ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠵᠡᠷᠭᠡ ᠭᠤᠷᠪᠠᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ 《ᠢᠨᠲ᠋ᠧᠷ ᠰᠦᠯᠵᠢᠶᠡᠨ᠎ᠤ ᠲᠠᠪᠴᠠᠩ᠎ᠤᠨ ᠦᠨ᠎ᠡ ᠬᠠᠩᠰᠢ᠎ᠶᠢᠨ ᠦᠢ᠍ᠯᠡ ᠠᠵᠢᠯᠯᠠᠭ᠎ᠠ᠎ᠶᠢᠨ ᠳᠦᠷᠢᠮ》᠎ᠢ 4 ᠳ᠋ᠤᠭᠡᠷ ᠰᠠᠷ᠎ᠠ᠎ᠶᠢᠨ 10᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠦᠢ᠍ᠯᠡ ᠠᠵᠢᠯᠯᠠᠭ᠎ᠠ᠎ᠶᠢᠨ ᠳᠦᠷᠢᠮ》 ᠨᠢ ᠢᠨᠲ᠋ᠧᠷ ᠰᠦᠯᠵᠢᠶᠡᠨ᠎ᠤ ᠲᠠᠪᠴᠠᠩ᠎ᠤᠨ ᠦᠨ᠎ᠡ ᠬᠠᠩᠰᠢ᠎ᠶᠢᠨ ᠬᠢᠨᠠᠯᠲᠠ ᠬᠠᠮᠢᠶᠠᠷᠤᠯᠲᠠ᠎ᠶᠢᠨ ᠪᠠᠢ᠌ᠩᠭᠤᠰᠢᠭᠰᠠᠨ ᠲᠣᠭᠲᠠᠴᠠ᠎ᠶᠢ ᠪᠦᠷᠢᠨᠰᠢᠭᠦᠯᠵᠦ᠂ ᠬᠠᠮᠢᠶ᠎ᠠ ᠪᠦᠬᠦᠢ ᠦᠨ᠎ᠡ ᠬᠠᠩᠰᠢ᠎ᠶᠢᠨ ᠠᠵᠢᠯᠯᠠᠭ᠎ᠠ᠎ᠶᠢ ᠵᠢᠷᠤᠮᠵᠢᠭᠤᠯᠤᠨ᠎ᠠ᠃ ᠳᠡᠪᠴᠠᠩ᠎ᠤᠨ ᠡᠵᠡᠩᠨᠡᠭᠴᠢᠳ ᠰᠦᠢ᠍ᠳᠭᠡᠯ ᠬᠤᠷᠢᠶᠠᠬᠤ ᠪᠠᠷᠢᠮᠵᠢᠶ᠎ᠠ᠎ᠶᠢ ᠳᠡᠭᠡᠭᠰᠢᠯᠡᠬᠦᠯᠬᠦ᠂ ᠰᠦᠢ᠍ᠳᠭᠡᠯ ᠬᠤᠷᠢᠶᠠᠬᠤ ᠳᠦᠷᠦᠯ ᠵᠦᠢ᠍ᠯ᠎ᠢ ᠨᠡᠮᠡᠭᠳᠡᠬᠦᠯᠬᠦ᠂ ᠪᠠᠳᠤᠯᠠᠭ᠎ᠠ᠎ᠶᠢᠨ ᠮᠦᠩᠬᠦ᠎ᠶᠢ ᠰᠠᠭᠤᠯᠭ᠋ᠠᠨ ᠠᠪᠬᠤ᠂ ᠨᠡᠮᠡᠭᠦᠷᠢ᠎ᠶᠢ ᠪᠠᠭ᠋ᠠᠰᠬᠠᠬᠤ ᠪᠤᠶᠤ ᠬᠠᠷᠠᠭ᠋ᠠᠯᠵᠠᠬᠤ᠂ ᠤᠷᠤᠰᠴᠠ᠎ᠶᠢᠨ ᠭᠡᠮᠵᠢᠶ᠎ᠠ᠎ᠶᠢ ᠬᠢᠵᠠᠭ᠋ᠠᠷᠯᠠᠬᠤ᠂ ᠬᠠᠢ᠌ᠯᠲᠠᠶᠢᠨ ᠳᠡᠰ ᠳᠠᠷᠠᠭ᠋ᠠᠯᠠᠯ᠎ᠢ ᠪᠠᠭᠤᠷᠠᠭᠤᠯᠬᠤ᠂ ᠪᠤᠳᠤᠬᠤ ᠠᠷᠭ᠎ᠠ᠎ᠪᠠᠷ ᠡᠵᠡᠯᠡᠬᠦ ᠬᠤᠪᠢᠳᠠᠯ᠎ᠢ᠎ᠨᠢ ᠪᠠᠭᠤᠷᠠᠭᠤᠯᠬᠤ᠂ ᠲᠡᠯᠭᠡᠬᠦᠷ ᠫᠦᠰᠡ᠎ᠶᠢ ᠬᠠᠷᠰᠢᠯᠠᠵᠤ ᠬᠠᠯᠬᠠᠯᠠᠬᠤ᠂ ᠲᠠᠸᠠᠷ᠎ᠢ᠎ᠨᠢ ᠬᠤᠷᠢᠶᠠᠬᠤ ᠪᠤᠶᠤ ᠦᠢ᠍ᠯᠡᠴᠢᠯᠡᠭᠡ ᠥᠯᠥ ᠬᠠᠩᠭ᠋ᠠᠬᠤ ᠵᠡᠷᠭᠡ ᠠᠷᠭ᠎ᠠ ᠬᠡᠮᠵᠢᠶ᠎ᠠ ᠠᠪᠴᠤ ᠪᠣᠯᠬᠤ ᠦᠭᠡᠢ᠂ ᠲᠠᠪᠴᠠᠩ᠎ᠳᠠᠬᠢ ᠡᠵᠡᠩᠨᠡᠭᠴᠢ᠎ᠶᠢᠨ ᠦᠨ᠎ᠠ ᠬᠠᠨᠭ᠌ᠰᠢ᠎ᠶᠢᠨ ᠦᠢ᠍ᠯᠡ ᠠᠵᠢᠯᠯᠠᠭ᠎ᠠ᠎ᠳᠤ ᠵᠦᠢ ᠵᠤᠬᠢᠰ ᠦᠭᠡᠢ ᠬᠢᠵᠠᠭ᠋ᠠᠷᠯᠠᠯ ᠭᠠᠷᠭ᠋ᠠᠬᠤ ᠪᠤᠶᠤ ᠵᠤᠬᠢᠰ ᠦᠭᠡᠢ ᠨᠦᠬᠦᠴᠡᠯ ᠨᠡᠮᠡᠵᠦ ᠪᠤᠯᠬᠤ ᠦᠭᠡᠢ᠃ ᠲᠠᠪᠴᠠᠩ᠎ᠤᠨ ᠡᠵᠡᠩᠨᠡᠭᠴᠢ᠂ ᠲᠠᠪᠴᠠᠩ᠎ᠳᠠᠬᠢ ᠡᠵᠡᠩᠨᠡᠭᠴᠢᠳ ᠥᠷᠢᠰᠥᠯᠳᠦᠬᠦ ᠡᠲᠡᠭᠡᠳ᠎ᠢᠶᠡᠨ ᠭᠠᠳᠠᠭᠤᠷᠴᠢᠯᠠᠬᠤ ᠪᠤᠶᠤ ᠵᠠᠬ᠎ᠠ ᠳᠡᠯᠭᠡᠭᠦᠷ᠎ᠢ ᠭᠠᠭᠴᠠᠭ᠋ᠠᠷ ᠡᠵᠡᠯᠡᠬᠦ᠎ᠪᠠᠷ ᠵᠣᠷᠢᠯᠭ᠎ᠠ ᠪᠣᠯᠭ᠋ᠠᠵᠤ᠂ ᠥᠪᠡᠷ᠎ᠤᠨ ᠥᠷᠲᠡᠭ᠎ᠠᠴᠠ᠎ᠨᠢ ᠳᠣᠤᠷ᠎ᠠ ᠦᠨ᠎ᠡ᠎ᠪᠠᠷ ᠲᠠᠸᠠᠷ ᠪᠣᠷᠣᠯᠠᠭᠤᠯᠬᠤ ᠪᠤᠶᠤ ᠦᠢ᠍ᠯᠡᠴᠢᠯᠡᠭᠡ ᠬᠠᠩᠭ᠋ᠠᠵᠤ ᠪᠣᠯᠬᠤ ᠦᠭᠡᠶ ᠭᠡᠵᠦ ᠱᠠᠭ᠋ᠠᠷᠳᠠᠵᠤ ᠪᠣᠢ᠃