ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲᠸᠷᠢᠶᠠᠯ
ᠥᠪᠥᠷ ᠵᠠᠰᠠᠭ ᠲᠠᠷᠬᠠᠭᠠᠭᠰᠠᠨ 〔2025〕 23 ᠳ᠋ᠤᠭᠠᠷ ᠲᠣᠭᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠠᠷᠭ᠎ᠠ》᠎ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠠᠷᠭ᠎ᠠ》᠎ᠶᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠵᠤ᠂ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃
2025 ᠣᠨ᠎ᠤ 12 ᠳ᠋ᠤᠭᠠᠷ ᠰᠠᠷ᠎ᠠ᠎ᠶᠢᠨ 23᠎ᠤ ᠡᠳᠦᠷ
(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ ᠵᠢᠷᠤᠮᠵᠢᠭᠤᠯᠵᠤ᠂ ᠢᠨᠵᠧᠨᠧᠷᠢᠩ᠎ᠦᠨ ᠶᠠᠰᠤ ᠴᠢᠨᠠᠷ᠎ᠢ ᠪᠠᠲᠤᠯᠠᠨ᠂ ᠠᠷᠠᠳ ᠲᠦᠮᠡᠨ᠎ᠦ ᠠᠮᠢ ᠨᠠᠰᠤ ᠪᠠ ᠡᠳ᠋ ᠬᠥᠷᠥᠩᠭᠡ᠎ᠶᠢᠨ ᠠᠮᠤᠷ ᠲᠦᠪᠰᠢᠨ᠎ᠢ ᠬᠠᠮᠠᠭᠠᠯᠠᠬᠤ᠎ᠶᠢᠨ ᠲᠤᠰᠠᠳᠠ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠯᠭ᠎ᠠ᠎ᠶᠢᠨ ᠬᠠᠤᠯᠢ》᠂ 《ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠠᠮᠢᠶᠠᠷᠤᠯᠲᠠ᠎ᠶᠢᠨ ᠳᠦᠷᠢᠮ》᠂ 《ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠠᠢᠨ ᠪᠠᠢᠴᠠᠭᠠᠯᠲᠠ ᠵᠢᠷᠤᠭ ᠲᠥᠯᠥᠪᠯᠡᠭᠡ᠎ᠶᠢᠨ ᠬᠠᠮᠢᠶᠠᠷᠤᠯᠲᠠ᠎ᠶᠢᠨ ᠳᠦᠷᠢᠮ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠦᠨᠳᠦᠰᠦᠯᠡᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠬᠤ᠎ᠶᠢᠨ ᠲᠣᠭᠣᠷᠢᠨ᠎ᠳᠤ ᠴᠢᠩᠭ᠎ᠠ ᠨᠢᠭ᠍ᠲᠠᠷᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠠᠷᠭ᠎ᠠ᠎ᠶᠢ ᠲᠣᠭᠲᠠᠭᠠᠪᠠ᠃
ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠢ ᠰᠢᠨ᠎ᠡ᠎ᠪᠡᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠠᠵᠢᠯᠯᠠᠭ᠎ᠠ ᠡᠷᠬᠢᠯᠡᠬᠥ ᠵᠢᠴᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ ᠬᠢᠬᠦ᠎ᠳᠤ ᠲᠤᠰ ᠠᠷᠭ᠎ᠠ᠎ᠶᠢ ᠲᠣᠬᠢᠷᠠᠭᠤᠯᠤᠨ ᠬᠡᠷᠡᠭᠯᠡᠨ᠎ᠡ᠃
ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠣᠯᠪᠣᠭᠳᠠᠯ ᠪᠦᠬᠦᠢ ᠲᠣᠭᠲᠠᠭᠠᠯ᠎ᠳᠤ ᠴᠡᠷᠢᠭ᠎ᠦᠨ ᠶᠠᠪᠤᠳᠠᠯ᠎ᠤᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠠᠮᠢᠶᠠᠷᠤᠯᠲᠠ᠎ᠶᠢᠨ ᠲᠤᠬᠠᠢ ᠠᠰᠲᠠᠭᠠᠨ ᠲᠣᠭᠲᠠᠭᠠᠯ᠎ᠲᠠᠢ ᠪᠠᠢᠪᠠᠯ᠂ ᠲᠡᠷᠡ ᠬᠦ᠌ ᠲᠣᠭᠲᠠᠭᠠᠯ᠎ᠢᠶᠡᠷ ᠬᠡᠷᠡᠭᠵᠢᠭᠦᠯᠦᠨ᠎ᠡ᠃
ᠭᠤᠷᠪᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠳᠤ ᠪᠦᠲᠦᠭᠡᠨ ᠪᠠᠶ᠋ᠢᠭᠤᠯᠬᠤ ᠨᠢᠭᠡᠴᠢ᠎ᠪᠡᠷ ᠭᠣᠣᠯᠯᠠᠭᠤᠯᠬᠤ᠂ ᠬᠠᠢᠨ ᠪᠠᠢᠴᠠᠭᠠᠵᠤ ᠵᠢᠷᠤᠵᠤ ᠲᠥᠯᠥᠪᠯᠡᠬᠦ ᠨᠢᠭᠡᠴᠢ ᠪᠠᠲᠤᠯᠠᠬᠤ᠂ ᠪᠠᠷᠢᠯᠭ᠎ᠠ ᠪᠠᠷᠢᠬᠤ ᠨᠢᠭᠡᠴᠢ ᠬᠠᠷᠢᠭᠤᠴᠠᠬᠤ᠂ ᠬᠢᠨᠠᠨ ᠵᠠᠬᠢᠷᠬᠤ ᠨᠢᠭᠡᠴᠢ ᠬᠠᠮᠢᠶᠠᠷᠤᠨ ᠡᠵᠡᠮᠳᠡᠬᠦ ᠶᠠᠰᠤ ᠴᠢᠨᠠᠷ᠎ᠤᠨ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢ ᠪᠠᠶ᠋ᠢᠭᠤᠯᠬᠤ ᠬᠡᠷᠡᠭᠲᠡᠢ᠃
ᠳᠥᠷᠪᠡᠳᠦᠭᠡᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠰᠠᠭᠤᠴᠠ ᠪᠠ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ᠎ᠤ᠎ᠪᠡᠨ ᠣᠷᠣᠨ ᠬᠡᠪᠴᠢᠶᠡᠨ᠎ᠳᠡᠬᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ ᠬᠢᠬᠦ ᠠᠵᠢᠯ᠎ᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠨ᠎ᠠ᠂ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠬᠤ᠎ᠪᠠᠷ ᠨᠠᠢᠳᠠᠭᠰᠠᠨ ᠪᠠᠢᠭᠤᠯᠤᠮᠵᠢ᠎ᠡᠴᠡ ᠪᠣᠳᠠᠲᠠᠢ ᠬᠡᠷᠡᠭᠵᠢᠭᠦᠯᠵᠦ ᠪᠣᠯᠣᠨ᠎ᠠ᠃
ᠬᠣᠰᠢᠭᠤ ᠰᠢᠶᠠᠨ᠎ᠤ ᠱᠠᠲᠤᠨ ᠠᠴᠠ ᠳᠡᠭᠡᠭᠰᠢᠬᠢ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠦᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠢᠭᠠᠯᠢ᠎ᠶᠢᠨ ᠡᠬᠢ ᠪᠠᠶᠠᠯᠢᠭ᠋᠂ ᠠᠮᠢ ᠠᠬᠤᠢ ᠣᠷᠴᠢᠨ ᠲᠣᠭᠣᠷᠢᠨ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠡᠨᠧᠷᠭᠢ᠂ ᠲᠠᠩᠰᠠ ᠡᠪᠬᠡᠮᠡᠯ ᠵᠡᠷᠭᠡ ᠰᠠᠯᠠᠭ᠎ᠠ ᠮᠥᠴᠢᠷ ᠨᠢ ᠲᠣᠰ ᠲᠣᠰ᠎ᠤᠨ᠎ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ᠂ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠬᠠᠮᠢᠶ᠎ᠠ ᠪᠦᠬᠦᠢ ᠠᠵᠢᠯ᠎ᠢ ᠰᠠᠢᠲᠤᠷ ᠬᠢᠬᠦ ᠬᠡᠷᠡᠭᠲᠡᠢ᠃
ᠲᠠᠪᠤᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠳᠤ ᠬᠠᠷᠢᠶᠠᠲᠤ ᠭᠠᠵᠠᠷ᠎ᠤᠨ ᠬᠠᠮᠢᠶᠠᠷᠤᠯᠲᠠ᠎ᠪᠠᠷ ᠭᠣᠣᠯ ᠪᠣᠯᠭᠠᠬᠤ᠂ ᠱᠠᠲᠤ ᠬᠤᠪᠢᠶᠠᠨ ᠬᠠᠮᠢᠶᠠᠷᠤᠨ ᠡᠵᠡᠮᠳᠡᠬᠦ᠎ᠪᠡᠷ ᠬᠠᠪᠰᠤᠷᠤᠮᠵᠢ ᠪᠣᠯᠭᠠᠬᠤ ᠵᠠᠷᠴᠢᠮ᠎ᠢ ᠵᠢᠷᠤᠮᠯᠠᠵᠤ᠂ ᠤᠯᠤᠰ ᠪᠤᠶᠤ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠎ᠶᠢᠨ ᠳᠡᠰ᠎ᠦᠨ ᠴᠢᠬᠤᠯᠠ ᠶᠡᠬᠡ ᠢᠨᠵᠧᠨᠧᠷᠢᠩ᠂ ᠮᠡᠷᠭᠡᠵᠢᠯ᠎ᠢᠶᠡᠷ ᠣᠨᠴᠠᠭᠠᠶ ᠪᠤᠳᠤᠯᠢᠶᠠᠨᠲᠠᠢ ᠲᠥᠷᠥᠯ ᠵᠦᠢᠯ ᠵᠢᠴᠢ ᠣᠷᠣᠨ ᠪᠦᠰᠡ ᠠᠯᠤᠰᠯᠠᠭᠰᠠᠨ ᠢᠨᠵᠧᠨᠧᠷᠢᠩ᠎ᠦᠨ ᠲᠥᠷᠥᠯ ᠵᠦᠢᠯ᠎ᠳᠦ᠂ ᠠᠢᠮᠠᠭ ᠬᠤᠳᠠ᠎ᠶᠢᠨ ᠱᠠᠲᠤ ᠵᠢᠴᠢ ᠲᠡᠭᠦᠨ᠎ᠡᠴᠡ ᠳᠡᠭᠡᠭᠰᠢᠬᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠦᠨᠡᠯᠡᠨ ᠵᠢᠱ᠌ᠢᠭᠡᠳ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠬᠦᠴᠦᠨ ᠬᠢᠨᠠᠯᠲᠠ ᠲᠠᠯᠪᠢᠬᠤ ᠠᠵᠢᠯ᠎ᠤᠨ ᠬᠡᠷᠡᠭᠴᠡᠭᠡ᠎ᠶᠢ ᠬᠠᠩᠭᠠᠬᠤ᠎ᠳᠤ ᠪᠡᠷᠬᠡᠲᠡᠢ᠎ᠪᠠᠷ ᠨᠤᠲᠠᠯᠠᠭᠰᠠᠨ ᠪᠠᠢᠪᠠᠯ᠂ ᠠᠢᠮᠠᠭ ᠬᠤᠳᠠ᠎ᠶᠢᠨ ᠱᠠᠲᠤ ᠵᠢᠴᠢ ᠲᠡᠭᠦᠨ᠎ᠡᠴᠡ ᠳᠡᠭᠡᠭᠰᠢᠬᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠪᠤᠶᠤ ᠲᠡᠭᠦᠨ᠎ᠤ ᠨᠠᠢᠳᠠᠭᠰᠠᠨ ᠬᠢᠨᠠᠯᠲᠠ ᠲᠠᠯᠪᠢᠬᠤ ᠪᠠᠢᠭᠤᠯᠤᠮᠵᠢ᠎ᠠᠴᠠ ᠶᠠᠰᠤ ᠴᠢᠨᠠᠷ᠎ᠲᠤ ᠬᠢᠨᠠᠯᠲᠠ ᠲᠠᠯᠪᠢᠬᠤ᠎ᠶᠢ ᠰᠢᠭᠤᠳ ᠬᠡᠷᠡᠭᠵᠢᠭᠦᠯᠦᠨ᠎ᠡ᠃
ᠵᠢᠷᠭᠤᠳᠤᠭᠠᠷ ᠵᠦᠢᠯ ᠳᠤᠮᠳᠠᠳᠤ ᠤᠯᠤᠰ᠎ᠤᠨ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠴᠢᠯᠠᠭᠤᠨ ᠲᠣᠰᠣ᠌ ᠪᠠᠢᠭᠠᠯᠢ᠎ᠶᠢᠨ ᠰᠢᠲᠠᠮᠠᠬᠠᠢ ᠬᠡᠢ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠳᠠᠯᠠᠶ ᠲᠠᠩᠭᠢᠰ᠎ᠤᠨ ᠴᠢᠯᠠᠭᠤᠨ ᠲᠣᠰᠣᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ ᠵᠢᠴᠢ ᠲᠡᠳᠡᠭᠡᠷ᠎ᠦᠨ ᠬᠠᠷᠢᠶ᠎ᠠ ᠪᠦᠬᠦᠢ ᠠᠵᠤ ᠠᠬᠤᠢᠯᠠᠯ ᠪᠡᠯᠡ ᠣᠷᠣᠭᠤᠯᠤᠭᠰᠠᠨ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠪᠦᠯᠦᠭᠯᠡᠯ᠎ᠦᠨ ᠰᠢᠰᠲᠧᠮ᠎ᠦᠨ ᠳᠣᠲᠣᠭᠠᠳᠤ᠎ᠳᠠᠬᠢ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠬᠤ ᠪᠠᠢᠭᠤᠯᠤᠮᠵᠢ᠎ᠡᠴᠡ ᠡᠭᠦᠷᠭᠡᠯᠡᠨ᠎ᠡ (ᠣᠨᠴᠠ ᠲᠥᠷᠥᠯ᠎ᠦᠨ ᠲᠥᠬᠦᠭᠡᠷᠦᠮᠵᠢ᠂ ᠴᠠᠭ ᠠᠭᠤᠷ᠎ᠤᠨ ᠠᠶᠤᠩᠭ᠎ᠠ ᠠᠴᠠ ᠰᠡᠷᠭᠡᠢᠯᠡᠬᠦ ᠵᠡᠷᠭᠡ᠎ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠳᠤ ᠠᠰᠲᠠᠭᠠᠨ ᠲᠣᠭᠲᠠᠭᠠᠯ᠎ᠲᠠᠢ ᠪᠠᠢᠬᠤ᠎ᠠᠴᠠ ᠭᠠᠳᠠᠨ᠎ᠠ)᠂ ᠲᠥᠷᠥᠯ ᠵᠦᠢᠯ᠎ᠳᠤ ᠬᠢᠨᠠᠯᠲᠠ ᠲᠠᠯᠪᠢᠵᠤ ᠪᠠᠢᠴᠠᠭᠠᠭᠰᠠᠨ ᠪᠠᠢᠳᠠᠯ᠎ᠢᠶᠠᠨ ᠬᠠᠷᠢᠶᠠᠲᠤ ᠭᠠᠵᠠᠷ᠎ᠤᠨ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠦ ᠱᠠᠲᠤ ᠬᠤᠪᠢᠶᠠᠨ ᠮᠡᠳᠡᠭᠦᠯᠬᠦ ᠬᠡᠷᠡᠭᠲᠡᠢ᠃
ᠳᠣᠯᠣᠳᠤᠭᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ ᠬᠢᠬᠦ ᠡᠩᠨᠡᠭᠡᠨ᠎ᠤ ᠪᠠᠢᠭᠤᠯᠤᠯᠲᠠ᠎ᠪᠡᠨ ᠴᠢᠩᠭᠠᠳᠬᠠᠵᠤ᠂ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ ᠬᠢᠬᠦ ᠠᠵᠢᠯ᠎ᠤᠨ ᠵᠠᠷᠤᠳᠠᠯ᠎ᠤᠨ ᠪᠠᠲᠤᠯᠠᠭ᠎ᠠ᠎ᠪᠠᠨ ᠰᠠᠢᠲᠤᠷ ᠬᠢᠬᠦ ᠬᠡᠷᠡᠭᠲᠡᠢ᠃
ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠵᠢᠴᠢ ᠲᠡᠭᠦᠨ᠎ᠦ ᠨᠠᠢᠳᠠᠭᠰᠠᠨ ᠬᠢᠨᠠᠯᠲᠠ ᠲᠠᠯᠪᠢᠬᠤ ᠪᠠᠢᠭᠤᠯᠤᠮᠵᠢ ᠨᠢ ᠬᠢᠨᠠᠯᠲᠠ ᠬᠠᠮᠢᠶᠠᠷᠤᠯᠲᠠ᠎ᠶᠢᠨ ᠲᠤᠰᠬᠠᠢ ᠮᠡᠷᠭᠡᠵᠢᠭᠰᠡᠨ ᠡᠩᠨᠡᠭᠡᠨ᠎ᠦ ᠪᠠᠢᠭᠤᠯᠤᠯᠲᠠ᠎ᠪᠡᠨ ᠴᠢᠩᠭᠠᠳᠬᠠᠨ᠂ ᠬᠠᠮᠢᠶ᠎ᠠ ᠪᠦᠬᠦᠢ ᠲᠤᠰᠬᠠᠢ ᠮᠡᠷᠭᠡᠵᠢᠯ᠎ᠦᠨ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠲᠠᠢ ᠬᠥᠮᠥᠰ᠎ᠢᠶᠡᠷ ᠪᠦᠷᠢᠯᠳᠦᠭᠰᠡᠨ ᠲᠤᠰᠬᠠᠢ ᠮᠡᠷᠭᠡᠵᠢᠯᠲᠡᠨ᠎ᠦ ᠬᠥᠮᠥᠷᠭᠡ᠎ᠶᠢ ᠪᠠᠢᠭᠤᠯᠵᠤ᠂ ᠵᠠᠰᠠᠭ᠎ᠤᠨ ᠣᠷᠳᠣᠨ᠎ᠡᠴᠡ ᠭᠤᠷᠪᠠᠳᠠᠭᠢ ᠡᠲᠡᠭᠡᠳ᠎ᠦᠨ ᠮᠡᠷᠭᠡᠵᠢᠯ᠎ᠦᠨ ᠦᠢᠯᠡᠴᠢᠯᠡᠭᠡ ᠬᠤᠳᠠᠯᠳᠤᠨ ᠠᠪᠬᠤ᠂ ᠲᠤᠰᠬᠠᠢ ᠮᠡᠷᠭᠡᠵᠢᠯ᠎ᠦᠨ ᠴᠢᠳᠠᠪᠤᠷᠢ᠎ᠲᠠᠢ ᠨᠢᠭᠡᠴᠢ ᠪᠠ ᠬᠤᠪᠢ ᠬᠥᠮᠥᠨ᠎ᠢ ᠤᠷᠢᠬᠤ᠎ᠪᠠᠷ ᠳᠠᠮᠵᠢᠭᠤᠯᠵᠤ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠢ ᠬᠢᠨᠠᠨ ᠪᠠᠢᠴᠠᠭᠠᠬᠤ ᠠᠵᠢᠯ᠎ᠢ ᠥᠷᠨᠢᠭᠦᠯᠬᠦ᠎ᠳᠦ ᠬᠠᠪᠰᠤᠷᠤᠭᠤᠯᠤᠨ ᠲᠤᠰᠠᠯᠠᠭᠤᠯᠵᠤ ᠪᠣᠯᠣᠨ᠎ᠠ᠃
ᠨᠠᠢ᠍ᠮᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠢᠨᠲᠧᠷ ᠰᠦᠯᠵᠢᠶ᠎ᠡ ᠵᠡᠷᠭᠡ ᠮᠡᠳᠡᠭᠡ ᠵᠠᠩᠭᠢᠴᠢᠯᠠᠭᠰᠠᠨ ᠠᠷᠭ᠎ᠠ ᠪᠠᠷᠢᠯ᠎ᠢ ᠬᠡᠷᠡᠭᠯᠡᠵᠦ ᠪᠠᠢᠭᠠᠳ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠢ᠃
ᠬᠣᠶᠠᠳᠤᠭᠠᠷ ᠪᠦᠯᠦᠭ ᠶᠠᠰᠤ ᠴᠢᠨᠠᠷ᠎ᠤᠨ ᠬᠠᠷᠢᠭᠤᠴᠠᠯᠭ᠎ᠠ
ᠶᠢᠰᠦᠳᠦᠭᠡᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠶ᠋ᠢᠭᠤᠯᠬᠤ ᠨᠢᠭᠡᠴᠢ ᠨᠢ ᠢᠨᠵᠧᠨᠧᠷᠢᠩ᠎ᠦᠨ ᠪᠠᠷᠢᠯᠭ᠎ᠠ᠎ᠶᠢᠨ ᠵᠢᠷᠤᠭ ᠲᠥᠯᠥᠪᠯᠡᠭᠡᠨ᠎ᠦ ᠪᠢᠴᠢᠭ ᠮᠠᠲᠸᠷᠢᠶᠠᠯ᠎ᠢᠶᠠᠨ ᠬᠠᠷᠠᠭᠠᠯᠵᠠᠭᠰᠠᠨ ᠮᠡᠷᠭᠡᠵᠢᠯ᠎ᠤᠨ ᠴᠢᠳᠠᠪᠤᠷᠢ᠎ᠲᠠᠢ ᠪᠠᠢᠭᠤᠯᠤᠮᠵᠢ᠎ᠳᠤ ᠬᠦᠷᠭᠡᠵᠦ ᠬᠢᠨᠠᠨ ᠪᠠᠢᠴᠠᠭᠠᠯᠭᠠᠬᠤ ᠬᠡᠷᠡᠭᠲᠡᠢ᠃ ᠬᠢᠨᠠᠨ ᠪᠠᠢᠴᠠᠭᠠᠬᠤ ᠪᠠᠢᠭᠤᠯᠤᠮᠵᠢ ᠨᠢ ᠬᠢᠨᠠᠨ ᠪᠠᠢᠴᠠᠭᠠᠬᠤ ᠲᠥᠷᠥᠯ ᠵᠦᠢᠯ᠎ᠦᠨ ᠪᠦᠲᠦᠭᠡᠨ ᠪᠠᠢᠭᠤᠯᠬᠤ᠂ ᠬᠠᠢᠨ ᠪᠠᠢᠴᠠᠭᠠᠬᠤ᠂ ᠵᠢᠷᠤᠵᠤ ᠲᠥᠯᠥᠪᠯᠡᠬᠦ ᠨᠢᠭᠡᠴᠢ ᠯᠦ᠍ᠭᠡ ᠬᠠᠷᠢᠶᠠᠯᠠᠭᠳᠠᠬᠤ ᠬᠠᠷᠢᠴᠠᠭ᠎ᠠ ᠪᠤᠶᠤ ᠪᠤᠰᠤᠳ ᠠᠰᠢᠭ᠋ ᠬᠣᠣᠷ᠎ᠤᠨ ᠬᠠᠷᠢᠴᠠᠭ᠎ᠠ᠎ᠲᠠᠢ ᠪᠠᠢᠵᠤ ᠪᠣᠯᠬᠤ ᠦᠭᠡᠢ᠃
ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠪᠠᠷᠢᠯᠭ᠎ᠠ᠎ᠶᠢᠨ ᠵᠢᠷᠤᠭ ᠲᠥᠯᠥᠪᠯᠡᠭᠡᠨ᠎ᠦ ᠪᠢᠴᠢᠭ ᠮᠠᠲᠧᠷᠢᠶᠠᠯ ᠨᠢ ᠬᠢᠷᠢ ᠲᠡᠩᠴᠡᠬᠦ ᠬᠢᠨᠠᠨ ᠪᠠᠢᠴᠠᠭᠠᠯᠲᠠ᠎ᠶᠢ ᠳᠠᠮᠵᠢᠭ᠍ᠰᠠᠨ ᠦᠭᠡᠢ ᠪᠠᠢᠪᠠᠯ ᠬᠡᠷᠡᠭᠯᠡᠵᠦ ᠪᠣᠯᠬᠤ ᠦᠭᠡᠢ᠃
ᠠᠷᠪᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠢ ᠠᠵᠢᠯ ᠡᠬᠢᠯᠡᠭᠦᠯᠬᠦ᠎ᠡᠴᠡ ᠡᠮᠦᠨ᠎ᠡ᠂ ᠪᠦᠲᠦᠭᠡᠨ ᠪᠠᠶ᠋ᠢᠭᠤᠯᠬᠤ ᠨᠢᠭᠡᠴᠢ ᠨᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠦ ᠬᠦᠷᠴᠦ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠠᠷᠳᠠᠮ᠎ᠢ ᠭᠦᠢᠴᠡᠳᠬᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠳᠣᠣᠷ᠎ᠠ ᠵᠢᠭ᠍ᠰᠠᠭᠠᠭᠰᠠᠨ ᠮᠠᠲᠸᠷᠢᠶᠠᠯ᠎ᠢ ᠲᠤᠰᠢᠶᠠᠬᠤ ᠬᠡᠷᠡᠭᠲᠡᠢ᠄
(ᠨᠢᠭᠡ) ᠲᠥᠷᠥᠯ ᠵᠦᠢᠯ᠎ᠤᠨ ᠪᠡᠯᠡ ᠣᠷᠣᠭᠤᠯᠤᠯᠲᠠ᠎ᠶᠢ ᠬᠠᠷᠭᠤᠭᠤᠯᠤᠨ ᠵᠥᠪᠰᠢᠶᠡᠷᠡᠭᠰᠡᠨ (ᠪᠦᠷᠢᠳᠬᠡᠨ ᠳᠠᠩᠰᠠᠯᠠᠭᠤᠯᠤᠭᠰᠠᠨ) ᠪᠢᠴᠢᠭ ᠮᠠᠲᠸᠷᠢᠶᠠᠯ;
(ᠬᠣᠶᠠᠷ) ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠲᠥᠯᠦᠪᠵᠢᠭᠦᠯᠭᠡ᠎ᠶᠢᠨ ᠵᠥᠪᠰᠢᠶᠡᠷᠡᠯ᠎ᠦᠨ ᠦᠨᠡᠮᠯᠡᠯ;
(ᠭᠤᠷᠪᠠ) ᠪᠠᠷᠢᠯᠭ᠎ᠠ᠎ᠶᠢᠨ ᠵᠢᠷᠤᠭ ᠲᠥᠯᠥᠪᠯᠡᠭᠡᠨ᠎ᠦ ᠪᠢᠴᠢᠭ ᠮᠠᠲᠸᠷᠢᠶᠠᠯ᠎ᠤᠨ ᠬᠢᠨᠠᠨ ᠪᠠᠢᠴᠠᠭᠠᠯᠲᠠ᠎ᠳᠤ ᠬᠢᠷᠢ ᠲᠡᠩᠴᠡᠭᠰᠡᠨ ᠭᠠᠷᠳᠠᠮ;
(ᠳᠥᠷᠪᠡ) ᠪᠦᠲᠦᠭᠡᠨ ᠪᠠᠶ᠋ᠢᠭᠤᠯᠬᠤ ᠨᠢᠭᠡᠴᠢ᠎ᠶᠢᠨ ᠲᠥᠷᠥᠯ ᠵᠦᠢᠯ᠎ᠤᠨ ᠬᠠᠮᠢᠶᠠᠷᠤᠯᠲᠠ᠎ᠶᠢᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ᠎ᠶᠢᠨ ᠪᠠᠢᠭᠤᠯᠤᠭᠳᠠᠭᠰᠠᠨ ᠪᠢᠴᠢᠭ ᠮᠠᠲᠸᠷᠢᠶᠠᠯ ᠵᠢᠴᠢ ᠲᠥᠷᠥᠯ ᠵᠦᠢᠯ᠎ᠤᠨ ᠬᠠᠷᠢᠭᠤᠴᠠᠯᠭᠠᠲᠠᠨ᠎ᠳᠦ ᠡᠷᠬᠡ ᠣᠯᠭᠣᠭᠰᠠᠨ ᠪᠢᠴᠢᠭ; ᠶᠡᠷᠦᠩᠬᠡᠢᠯᠡᠨ ᠳᠠᠭᠠᠭᠠᠴᠢᠯᠠᠬᠤ᠂ ᠬᠠᠢᠨ ᠪᠠᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠵᠠᠬᠢᠷᠬᠤ ᠭᠡᠷ᠎ᠡ ᠵᠢᠴᠢ ᠨᠢᠭᠡᠴᠢ᠎ᠶᠢᠨ ᠡᠵᠡᠩᠨᠡᠯᠲᠡ᠎ᠶᠢᠨ ᠦᠨᠡᠮᠯᠡᠯ᠂ ᠬᠢᠷᠢ ᠴᠢᠳᠠᠮᠵᠢ᠎ᠶᠢᠨ ᠦᠨᠡᠮᠯᠡᠯ; ᠲᠥᠷᠥᠯ ᠵᠦᠢᠯ᠎ᠦᠨ ᠬᠠᠷᠢᠭᠤᠴᠠᠯᠭᠠᠲᠠᠨ᠂ ᠲᠥᠷᠥᠯ ᠵᠦᠢᠯ᠎ᠦᠨ ᠳᠠᠭᠠᠭᠠᠮᠠᠯ᠂ ᠶᠡᠷᠦᠩᠬᠡᠢ ᠬᠢᠨᠠᠨ ᠵᠠᠬᠢᠷᠬᠤ ᠢᠨᠵᠧᠨᠧᠷ᠎ᠦᠨ ᠬᠢᠷᠢ ᠬᠡᠮ᠎ᠦᠨ ᠦᠨᠡᠮᠯᠡᠯ ᠵᠢᠴᠢ ᠡᠷᠬᠡ ᠣᠯᠭᠣᠭᠰᠠᠨ ᠪᠢᠴᠢᠭ;
(ᠲᠠᠪᠤ) ᠢᠨᠵᠧᠨᠧᠷᠢᠩ᠎ᠦᠨ ᠶᠠᠰᠤ ᠴᠢᠨᠠᠷ᠎ᠤᠨ ᠬᠠᠷᠢᠭᠤᠴᠠᠯᠭ᠎ᠠ᠎ᠶᠢᠨ ᠠᠮᠠᠯᠠᠯᠲᠠ ᠵᠢᠴᠢ ᠬᠠᠩᠭᠠᠬᠤ ᠴᠢᠬᠤᠯᠠᠲᠠᠢ ᠪᠤᠰᠤᠳ ᠬᠣᠯᠪᠣᠭᠳᠠᠯ ᠪᠦᠬᠦᠢ ᠪᠢᠴᠢᠭ ᠮᠠᠲᠸᠷᠢᠶᠠᠯ᠃
ᠠᠷᠪᠠᠨ ᠨᠢᠭᠡᠳᠦᠭᠡᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠤᠨ ᠪᠦᠲᠦᠭᠡᠨ ᠪᠠᠢᠭᠤᠯᠬᠤ ᠨᠢᠭᠡᠴᠢ ᠨᠢ ᠬᠠᠢᠨ ᠪᠠᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠪᠠ ᠲᠤᠷᠰᠢᠨ ᠦᠢᠯᠡᠳᠪᠦᠷᠢᠯᠡᠬᠦ ᠬᠤᠭᠤᠴᠠᠭᠠᠨ᠎ᠳᠠᠬᠢ ᠶᠠᠰᠤ ᠴᠢᠨᠠᠷ᠎ᠤᠨ ᠬᠠᠮᠢᠶᠠᠷᠤᠯᠲᠠ᠎ᠶᠢᠨ ᠠᠵᠢᠯ᠎ᠢ ᠵᠣᠬᠢᠶᠠᠨ ᠪᠠᠢᠭᠤᠯᠤᠨ ᠵᠣᠬᠢᠴᠠᠭᠤᠯᠵᠤ᠂ ᠭᠤᠷᠪᠠᠳᠠᠭᠢ ᠡᠲᠡᠭᠡᠳ᠎ᠤᠨ ᠲᠤᠰᠬᠠᠢ ᠮᠡᠷᠭᠡᠵᠢᠯ᠎ᠦᠨ ᠪᠠᠢᠭᠤᠯᠤᠮᠵᠢ᠎ᠳᠤ ᠨᠠᠢᠳᠠᠬᠤ ᠵᠡᠷᠭᠡ ᠠᠷᠭ᠎ᠠ ᠮᠠᠶᠢᠭ᠋᠎ᠢᠶᠠᠷ ᠬᠠᠮᠢᠶ᠎ᠠ ᠪᠦᠬᠦᠢ ᠶᠠᠰᠤ ᠴᠢᠨᠠᠷ᠎ᠤᠨ ᠬᠠᠮᠢᠶᠠᠷᠤᠯᠲᠠ᠎ᠶᠢᠨ ᠠᠵᠢᠯ᠎ᠢ ᠬᠠᠪᠰᠤᠷᠤᠨ ᠥᠷᠨᠢᠭᠦᠯᠵᠦ ᠪᠣᠯᠣᠨ᠎ᠠ᠃
ᠠᠷᠪᠠᠨ ᠬᠣᠶᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠠᠢᠨ ᠪᠠᠢᠴᠠᠭᠠᠬᠤ᠂ ᠵᠢᠷᠤᠵᠤ ᠲᠥᠯᠥᠪᠯᠡᠬᠦ ᠨᠢᠭᠡᠴᠢ ᠨᠢ ᠡᠷᠬᠡᠪᠰᠢ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠠᠯᠪᠠᠳᠠᠯᠭ᠎ᠠ᠎ᠶᠢᠨ ᠴᠢᠨᠠᠷᠲᠠᠢ ᠪᠠᠷᠢᠮᠵᠢᠶ᠎ᠠ ᠶᠣᠰᠣᠭᠠᠷ ᠬᠠᠢᠨ ᠪᠠᠢᠴᠠᠭᠠᠬᠤ᠂ ᠵᠢᠷᠤᠵᠤ ᠲᠥᠯᠥᠪᠯᠡᠬᠦ᠎ᠶᠢᠨ ᠬᠠᠮᠲᠤ᠂ ᠲᠡᠭᠦᠨ᠎ᠦ ᠬᠠᠢᠨ ᠪᠠᠢᠴᠠᠭᠠᠭᠰᠠᠨ᠂ ᠵᠢᠷᠤᠵᠤ ᠲᠥᠯᠥᠪᠯᠡᠭᠰᠡᠨ ᠶᠠᠰᠤ ᠴᠢᠨᠠᠷ᠎ᠲᠤ ᠬᠠᠷᠢᠭᠤᠴᠠᠬᠤ ᠬᠡᠷᠡᠭᠲᠡᠢ᠃
ᠠᠷᠪᠠᠨ ᠭᠤᠷᠪᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠵᠢᠷᠤᠵᠤ ᠲᠥᠯᠥᠪᠯᠡᠬᠦ ᠨᠢᠭᠡᠴᠢ᠎ᠶᠢᠨ ᠵᠢᠷᠤᠭ ᠲᠥᠯᠥᠪᠯᠡᠭᠡᠨ᠎ᠦ ᠪᠢᠴᠢᠭ ᠮᠠᠲᠧᠷᠢᠶᠠᠯ᠎ᠳᠤ᠎ᠪᠠᠨ ᠰᠣᠩᠭᠣᠨ ᠬᠡᠷᠡᠭᠯᠡᠭᠰᠡᠨ ᠪᠠᠷᠢᠯᠭ᠎ᠠ᠎ᠶᠢᠨ ᠮᠠᠲᠧᠷᠢᠶᠠᠯ᠂ ᠪᠠᠷᠢᠯᠭ᠎ᠠ᠎ᠶᠢᠨ ᠪᠦᠲᠦᠴᠡ᠎ᠶᠢᠨ ᠰᠡᠯᠪᠢᠭ ᠲᠤᠨᠤᠭ ᠪᠠ ᠲᠥᠬᠦᠭᠡᠷᠦᠮᠵᠢ᠎ᠳᠦ᠎ᠪᠡᠨ ᠬᠡᠪ ᠪᠠᠷᠢᠮᠵᠢᠶ᠎ᠠ᠂ ᠬᠡᠯᠪᠡᠷᠢ ᠮᠠᠶᠢᠭ᠋᠂ ᠴᠢᠳᠠᠮᠵᠢ ᠵᠡᠷᠭᠡ ᠮᠡᠷᠭᠡᠵᠢᠯ᠎ᠦᠨ ᠭᠦᠢᠴᠡᠳᠬᠡᠯ ᠲᠣᠭ᠎ᠠ᠎ᠶᠢ ᠲᠡᠮᠳᠡᠭᠯᠡᠨ ᠲᠣᠳᠣᠷᠬᠠᠢᠯᠠᠬᠤ ᠬᠡᠷᠡᠭᠲᠡᠢ᠂ ᠲᠡᠳᠡᠭᠡᠷ᠎ᠦᠨ ᠶᠠᠰᠤ ᠴᠢᠨᠠᠷ᠎ᠤᠨ ᠲᠠᠯ᠎ᠠ᠎ᠪᠠᠷ ᠬᠢ ᠱᠠᠭᠠᠷᠳᠠᠯᠭ᠎ᠠ ᠨᠢ ᠡᠷᠬᠡᠪᠰᠢ ᠤᠯᠤᠰ᠎ᠤᠨ ᠲᠣᠭᠲᠠᠭᠰᠠᠨ ᠪᠠᠷᠢᠮᠵᠢᠶ᠎ᠠ᠎ᠳᠤ ᠨᠡᠢᠴᠡᠭᠰᠡᠨ ᠪᠠᠢᠬᠤ ᠬᠡᠷᠡᠭᠲᠡᠢ᠃
ᠣᠨᠴᠠᠭᠠᠶ ᠱᠠᠭᠠᠷᠳᠠᠯᠭ᠎ᠠ᠎ᠲᠠᠢ ᠪᠠᠷᠢᠯᠭ᠎ᠠ᠎ᠶᠢᠨ ᠮᠠᠲᠧᠷᠢᠶᠠᠯ᠂ ᠲᠤᠰᠬᠠᠢ ᠬᠡᠷᠡᠭᠯᠡᠭᠡᠨ᠎ᠦ ᠲᠥᠬᠦᠭᠡᠷᠦᠮᠵᠢ᠂ ᠤᠷᠠᠯᠠᠯ᠎ᠤᠨ ᠦᠢᠯᠡᠳᠪᠦᠷᠢᠯᠡᠯ᠎ᠤᠨ ᠱᠤᠭᠤᠮ ᠵᠡᠷᠭᠡ᠎ᠠᠴᠠ ᠭᠠᠳᠠᠨ᠎ᠠ᠂ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠤᠨ ᠵᠢᠷᠤᠵᠤ ᠲᠥᠯᠥᠪᠯᠡᠬᠦ ᠨᠢᠭᠡᠴᠢ ᠨᠢ ᠦᠢᠯᠡᠳᠪᠦᠷᠢᠯᠡᠬᠦ ᠦᠢᠯᠡᠳᠪᠦᠷᠢ᠂ ᠪᠠᠷᠠᠭ᠎ᠠ ᠬᠠᠩᠭᠠᠭ᠍ᠴᠢ᠎ᠶᠢ ᠵᠢᠭᠠᠨ ᠲᠣᠭᠲᠠᠭᠠᠵᠤ ᠪᠣᠯᠬᠤ ᠦᠭᠡᠢ᠃
ᠠᠷᠪᠠᠨ ᠳᠥᠷᠪᠡᠳᠦᠭᠡᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠠᠢᠨ ᠪᠠᠢᠴᠠᠭᠠᠬᠤ᠂ ᠵᠢᠷᠤᠵᠤ ᠲᠥᠯᠥᠪᠯᠡᠬᠦ ᠨᠢᠭᠡᠴᠢ ᠨᠢ ᠪᠦᠲᠦᠭᠡᠨ ᠪᠠᠶ᠋ᠢᠭᠤᠯᠬᠤ ᠨᠢᠭᠡᠴᠢ ᠪᠤᠶᠤ ᠢᠨᠵᠧᠨᠧᠷᠢᠩ᠎ᠦᠨ ᠬᠢᠨᠠᠨ ᠵᠠᠬᠢᠷᠬᠤ ᠨᠢᠭᠡᠴᠢ᠎ᠶᠢᠨ ᠵᠣᠬᠢᠶᠠᠨ ᠪᠠᠢᠭᠤᠯᠤᠭᠰᠠᠨ ᠪᠠᠷᠢᠯᠭ᠎ᠠ᠎ᠶᠢᠨ ᠠᠵᠢᠯ᠎ᠤᠨ ᠬᠥᠬᠡ ᠵᠢᠷᠤᠭ᠎ᠢ ᠬᠠᠮᠲᠤᠷᠠᠨ ᠬᠢᠨᠠᠬᠤ ᠠᠵᠢᠯ᠎ᠳᠤ ᠣᠷᠣᠯᠴᠠᠬᠤ᠎ᠶᠢᠨ ᠬᠠᠮᠲᠤ᠂ ᠵᠢᠷᠤᠭ ᠲᠥᠯᠥᠪᠯᠡᠭᠡ᠎ᠪᠡᠨ ᠭᠦᠢᠴᠡᠳ ᠣᠢᠯᠠᠭᠠᠭᠤᠯᠬᠤ ᠠᠵᠢᠯ᠎ᠢ ᠬᠠᠷᠢᠭᠤᠴᠠᠬᠤ ᠬᠡᠷᠡᠭᠲᠡᠶ; ᠪᠠᠷᠢᠯᠭ᠎ᠠ᠎ᠶᠢᠨ ᠭᠠᠵᠠᠷ᠎ᠤᠨ ᠰᠠᠭᠤᠷᠢ᠂ ᠭᠣᠣᠯ ᠴᠣᠭᠴᠠ᠎ᠶᠢᠨ ᠪᠦᠲᠦᠴᠡ᠂ ᠠᠵᠤ ᠦᠢᠯᠡᠳᠪᠦᠷᠢ᠎ᠶᠢᠨ ᠤᠭᠰᠠᠷᠠᠯᠲᠠ ᠪᠠ ᠪᠠᠷᠢᠯᠭ᠎ᠠ ᠲᠤᠰᠢᠶᠠᠬᠤ ᠶᠠᠰᠤ ᠴᠢᠨᠠᠷ᠎ᠢ ᠰᠢᠯᠭᠠᠨ ᠬᠤᠷᠢᠶᠠᠬᠤ᠎ᠳᠤ ᠣᠷᠣᠯᠴᠠᠬᠤ ᠬᠡᠷᠡᠭᠲᠡᠢ; ᠪᠠᠷᠢᠯᠭ᠎ᠠ ᠪᠠᠷᠢᠬᠤ ᠶᠠᠪᠤᠴᠠ᠎ᠳᠤ ᠭᠠᠷᠤᠭᠰᠠᠨ ᠵᠢᠷᠤᠭ ᠲᠥᠯᠥᠪᠯᠡᠭᠡ᠎ᠲᠠᠢ ᠬᠣᠯᠪᠣᠭᠳᠠᠬᠤ ᠮᠡᠷᠭᠡᠵᠢᠯ᠎ᠦᠨ ᠠᠰᠠᠭᠤᠳᠠᠯ ᠪᠠ ᠶᠠᠰᠤ ᠴᠢᠨᠠᠷ᠎ᠤᠨ ᠠᠰᠠᠭᠤᠳᠠᠯ᠎ᠢ ᠴᠠᠭ ᠲᠤᠬᠠᠢ᠎ᠳᠤ ᠨᠢ ᠰᠢᠢᠳᠪᠦᠷᠢᠯᠡᠬᠦ ᠬᠡᠷᠡᠭᠲᠡᠢ; ᠢᠨᠵᠧᠨᠧᠷᠢᠩ᠎ᠦᠨ ᠶᠠᠰᠤ ᠴᠢᠨᠠᠷ᠎ᠤᠨ ᠲᠠᠯ᠎ᠠ᠎ᠪᠠᠷ ᠬᠢ ᠡᠨᠳᠡᠯ᠎ᠢ ᠪᠠᠢᠴᠠᠭᠠᠬᠤ ᠠᠵᠢᠯ᠎ᠳᠤ ᠨᠢ ᠬᠠᠮᠵᠢᠯᠴᠠᠬᠤ᠎ᠶᠢᠨ ᠬᠠᠮᠲᠤ᠂ ᠰᠢᠢᠳᠪᠦᠷᠢᠯᠡᠬᠦ ᠮᠡᠷᠭᠡᠵᠢᠯ᠎ᠦᠨ ᠲᠥᠰᠥᠯ᠎ᠢ ᠳᠤᠷᠠᠳᠤᠨ ᠭᠠᠷᠭᠠᠬᠤ ᠬᠡᠷᠡᠭᠲᠡᠢ᠃
ᠠᠷᠪᠠᠨ ᠲᠠᠪᠤᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠪᠠᠷᠢᠯᠭ᠎ᠠ ᠪᠠᠷᠢᠬᠤ ᠨᠢᠭᠡᠴᠢ ᠨᠢ ᠢᠨᠵᠧᠨᠧᠷᠢᠩ᠎ᠦᠨ ᠪᠠᠷᠢᠯᠭ᠎ᠠ᠎ᠶᠢᠨ ᠠᠵᠢᠯ᠎ᠤᠨ ᠶᠠᠰᠤ ᠴᠢᠨᠠᠷ᠎ᠲᠤ ᠬᠠᠷᠢᠭᠤᠴᠠᠵᠤ᠂ ᠶᠠᠰᠤ ᠴᠢᠨᠠᠷ᠎ᠤᠨ ᠬᠠᠷᠢᠭᠤᠴᠠᠯᠭ᠎ᠠ᠎ᠶᠢᠨ ᠳᠦᠷᠢᠮ᠎ᠢ ᠲᠣᠭᠲᠠᠭᠠᠨ᠂ ᠢᠨᠵᠧᠨᠧᠷᠢᠩ᠎ᠦᠨ ᠲᠥᠷᠥᠯ ᠵᠦᠢᠯ᠎ᠦᠨ ᠳᠠᠭᠠᠭᠠᠮᠠᠯ᠂ ᠮᠡᠷᠭᠡᠵᠢᠯ᠎ᠦᠨ ᠬᠠᠷᠢᠭᠤᠴᠠᠯᠭᠠᠲᠠᠨ ᠪᠠ ᠪᠠᠷᠢᠯᠭ᠎ᠠ᠎ᠶᠢᠨ ᠠᠵᠢᠯ᠎ᠤᠨ ᠬᠠᠮᠢᠶᠠᠷᠤᠯᠲᠠ᠎ᠶᠢᠨ ᠬᠠᠷᠢᠭᠤᠴᠠᠯᠭᠠᠲᠠᠨ᠎ᠢ ᠲᠣᠭᠲᠠᠭᠠᠬᠤ ᠬᠡᠷᠡᠭᠲᠡᠢ᠃
ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠳᠤ ᠶᠡᠷᠦᠩᠬᠡᠢᠯᠡᠭᠰᠡᠨ ᠳᠠᠭᠠᠭᠠᠴᠢᠯᠠᠯᠲᠠ᠎ᠶᠢ ᠬᠡᠷᠡᠭᠵᠢᠭᠦᠯᠦᠭᠰᠡᠨ ᠪᠠᠢᠪᠠᠯ᠂ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠨᠢ ᠪᠦᠬᠦ ᠢᠨᠵᠧᠨᠧᠷᠢᠩ᠎ᠦᠨ ᠶᠠᠰᠤ ᠴᠢᠨᠠᠷ᠎ᠲᠤ ᠬᠠᠷᠢᠭᠤᠴᠠᠬᠤ ᠬᠡᠷᠡᠭᠲᠡᠶ; ᠢᠨᠵᠸᠨ᠋ᠸᠷᠢᠩ᠎ᠦᠨ ᠬᠠᠢᠨ ᠪᠠᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠲᠥᠬᠦᠭᠡᠷᠦᠮᠵᠢ ᠬᠤᠳᠠᠯᠳᠤᠨ ᠠᠪᠬᠤ᠎ᠶᠢᠨ ᠨᠢᠭᠡ ᠵᠦᠢᠯ ᠪᠤᠶᠤ ᠤᠯᠡᠠ ᠵᠦᠢᠯ᠎ᠢ ᠶᠡᠷᠦᠩᠬᠡᠢᠯᠡᠨ ᠳᠠᠭᠠᠭᠠᠴᠢᠯᠠᠭᠤᠯᠤᠭᠰᠠᠨ ᠪᠠᠢᠪᠠᠯ᠂ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠨᠢ ᠲᠡᠭᠦᠨ᠎ᠦ ᠳᠠᠭᠠᠭᠠᠴᠢᠯᠠᠭᠰᠠᠨ ᠢᠨᠵᠧᠨᠧᠷᠢᠩ ᠪᠤᠶᠤ ᠬᠤᠳᠠᠯᠳᠤᠨ ᠠᠪᠤᠭᠰᠠᠨ ᠲᠥᠬᠦᠭᠡᠷᠦᠮᠵᠢ᠎ᠶᠢᠨ᠎ᠢᠶᠠᠨ ᠶᠠᠰᠤ ᠴᠢᠨᠠᠷ᠎ᠲᠤ ᠬᠠᠷᠢᠭᠤᠴᠠᠬᠤ ᠬᠡᠷᠡᠭᠲᠡᠢ᠃
ᠠᠷᠪᠠᠨ ᠵᠢᠷᠭᠤᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠨᠢ ᠢᠨᠵᠧᠨᠧᠷᠢᠩ᠎ᠢ ᠬᠠᠤᠯᠢ ᠶᠣᠰᠣᠭᠠᠷ ᠪᠤᠰᠤᠳ ᠨᠢᠭᠡᠴᠢ᠎ᠳᠦ ᠬᠤᠪᠢᠶᠠᠨ ᠳᠠᠭᠠᠭᠠᠴᠢᠯᠠᠭᠤᠯᠤᠭᠰᠠᠨ ᠪᠠᠢᠪᠠᠯ᠂ ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠬᠤᠪᠢᠶᠠᠨ ᠳᠠᠭᠠᠭᠠᠴᠢᠯᠠᠬᠤ ᠭᠡᠷ᠎ᠡ᠎ᠳᠦ ᠪᠣᠯᠵᠣᠨ ᠲᠣᠭᠲᠠᠭᠰᠠᠨ ᠶᠣᠰᠣᠭᠠᠷ ᠬᠤᠪᠢᠶᠠᠨ ᠳᠠᠭᠠᠭᠠᠴᠢᠯᠠᠭᠰᠠᠨ ᠢᠨᠵᠧᠨᠧᠷᠢᠩ᠎ᠦᠨ᠎ᠢᠶᠠᠨ ᠶᠠᠰᠤ ᠴᠢᠨᠠᠷ᠎ᠤᠨ ᠲᠠᠯ᠎ᠠ᠎ᠪᠠᠷ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ᠎ᠳᠦ ᠬᠠᠷᠢᠭᠤᠴᠠᠬᠤ ᠬᠡᠷᠡᠭᠲᠡᠢ᠃ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠬᠢᠭᠡᠳ ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠬᠤᠪᠢᠶᠠᠨ ᠳᠠᠭᠠᠭᠠᠴᠢᠯᠠᠭᠰᠠᠨ ᠢᠨᠵᠧᠨᠧᠷᠢᠩ᠎ᠦᠨ ᠶᠠᠰᠤ ᠴᠢᠨᠠᠷ᠎ᠲᠤ ᠬᠣᠯᠪᠣᠭᠳᠠᠬᠤ ᠬᠠᠷᠢᠭᠤᠴᠠᠯᠭ᠎ᠠ ᠡᠭᠦᠷᠭᠡᠯᠡᠨ᠎ᠡ᠃
ᠠᠷᠪᠠᠨ ᠳᠣᠯᠣᠳᠤᠭᠠᠷ ᠵᠦᠢᠯ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠯᠭ᠎ᠠ᠎ᠶᠢᠨ ᠮᠠᠰᠲᠧᠷ᠎ᠤᠨ ᠳᠠᠩᠰᠠᠯᠠᠭᠤᠯᠤᠭᠰᠠᠨ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ ᠣᠯᠣᠭᠠᠳᠤᠢ ᠬᠥᠮᠥᠰ᠂ ᠲᠣᠮᠣ᠌ ᠳᠤᠮᠳᠠ ᠬᠡᠯᠪᠡᠷᠢ᠎ᠶᠢᠨ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠲᠥᠷᠥᠯ ᠵᠦᠢᠯ᠎ᠦᠨ ᠪᠠᠷᠢᠯᠭ᠎ᠠ ᠪᠠᠷᠢᠬᠤ ᠨᠢᠭᠡᠴᠢ᠎ᠶᠢᠨ ᠲᠥᠷᠥᠯ ᠵᠦᠢᠯ᠎ᠦᠨ ᠬᠠᠷᠢᠭᠤᠴᠠᠯᠭᠠᠲᠠᠨ ᠪᠣᠯᠵᠤ ᠪᠣᠯᠬᠤ ᠦᠭᠡᠢ᠂ ᠳᠠᠩᠰᠠᠯᠠᠭᠤᠯᠤᠭᠰᠠᠨ ᠪᠠᠷᠢᠯᠭ᠎ᠠ᠎ᠶᠢᠨ ᠮᠠᠰᠲᠧᠷ᠎ᠤᠨ ᠨᠡᠷ᠎ᠡ᠎ᠪᠡᠷ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶᠢᠨ ᠬᠠᠮᠢᠶ᠎ᠠ ᠪᠦᠬᠦᠢ ᠠᠵᠢᠯᠯᠠᠭ᠎ᠠ᠎ᠳᠦ ᠣᠷᠣᠯᠴᠠᠵᠤ ᠪᠣᠯᠬᠤ ᠦᠭᠡᠢ᠃
ᠠᠷᠪᠠᠨ ᠨᠠᠢ᠍ᠮᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠪᠠᠷᠢᠯᠭ᠎ᠠ ᠪᠠᠷᠢᠬᠤ ᠨᠢᠭᠡᠴᠢ ᠨᠢ ᠡᠷᠬᠡᠪᠰᠢ ᠪᠠᠷᠢᠯᠭ᠎ᠠ᠎ᠶᠢᠨ ᠵᠢᠷᠤᠭ ᠲᠥᠯᠥᠪᠯᠡᠭᠡᠨ᠎ᠦ ᠪᠢᠴᠢᠭ ᠮᠠᠲᠧᠷᠢᠶᠠᠯ ᠪᠠ ᠪᠠᠷᠢᠯᠭ᠎ᠠ᠎ᠶᠢᠨ ᠠᠵᠢᠯ᠎ᠤᠨ ᠮᠡᠷᠭᠡᠵᠢᠯ᠎ᠦᠨ ᠪᠠᠷᠢᠮᠵᠢᠶ᠎ᠠ᠎ᠪᠡᠷ ᠪᠠᠷᠢᠯᠭ᠎ᠠ᠎ᠶᠢᠨ ᠠᠵᠢᠯ ᠬᠢᠵᠦ᠂ ᠢᠨᠵᠧᠨᠧᠷᠢᠩ᠎ᠦᠨ ᠵᠢᠷᠤᠭ ᠲᠥᠯᠥᠪᠯᠡᠭᠡ᠎ᠳᠦ ᠳᠤᠷ᠎ᠠ᠎ᠪᠠᠷ ᠵᠠᠰᠠᠪᠤᠷᠢ ᠣᠷᠣᠭᠤᠯᠵᠤ ᠪᠣᠯᠬᠤ ᠦᠭᠡᠢ᠂ ᠬᠤᠳᠠᠯ ᠬᠠᠭᠤᠷᠮᠠᠭ ᠶᠠᠭᠤᠮ᠎ᠠ᠎ᠪᠠᠷ ᠬᠠᠰᠢ ᠶᠠᠰᠢ ᠦᠢᠯᠡᠳᠴᠦ ᠪᠣᠯᠬᠤ ᠦᠭᠡᠢ᠃
ᠪᠠᠷᠢᠯᠭ᠎ᠠ ᠪᠠᠷᠢᠬᠤ ᠨᠢᠭᠡᠴᠢ ᠨᠢ ᠪᠠᠷᠢᠯᠭ᠎ᠠ ᠪᠠᠷᠢᠬᠤ ᠶᠠᠪᠤᠴᠠ᠎ᠳᠤ ᠪᠠᠷᠢᠯᠭ᠎ᠠ᠎ᠶᠢᠨ ᠵᠢᠷᠤᠭ ᠲᠥᠯᠥᠪᠯᠡᠭᠡᠨ᠎ᠦ ᠪᠢᠴᠢᠭ ᠮᠠᠲᠧᠷᠢᠶᠠᠯ᠎ᠳᠤ ᠠᠯᠳᠠᠭ᠎ᠠ ᠪᠤᠷᠤᠭᠤ ᠲᠠᠢ ᠪᠠᠢᠬᠤ᠎ᠶᠢ ᠣᠯᠵᠤ ᠮᠡᠳᠡᠪᠡᠯ᠂ ᠴᠠᠭ ᠲᠤᠬᠠᠢ᠎ᠳᠤ ᠨᠢ ᠰᠠᠨᠠᠯ ᠰᠠᠨᠠᠭᠤᠯᠭ᠎ᠠ᠎ᠪᠠᠨ ᠳᠤᠷᠠᠳᠬᠤ ᠬᠡᠷᠡᠭᠲᠡᠢ᠃
ᠠᠷᠪᠠ ᠶᠢᠰᠦᠳᠦᠭᠡᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠪᠠᠷᠢᠯᠭ᠎ᠠ ᠪᠠᠷᠢᠬᠤ ᠨᠢᠭᠡᠴᠢ ᠨᠢ ᠢᠨᠵᠧᠨᠧᠷᠢᠩ᠎ᠦᠨ ᠵᠢᠷᠤᠭ ᠲᠥᠯᠥᠪᠯᠡᠭᠡ᠎ᠶᠢᠨ ᠱᠠᠭᠠᠷᠳᠠᠯᠭ᠎ᠠ᠂ ᠪᠠᠷᠢᠯᠭ᠎ᠠ᠎ᠶᠢᠨ ᠠᠵᠢᠯ᠎ᠦᠨ ᠮᠡᠷᠭᠡᠵᠢᠯ᠎ᠦᠨ ᠪᠠᠷᠢᠮᠵᠢᠶ᠎ᠠ ᠪᠠ ᠭᠡᠷ᠎ᠡ᠎ᠶᠢᠨ ᠪᠣᠯᠵᠣᠯ ᠶᠣᠰᠣᠭᠠᠷ᠂ ᠪᠠᠷᠢᠯᠭ᠎ᠠ᠎ᠶᠢᠨ ᠮᠠᠲᠧᠷᠢᠶᠠᠯ᠂ ᠪᠠᠷᠢᠯᠭ᠎ᠠ᠎ᠶᠢᠨ ᠪᠦᠲᠦᠴᠡ᠎ᠶᠢᠨ ᠰᠡᠯᠪᠢᠭ ᠲᠤᠨᠤᠭ᠂ ᠲᠥᠬᠦᠭᠡᠷᠦᠮᠵᠢ ᠪᠠ ᠲᠠᠸᠠᠷ᠎ᠤᠨ ᠪᠸᠲ᠋ᠤᠨ᠎ᠢ ᠪᠠᠢᠴᠠᠭᠠᠨ ᠰᠢᠯᠭᠠᠵᠤ᠂ ᠪᠠᠢᠴᠠᠭᠠᠨ ᠰᠢᠯᠭᠠᠭᠤᠯᠤᠭᠰᠠᠨ ᠦᠭᠡᠢ ᠪᠤᠶᠤ ᠪᠠᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠪᠠᠢᠪᠠᠯ ᠬᠡᠷᠡᠭᠯᠡᠵᠦ ᠪᠣᠯᠬᠤ ᠦᠭᠡᠢ᠃
ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠪᠦᠲᠦᠴᠡ᠎ᠶᠢᠨ ᠠᠮᠤᠷ ᠲᠦᠪᠰᠢᠨ ᠪᠠ ᠬᠡᠷᠡᠭᠯᠡᠬᠦ ᠭᠣᠣᠯ ᠴᠢᠳᠠᠮᠵᠢᠳᠤ ᠬᠣᠯᠪᠣᠭᠳᠠᠬᠤ ᠲᠤᠷᠰᠢᠯᠲᠠ᠎ᠶᠢᠨ ᠬᠡᠰᠡᠭ᠂ ᠲᠤᠷᠰᠢᠬᠤ ᠲᠤᠨᠤᠭ ᠵᠢᠴᠢ ᠬᠣᠯᠪᠣᠭᠳᠠᠯ ᠪᠦᠬᠦᠢ ᠮᠠᠲᠧᠷᠢᠶᠠᠯ᠎ᠳᠤ᠂ ᠪᠠᠷᠢᠯᠭ᠎ᠠ ᠪᠠᠷᠢᠬᠤ ᠨᠢᠭᠡᠴᠢ ᠨᠢ ᠪᠦᠲᠦᠭᠡᠨ ᠪᠠᠶ᠋ᠢᠭᠤᠯᠬᠤ ᠨᠢᠭᠡᠴᠢ ᠪᠤᠶᠤ ᠢᠨᠵᠧᠨᠧᠷᠢᠩ᠎ᠦᠨ ᠬᠢᠨᠠᠨ ᠵᠠᠬᠢᠷᠬᠤ ᠨᠢᠭᠡᠴᠢ᠎ᠶᠢᠨ ᠬᠢᠨᠠᠯᠲᠠ ᠳᠣᠣᠷ᠎ᠠ ᠲᠤᠬᠠᠢ᠎ᠶᠢᠨ ᠲᠠᠯᠠᠪᠠᠢ᠎ᠳᠤ ᠦᠯᠢᠭᠡᠷ ᠠᠪᠬᠤ᠎ᠶᠢᠨ ᠬᠠᠮᠲᠤ᠂ ᠬᠠᠷᠠᠭᠠᠯᠵᠠᠭᠰᠠᠨ ᠬᠢᠷᠢ ᠴᠢᠳᠠᠮᠵᠢ᠎ᠶᠢᠨ ᠵᠡᠷᠭᠡ ᠳᠡᠰ ᠪᠦᠬᠦᠢ ᠶᠠᠰᠤ ᠴᠢᠨᠠᠷ᠎ᠤᠨ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠪᠠᠢᠭᠤᠯᠤᠮᠵᠢ᠎ᠳᠤ ᠬᠦᠷᠭᠡᠵᠦ ᠪᠠᠢᠴᠠᠭᠠᠨ ᠰᠢᠯᠭᠠᠵᠤ ᠪᠠᠢᠴᠠᠭᠠᠨ ᠬᠡᠮᠵᠢᠭᠦᠯᠬᠦ ᠬᠡᠷᠡᠭᠲᠡᠢ᠃
ᠪᠦᠲᠦᠭᠡᠨ ᠪᠠᠶ᠋ᠢᠭᠤᠯᠬᠤ ᠨᠢᠭᠡᠴᠢ᠎ᠶᠢᠨ ᠨᠠᠢᠳᠠᠭᠰᠠᠨ ᠪᠤᠰᠤ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠪᠠᠢᠭᠤᠯᠤᠮᠵᠢ᠎ᠶᠢᠨ ᠭᠠᠷᠭᠠᠭᠰᠠᠨ ᠪᠠᠢᠴᠠᠭᠠᠨ ᠰᠢᠯᠭᠠᠵᠤ ᠪᠠᠢᠴᠠᠭᠠᠨ ᠬᠡᠮᠵᠢᠭᠰᠡᠨ ᠮᠡᠳᠡᠭᠦᠯᠦᠯᠲᠡ᠎ᠶᠢ ᠢᠨᠵᠧᠨᠧᠷᠢᠩ᠎ᠦᠨ ᠶᠠᠰᠤ ᠴᠢᠨᠠᠷ᠎ᠢ ᠰᠢᠯᠭᠠᠨ ᠬᠤᠷᠢᠶᠠᠬᠤ ᠮᠠᠲᠧᠷᠢᠶᠠᠯ ᠪᠣᠯᠭᠠᠵᠤ ᠪᠣᠯᠬᠤ ᠦᠭᠡᠢ᠃
ᠬᠣᠷᠢᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠪᠠᠷᠢᠯᠭ᠎ᠠ ᠪᠠᠷᠢᠬᠤ ᠨᠢᠭᠡᠴᠢ ᠨᠢ ᠡᠷᠬᠡᠪᠰᠢ ᠪᠠᠷᠢᠯᠭ᠎ᠠ᠎ᠶᠢᠨ ᠠᠵᠢᠯ᠎ᠤᠨ ᠶᠠᠰᠤ ᠴᠢᠨᠠᠷ᠎ᠢ ᠪᠠᠢᠴᠠᠭᠠᠨ ᠰᠢᠯᠭᠠᠬᠤ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠠᠵᠢᠯ᠎ᠤᠨ ᠳᠠᠷᠠᠭᠠᠯᠠᠯ᠎ᠤᠨ ᠬᠠᠮᠢᠶᠠᠷᠤᠯᠲᠠ᠎ᠪᠠᠨ ᠴᠢᠩᠳᠠᠯᠠᠨ᠂ ᠲᠠᠯᠳᠠ ᠢᠨᠵᠧᠨᠧᠷᠢᠩ᠎ᠳᠠᠬᠢ ᠶᠠᠰᠤ ᠴᠢᠨᠠᠷ᠎ᠤᠨ ᠪᠠᠢᠴᠠᠭᠠᠯᠲᠠ ᠪᠠ ᠲᠡᠮᠳᠡᠭᠯᠡᠯ᠎ᠢ ᠰᠠᠢᠲᠤᠷ ᠬᠢᠬᠦ ᠬᠡᠷᠡᠭᠲᠡᠶ; ᠬᠦᠮᠦᠵᠢᠯ ᠪᠣᠯᠪᠠᠰᠤᠷᠠᠯ᠎ᠤᠨ ᠳᠦᠷᠢᠮ᠎ᠢ ᠪᠠᠢᠭᠤᠯᠤᠨ ᠪᠦᠷᠢᠨᠰᠢᠭᠦᠯᠵᠦ᠂ ᠬᠥᠮᠦᠵᠢᠯ ᠪᠣᠯᠪᠠᠰᠤᠷᠠᠯ ᠬᠦᠷᠲᠡᠭᠰᠡᠨ ᠦᠭᠡᠢ ᠪᠤᠶᠤ ᠰᠢᠯᠭᠠᠨ ᠬᠢᠨᠠᠯᠲᠠ᠎ᠳᠤ ᠬᠢᠷᠢ ᠲᠡᠩᠴᠡᠭᠰᠡᠨ ᠦᠭᠡᠢ ᠪᠠᠢᠪᠠᠯ ᠠᠵᠢᠯ᠎ᠤᠨ ᠪᠠᠢᠷᠢᠨ᠎ᠳᠤ ᠭᠠᠷᠴᠤ ᠠᠵᠢᠯᠯᠠᠭᠤᠯᠵᠤ ᠪᠣᠯᠬᠤ ᠦᠭᠡᠢ᠃
ᠬᠣᠷᠢᠨ ᠨᠢᠭᠡᠳᠦᠭᠡᠷ ᠵᠦᠢᠯ ᠬᠢᠨᠠᠨ ᠵᠠᠬᠢᠷᠬᠤ᠎ᠶᠢ ᠬᠡᠷᠡᠭᠵᠢᠭᠦᠯᠬᠦ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠳᠦ᠂ ᠪᠦᠲᠦᠭᠡᠨ ᠪᠠᠶ᠋ᠢᠭᠤᠯᠬᠤ ᠨᠢᠭᠡᠴᠢ ᠨᠢ ᠬᠠᠷᠠᠭᠠᠯᠵᠠᠭᠰᠠᠨ ᠬᠢᠷᠢ ᠴᠢᠳᠠᠮᠵᠢ᠎ᠶᠢᠨ ᠵᠡᠷᠭᠡ ᠳᠡᠰ ᠪᠦᠬᠦᠢ ᠢᠨᠵᠧᠨᠧᠷᠢᠩ᠎ᠦᠨ ᠬᠢᠨᠠᠨ ᠵᠠᠬᠢᠷᠬᠤ ᠨᠢᠭᠡᠴᠢ᠎ᠳᠦ ᠨᠠᠢᠳᠠᠵᠤ ᠬᠢᠨᠠᠨ ᠵᠠᠬᠢᠷᠤᠭᠤᠯᠬᠤ ᠬᠡᠷᠡᠭᠲᠡᠢ᠃
ᠬᠢᠨᠠᠨ ᠵᠠᠬᠢᠷᠬᠤ ᠨᠢᠭᠡᠴᠢ ᠨᠢ ᠬᠢᠨᠠᠨ ᠵᠠᠬᠢᠷᠤᠭᠤᠯᠬᠤ ᠢᠨᠵᠧᠨᠧᠷᠢᠩ᠎ᠦᠨ ᠪᠠᠷᠢᠯᠭ᠎ᠠ᠎ᠶᠢᠨ ᠠᠵᠢᠯ᠎ᠢ ᠳᠠᠭᠠᠭᠠᠴᠢᠯᠠᠭᠰᠠᠨ ᠨᠢᠭᠡᠴᠢ ᠵᠢᠴᠢ ᠪᠠᠷᠢᠯᠭ᠎ᠠ᠎ᠶᠢᠨ ᠮᠠᠲᠧᠷᠢᠶᠠᠯ᠂ ᠪᠠᠷᠢᠯᠭ᠎ᠠ᠎ᠶᠢᠨ ᠪᠦᠲᠦᠴᠡ᠎ᠶᠢᠨ ᠰᠡᠯᠪᠢᠭ ᠲᠤᠨᠤᠭ ᠪᠠ ᠲᠥᠬᠦᠭᠡᠷᠦᠮᠵᠢ ᠬᠠᠩᠭᠠᠬᠤ ᠨᠢᠭᠡᠴᠢ ᠯᠦ᠍ᠭᠡ ᠬᠠᠷᠢᠶᠠᠯᠠᠭᠳᠠᠬᠤ ᠬᠠᠷᠢᠴᠠᠭ᠎ᠠ ᠪᠤᠶᠤ ᠪᠤᠰᠤᠳ ᠠᠰᠢᠭ᠋ ᠬᠣᠣᠷ᠎ᠤᠨ ᠬᠠᠷᠢᠴᠠᠭ᠎ᠠ᠎ᠲᠠᠢ ᠪᠠᠢᠪᠠᠯ᠂ ᠲᠤᠰ ᠵᠦᠢᠯ᠎ᠦᠨ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠢ ᠬᠢᠨᠠᠨ ᠵᠠᠬᠢᠷᠬᠤ ᠲᠤᠬᠠᠢᠯᠠᠭᠰᠠᠨ ᠠᠵᠢᠯ᠎ᠢ ᠡᠭᠦᠷᠭᠡᠯᠡᠵᠦ ᠪᠣᠯᠬᠤ ᠦᠭᠡᠢ᠃
ᠬᠣᠷᠢᠨ ᠬᠣᠶᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠢᠨᠠᠨ ᠵᠠᠬᠢᠷᠬᠤ ᠨᠢᠭᠡᠴᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠣᠯᠪᠣᠭᠳᠠᠯ ᠪᠦᠬᠦᠢ ᠮᠡᠷᠭᠡᠵᠢᠯ᠎ᠦᠨ ᠪᠠᠷᠢᠮᠵᠢᠶ᠎ᠠ᠂ ᠵᠢᠷᠤᠭ ᠲᠥᠯᠥᠪᠯᠡᠭᠡᠨ᠎ᠦ ᠪᠢᠴᠢᠭ ᠮᠠᠲᠧᠷᠢᠶᠠᠯ ᠪᠣᠯᠣᠨ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠳᠠᠭᠠᠭᠠᠴᠢᠯᠠᠯᠲᠠ᠎ᠶᠢᠨ ᠭᠡᠷ᠎ᠡ ᠶᠣᠰᠣᠭᠠᠷ ᠪᠦᠲᠦᠭᠡᠨ ᠪᠠᠶ᠋ᠢᠭᠤᠯᠬᠤ ᠨᠢᠭᠡᠴᠢ᠎ᠶᠢ ᠲᠥᠯᠥᠭᠡᠯᠡᠨ ᠪᠠᠷᠢᠯᠭ᠎ᠠ᠎ᠶᠢᠨ ᠠᠵᠢᠯ᠎ᠤᠨ ᠶᠠᠰᠤ ᠴᠢᠨᠠᠷ᠎ᠢ ᠬᠢᠨᠠᠨ ᠵᠠᠬᠢᠷᠬᠤ᠎ᠶᠢᠨ ᠬᠠᠮᠲᠤ᠂ ᠪᠠᠷᠢᠯᠭ᠎ᠠ᠎ᠶᠢᠨ ᠠᠵᠢᠯ᠎ᠤᠨ ᠶᠠᠰᠤ ᠴᠢᠨᠠᠷ᠎ᠲᠤ ᠬᠢᠨᠠᠨ ᠵᠠᠬᠢᠷᠬᠤ ᠬᠠᠷᠢᠭᠤᠴᠠᠯᠭ᠎ᠠ ᠡᠭᠦᠷᠭᠡᠯᠡᠨ᠎ᠡ᠃
ᠬᠢᠨᠠᠨ ᠵᠠᠬᠢᠷᠬᠤ ᠨᠢᠭᠡᠴᠢ ᠨᠢ ᠬᠠᠤᠯᠢ᠎ᠳᠦ ᠲᠣᠭᠲᠠᠭᠰᠠᠨ ᠨᠥᠬᠥᠴᠡᠯ᠎ᠢ ᠪᠦᠷᠢᠳᠦᠭᠦᠯᠦᠭᠰᠡᠨ ᠶᠡᠷᠦᠩᠬᠡᠢ ᠬᠢᠨᠠᠨ ᠵᠠᠬᠢᠷᠬᠤ ᠢᠨᠵᠧᠨᠧᠷ ᠪᠠ ᠬᠢᠨᠠᠨ ᠵᠠᠬᠢᠷᠬᠤ ᠢᠨᠵᠧᠨᠧᠷ᠎ᠢ ᠰᠣᠩᠭᠣᠨ ᠲᠣᠮᠢᠯᠠᠵᠤ ᠪᠠᠷᠢᠯᠭ᠎ᠠ᠎ᠶᠢᠨ ᠠᠵᠢᠯ᠎ᠤᠨ ᠲᠤᠬᠠᠢ᠎ᠶᠢᠨ ᠲᠠᠯᠠᠪᠠᠢ᠎ᠳᠤ ᠰᠠᠭᠤᠯᠭᠠᠬᠤ ᠬᠡᠷᠡᠭᠲᠡᠢ᠃
ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠᠯᠠᠭᠤᠯᠤᠭᠰᠠᠨ ᠬᠢᠨᠠᠨ ᠵᠠᠬᠢᠷᠬᠤ ᠢᠨᠵᠧᠨᠧᠷ᠎ᠦᠨ ᠳᠠᠩᠰᠠᠯᠠᠭᠤᠯᠤᠭᠰᠠᠨ ᠠᠵᠢᠯ ᠡᠷᠬᠢᠯᠡᠬᠦ ᠦᠨᠡᠮᠯᠡᠯ ᠪᠠ ᠠᠵᠢᠯ ᠡᠷᠬᠢᠯᠡᠬᠦ ᠲᠠᠮᠠᠭ᠎ᠠ᠎ᠶᠢ ᠣᠯᠣᠭᠠᠳᠤᠢ ᠬᠥᠮᠥᠰ᠂ ᠳᠠᠩᠰᠠᠯᠠᠭᠤᠯᠤᠭᠰᠠᠨ ᠬᠢᠨᠠᠨ ᠵᠠᠬᠢᠷᠬᠤ ᠢᠨᠵᠧᠨᠧᠷ᠎ᠦᠨ ᠨᠡᠷ᠎ᠡ᠎ᠪᠡᠷ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠢᠨᠠᠨ ᠵᠠᠬᠢᠷᠬᠤ ᠵᠢᠴᠢ ᠬᠠᠮᠢᠶ᠎ᠠ ᠪᠦᠬᠦᠢ ᠲᠤᠬᠠᠢᠯᠠᠭᠰᠠᠨ ᠠᠵᠢᠯ᠎ᠤᠨ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃
ᠬᠣᠷᠢᠨ ᠭᠤᠷᠪᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠢᠨᠠᠨ ᠵᠠᠬᠢᠷᠬᠤ ᠢᠨᠵᠧᠨᠧᠷ ᠨᠢ ᠢᠨᠵᠧᠨᠧᠷᠢᠩ᠎ᠦᠨ ᠬᠢᠨᠠᠨ ᠵᠠᠬᠢᠷᠬᠤ ᠵᠢᠷᠤᠮᠵᠢᠯ᠎ᠤᠨ ᠱᠠᠭᠠᠷᠳᠠᠯᠭ᠎ᠠ ᠶᠣᠰᠣᠭᠠᠷ᠂ ᠬᠠᠵᠠᠭᠤᠳᠠ ᠨᠢ ᠬᠢᠨᠠᠬᠤ᠂ ᠲᠣᠭᠣᠷᠢᠨ ᠪᠠᠢᠴᠠᠭᠠᠬᠤ ᠪᠠ ᠵᠢᠭᠳᠡ᠎ᠪᠡᠷ ᠪᠠᠢᠴᠠᠭᠠᠨ ᠰᠢᠯᠭᠠᠬᠤ ᠵᠡᠷᠭᠡ ᠠᠷᠭ᠎ᠠ ᠬᠡᠯᠪᠡᠷᠢ᠎ᠪᠠᠷ ᠢᠨᠵᠧᠨᠧᠷᠢᠩ᠎ᠢ ᠬᠢᠨᠠᠨ ᠵᠠᠬᠢᠷᠬᠤ ᠬᠡᠷᠡᠭᠲᠡᠢ᠃
ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠢᠨᠠᠨ ᠵᠠᠬᠢᠷᠬᠤ ᠢᠨᠵᠧᠨᠧᠷ᠎ᠢᠶᠡᠷ ᠭᠠᠷᠤᠨ ᠦᠰᠦᠭ ᠵᠢᠷᠤᠭᠤᠯᠤᠭᠰᠠᠨ ᠦᠭᠡᠢ ᠪᠠᠢᠪᠠᠯ᠂ ᠪᠠᠷᠢᠯᠭ᠎ᠠ᠎ᠶᠢᠨ ᠮᠠᠲᠧᠷᠢᠶᠠᠯ᠂ ᠪᠠᠷᠢᠯᠭ᠎ᠠ᠎ᠶᠢᠨ ᠪᠦᠲᠦᠴᠡ᠎ᠶᠢᠨ ᠰᠡᠯᠪᠢᠭ ᠲᠤᠨᠦᠬ ᠪᠠ ᠲᠥᠬᠦᠭᠡᠷᠦᠮᠵᠢ᠎ᠶᠢ ᠢᠨᠵᠧᠨᠧᠷᠢᠩ᠎ᠳᠤ ᠬᠡᠷᠡᠭᠯᠡᠵᠦ ᠪᠣᠯᠬᠤ ᠦᠭᠡᠢ᠂ ᠪᠠᠷᠢᠯᠭ᠎ᠠ ᠪᠠᠷᠢᠬᠤ ᠨᠢᠭᠡᠴᠢ ᠨᠢ ᠳᠠᠷᠠᠭᠠᠴᠢ᠎ᠶᠢᠨ ᠠᠵᠢᠯ᠎ᠤᠨ ᠳᠠᠷᠠᠭᠠᠯᠠᠯ᠎ᠳᠡᠬᠢ ᠪᠠᠷᠢᠯᠭ᠎ᠠ᠎ᠶᠢᠨ ᠠᠵᠢᠯ᠎ᠢ ᠶᠠᠪᠤᠭᠳᠠᠭᠤᠯᠵᠤ ᠪᠣᠯᠬᠤ ᠦᠭᠡᠢ᠃ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠡᠷᠦᠩᠬᠡᠢ ᠬᠢᠨᠠᠨ ᠵᠠᠬᠢᠷᠬᠤ ᠢᠨᠵᠧᠨᠧᠷ᠎ᠢᠶᠡᠷ ᠭᠠᠷᠤᠨ ᠦᠰᠦᠭ ᠵᠢᠷᠤᠭᠤᠯᠤᠭᠰᠠᠨ ᠦᠭᠡᠢ ᠪᠠᠢᠪᠠᠯ᠂ ᠪᠦᠲᠦᠭᠡᠨ ᠪᠠᠶ᠋ᠢᠭᠤᠯᠬᠤ ᠨᠢᠭᠡᠴᠢ ᠢᠨᠵᠧᠨᠧᠷᠢᠩ᠎ᠦᠨ ᠵᠣᠭᠣᠰ᠎ᠢ ᠰᠠᠯᠭᠠᠨ ᠥᠭᠬᠦ ᠦᠭᠡᠢ᠂ ᠪᠠᠷᠢᠯᠭ᠎ᠠ ᠲᠤᠰᠢᠶᠠᠬᠤ ᠰᠢᠯᠭᠠᠨ ᠬᠤᠷᠢᠶᠠᠬᠤ᠎ᠶᠢ ᠵᠣᠬᠢᠶᠠᠨ ᠪᠠᠢᠭᠤᠯᠬᠤ ᠦᠭᠡᠢ᠃
ᠬᠣᠷᠢᠨ ᠳᠥᠷᠪᠡᠳᠦᠭᠡᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠢ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠪᠠᠢᠭᠤᠯᠤᠮᠵᠢ ᠨᠢ ᠶᠠᠰᠤ ᠴᠢᠨᠠᠷ᠎ᠢ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠬᠠᠷᠠᠭᠠᠯᠵᠠᠭᠰᠠᠨ ᠬᠢᠷᠢ ᠴᠢᠳᠠᠮᠵᠢ᠎ᠶᠢ ᠣᠯᠣᠭᠰᠠᠨ ᠪᠠᠢᠬᠤ ᠬᠡᠷᠡᠭᠲᠡᠢ᠃ ᠬᠣᠬᠢᠷᠠᠯ ᠦᠭᠡᠢ ᠵᠡᠷᠭᠡ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ᠎ᠳᠦ ᠬᠣᠯᠪᠣᠭᠳᠠᠭᠰᠠᠨ ᠠᠵᠢᠯ᠎ᠢ ᠬᠠᠷᠠᠭᠠᠯᠵᠠᠭᠰᠠᠨ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠴᠢᠳᠠᠪᠤᠷᠢ᠎ᠲᠠᠢ ᠪᠠᠢᠭᠤᠯᠤᠮᠵᠢ᠎ᠳᠤ ᠨᠠᠢᠳᠠᠵᠤ ᠥᠷᠨᠢᠭᠦᠯᠬᠦ ᠬᠡᠷᠡᠭᠲᠡᠢ᠃
ᠶᠠᠰᠤ ᠴᠢᠨᠠᠷ᠎ᠢ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠪᠠᠢᠭᠤᠯᠤᠮᠵᠢ ᠨᠢ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ᠎ᠪᠡᠷ ᠪᠠᠢᠭ᠎ᠠ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠲᠥᠷᠥᠯ ᠵᠦᠢᠯ ᠲᠠᠢ ᠬᠠᠮᠢᠶ᠎ᠠ ᠪᠦᠬᠦᠢ ᠪᠦᠲᠦᠭᠡᠨ ᠪᠠᠶ᠋ᠢᠭᠤᠯᠬᠤ᠂ ᠪᠠᠷᠢᠯᠭ᠎ᠠ ᠪᠠᠷᠢᠬᠤ᠂ ᠬᠢᠨᠠᠨ ᠵᠠᠬᠢᠷᠬᠤ ᠨᠢᠭᠡᠴᠢ ᠵᠢᠴᠢ ᠪᠠᠷᠢᠯᠭ᠎ᠠ᠎ᠶᠢᠨ ᠮᠠᠲᠧᠷᠢᠶᠠᠯ᠂ ᠪᠠᠷᠢᠯᠭ᠎ᠠ᠎ᠶᠢᠨ ᠪᠦᠲᠦᠴᠡ᠎ᠶᠢᠨ ᠰᠡᠯᠪᠢᠭ ᠲᠤᠨᠦᠬ ᠪᠠ ᠲᠥᠬᠦᠭᠡᠷᠦᠮᠵᠢ ᠬᠠᠩᠭᠠᠬᠤ ᠨᠢᠭᠡᠴᠢ ᠯᠦ᠍ᠭᠡ ᠬᠠᠷᠢᠶᠠᠯᠠᠭᠳᠠᠬᠤ ᠬᠠᠷᠢᠴᠠᠭ᠎ᠠ ᠪᠤᠶᠤ ᠪᠤᠰᠤᠳ ᠠᠰᠢᠭ᠋ ᠬᠣᠣᠷ᠎ᠤᠨ ᠬᠠᠷᠢᠴᠠᠭ᠎ᠠ᠎ᠲᠠᠢ ᠪᠠᠢᠵᠤ ᠪᠣᠯᠬᠤ ᠦᠭᠡᠢ᠃
ᠬᠣᠷᠢᠨ ᠲᠠᠪᠤᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠢ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠪᠠᠢᠭᠤᠯᠤᠮᠵᠢ ᠨᠢ ᠦᠨᠡᠮᠰᠢᠨ ᠲᠣᠭᠲᠠᠭᠠᠭᠰᠠᠨ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠴᠢᠳᠠᠪᠤᠷᠢ᠎ᠶᠢᠨ ᠬᠡᠪᠴᠢᠶᠡᠨ᠎ᠳᠦ᠎ᠪᠡᠨ᠂ ᠬᠠᠮᠢᠶ᠎ᠠ ᠪᠦᠬᠦᠢ ᠪᠠᠷᠢᠮᠵᠢᠶ᠎ᠠ ᠪᠤᠶᠤ ᠮᠡᠷᠭᠡᠵᠢᠯ᠎ᠦᠨ ᠵᠢᠷᠤᠮᠵᠢᠯᠳᠤ ᠲᠣᠭᠲᠠᠭᠰᠠᠨ ᠳᠡᠰ ᠳᠠᠷᠠᠭᠠᠯᠠᠯ ᠪᠠ ᠱᠠᠭᠠᠷᠳᠠᠯᠭ᠎ᠠ᠎ᠶᠢ ᠦᠨᠳᠦᠰᠦᠯᠡᠨ ᠪᠠᠢᠴᠠᠭᠠᠨ ᠰᠢᠯᠭᠠᠵᠤ ᠪᠠᠢᠴᠠᠭᠠᠨ ᠬᠡᠮᠵᠢᠭᠡᠳ᠂ ᠪᠠᠢᠴᠠᠭᠠᠨ ᠰᠢᠯᠭᠠᠵᠤ ᠪᠠᠢᠴᠠᠭᠠᠨ ᠬᠡᠮᠵᠢᠭᠰᠡᠨ ᠮᠡᠳᠡᠭᠦᠯᠦᠯᠲᠡ ᠭᠠᠷᠭᠠᠵᠤ ᠥᠭᠬᠦ᠎ᠶᠢᠨ ᠬᠠᠮᠲᠤ᠂ ᠮᠡᠳᠡᠭᠦᠯᠦᠯᠲᠡ᠎ᠶᠢᠨ ᠦᠨᠡᠨ ᠪᠣᠳᠠᠲᠤ ᠴᠢᠨᠠᠷ ᠪᠠ ᠵᠥᠪ ᠣᠨᠣᠪᠴᠢᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃
ᠶᠠᠰᠤ ᠴᠢᠨᠠᠷ᠎ᠢ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠪᠠᠢᠭᠤᠯᠤᠮᠵᠢ ᠨᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠢ ᠪᠠᠢᠴᠠᠭᠠᠨ ᠰᠢᠯᠭᠠᠵᠤ ᠪᠠᠢᠴᠠᠭᠠᠨ ᠬᠡᠮᠵᠢᠬᠦ ᠠᠵᠢᠯ᠎ᠢ ᠡᠭᠦᠷᠭᠡᠯᠡᠵᠦ ᠪᠠᠢᠬᠤ᠎ᠳᠦ᠎ᠪᠡᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠠᠯᠪᠠᠳᠠᠯᠭ᠎ᠠ᠎ᠶᠢᠨ ᠴᠢᠨᠠᠷᠲᠠᠢ ᠪᠠᠷᠢᠮᠵᠢᠶ᠎ᠠ᠎ᠡᠴᠡ ᠵᠥᠷᠢᠴᠡᠵᠦ᠂ ᠪᠤᠰᠤᠳ᠎ᠲᠤ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠷᠠᠭᠠᠯᠵᠠᠭᠰᠠᠨ ᠲᠥᠯᠥᠪᠦᠷᠢᠯᠡᠬᠦ ᠬᠠᠷᠢᠭᠤᠴᠠᠯᠭ᠎ᠠ᠎ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠢ᠃
ᠬᠣᠷᠢᠨ ᠵᠢᠷᠭᠤᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠲᠥᠷᠥᠯ ᠵᠦᠢᠯ᠎ᠤᠨ ᠪᠠᠷᠢᠯᠭ᠎ᠠ ᠲᠤᠰᠢᠶᠠᠵᠤ ᠰᠢᠯᠭᠠᠨ ᠬᠤᠷᠢᠶᠠᠬᠤ᠎ᠳᠤ ᠳᠣᠣᠷ᠎ᠠ ᠵᠢᠭ᠍ᠰᠠᠭᠠᠭᠰᠠᠨ ᠨᠥᠬᠥᠴᠡᠯ᠎ᠢ ᠪᠦᠷᠢᠳᠦᠭᠦᠯᠦᠭᠰᠡᠨ ᠪᠠᠢᠬᠤ ᠬᠡᠷᠡᠭᠲᠡᠢ᠄
(ᠨᠢᠭᠡ) ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠵᠢᠷᠤᠭ ᠲᠥᠯᠥᠪᠯᠡᠭᠡ ᠪᠠ ᠭᠡᠷ᠎ᠡ᠎ᠳᠦ ᠪᠣᠯᠵᠣᠨ ᠲᠣᠭᠲᠠᠭᠰᠠᠨ ᠡᠯ᠎ᠡ ᠵᠦᠢᠯ᠎ᠦᠨ ᠠᠭᠤᠯᠭ᠎ᠠ᠎ᠶᠢ ᠪᠡᠶᠡᠯᠡᠭᠦᠯᠦᠭᠰᠡᠨ ᠪᠠᠢᠬᠤ;
(ᠬᠣᠶᠠᠷ) ᠪᠦᠷᠢᠨ ᠪᠦᠲᠦᠨ ᠮᠡᠷᠭᠡᠵᠢᠯ᠎ᠦᠨ ᠲᠡᠡᠭ᠌ᠰᠠ ᠡᠪᠬᠡᠮᠡᠯ ᠪᠠ ᠪᠠᠷᠢᠯᠭ᠎ᠠ᠎ᠶᠢᠨ ᠠᠵᠢᠯ᠎ᠤᠨ ᠬᠠᠮᠢᠶᠠᠷᠤᠯᠲᠠ᠎ᠶᠢᠨ ᠮᠠᠲᠧᠷᠢᠶᠠᠯ᠎ᠲᠠᠢ ᠪᠠᠶ᠋ᠢᠬᠤ;
(ᠭᠤᠷᠪᠠ) ᠢᠨᠵᠧᠨᠧᠷᠢᠩ᠎ᠳᠤ ᠬᠡᠷᠡᠭᠯᠡᠭᠰᠡᠨ ᠭᠣᠣᠯ ᠪᠣᠯᠬᠤ ᠪᠠᠷᠢᠯᠭ᠎ᠠ᠎ᠶᠢᠨ ᠮᠠᠲᠧᠷᠢᠶᠠᠯ᠂ ᠪᠠᠷᠢᠯᠭ᠎ᠠ᠎ᠶᠢᠨ ᠪᠦᠲᠦᠴᠡ᠎ᠶᠢᠨ ᠰᠡᠯᠪᠢᠭ ᠲᠤᠨᠦᠬ ᠪᠠ ᠲᠥᠬᠦᠭᠡᠷᠦᠮᠵᠢ᠎ᠶᠢ ᠲᠠᠯᠠᠪᠤᠷ᠎ᠲᠤ ᠣᠷᠣᠭᠤᠯᠵᠤ ᠲᠤᠷᠰᠢᠭ᠍ᠰᠠᠨ ᠮᠡᠳᠡᠭᠦᠯᠦᠯᠲᠡ᠎ᠲᠠᠢ ᠪᠠᠶ᠋ᠢᠬᠤ;
(ᠳᠥᠷᠪᠡ) ᠬᠠᠢᠨ ᠪᠠᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠢᠨᠵᠧᠨᠧᠷᠢᠩ᠎ᠢ ᠬᠢᠨᠠᠨ ᠵᠠᠬᠢᠷᠬᠤ ᠵᠡᠷᠭᠡ ᠨᠢᠭᠡᠴᠢ᠎ᠶᠢᠨ ᠲᠤᠰ ᠲᠤᠰ ᠭᠠᠷᠤᠨ ᠦᠰᠦᠭ ᠵᠢᠷᠤᠭᠰᠠᠨ ᠶᠠᠰᠤ ᠴᠢᠨᠠᠷ᠎ᠤᠨ ᠬᠢᠷᠢ ᠲᠡᠩᠴᠡᠭᠰᠡᠨ ᠪᠢᠴᠢᠭ ᠮᠠᠲᠧᠷᠢᠶᠠᠯ᠎ᠲᠠᠢ ᠪᠠᠶ᠋ᠢᠬᠤ;
(ᠲᠠᠪᠤ) ᠪᠠᠷᠢᠯᠭ᠎ᠠ ᠪᠠᠷᠢᠬᠤ ᠨᠢᠭᠡᠴᠢ᠎ᠶᠢᠨ ᠭᠠᠷᠤᠨ ᠦᠰᠦᠭ ᠵᠢᠷᠤᠭᠰᠠᠨ ᠢᠨᠵᠧᠨᠧᠷᠢᠩ᠎ᠦᠨ ᠵᠠᠰᠠᠪᠤᠷᠢ᠎ᠶᠢ ᠪᠠᠲᠤᠯᠠᠬᠤ ᠪᠢᠴᠢᠭ᠎ᠲᠠᠢ ᠪᠠᠢᠬᠤ᠃
ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠬᠤ ᠨᠢᠭᠡᠴᠢ ᠨᠢ ᠪᠠᠷᠢᠯᠭ᠎ᠠ ᠪᠠᠷᠢᠬᠤ ᠨᠢᠭᠡᠴᠢ᠎ᠶᠢᠨ ᠲᠤᠰᠢᠶᠠᠭᠰᠠᠨ ᠪᠠᠷᠢᠯᠭ᠎ᠠ ᠲᠤᠰᠢᠶᠠᠬᠤ᠎ᠪᠠᠷ ᠰᠢᠯᠭᠠᠨ ᠬᠤᠷᠢᠶᠠᠯᠭᠠᠬᠤ ᠮᠡᠳᠡᠭᠦᠯᠦᠯᠲᠡ᠎ᠶᠢ ᠣᠯᠣᠭᠰᠠᠨ᠎ᠤ ᠲᠠᠷᠠᠭ᠎ᠠ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠢᠨᠵᠧᠨᠧᠷᠢᠩ᠎ᠢ ᠬᠢᠨᠠᠵᠤ ᠵᠠᠬᠢᠷᠬᠤ ᠵᠡᠷᠭᠡ ᠬᠣᠯᠪᠣᠭᠳᠠᠯ ᠪᠦᠬᠦᠢ ᠨᠢᠭᠡᠴᠢ᠎ᠨᠦᠭᠦᠳ᠎ᠢ ᠵᠣᠬᠢᠶᠠᠨ ᠪᠠᠢᠭᠤᠯᠵᠤ ᠪᠠᠷᠢᠯᠭ᠎ᠠ ᠲᠤᠰᠢᠶᠠᠬᠤ᠎ᠶᠢ ᠰᠢᠯᠭᠠᠨ ᠬᠤᠷᠢᠶᠠᠬᠤ ᠠᠵᠢᠯ᠎ᠢ ᠥᠷᠨᠢᠭᠦᠯᠦᠨ᠎ᠡ᠃
ᠭᠤᠷᠪᠠᠳᠤᠭᠠᠷ ᠪᠦᠯᠦᠭ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ
ᠬᠣᠷᠢᠨ ᠳᠣᠯᠣᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠯᠪᠠᠳᠠᠯᠭ᠎ᠠ᠎ᠶᠢᠨ ᠴᠢᠨᠠᠷᠲᠠᠢ ᠪᠠᠷᠢᠮᠵᠢᠶ᠎ᠠ᠎ᠶᠢ ᠬᠡᠷᠡᠭᠵᠢᠭᠦᠯᠵᠦ ᠪᠠᠢᠭ᠎ᠠ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠬᠠᠵᠤ᠂ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠠᠮᠢᠶᠠᠷᠤᠯᠲᠠ᠎ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠯᠪᠠᠳᠠᠯᠭ᠎ᠠ᠎ᠶᠢᠨ ᠴᠢᠨᠠᠷᠲᠠᠢ ᠪᠠᠷᠢᠮᠵᠢᠶ᠎ᠠ ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠬᠠᠤᠯᠢ ᠲᠣᠭᠲᠠᠭᠠᠯ ᠶᠣᠰᠣᠭᠠᠷ ᠪᠠᠢᠴᠠᠭᠠᠨ ᠰᠢᠢᠳᠪᠦᠷᠢᠯᠡᠵᠦ᠂ ᠬᠠᠮᠢᠶ᠎ᠠ ᠪᠦᠬᠦᠢ ᠢᠯᠡᠴᠢᠯᠡᠨ ᠮᠡᠳᠡᠭᠦᠯᠦᠯᠲᠡ᠂ ᠵᠠᠭᠠᠯᠳᠤᠯᠭ᠎ᠠ᠎ᠶᠢ ᠭᠥᠯᠢᠶᠡᠨ ᠠᠪᠬᠤ᠎ᠶᠢᠨ ᠬᠠᠮᠲᠤ ᠴᠠᠭ ᠲᠤᠬᠠᠢ᠎ᠳᠤ ᠨᠢ ᠰᠢᠢᠳᠪᠦᠷᠢᠯᠡᠬᠦ ᠬᠡᠷᠡᠭᠲᠡᠢ᠃
ᠬᠣᠷᠢᠨ ᠨᠠᠢ᠍ᠮᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠬᠤ᠎ᠳᠤ ᠳᠣᠣᠷᠠᠬᠢ ᠳᠡᠰ ᠳᠠᠷᠠᠭᠠᠯᠠᠯ᠎ᠢᠶᠠᠷ ᠶᠠᠪᠤᠭᠳᠠᠭᠤᠯᠬᠤ ᠬᠡᠷᠡᠭᠲᠡᠢ᠄
(ᠨᠢᠭᠡ) ᠢᠨᠵᠧᠨᠧᠷᠢᠩ᠎ᠦᠨ ᠪᠦᠲᠦᠭᠡᠨ ᠪᠠᠢᠭᠤᠯᠬᠤ ᠨᠢᠭᠡᠴᠢ᠎ᠶᠢᠨ ᠭᠤᠶᠤᠴᠢᠯᠠᠨ ᠮᠡᠳᠡᠭᠦᠯᠬᠦ᠎ᠶᠢ ᠭᠥᠯᠢᠶᠡᠨ ᠠᠪᠴᠤ᠂ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠠᠷᠳᠠᠮ᠎ᠢ ᠭᠦᠢᠴᠡᠳᠭᠡᠨ᠎ᠡ;
(ᠬᠣᠶᠠᠷ) ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠬᠤ ᠲᠥᠯᠥᠪᠯᠡᠭᠡ ᠲᠣᠭᠲᠠᠭᠠᠬᠤ᠎ᠶᠢᠨ ᠬᠠᠮᠲᠤ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ;
(ᠭᠤᠷᠪᠠ) ᠢᠨᠵᠧᠨᠧᠷᠢᠩ᠎ᠦᠨ ᠶᠠᠰᠤ ᠴᠢᠨᠠᠷ᠎ᠤᠨ ᠬᠠᠷᠢᠭᠤᠴᠠᠯᠭ᠎ᠠ᠎ᠶᠢᠨ ᠭᠣᠣᠯ ᠴᠣᠭᠴᠠ ᠪᠠ ᠬᠣᠯᠪᠣᠭᠳᠠᠯ ᠪᠦᠬᠦᠢ ᠪᠠᠢᠭᠤᠯᠤᠮᠵᠢ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠥᠢᠯᠡ ᠠᠵᠢᠯᠯᠠᠭ᠎ᠠ᠂ ᠢᠨᠵᠧᠨᠧᠷᠢᠩ᠎ᠦᠨ ᠪᠣᠳᠠᠲᠤ ᠴᠣᠭᠴᠠ᠎ᠶᠢᠨ ᠶᠠᠰᠤ ᠴᠢᠨᠠᠷ᠎ᠢ ᠰᠤᠭᠤᠴᠢᠨ ᠪᠠᠢᠴᠠᠭᠠᠵᠤ᠂ ᠰᠤᠭᠤᠴᠢᠨ ᠬᠡᠮᠵᠢᠨ᠎ᠡ;
(ᠳᠥᠷᠪᠡ) ᠢᠨᠵᠧᠨᠧᠷᠢᠩ᠎ᠦᠨ ᠪᠠᠷᠢᠯᠭ᠎ᠠ ᠲᠤᠰᠢᠶᠠᠵᠤ ᠰᠢᠯᠭᠠᠨ ᠬᠤᠷᠢᠶᠠᠬᠤ ᠠᠵᠢᠯ᠎ᠳᠤ ᠬᠢᠨᠠᠯᠲᠠ ᠲᠠᠯᠪᠢᠨ᠎ᠠ;
(ᠲᠠᠪᠤ) ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠭ᠍ᠰᠠᠨ ᠮᠡᠳᠡᠭᠦᠯᠦᠯᠲᠡ᠎ᠶᠢ ᠪᠦᠷᠢᠯᠳᠦᠭᠦᠯᠦᠨ᠎ᠡ;
(ᠵᠢᠷᠭᠤᠭ᠎ᠠ) ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠭ᠍ᠰᠠᠨ ᠲᠠᠩᠰᠠ ᠡᠪᠬᠡᠮᠡᠯ᠎ᠢ ᠪᠠᠢᠭᠤᠯᠤᠨ᠎ᠠ᠃
ᠬᠣᠷᠢ ᠶᠢᠰᠦᠳᠦᠭᠡᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠪᠦᠲᠦᠭᠡᠨ ᠪᠠᠶ᠋ᠢᠭᠤᠯᠬᠤ ᠨᠢᠭᠡᠴᠢ᠎ᠶᠢᠨ ᠲᠤᠰᠢᠶᠠᠭᠰᠠᠨ ᠭᠤᠶᠤᠴᠢᠯᠠᠨ ᠮᠡᠳᠡᠭᠦᠯᠬᠦ ᠮᠠᠲᠸᠷᠢᠶᠠᠯ᠎ᠳᠤ ᠬᠢᠨᠠᠨ ᠪᠠᠢᠴᠠᠭᠠᠯᠲᠠ ᠬᠢᠵᠦ᠂ ᠭᠥᠯᠢᠶᠡᠨ ᠠᠪᠤᠭᠰᠠᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠬᠤ᠎ᠪᠠᠷ ᠭᠤᠶᠤᠴᠢᠯᠠᠨ ᠮᠡᠳᠡᠭᠦᠯᠬᠦ ᠲᠥᠷᠥᠯ ᠵᠦᠢᠯ ᠳᠤ᠂ ᠣᠨ᠎ᠢᠶᠠᠷ ᠬᠢᠨᠠᠯᠲᠠ ᠲᠠᠯᠪᠢᠵᠤ ᠳᠠᠩᠰᠠᠯᠠᠭᠤᠯᠤᠭᠰᠠᠨ ᠳ᠋ᠤᠭᠠᠷ ᠣᠯᠭᠣᠬᠤ᠂ ᠬᠢᠨᠠᠯᠲᠠ ᠲᠠᠯᠪᠢᠬᠤ ᠲᠥᠷᠥᠯ ᠵᠦᠢᠯ᠎ᠤᠨ ᠮᠡᠳᠡᠭᠡ ᠵᠠᠩᠭᠢ᠎ᠶᠢᠨ ᠬᠥᠮᠥᠷᠭᠡ ᠪᠠᠶ᠋ᠢᠭᠤᠯᠬᠤ᠎ᠶᠢᠨ ᠬᠠᠮᠲᠤ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠬᠤ ᠮᠡᠳᠡᠭᠳᠡᠯ᠎ᠤᠨ ᠪᠢᠴᠢᠭ ᠣᠯᠭᠣᠬᠤ ᠬᠡᠷᠡᠭᠲᠡᠢ᠃
ᠭᠤᠴᠢᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠪᠤᠶᠤ ᠲᠡᠭᠦᠨ᠎ᠦ ᠨᠠᠢᠳᠠᠭᠰᠠᠨ ᠪᠠᠢᠭᠤᠯᠤᠮᠵᠢ ᠨᠢ ᠬᠢᠨᠠᠯᠲᠠ ᠲᠠᠯᠪᠢᠬᠤ ᠲᠥᠯᠥᠪᠯᠡᠭᠡ ᠶᠣᠰᠣᠭᠠᠷ ᠬᠢᠨᠠᠯᠲᠠ ᠲᠠᠯᠪᠢᠬᠤ ᠬᠡᠷᠡᠭᠲᠡᠢ᠃
ᠬᠢᠨᠠᠯᠲᠠ ᠲᠠᠯᠪᠢᠬᠤ ᠵᠠᠭᠪᠤᠷ᠎ᠲᠤ ᠰᠤᠭᠤᠴᠢᠨ ᠪᠠᠢᠴᠠᠭᠠᠬᠤ᠎ᠪᠠᠷ ᠭᠣᠣᠯ ᠠᠷᠭ᠎ᠠ ᠮᠠᠶᠢᠭ᠋ ᠪᠣᠯᠭᠠᠵᠤ᠂ ᠭᠣᠣᠯᠳᠠᠯᠭ᠎ᠠ᠎ᠲᠠᠢ ᠬᠠᠷᠭᠤᠭᠤᠯᠤᠨ ᠪᠠᠢᠴᠠᠭᠠᠬᠤ᠎ᠪᠠᠷ ᠨᠥᠬᠥᠪᠦᠷᠢ ᠪᠣᠯᠭᠠᠨ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠎ᠪᠡᠷ ᠦᠨᠳᠦᠰᠦᠨ ᠣᠨᠴᠠᠯᠢᠭ᠋ ᠪᠣᠯᠭᠠᠵᠤ᠂ ᠢᠲᠡᠭᠡᠮᠵᠢ᠎ᠶᠢᠨ ᠦᠨᠡᠯᠡᠯᠲᠡ᠂ ᠢᠨᠵᠧᠨᠧᠷᠢᠩ᠎ᠦᠨ ᠲᠦᠭᠰᠢᠭᠦᠷᠢ᠎ᠶᠢ ᠦᠨᠡᠯᠡᠨ ᠵᠢᠱ᠌ᠢᠬᠦ ᠪᠠ ᠲᠤᠬᠠᠢ᠎ᠶᠢᠨ ᠲᠠᠯᠠᠪᠠᠢ᠎ᠶᠢᠨ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠪᠡᠷ ᠦᠨᠳᠦᠰᠦᠯᠡᠯ ᠪᠣᠯᠭᠠᠵᠤ᠂ ᠵᠦᠷᠢᠶᠡᠴᠢᠯᠡᠨ ᠲᠥᠷᠥᠯ ᠬᠤᠪᠢᠶᠠᠭᠰᠠᠨ ᠬᠢᠨᠠᠯᠲᠠ ᠬᠠᠮᠢᠶᠠᠷᠤᠯᠲᠠ ᠬᠡᠷᠡᠭᠵᠢᠭᠦᠯᠦᠨ᠎ᠡ᠃
ᠭᠤᠴᠢᠨ ᠨᠢᠭᠡᠳᠦᠭᠡᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠢᠨᠵᠧᠨᠧᠷᠢᠩ᠎ᠦᠨ ᠪᠠᠷᠢᠯᠭ᠎ᠠ ᠲᠤᠰᠢᠶᠠᠬᠤ᠎ᠳᠤ ᠰᠢᠯᠭᠠᠨ ᠬᠤᠷᠢᠶᠠᠬᠤ ᠠᠵᠢᠯ᠎ᠤᠨ ᠵᠣᠬᠢᠶᠠᠨ ᠪᠠᠢᠭᠤᠯᠬᠤ ᠬᠡᠯᠪᠡᠷᠢ᠂ ᠰᠢᠯᠭᠠᠨ ᠬᠤᠷᠢᠶᠠᠬᠤ ᠳᠠᠰ ᠳᠠᠷᠠᠭᠠᠯᠠᠯ᠂ ᠰᠢᠯᠭᠠᠨ ᠬᠤᠷᠢᠶᠠᠬᠤ ᠬᠦᠷᠢᠶ᠎ᠡ ᠬᠡᠪᠴᠢᠶ᠎ᠡ᠂ ᠰᠢᠯᠭᠠᠨ ᠬᠤᠷᠢᠶᠠᠬᠤ ᠠᠭᠤᠯᠭ᠎ᠠ ᠪᠠ ᠰᠢᠯᠭᠠᠨ ᠬᠤᠷᠢᠶᠠᠭᠰᠠᠨ ᠳ᠋ᠦᠩᠨᠡᠯᠲᠡ᠎ᠳᠦ ᠬᠢᠨᠠᠯᠲᠠ ᠲᠠᠯᠪᠢᠬᠤ᠎ᠶᠢᠨ ᠬᠠᠮᠲᠤ᠂ ᠪᠠᠷᠢᠯᠭ᠎ᠠ ᠲᠤᠰᠢᠶᠠᠵᠤ ᠰᠢᠯᠭᠠᠨ ᠬᠤᠷᠢᠶᠠᠭᠰᠠᠨ ᠰᠠᠨᠠᠯ᠎ᠢᠶᠠᠨ ᠳᠤᠷᠠᠳᠬᠤ ᠬᠡᠷᠡᠭᠲᠡᠢ᠄
(ᠨᠢᠭᠡ) ᠪᠠᠷᠢᠯᠭ᠎ᠠ ᠲᠤᠰᠢᠶᠠᠵᠤ ᠰᠢᠯᠭᠠᠨ ᠬᠤᠷᠢᠶᠠᠬᠤ ᠨᠥᠬᠥᠴᠡᠯ᠎ᠢ ᠬᠠᠩᠭᠠᠵᠤ᠂ ᠡᠯ᠎ᠡ ᠬᠠᠷᠢᠭᠤᠴᠠᠯᠭ᠎ᠠ᠎ᠶᠢᠨ ᠭᠣᠣᠯ ᠴᠣᠭᠴᠠ ᠨᠢ ᠢᠨᠵᠧᠨᠧᠷᠢᠩ᠎ᠦᠨ ᠪᠠᠷᠢᠯᠭ᠎ᠠ ᠲᠤᠰᠢᠶᠠᠵᠤ ᠰᠢᠯᠭᠠᠨ ᠬᠤᠷᠢᠶᠠᠬᠤ᠎ᠳᠤ ᠰᠠᠨᠠᠯ ᠨᠢᠭᠡᠲᠡᠢ ᠪᠠᠢᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ ᠵᠢᠷᠤᠮᠵᠢᠯ᠎ᠠᠴᠠ ᠵᠥᠷᠢᠴᠡᠭᠰᠡᠨ ᠠᠰᠠᠭᠤᠳᠠᠯ᠎ᠢ ᠢᠯᠡᠷᠡᠭᠦᠯᠦᠭᠰᠡᠨ ᠦᠭᠡᠢ ᠪᠠᠢᠪᠠᠯ᠂ ᠰᠢᠯᠭᠠᠨ ᠬᠤᠷᠢᠶᠠᠬᠤ ᠲᠡᠰ ᠳᠠᠷᠠᠭᠠᠯᠠᠯ᠎ᠤᠨ ᠬᠠᠤᠯᠢ ᠶᠣᠰᠣᠴᠢ ᠴᠢᠨᠠᠷ ᠬᠢᠭᠡᠳ ᠰᠢᠯᠭᠠᠨ ᠬᠤᠷᠢᠶᠠᠭᠰᠠᠨ ᠳ᠋ᠦᠩᠨᠡᠯᠲᠡ ᠵᠢᠨ ᠬᠦᠴᠦᠨ ᠪᠦᠬᠦᠢ ᠴᠢᠨᠠᠷ᠎ᠢ ᠨᠤᠲᠠᠯᠠᠨ ᠲᠣᠭᠲᠠᠭᠠᠨ᠎ᠠ;
(ᠬᠣᠶᠠᠷ) ᠪᠠᠷᠢᠯᠭ᠎ᠠ ᠲᠤᠰᠢᠶᠠᠵᠤ ᠰᠢᠯᠭᠠᠨ ᠬᠤᠷᠢᠶᠠᠬᠤ ᠨᠥᠬᠥᠴᠡᠯ᠎ᠢ ᠬᠠᠩᠭᠠᠵᠤ᠂ ᠡᠯ᠎ᠡ ᠬᠠᠷᠢᠭᠤᠴᠠᠯᠭ᠎ᠠ᠎ᠶᠢᠨ ᠭᠣᠣᠯ ᠴᠣᠭᠴᠠ ᠨᠢ ᠢᠨᠵᠧᠨᠧᠷᠢᠩ᠎ᠦᠨ ᠪᠠᠷᠢᠯᠭ᠎ᠠ ᠲᠤᠰᠢᠶᠠᠵᠤ ᠰᠢᠯᠭᠠᠨ ᠬᠤᠷᠢᠶᠠᠬᠤ ᠰᠠᠨᠠᠯ᠎ᠳᠤ ᠵᠥᠷᠢᠯᠳᠦᠭᠡᠨ᠎ᠲᠠᠢ ᠪᠠᠢᠪᠠᠯ᠂ ᠰᠢᠯᠭᠠᠨ ᠬᠤᠷᠢᠶᠠᠬᠤ᠎ᠶᠢ ᠲᠤᠷᠭᠤᠨ ᠵᠣᠭᠰᠣᠭᠠᠵᠤ᠂ ᠵᠥᠪᠳᠡᠯᠴᠡᠭᠡᠳ ᠰᠠᠨᠠᠯ ᠨᠢᠭᠡᠳᠦᠭᠰᠡᠨᠦ ᠲᠠᠷᠠᠭ᠎ᠠ ᠦᠷᠭᠦᠯᠵᠢᠯᠡᠨ ᠰᠢᠯᠭᠠᠨ ᠬᠤᠷᠢᠶᠠᠨ᠎ᠠ;
(ᠭᠤᠷᠪᠠ) ᠪᠠᠷᠢᠯᠭ᠎ᠠ ᠲᠤᠰᠢᠶᠠᠵᠤ ᠰᠢᠯᠭᠠᠨ ᠬᠤᠷᠢᠶᠠᠬᠤ ᠨᠥᠬᠥᠴᠡᠯ᠎ᠢ ᠬᠠᠩᠭᠠᠵᠤ ᠳᠡᠢᠯᠬᠦ ᠦᠭᠡᠢ᠂ ᠡᠰᠡᠬᠦᠯ᠎ᠡ ᠬᠠᠤᠯᠢ ᠴᠠᠭᠠᠵᠠ ᠬᠠᠤᠯᠢ ᠲᠣᠭᠲᠠᠭᠠᠯ ᠪᠠ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ ᠵᠢᠷᠤᠮᠵᠢᠯ ᠠᠴᠠ ᠵᠥᠷᠢᠴᠡᠭᠰᠡᠨ ᠪᠤᠶᠤ ᠠᠮᠤᠷ ᠲᠦᠪᠰᠢᠨ ᠪᠠ ᠬᠡᠷᠡᠭᠯᠡᠬᠦ ᠴᠢᠳᠠᠮᠵᠢ᠎ᠶᠢ ᠬᠠᠩᠭᠠᠵᠤ ᠳᠡᠶ᠋ᠢᠯᠬᠦ ᠦᠭᠡᠢ ᠪᠠᠢᠪᠠᠯ᠂ ᠰᠢᠯᠭᠠᠨ ᠬᠤᠷᠢᠶᠠᠬᠤ᠎ᠶᠢ ᠳᠣᠷᠭᠣᠨ ᠵᠣᠭᠰᠤᠭᠠᠬᠤ᠎ᠶᠢᠨ ᠬᠠᠮᠲᠤ᠂ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠰᠠᠢᠵᠢᠷᠠᠭᠤᠯᠬᠤ᠎ᠪᠠᠷ ᠵᠠᠷᠯᠢᠭ᠍ᠳᠠᠨᠠ᠃
ᠭᠤᠴᠢᠨ ᠬᠣᠶᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠪᠠᠢᠴᠠᠭᠠᠬᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠦᠶ᠎ᠡ᠎ᠳᠦ᠂ ᠳᠣᠣᠷ᠎ᠠ ᠵᠢᠭ᠍ᠰᠠᠭᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠬᠤ ᠡᠷᠬᠡ᠎ᠲᠠᠢ᠄
(ᠨᠢᠭᠡ) ᠪᠠᠢᠴᠠᠭᠠᠭᠳᠠᠬᠤ ᠨᠢᠭᠡᠴᠢ᠎ᠶᠢ ᠢᠨᠵᠧᠨᠧᠷᠢᠩ᠎ᠦᠨ ᠶᠠᠰᠤ ᠴᠢᠨᠠᠷ᠎ᠤᠨ ᠲᠤᠬᠠᠢ ᠬᠣᠯᠪᠣᠭᠳᠠᠯ ᠪᠦᠬᠦᠢ ᠪᠢᠴᠢᠭ ᠮᠠᠲᠧᠷᠢᠶᠠᠯ ᠪᠠ ᠮᠠᠲᠧᠷᠢᠶᠠᠯ᠎ᠢ ᠬᠠᠩᠭᠠᠯᠭᠠᠬᠤ᠎ᠪᠠᠷ ᠱᠠᠭᠠᠷᠳᠠᠬᠤ;
(ᠬᠣᠶᠠᠷ) ᠪᠠᠢᠴᠠᠭᠠᠭᠳᠠᠬᠤ ᠨᠢᠭᠡᠴᠢ᠎ᠶᠢᠨ ᠪᠠᠷᠢᠯᠭ᠎ᠠ᠎ᠶᠢᠨ ᠠᠵᠢᠯ᠎ᠤᠨ ᠲᠤᠬᠠᠢ᠎ᠶᠢᠨ ᠲᠠᠯᠠᠪᠠᠢ᠎ᠳᠤ ᠬᠦᠷᠴᠦ ᠪᠠᠢᠴᠠᠭᠠᠬᠤ;
(ᠭᠤᠷᠪᠠ) ᠢᠨᠵᠧᠨᠧᠷᠢᠩ᠎ᠦᠨ ᠶᠠᠰᠤ ᠴᠢᠨᠠᠷ᠎ᠢ ᠨᠥᠯᠥᠭᠡᠯᠡᠬᠦ ᠠᠰᠠᠭᠤᠳᠠᠯ᠎ᠢ ᠣᠯᠵᠤ ᠮᠡᠳᠡᠪᠡᠯ ᠵᠠᠷᠯᠢᠭ᠍ᠳᠠᠵᠤ ᠪᠠᠢᠭᠠᠳ ᠵᠠᠯᠠᠷᠠᠭᠤᠯᠤᠭᠤᠯᠬᠤ᠃
ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠨᠢ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠶᠠᠪᠤᠭᠳᠠᠭᠤᠯᠬᠤ ᠬᠢᠨᠠᠯᠲᠠ ᠲᠠᠯᠪᠢᠵᠤ ᠪᠠᠢᠴᠠᠭᠠᠯᠲᠠ ᠬᠢᠬᠦ᠎ᠶᠢ ᠳᠡᠮᠵᠢᠬᠦ ᠪᠠ ᠬᠠᠮᠵᠢᠯᠴᠠᠵᠤ᠂ ᠠᠵᠢᠯᠲᠠᠨ᠎ᠤ ᠬᠠᠤᠯᠢ ᠶᠣᠰᠣᠭᠠᠷ ᠡᠭᠦᠷᠭᠡ ᠲᠤᠰᠢᠶᠠᠯ᠎ᠢᠶᠠᠨ ᠭᠦᠢᠴᠡᠳᠬᠡᠬᠦ᠎ᠶᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃
ᠭᠤᠴᠢᠨ ᠭᠤᠷᠪᠠᠳᠤᠭᠠᠷ ᠵᠦᠢᠯ ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠠᠵᠢᠯᠲᠠᠨ ᠬᠢᠨᠠᠯᠲᠠ ᠲᠠᠯᠪᠢᠵᠤ ᠪᠠᠢᠴᠠᠭᠠᠬᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠦ ᠣᠯᠵᠤ ᠮᠡᠳᠡᠭᠰᠡᠨ ᠤᠯᠤᠰ᠎ᠤᠨ ᠨᠢᠭᠤᠴᠠ ᠪᠠ ᠬᠤᠳᠠᠯᠳᠤᠭᠠᠨ᠎ᠤ ᠨᠢᠭᠤᠴᠠ᠎ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃
ᠴᠢᠯᠠᠭᠤᠨ ᠲᠣᠰᠣ᠌ ᠪᠠ ᠬᠢᠮᠢ᠎ᠶᠢᠨ ᠠᠵᠤ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠲᠤ ᠬᠢᠨᠠᠯᠲᠠ ᠲᠠᠯᠪᠢᠭ᠍ᠰᠠᠨ ᠲᠠᠩᠰᠠ ᠡᠪᠬᠡᠮᠡᠯ᠎ᠢ ᠴᠠᠭ ᠲᠤᠬᠠᠢ᠎ᠳᠤ ᠨᠢ ᠴᠤᠭᠯᠠᠭᠤᠯᠵᠤ᠂ ᠵᠢᠷᠤᠮᠵᠢᠭᠤᠨ ᠡᠮᠬᠢᠯᠡᠨ᠂ ᠠᠮᠤᠷ ᠲᠦᠪᠰᠢᠨ ᠬᠠᠳᠠᠭᠠᠯᠠᠨ ᠬᠠᠮᠢᠶᠠᠷᠬᠤ᠎ᠶᠢᠨ ᠬᠠᠮᠲᠤ᠂ ᠮᠡᠳᠡᠭᠡ ᠵᠠᠩᠭᠢ᠎ᠶᠢᠨ ᠮᠡᠷᠭᠡᠵᠢᠯ᠎ᠢ ᠢᠳᠡᠪᠬᠢᠲᠡᠢ ᠬᠡᠷᠡᠭᠯᠡᠨ᠂ ᠲᠠᠩᠰᠠ ᠡᠪᠬᠡᠮᠡᠯ᠎ᠦᠨ ᠬᠠᠮᠢᠶᠠᠷᠤᠯᠲᠠ᠎ᠶᠢᠨ ᠳ᠋ᠢᠬᠢᠲᠴᠢᠯᠡᠬᠦ᠂ ᠰᠦᠯᠵᠢᠶᠡᠵᠢᠭᠦᠯᠬᠦ᠂ ᠣᠶᠤᠨᠴᠢᠯᠠᠬᠤ ᠬᠢᠷᠢ ᠲᠦᠪᠰᠢᠨ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
ᠳᠥᠷᠪᠡᠳᠦᠭᠡᠷ ᠪᠦᠯᠦᠭ ᠳᠠᠭᠠᠯᠳᠤᠭᠤᠯᠤᠯ ᠳᠦᠷᠢᠮ
ᠭᠤᠴᠢᠨ ᠳᠥᠷᠪᠡᠳᠦᠭᠡᠷ ᠵᠦᠢᠯ ᠲᠣᠰ ᠠᠷᠭ᠎ᠠ᠎ᠶᠢ 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 12 ᠳ᠋ᠤᠭᠠᠷ ᠰᠠᠷ᠎ᠠ᠎ᠶᠢᠨ 24᠎ᠦ ᠡᠳᠦᠷ ᠳᠠᠷᠤᠮᠠᠯᠯᠠᠨ ᠲᠠᠷᠬᠠᠭᠠᠪᠠ