ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠬᠠᠣᠯᠢ ᠲᠥᠷᠢᠮ
4 ᠳ᠋ᠤᠭᠡᠷ ᠰᠠᠷ᠎ᠠ᠎ᠠᠴᠠ ᠡᠬᠢᠯᠡᠨ ᠡᠳᠡᠭᠡᠷ ᠰᠢᠨ᠎ᠡ ᠲᠣᠭᠲᠠᠭᠠᠯ᠎ᠨᠢ ᠲᠠ ᠪᠢᠳᠡᠨ᠎ᠦ ᠠᠮᠢᠳᠤᠷᠠᠯ᠎ᠢ ᠨᠥᠯᠦᠭᠡᠯᠡᠨ᠎ᠡ | 《ᠢᠲᠡᠭᠡᠮᠵᠢ᠎ᠶᠢ ᠰᠡᠷᠭᠦᠭᠡᠬᠦ ᠬᠠᠮᠢᠶᠠᠷᠤᠯᠲᠠ ᠵᠢᠨ ᠠᠷᠭ᠎ᠠ 》᠎ᠳᠤ ᠢᠲᠡᠭᠡᠮᠵᠢ ᠠᠯᠳᠠᠭᠰᠠᠨ ᠬᠦᠩᠬᠡᠪᠲᠦᠷ ᠪᠠᠢᠳᠠᠯ᠎ᠤᠨ ᠮᠡᠳᠡᠭᠡ ᠵᠠᠩᠭᠢ᠎ᠶᠢ ᠵᠠᠷᠴᠢᠮ ᠳᠡᠭᠡᠷ᠎ᠡ᠎ᠪᠠᠨ ᠵᠠᠷᠯᠠᠨ ᠨᠡᠶ᠋ᠢᠲᠡᠯᠡᠬᠦ ᠦᠭᠡᠢ
ᠨᠡᠢᠲᠡᠯᠡᠭᠰᠡᠨ ᠴᠠᠭ᠄ 2026-04-10

ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠡᠴᠡ 《 ᠢᠲᠡᠭᠡᠮᠵᠢ᠎ᠶᠢ ᠰᠡᠷᠭᠦᠭᠡᠬᠦ ᠬᠠᠮᠢᠶᠠᠷᠤᠯᠲᠠ ᠵᠢᠨ ᠠᠷᠭ᠎ᠠ 》᠎ᠶᠢ ᠨᠡᠢᠲᠡᠯᠡᠵᠦ ᠂ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ ᠃ ᠡᠭᠦᠨ᠎ᠳᠤ ᠂ ᠢᠲᠡᠭᠡᠮᠵᠢ ᠠᠯᠳᠠᠭᠰᠠᠨ ᠮᠡᠳᠡᠭᠡ ᠵᠠᠩᠭᠢ᠎ᠶᠢ ᠨᠢ ᠢᠲᠡᠭᠡᠮᠵᠢ ᠠᠯᠳᠠᠭᠰᠠᠨ ᠬᠦᠨᠳᠦ ᠨᠣᠴᠢᠲᠠᠢ᠎ᠶᠢᠨ ᠬᠡᠮᠵᠢᠶ᠎ᠡ ᠶᠣᠰᠤᠭᠠᠷ ᠲᠥᠷᠦᠯ ᠬᠤᠪᠢᠶᠠᠨ ᠬᠠᠮᠢᠶᠠᠷᠬᠤ᠎ᠶᠢ ᠬᠡᠷᠡᠭᠵᠢᠭᠦᠯᠵᠦ ᠂ ᠵᠠᠷᠴᠢᠮ ᠳᠡᠭᠡᠷ᠎ᠡ᠎ᠪᠠᠨ 《 ᠬᠦᠩᠭᠡᠪᠲᠦᠷ ᠂ ᠬᠥᠩᠭᠡᠨ ᠂ ᠬᠦᠨᠳᠦ 》 ᠭᠡᠵᠦ ᠭᠤᠷᠪᠠᠨ ᠲᠥᠷᠦᠯ ᠬᠤᠪᠢᠶᠠᠨ᠎ᠠ ᠂ ᠤᠰᠤᠯ ᠪᠠ ᠰᠢᠢᠳᠭᠡᠯ᠎ᠢ ᠲᠡᠩᠴᠡᠭᠦᠦ ᠪᠠᠢᠯᠭᠠᠬᠤ ᠵᠠᠷᠴᠢᠮ ᠶᠣᠰᠤᠭᠠᠷ ᠂ ᠵᠠᠷᠯᠠᠨ ᠨᠡᠶ᠋ᠢᠲᠡᠯᠡᠬᠦ ᠠᠳᠠᠯᠢ ᠪᠤᠰᠤ ᠬᠤᠭᠤᠴᠠᠭ᠎ᠠ᠎ᠶᠢ ᠲᠣᠰ ᠲᠣᠰ᠎ᠲᠤ ᠨᠢ ᠳᠣᠬᠢᠷᠠᠭᠤᠯᠤᠨ᠎ᠠ ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠶᠢ ᠨᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠠᠯᠪᠠᠨ ᠶᠠᠪᠤᠳᠠᠯ᠎ᠤᠨ ᠪᠢᠴᠢᠭ ᠬᠠᠷ᠎ᠠ᠎ᠪᠠᠷ ᠮᠠᠭᠠᠳᠯᠠᠨ ᠲᠣᠭᠲᠠᠭᠠᠭᠰᠠᠨ ᠡᠳᠦᠷ᠎ᠠᠴᠠ ᠡᠬᠢᠯᠡᠵᠦ ᠪᠣᠳᠤᠨ᠎ᠠ ᠃ ᠢᠲᠡᠭᠡᠮᠵᠢ ᠠᠯᠳᠠᠭᠰᠠᠨ ᠬᠦᠩᠭᠡᠪᠲᠦᠷ ᠪᠠᠢᠳᠠᠯ᠎ᠤᠨ ᠮᠡᠳᠡᠭᠡ ᠵᠠᠩᠭᠢ᠎ᠶᠢ ᠵᠠᠷᠴᠢᠮ ᠳᠡᠭᠡᠷ᠎ᠡ᠎ᠪᠠᠨ ᠵᠠᠷᠯᠠᠨ ᠨᠡᠢᠲᠡᠯᠡᠬᠦ ᠦᠭᠡᠢ ; ᠠᠵᠢᠯ ᠲᠥᠷᠦᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠨᠡᠨ ᠬᠦ᠌ ᠵᠠᠷᠯᠠᠨ ᠨᠡᠶ᠋ᠢᠲᠡᠯᠡᠬᠦ ᠴᠢᠬᠤᠯᠠ᠎ᠲᠠᠢ ᠭᠡᠵᠦ ᠦᠵᠡᠪᠡᠯ ᠂ ᠵᠠᠷᠯᠠᠨ ᠨᠡᠶ᠋ᠢᠲᠡᠯᠡᠬᠦ ᠬᠤᠭᠤᠴᠠᠭ᠎ᠠ᠎ᠶᠢ ᠬᠠᠮᠤᠭ᠎ᠤᠨ ᠤᠷᠲᠤ᠎ᠳᠦ᠎ᠪᠡᠨ 3 ᠰᠠᠷ᠎ᠠ᠎ᠠᠴᠠ ᠬᠡᠲᠦᠷᠡᠭᠦᠯᠬᠦ ᠥᠬᠡᠢ ᠮᠥᠷᠲᠡᠭᠡᠨ ᠬᠠᠤᠯᠢ᠎ᠪᠠᠷ ᠲᠣᠭᠲᠠᠭᠠᠭᠰᠠᠨ ᠬᠠᠷᠢᠭᠤᠴᠠᠯᠭ᠎ᠠ᠎ᠪᠠᠨ ᠭᠦᠢᠴᠡᠳᠬᠡᠵᠦ ᠳᠠᠭᠣᠰᠪᠠᠯ ᠳᠠᠷᠤᠢᠬᠠᠨ ᠵᠠᠰᠠᠨ ᠰᠡᠷᠭᠦᠭᠡᠬᠦ᠎ᠶᠢ ᠭᠤᠶᠤᠴᠢᠯᠠᠵᠤ ᠪᠣᠯᠤᠨ᠎ᠠ ᠃ ᠢᠲᠡᠭᠡᠮᠵᠢ ᠠᠯᠳᠠᠭᠰᠠᠨ ᠬᠦᠩᠭᠡᠪᠲᠦᠷ ᠪᠠᠢᠳᠠᠯ᠎ᠤᠨ ᠮᠡᠳᠡᠭᠡ ᠵᠠᠩᠭᠢ᠎ᠶᠢ ᠵᠠᠷᠯᠠᠨ ᠨᠡᠢᠲᠡᠯᠡᠬᠦ ᠬᠠᠮᠤᠭ᠎ᠤᠨ ᠣᠬᠤᠷ ᠬᠤᠭᠤᠴᠠᠭ᠎ᠠ᠎ᠨᠢ 3 ᠰᠠᠷ᠎ᠠ ᠂ ᠬᠠᠮᠤᠭ᠎ᠤᠨ ᠤᠷᠲᠤ ᠬᠤᠭᠤᠴᠠᠭ᠎ᠠ ᠨᠢ 1 ᠵᠢᠯ ᠪᠣᠯᠤᠨ᠎ᠠ ᠃ ᠢᠲᠡᠭᠡᠮᠵᠢ ᠠᠯᠳᠠᠭᠰᠠᠨ ᠬᠦᠨᠳᠦ ᠪᠠᠢᠳᠠᠯ᠎ᠤᠨ ᠮᠡᠳᠡᠭᠡ ᠵᠠᠩᠭᠢ᠎ᠶᠢ ᠵᠠᠷᠯᠠᠨ ᠨᠡᠢᠲᠡᠯᠡᠬᠦ ᠬᠠᠮᠤᠭ᠎ᠤᠨ ᠣᠬᠤᠷ ᠬᠤᠭᠤᠴᠠᠭ᠎ᠠ᠎ᠨᠢ 1 ᠵᠢᠯ᠂ ᠬᠠᠮᠤᠭ᠎ᠤᠨ ᠤᠷᠲᠤ ᠬᠤᠭᠤᠴᠠᠭ᠎ᠠ᠎ᠨᠢ 3 ᠵᠢᠯ ᠪᠣᠯᠤᠨ᠎ᠠ ᠃

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号