ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠬᠠᠣᠯᠢ ᠲᠥᠷᠢᠮ
ᠭᠤᠷᠪᠠᠨ ᠰᠠᠯᠠᠭ᠎ᠠ ᠮᠥᠴᠢᠷ ᠵᠢᠯᠤᠭᠣᠳᠬᠤ ᠰᠠᠨᠠᠯ ᠳᠠᠷᠤᠮᠠᠯᠯᠠᠨ ᠶᠠᠪᠤᠭᠤᠯᠪᠠ 14 ᠵᠦᠢᠯ᠎ᠦᠨ ᠠᠷᠭ᠎ᠠ ᠬᠡᠮᠵᠢᠶ᠎ᠡ ᠠᠪᠴᠤ ᠣᠯᠠᠨ ᠲᠦᠮᠡᠨ᠎ᠦ 《ᠡᠷᠦᠬᠡ ᠭᠡᠷ᠎ᠦᠨ᠎ᠢᠶᠠᠨ ᠣᠢᠷ᠎ᠠ ᠬᠠᠪᠢ》᠎ᠳᠤ ᠡᠪᠡᠳᠴᠢᠨ ᠦᠵᠡᠭᠦᠯᠬᠦ᠎ᠶᠢ ᠨᠢ ᠪᠠᠲᠤᠯᠠᠪᠠ
ᠨᠡᠢᠲᠡᠯᠡᠭᠰᠡᠨ ᠴᠠᠭ᠄ 2026-04-10

ᠣᠢᠷ᠎ᠠ᠎ᠳᠤ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠨᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠯᠦ᠍ᠭᠡ ᠬᠠᠮᠲᠤᠷᠠᠭᠠᠳ 《ᠡᠮᠴᠢᠯᠡᠭᠡᠨ᠎ᠦ ᠪᠠᠲᠤᠯᠠᠭ᠎ᠠ᠎ᠪᠠᠷ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠬᠥᠭᠵᠢᠯᠲᠡ᠎ᠶᠢ ᠳᠡᠮᠵᠢᠬᠦ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠶᠠᠪᠤᠭᠤᠯᠪᠠ᠃ ᠰᠠᠭᠤᠷᠢ ᠮᠥᠩᠭᠥᠨ᠎ᠦ ᠶᠡᠷᠦᠩᠬᠡᠢ ᠲᠣᠭ᠎ᠠ᠎ᠶᠢᠨ ᠬᠠᠮᠢᠶᠠᠷᠤᠯᠲᠠ᠂ ᠦᠨ᠎ᠡ ᠬᠠᠩᠰᠢ᠎ᠶᠢᠨ ᠬᠠᠮᠢᠶᠠᠷᠤᠯᠲᠠ᠂ ᠣᠷᠳᠣ᠌ ᠬᠤᠭᠤᠴᠠᠭ᠎ᠠ᠎ᠪᠠᠷ ᠰᠤᠪᠢᠯᠠᠬᠤ ᠦᠢᠯᠡᠴᠢᠯᠡᠭᠡ᠎ᠶᠢ ᠥᠷᠭᠡᠳᠬᠡᠬᠦ ᠵᠡᠷᠭᠡ᠎ᠶᠢᠨ ᠲᠣᠭᠣᠷᠢᠨ᠎ᠳᠤ᠂ 14 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠭᠠᠳ ᠦᠢᠯᠡᠴᠢᠯᠡᠭᠡ᠎ᠶᠢ ᠦᠨᠳᠦᠰᠦᠨ ᠱᠠᠲᠤᠨ᠎ᠳᠤ ᠴᠢᠩᠭᠠᠷᠠᠭᠤᠯᠬᠤ᠎ᠶᠢ ᠨᠠᠩ ᠰᠠᠢᠲᠤᠷ ᠳᠡᠮᠵᠢᠵᠦ᠂ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠬᠤ᠎ᠶᠢ ᠨᠠᠩ ᠰᠠᠢᠲᠤᠷ ᠠᠬᠢᠭᠤᠯᠤᠨ᠂ ᠳᠥᠭᠥᠮ ᠳᠥᠲᠡ ᠦᠢᠯᠡᠴᠢᠯᠡᠭᠡ᠎ᠶᠢ ᠦᠨᠳᠦᠰᠦᠨ ᠱᠠᠲᠤᠨ᠎ᠳᠤ ᠨᠡᠩ ᠰᠢᠯᠢᠳᠡᠭᠵᠢᠭᠦᠯᠵᠦ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠬᠥᠭᠵᠢᠬᠦ᠂ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠤ ᠪᠣᠳᠠᠲᠠᠢ ᠠᠰᠢᠭ᠋ ᠬᠦᠷᠲᠡᠬᠦ᠂ ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠮᠥᠩᠭᠥᠨ᠎ᠦ ᠦᠷᠭᠦᠯᠵᠢᠯᠡᠨ ᠬᠥᠭᠵᠢᠬᠦ᠎ᠶᠢ ᠠᠬᠢᠭᠤᠯᠪᠠ᠃

ᠰᠠᠨᠠᠯ᠎ᠳᠤ᠂ ᠦᠨᠳᠦᠰᠦᠨ ᠱᠠᠲᠤᠨ᠎ᠤ ᠦᠢᠯᠡᠴᠢᠯᠡᠭᠡᠨ᠎ᠦ ᠴᠢᠨᠠᠷ ᠴᠢᠨᠰᠠᠭ᠎ᠠ ᠦᠷ᠎ᠡ ᠠᠰᠢᠭ᠋᠎ᠤᠨ ᠳᠡᠭᠡᠭᠰᠢᠯᠡᠬᠦ᠎ᠶᠢ ᠳᠠᠭᠠᠯᠳᠤᠭᠤᠯᠤᠨ ᠦᠨᠳᠦᠰᠦᠨ ᠱᠠᠲᠤᠨ᠎ᠳᠡᠬᠢ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠬᠡᠷᠡᠭᠯᠡᠬᠦ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠥᠨ᠎ᠦ ᠡᠵᠡᠯᠡᠬᠦ ᠬᠠᠷᠢᠴᠠᠯ᠎ᠢ ᠠᠭᠠᠵᠢᠮ᠎ᠢᠶᠠᠷ ᠳᠡᠭᠡᠭᠰᠢᠯᠡᠭᠦᠯᠬᠦ᠎ᠶᠢ ᠲᠣᠳᠣᠷᠬᠠᠢᠯᠠᠪᠠ᠃ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠲᠣᠭᠲᠠᠭᠤᠨ᠎ᠢᠶᠠᠷ ᠠᠵᠢᠯᠯᠠᠬᠤ᠎ᠶᠢ ᠳᠡᠮᠵᠢᠬᠦ ᠪᠠ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ ᠲᠠᠯ᠎ᠠ᠎ᠪᠠᠷ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠥ᠎ᠶᠢ ᠦᠨᠳᠦᠰᠦᠨ ᠱᠠᠲᠤᠨ᠎ᠳᠦ ᠵᠠᠷᠤᠬᠤ᠎ᠶᠢ ᠨᠢ ᠳᠡᠮᠵᠢᠵᠦ᠂ ᠰᠠᠭᠤᠷᠢ ᠮᠥᠩᠭᠥᠨ᠎ᠦ ᠪᠠᠲᠤᠯᠠᠭ᠎ᠠ᠎ᠶᠢᠨ ᠠᠷᠭ᠎ᠠ ᠵᠠᠮ᠎ᠢ ᠲᠣᠳᠣᠷᠬᠠᠢᠯᠠᠨ᠂ ᠦᠨᠳᠦᠰᠦᠨ ᠱᠠᠲᠤᠨ᠎ᠳᠡᠬᠢ ᠵᠢᠱ᠌ᠢᠯᠲᠡ᠎ᠶᠢ ᠳᠣᠭᠲᠠᠪᠤᠷᠢᠵᠢᠭᠤᠯᠤᠨ᠎ᠠ; ᠦᠨᠳᠦᠰᠦᠨ ᠱᠠᠲᠤᠨ᠎ᠤ ᠦᠨ᠎ᠡ ᠬᠠᠩᠰᠢ᠎ᠶᠢᠨ ᠲᠥᠷᠥ᠎ᠶᠢᠨ ᠪᠣᠳᠣᠯᠭ᠎ᠠ᠎ᠶᠢ ᠰᠠᠢᠲᠤᠷ ᠬᠡᠷᠡᠭᠯᠡᠨ ᠲᠣᠬᠢᠷᠠᠮᠵᠢᠲᠠᠢ ᠦᠢᠯᠡᠴᠢᠯᠡᠭᠡ ᠥᠷᠨᠢᠭᠦᠯᠬᠦ᠎ᠶᠢ ᠨᠢ ᠵᠣᠷᠢᠭ᠍ᠵᠢᠭᠤᠯᠤᠨ᠎ᠠ; ᠦᠨᠳᠦᠰᠦᠨ ᠱᠠᠲᠤᠨ᠎ᠤ ᠣᠨᠴᠠᠯᠢᠭ᠋᠎ᠲᠤ ᠲᠣᠬᠢᠷᠠᠭᠰᠠᠨ ᠳᠣᠭᠠᠴᠠᠭ᠎ᠠ ᠬᠢᠬᠦ ᠥᠭᠡᠷᠡᠴᠢᠯᠡᠯᠲᠡ᠎ᠶᠢ ᠠᠬᠢᠭᠤᠯᠤᠨ᠎ᠠ;ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠥᠨ᠎ᠦ ᠳ᠋ᠦᠩᠨᠡᠨ ᠪᠤᠳᠤᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃

ᠨᠢᠭ᠍ᠲᠠ ᠬᠡᠯᠪᠡᠷᠢ ᠪᠦᠬᠦᠢ ᠰᠢᠶᠠᠨ᠎ᠤ ᠬᠡᠪᠴᠢᠶᠡᠨ᠎ᠦ ᠡᠮᠴᠢᠯᠡᠭᠡᠨ᠎ᠦ ᠬᠠᠮᠲᠤ᠎ᠶᠢᠨ ᠴᠣᠭᠴᠠ᠎ᠶᠢᠨ ᠶᠡᠷᠦᠩᠬᠡᠢ ᠲᠣᠭ᠎ᠠ᠎ᠪᠠᠷ ᠵᠠᠷᠤᠳᠠᠯ ᠲᠤᠰᠢᠶᠠᠬᠤ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠬᠦ ᠲᠠᠯ᠎ᠠ᠎ᠪᠠᠷ᠂ ᠨᠢᠭ᠍ᠲᠠ ᠬᠡᠯᠪᠡᠷᠢ ᠪᠦᠬᠦᠢ ᠰᠢᠶᠠᠨ᠎ᠤ ᠬᠡᠪᠴᠢᠶᠡᠨ᠎ᠦ ᠡᠮᠴᠢᠯᠡᠭᠡᠨ᠎ᠦ ᠬᠠᠮᠲᠤ᠎ᠶᠢᠨ ᠴᠣᠭᠴᠠ᠎ᠶᠢᠨ ᠶᠡᠷᠦᠩᠬᠡᠢ ᠲᠣᠭ᠎ᠠ᠎ᠪᠠᠷ ᠵᠠᠷᠤᠳᠠᠯ ᠲᠤᠰᠢᠶᠠᠬᠤ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢ ᠨᠢ ᠳᠡᠮᠵᠢᠵᠦ᠂ ᠡᠮᠴᠢᠯᠡᠭᠡᠨ᠎ᠦ ᠬᠠᠮᠲᠤ᠎ᠶᠢᠨ ᠴᠣᠭᠴᠠ᠎ᠶᠢᠨ ᠠᠵᠢᠯᠲᠠᠨ ᠠᠵᠢᠯᠴᠢᠳ᠎ᠤᠨ ᠡᠮᠴᠢᠯᠡᠭᠡᠨ᠎ᠦ ᠳᠠᠭᠠᠳᠬᠠᠯ ᠪᠠ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ᠎ᠤᠨ ᠵᠠᠷᠤᠯᠭ᠎ᠠ᠎ᠶᠢᠨ ᠶᠡᠷᠦᠩᠬᠡᠢ ᠲᠣᠭ᠎ᠠ᠎ᠶᠢ ᠵᠦᠢ ᠵᠣᠬᠢᠰᠲᠠᠢ ᠲᠣᠭᠲᠠᠭᠠᠵᠤ᠂ ᠰᠢᠶᠠᠨ᠎ᠤ ᠬᠡᠪᠴᠢᠶᠡᠨ᠎ᠳᠡᠬᠢ ᠡᠭᠦᠳᠡᠨ ᠡᠮᠨᠡᠯᠭᠡ ᠪᠠ ᠡᠮᠨᠡᠯᠭᠡ᠎ᠳᠦ ᠰᠠᠭᠤᠬᠤ ᠦᠢᠯᠡᠴᠢᠯᠡᠭᠡ᠂ ᠲᠣᠰ ᠭᠠᠵᠠᠷ ᠪᠠ ᠣᠨᠳᠣᠣ ᠭᠠᠵᠠᠷ᠎ᠲᠤ ᠡᠮᠴᠢᠯᠡᠭᠦᠯᠦᠭᠰᠡᠨ ᠵᠠᠷᠤᠳᠠᠯ᠎ᠢ ᠨᠢ ᠬᠠᠮᠤᠷᠤᠨ᠎ᠠ ᠲᠤᠬᠠᠢ᠎ᠶᠢᠨ ᠵᠢᠯ᠎ᠳᠦ ᠨᠢ ᠡᠮᠴᠢᠯᠡᠭᠡᠨ᠎ᠦ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢᠨ ᠲᠣᠬᠢᠷᠠᠭᠤᠯᠤᠯᠲᠠ ᠵᠡᠷᠭᠡ ᠵᠦᠢ ᠵᠣᠬᠢᠰᠲᠠᠢ ᠰᠢᠯᠲᠠᠭᠠᠨ᠎ᠡᠴᠡ ᠪᠣᠯᠵᠤ ᠡᠮᠴᠢᠯᠡᠭᠡᠨ᠎ᠦ ᠬᠠᠮᠲᠤ᠎ᠶᠢᠨ ᠴᠣᠭᠴᠠ᠎ᠶᠢᠨ ᠵᠠᠷᠤᠯᠭ᠎ᠠ ᠨᠥᠯᠥᠭᠡᠯᠡᠭᠳᠡᠭᠰᠡᠨ ᠪᠠᠢᠪᠠᠯ᠂ ᠲᠠᠰ ᠳᠠᠷᠠᠭᠠᠯᠠᠯ ᠶᠣᠰᠣᠭᠠᠷ ᠶᠡᠷᠦᠩᠬᠡᠢ ᠲᠣᠭᠠᠨ᠎ᠤ ᠭᠦᠢᠴᠡᠳᠬᠡᠯ ᠲᠣᠭ᠎ᠠ᠎ᠳᠤ ᠳᠣᠬᠢᠷᠠᠭᠤᠯᠤᠯᠲᠠ ᠬᠢᠨ᠎ᠡ ᠡᠮᠴᠢᠯᠡᠭᠡᠨ᠎ᠦ ᠬᠠᠮᠲᠤ᠎ᠶᠢᠨ ᠴᠣᠭᠴᠠ ᠨᠢ ᠬᠠᠮᠢᠶᠠᠷᠤᠯᠲᠠ᠎ᠪᠠᠨ ᠨᠠᠷᠢᠯᠢᠭ᠍ᠵᠢᠭᠤᠯᠬᠤ᠂ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠦᠢᠯᠡᠴᠢᠯᠡᠭᠡ᠎ᠪᠠᠨ ᠴᠢᠩᠭᠠᠷᠠᠭᠤᠯᠬᠤ ᠵᠡᠷᠭᠡ᠎ᠪᠡᠷ ᠳᠠᠮᠵᠢᠭᠤᠯᠤᠨ ᠲᠤᠬᠠᠢ᠎ᠶᠢᠨ ᠵᠢᠯ᠎ᠦᠨ ᠰᠠᠭᠤᠷᠢ ᠮᠥᠩᠭᠥᠨ᠎ᠦ ᠦᠯᠡᠳᠡᠪᠦᠷᠢ᠎ᠪᠠᠨ ᠪᠡᠶᠡᠯᠡᠭᠦᠯᠦᠭᠰᠡᠨ ᠪᠠᠢᠪᠠᠯ᠂ ᠳᠠᠷᠠᠭ᠎ᠠ ᠵᠢᠯ᠎ᠦᠨ ᠶᠡᠷᠦᠩᠬᠡᠢ ᠲᠣᠭᠠᠨ᠎ᠤ ᠭᠦᠢᠴᠡᠳᠬᠡᠯ ᠲᠣᠭ᠎ᠠ᠎ᠶᠢᠨ ᠲᠣᠬᠢᠷᠠᠭᠤᠯᠤᠨ ᠬᠠᠰᠤᠬᠤ ᠬᠦᠴᠦᠨ ᠵᠦᠢᠯ ᠪᠣᠯᠭᠠᠬᠤ ᠦᠭᠡᠢ᠃ 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号