ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠬᠠᠣᠯᠢ ᠲᠥᠷᠢᠮ
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠵᠡᠷᠭᠡ ᠨᠠᠢ᠍ᠮᠠᠨ ᠰᠠᠯᠠᠭ᠎ᠠ ᠮᠥᠴᠢᠷ ᠬᠡᠦᠬᠡᠳ᠎ᠲᠤ ᠬᠡᠷᠡᠭᠯᠡᠬᠦ ᠡᠮ ᠯᠦ᠍ᠭᠡ ᠬᠣᠯᠪᠣᠭᠳᠠᠬᠤ ᠠᠰᠠᠭᠤᠳᠠᠯ᠎ᠤᠨ ᠲᠤᠬᠠᠢ ᠪᠢᠴᠢᠭ ᠮᠠᠲᠧᠷᠢᠶᠠᠯ ᠪᠠᠭᠤᠯᠭᠠᠪᠠ
ᠨᠡᠢᠲᠡᠯᠡᠭᠰᠡᠨ ᠴᠠᠭ᠄ 2026-05-13

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠵᠡᠷᠭᠡ ᠨᠠᠢ᠍ᠮᠠᠨ ᠰᠠᠯᠠᠭ᠎ᠠ ᠮᠥᠴᠢᠷ 5 ᠳ᠋ᠤᠭᠠᠷ ᠰᠠᠷ᠎ᠠ᠎ᠶᠢᠨ 7᠎ᠤ ᠡᠳᠦᠷ 《ᠬᠡᠦᠬᠡᠳ᠎ᠲᠦ ᠬᠡᠷᠡᠭᠯᠡᠬᠦ ᠡᠮ᠎ᠦᠨ ᠬᠠᠩᠭᠠᠯᠭ᠎ᠠ᠎ᠶᠢᠨ ᠪᠠᠲᠤᠯᠠᠬᠤ ᠲᠣᠭᠲᠠᠴᠠ᠎ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ》᠎ᠢ ᠨᠡᠢᠲᠡᠯᠡᠵᠦ ᠂ ᠤᠤᠯ᠎ᠤᠨ ᠤᠯᠤᠰ᠎ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠎ᠦᠨ ᠠᠵᠢᠯ᠎ᠤᠨ ᠵᠥᠪᠯᠡᠯ ᠵᠡᠷᠭᠡ 6 ᠰᠠᠯᠠᠭ᠎ᠠ ᠮᠥᠴᠢᠷ᠎ᠦᠨ 2014 ᠣᠨ᠎ᠳᠤ ᠬᠣᠯᠪᠣᠭᠠᠯᠠᠨ ᠳᠠᠷᠤᠮᠠᠯᠯᠠᠵᠤ ᠶᠠᠪᠤᠭᠤᠯᠤᠭᠰᠠᠨ 《ᠬᠡᠦᠬᠡᠳ᠎ᠲᠦ ᠬᠡᠷᠡᠭᠯᠡᠬᠦ ᠡᠮ᠎ᠢ ᠪᠠᠲᠤᠯᠠᠬᠤ ᠲᠤᠬᠠᠢ ᠰᠠᠨᠠᠯ᠎ᠤᠳ》᠎ᠲᠤ ᠵᠠᠰᠠᠪᠤᠷᠢ ᠣᠷᠣᠭᠤᠯᠤᠭᠰᠠᠨ ᠪᠠᠢᠨ᠎ᠠ᠂ ᠡᠭᠦᠨ᠎ᠳᠤ ᠡᠳᠡᠭᠡᠷ ᠭᠣᠣᠯ ᠠᠭᠤᠯᠭ᠎ᠠ᠎ᠶᠢ ᠪᠠᠭᠲᠠᠭᠠᠪᠠ ᠄ 

ᠨᠢᠭᠡ᠎ᠳᠦ᠂ ᠬᠡᠦᠬᠡᠳ᠎ᠲᠤ ᠬᠡᠷᠡᠭᠯᠡᠬᠦ ᠡᠮ᠎ᠢ ᠰᠤᠳᠤᠯᠤᠨ ᠨᠡᠭᠡᠭᠡᠬᠦ ᠬᠦᠴᠢᠷ ᠠᠰᠠᠭᠤᠳᠠᠯ᠎ᠤᠳ᠎ᠢ ᠰᠢᠢᠳᠪᠦᠷᠢᠯᠡᠨ᠎ᠡ᠃ 

ᠬᠣᠶᠠᠷ᠎ᠲᠤ᠂ ᠬᠡᠦᠬᠡᠳ᠎ᠲᠦ ᠬᠡᠷᠡᠭᠯᠡᠬᠦ ᠡᠮ᠎ᠦᠨ ᠡᠮᠴᠢᠯᠡᠭᠡᠨ᠎ᠦ ᠰᠤᠳᠤᠯᠤᠨ ᠨᠡᠭᠡᠭᠡᠬᠦ ᠬᠡᠪ ᠵᠠᠭᠪᠤᠷ᠎ᠢ ᠪᠠᠶᠠᠯᠢᠭ᠍ᠵᠢᠭᠤᠯᠤᠨ᠎ᠠ᠃ 

ᠭᠤᠷᠪᠠ᠎ᠳᠤ᠂ ᠬᠡᠦᠬᠡᠳ᠎ᠲᠦ ᠬᠡᠷᠡᠭᠯᠡᠬᠦ ᠡᠮ᠎ᠦᠨ ᠡᠮᠴᠢᠯᠡᠭᠡᠨ᠎ᠳᠡᠬᠢ ᠬᠡᠷᠡᠭᠯᠡᠯᠲᠡ᠎ᠶᠢ ᠲᠡᠭᠦᠯᠳᠡᠷᠵᠢᠭᠦᠯᠦᠨ᠎ᠡ᠃ 

ᠳᠥᠷᠪᠡ᠎ᠳᠦ᠂ ᠡᠮᠴᠢᠯᠡᠭᠡᠨ᠎ᠦ ᠪᠠᠢᠭᠤᠯᠤᠮᠵᠢ᠎ᠶᠢᠨ ᠬᠡᠦᠬᠡᠳ᠎ᠦᠨ ᠡᠪᠡᠳᠴᠢᠨ᠎ᠦ ᠰᠠᠯᠠᠭᠠᠨ᠎ᠤ ᠡᠮ᠎ᠦᠨ ᠨᠠᠢᠷᠠᠯᠲᠠ ᠬᠡᠷᠡᠭᠯᠡᠯᠲᠡ᠎ᠶᠢ ᠳᠦᠷᠢᠮᠵᠢᠭᠦᠯᠦᠨ᠎ᠡ᠃ 

ᠲᠠᠪᠤ᠎ᠳᠤ᠂ ᠳᠤᠲᠠᠭᠳᠠᠵᠤ ᠪᠠᠢᠭ᠎ᠠ ᠡᠮ᠎ᠦᠨ ᠵᠦᠢᠯᠡᠰ᠎ᠢ ᠬᠢᠨᠠᠨ ᠰᠢᠯᠭᠠᠬᠤ ᠪᠠ ᠬᠠᠩᠭᠠᠯᠭ᠎ᠠ᠎ᠶᠢ ᠪᠠᠲᠤᠯᠠᠬᠤ᠎ᠪᠡᠨ ᠴᠢᠩᠭᠠᠳᠬᠠᠨ᠎ᠠ᠃ 

ᠵᠢᠷᠭᠤᠭ᠎ᠠ᠎ᠳᠤ᠂ ᠲᠣᠭᠠᠴᠠᠭ᠎ᠠ ᠬᠢᠬᠦ ᠬᠠᠮᠢᠶᠠᠷᠤᠯᠲᠠ᠎ᠶᠢᠨ ᠳᠣᠭᠲᠠᠯᠴᠠᠭ᠎ᠠ᠎ᠶᠢ ᠪᠦᠷᠢᠨᠰᠢᠭᠦᠯᠦᠨ᠎ᠡ᠃ 

《ᠰᠠᠨᠠᠯ》᠎ᠳᠤ ᠪᠠᠰᠠ ᠬᠡᠦᠬᠡᠳ᠎ᠲᠤ ᠬᠡᠷᠡᠭᠯᠡᠬᠦ ᠬᠢᠲᠠᠳ ᠡᠮ ᠡᠮᠨᠡᠯᠭᠡ᠎ᠶᠢᠨ ᠰᠤᠳᠤᠯᠤᠨ ᠨᠡᠭᠡᠭᠡᠬᠦ ᠲᠣᠭᠲᠠᠴᠠ᠎ᠳᠦ ᠰᠢᠨ᠎ᠡ᠎ᠶᠢ ᠡᠭᠦᠳᠬᠦ ᠂ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ ᠂ ᠮᠡᠳᠡᠯᠭᠡ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢ ᠴᠢᠩᠭᠠᠳᠬᠠᠬᠤ ᠂ ᠬᠡᠦᠬᠡᠳ᠎ᠦᠨ ᠡᠪᠡᠳᠴᠢᠨ᠎ᠦ ᠰᠠᠯᠠᠭᠠᠨ᠎ᠤ ᠡᠮ᠎ᠦᠨ ᠤᠬᠠᠭᠠᠨ᠎ᠤ ᠦᠢᠯᠡᠴᠢᠯᠡᠭᠡ ᠬᠠᠩᠭᠠᠬᠤ ᠪᠠ ᠬᠡᠦᠬᠡᠳ᠎ᠲᠤ ᠬᠡᠷᠡᠭᠯᠡᠬᠦ ᠡᠮ᠎ᠦᠨ ᠲᠤᠬᠠᠢ ᠤᠬᠠᠭᠤᠯᠭ᠎ᠠ ᠬᠢᠬᠦ᠎ᠶᠢ ᠴᠢᠩᠭᠠᠳᠬᠠᠬᠤ ᠵᠡᠷᠭᠡ ᠲᠠᠯ᠎ᠠ᠎ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ 

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号