠨ ᠪᠥᠭᠡᠳ ᠨᠢᠭᠡᠳᠦᠮᠡᠯ ᠹᠷᠣᠨᠲ᠎ᠤᠨ ᠠᠵᠢᠯ᠎ᠤᠨ ᠲᠦᠷᠦ᠎ᠶᠢᠨ ᠪᠣᠳᠣᠯᠭ᠎ᠠ ᠬᠠᠤᠯᠢ ᠲᠣᠭᠲᠠᠭᠠᠯ ᠎ᠢ ᠨᠠᠷᠢᠨ ᠨᠢᠮᠪᠠᠢ ᠡᠮᠬᠢᠯᠡᠵᠦ᠂ ᠨᠡᠩ ᠴᠤ᠌ ᠬᠠᠤᠯᠢ ᠴᠠᠭᠠᠵᠠ᠎ᠶᠢᠨ ᠵᠠᠰᠠᠭ ᠵᠠᠬᠢᠷᠭᠠᠨ ᠎ᠤ ᠠᠵᠢᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠭᠰᠠᠨ ᠦᠢᠯᠡᠳᠦᠯᠭᠡ ᠎ᠶᠢᠨ ᠵᠢᠯᠣᠭᠣᠳᠤᠯᠭ᠎ᠠ᠎ᠲᠠᠢ ᠪᠠᠢᠵᠤ᠂ ᠠᠵᠢᠯ᠎ᠤᠨ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠠᠵᠢᠯ᠎ᠤᠨ ᠰᠡᠳᠬᠢᠴᠡ᠎ᠶᠢ  ᠤᠯᠠᠮ ᠨᠢᠭᠡ ᠠᠯᠬᠤᠮ ᠲᠣᠳᠣᠷᠬᠠᠢ ᠪᠣᠯᠭᠠᠪᠠ᠃

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号