ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ 〔2025〕 48 ᠳ᠋ᠤᠭᠠᠷ ᠲᠣᠭᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠂ ᠪᠦᠯᠬᠦᠮ᠂ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠤ ᠬᠠᠮᠢᠶᠠᠷᠤᠯᠲᠠ᠎ᠶᠢᠨ ᠲᠣᠭᠲᠠᠭᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠂ ᠪᠦᠯᠬᠦᠮ᠂ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠤ ᠬᠠᠮᠢᠶᠠᠷᠤᠯᠲᠠ᠎ᠶᠢᠨ ᠲᠣᠭᠲᠠᠭᠠᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃
2025 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ
(ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠂ ᠪᠦᠯᠬᠦᠮ᠂ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠤ ᠬᠠᠮᠢᠶᠠᠷᠤᠯᠲᠠ᠎ᠶᠢᠨ ᠲᠣᠭᠲᠠᠭᠠᠯ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠪᠠᠢᠭᠤᠯᠭ᠎ᠠ᠂ ᠪᠦᠯᠬᠦᠮ᠂ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ (ᠳᠣᠷᠣᠭ᠍ᠰᠢ ᠨᠢᠭᠡᠴᠢ ᠭᠡᠵᠦ ᠨᠢᠭᠡᠳᠦᠯᠲᠡᠢ ᠨᠡᠷᠡᠢᠳᠦᠨ᠎ᠡ)᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠬᠤ ᠪᠠ ᠵᠢᠷᠤᠮᠵᠢᠭᠤᠯᠵᠤ᠂ ᠭᠠᠯ᠎ᠤᠨ ᠠᠶᠤᠯ᠎ᠢ ᠰᠡᠷᠭᠡᠢᠯᠡᠬᠦ ᠪᠠ ᠭᠠᠯ᠎ᠤᠨ ᠠᠶᠤᠯ᠎ᠤᠨ ᠬᠥᠨᠥᠭᠡᠯ᠎ᠢ ᠪᠠᠭᠠᠰᠬᠠᠬᠤ᠎ᠶᠢᠨ ᠲᠤᠰᠠᠳᠠ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯ ᠦᠭᠡᠢ ᠦᠢᠯᠡᠳᠪᠦᠷᠢᠯᠡᠯ᠎ᠦᠨ ᠬᠠᠤᠯᠢ》᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠰᠡᠷᠭᠡᠢᠯᠡᠵᠦ ᠤᠨᠲᠠᠷᠠᠭᠠᠬᠤ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ ᠤᠨᠲᠠᠷᠠᠭᠠᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠳᠦᠷᠢᠮ᠎ᠢ ᠬᠡᠷᠡᠭᠵᠢᠭᠦᠯᠬᠦ ᠠᠷᠭ᠎ᠠ》 ᠵᠡᠷᠭᠡ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠲᠠᠢ ᠤᠶᠠᠯᠳᠤᠭᠤᠯᠤᠨ᠂ ᠲᠤᠰ ᠲᠣᠭᠲᠠᠭᠠᠯ᠎ᠢ ᠲᠣᠭᠲᠠᠭᠠᠪᠠ᠃
ᠬᠣᠶᠠᠳᠤᠭᠠᠷ ᠵᠦᠢᠯ ᠲᠤᠰ ᠲᠣᠭᠲᠠᠭᠠᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠳᠤ ᠲᠣᠬᠢᠷᠠᠭᠤᠯᠤᠨ ᠬᠡᠷᠡᠭᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠠᠰᠲᠠᠭᠠᠨ ᠲᠣᠭᠲᠠᠭᠠᠯ ᠲᠠᠢ ᠪᠠᠢᠪᠠᠯ᠂ ᠲᠡᠷᠡ ᠬᠦ᠌ ᠲᠣᠭᠲᠠᠭᠠᠯ᠎ᠢᠶᠠᠷ ᠬᠡᠷᠡᠭᠵᠢᠭᠦᠯᠦᠨ᠎ᠡ᠃
ᠭᠤᠷᠪᠠᠳᠤᠭᠠᠷ ᠵᠦᠢᠯ ᠨᠢᠭᠡᠴᠢ᠎ᠨᠦᠭᠦᠳ 《ᠰᠡᠷᠭᠡᠢᠯᠡᠬᠦ᠎ᠪᠡᠷ ᠭᠣᠣᠯ ᠪᠣᠯᠭᠠᠵᠤ᠂ ᠰᠡᠷᠭᠡᠢᠯᠡᠬᠦ ᠤᠨᠲᠠᠷᠠᠭᠠᠬᠤ᠎ᠶᠢ ᠤᠶᠠᠯᠳᠤᠭᠤᠯᠬᠤ》 ᠭᠠᠯ ᠰᠡᠷᠭᠡᠢᠯᠡᠵᠦ ᠤᠨᠲᠠᠷᠠᠭᠠᠬᠤ ᠠᠵᠢᠯ᠎ᠤᠨ ᠴᠢᠭᠯᠡᠯᠲᠡ᠎ᠶᠢ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠴᠢᠩᠭ᠎ᠠ ᠨᠢᠭ᠍ᠲᠠᠷᠠᠨ᠂ 《ᠠᠮᠤᠷ ᠲᠦᠪᠰᠢᠨ᠎ᠢ ᠦᠪᠡᠰᠦᠪᠡᠨ ᠪᠠᠢᠴᠠᠭᠠᠬᠤ᠂ ᠳᠠᠯᠳᠠ ᠭᠡᠮ᠎ᠢ ᠦᠪᠡᠰᠦᠪᠡᠨ ᠠᠷᠢᠯᠭᠠᠬᠤ᠂ ᠬᠠᠷᠢᠭᠤᠴᠠᠯᠭ᠎ᠠ᠎ᠶᠢ ᠦᠪᠡᠰᠦᠪᠡᠨ ᠬᠠᠷᠢᠭᠤᠴᠠᠬᠤ》 ᠵᠠᠷᠴᠢᠮ᠎ᠢ ᠪᠠᠷᠢᠮᠲᠠᠯᠠᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠬᠤ ᠬᠡᠷᠡᠭᠲᠡᠢ᠃ ᠨᠢᠭᠡᠴᠢ᠎ᠶᠢᠨ ᠬᠠᠤᠯᠢ᠎ᠪᠠᠷ ᠲᠣᠭᠲᠠᠭᠠᠭᠰᠠᠨ ᠲᠥᠯᠥᠭᠡᠯᠡᠬᠦ ᠬᠥᠮᠥᠨ᠂ ᠭᠣᠣᠯ ᠬᠠᠷᠢᠭᠤᠴᠠᠯᠭᠠᠲᠠᠨ ᠬᠥᠮᠥᠨ ᠪᠤᠶᠤ ᠪᠣᠳᠠᠲᠠᠢ ᠡᠵᠡᠮᠳᠡᠭᠴᠢ ᠨᠢ ᠲᠤᠰ ᠨᠢᠭᠡᠴᠢ᠎ᠶᠢᠨ᠎ᠢᠶᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ ᠪᠠᠢᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠢ ᠪᠦᠬᠦ ᠲᠠᠯ᠎ᠠ᠎ᠪᠠᠷ ᠬᠠᠷᠢᠭᠤᠴᠠᠨ᠎ᠠ; ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ ᠨᠢ ᠰᠢᠭᠤᠳ ᠬᠠᠷᠢᠭᠤᠴᠠᠯᠭᠠᠲᠠᠨ ᠪᠠᠢᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯ᠎ᠢ ᠪᠣᠳᠠᠲᠠᠢ᠎ᠢᠶᠠᠷ ᠵᠣᠬᠢᠶᠠᠨ ᠪᠠᠢᠭᠤᠯᠤᠨ ᠬᠡᠷᠡᠭᠵᠢᠭᠦᠯᠦᠨ᠎ᠡ᠃
ᠳᠥᠷᠪᠡᠳᠦᠭᠡᠷ ᠵᠦᠢᠯ 《ᠡᠷᠬᠡ ᠬᠠᠷᠢᠭᠤᠴᠠᠯᠭ᠎ᠠ᠎ᠶᠢ ᠨᠢᠭᠡᠳᠦᠯᠲᠡᠢ ᠪᠠᠢᠯᠭᠠᠬᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠬᠠᠷᠢᠭᠤᠴᠠᠯᠭ᠎ᠠ᠎ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ》 ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠦᠭᠡᠢ ᠪᠤᠶᠤ ᠲᠣᠭᠲᠠᠭᠠᠯ ᠶᠣᠰᠣᠭᠠᠷ ᠭᠦᠢᠴᠡᠳᠬᠡᠬᠦ ᠦᠭᠡᠢ ᠨᠢᠭᠡᠴᠢ ᠪᠠ ᠬᠤᠪᠢ ᠬᠥᠮᠥᠨ᠎ᠡᠴᠡ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
ᠬᠣᠶᠠᠳᠤᠭᠠᠷ ᠪᠦᠯᠦᠭ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠲᠣᠭᠲᠠᠯᠴᠠᠭ᠎ᠠ
ᠲᠠᠪᠤᠳᠤᠭᠠᠷ ᠵᠦᠢᠯ 《ᠥᠪᠥᠷ ᠮᠣᠩᠭᠣᠯ᠎ᠦᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ᠎ᠶᠢ ᠲᠣᠭᠲᠠᠭᠠᠬᠤ ᠪᠠᠷᠢᠮᠵᠢᠶ᠎ᠠ》᠎ᠳᠤ ᠨᠡᠢᠴᠡᠭᠰᠡᠨ ᠨᠢᠭᠡᠴᠢ ᠪᠣᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ ᠪᠣᠯᠣᠨ᠎ᠠ᠃ ᠲᠤᠰ ᠲᠣᠭᠲᠠᠭᠠᠯ᠎ᠤᠨ ᠬᠣᠷᠢᠨ ᠨᠢᠭᠡᠳᠦᠭᠡᠷ ᠵᠦᠢᠯ᠎ᠳᠦ ᠨᠡᠢᠴᠡᠭᠰᠡᠨ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠭᠠᠵᠠᠷ᠂ ᠨᠣᠴᠣᠮᠠᠲᠠᠭᠠᠢ ᠳᠡᠯᠪᠡᠷᠡᠮᠡᠲᠡᠭᠡᠢ ᠲᠠᠯᠠᠪᠤᠷ ᠭᠠᠵᠠᠷ ᠪᠠ ᠥᠨᠳᠥᠷ ᠪᠠᠷᠢᠯᠭ᠎ᠠ᠂ ᠭᠠᠵᠠᠷ ᠳᠣᠣᠷᠠᠬᠢ ᠣᠯᠠᠨ ᠨᠡᠢᠲᠡ᠎ᠶᠢᠨ ᠪᠠᠷᠢᠯᠭ᠎ᠠ ᠵᠡᠷᠭᠡ ᠨᠢᠭᠡᠴᠢ ᠪᠣᠯ ᠭᠠᠯ᠎ᠤᠨ ᠠᠶᠤᠯ᠎ᠤᠨ ᠲᠦᠭᠰᠢᠭᠦᠷᠢ ᠶᠡᠬᠡᠲᠡᠢ ᠨᠢᠭᠡᠴᠢ ᠪᠣᠯᠣᠨ᠎ᠠ᠃ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠤᠨ ᠮᠠᠭᠠᠳᠯᠠᠨ ᠲᠣᠭᠲᠠᠭᠠᠭᠰᠠᠨ᠎ᠢᠶᠠᠷ᠂ ᠭᠠᠯ ᠰᠡᠷᠭᠡᠢᠯᠡᠵᠦ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ᠎ᠢ ᠵᠥᠷᠢᠴᠡᠭᠰᠡᠨ᠂ ᠭᠠᠯ ᠰᠡᠷᠭᠡᠢᠯᠡᠵᠦ ᠤᠨᠲᠠᠷᠠᠭᠠᠬᠤ ᠮᠡᠷᠭᠡᠵᠢᠯ᠎ᠦᠨ ᠪᠠᠷᠢᠮᠵᠢᠶ᠎ᠠ᠎ᠳᠤ ᠨᠡᠢᠴᠡᠬᠦ ᠦᠭᠡᠢ᠂ ᠬᠦᠨᠳᠦ ᠶᠡᠬᠡ ᠣᠨᠴᠠᠭᠠᠢ ᠬᠦᠨᠳᠦ ᠶᠡᠬᠡ ᠭᠠᠯ᠎ᠦᠨ ᠡᠨᠳᠡᠯ ᠠᠮᠠᠷᠬᠠᠨ ᠡᠭᠦᠰᠬᠡᠬᠦ ᠪᠤᠶᠤ ᠬᠦᠨᠳᠦ ᠨᠣᠴᠢᠲᠠᠢ ᠨᠡᠢᠭᠡᠮ᠎ᠦᠨ ᠨᠥᠯᠥᠭᠡ ᠲᠠᠢ ᠡᠯ᠎ᠡ ᠲᠦᠷᠦᠯ᠎ᠦᠨ ᠠᠮᠤᠷ ᠲᠦᠪᠰᠢᠨ ᠪᠤᠰᠤ ᠳᠠᠯᠳᠠ ᠬᠦᠴᠦᠨ ᠵᠦᠢᠯ ᠣᠷᠣᠰᠢᠵᠤ ᠪᠠᠢᠭ᠎ᠠ ᠨᠢᠭᠡᠴᠢ ᠪᠣᠯ ᠬᠦᠨᠳᠦ ᠶᠡᠬᠡ ᠭᠠᠯ᠎ᠤᠨ ᠠᠶᠤᠯ᠎ᠤᠨ ᠳᠠᠯᠳᠠ ᠭᠡᠮ ᠲᠠᠢ ᠨᠢᠭᠡᠴᠢ ᠪᠣᠯᠣᠨ᠎ᠠ᠃
ᠵᠢᠷᠭᠤᠳᠤᠭᠠᠷ ᠵᠦᠢᠯ ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ ᠵᠢᠴᠢ ᠡᠯ᠎ᠡ ᠱᠠᠲᠤᠨ᠎ᠤ ᠠᠵᠢᠯ᠎ᠤᠨ ᠪᠠᠢᠷᠢ᠎ᠳᠠᠬᠢ ᠠᠵᠢᠯᠲᠠᠨ᠎ᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠡᠭᠦᠷᠭᠡ ᠬᠠᠷᠢᠭᠤᠴᠠᠯᠭ᠎ᠠ᠎ᠶᠢ ᠲᠣᠳᠣᠷᠬᠠᠢ ᠲᠣᠭᠲᠠᠭᠠᠵᠤ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠢ ᠭᠠᠯ ᠰᠡᠷᠭᠡᠢᠯᠡᠵᠦ ᠤᠨᠲᠠᠷᠠᠭᠠᠬᠤ ᠬᠠᠮᠢᠶᠠᠷᠤᠯᠲᠠ᠎ᠶᠢᠨ ᠰᠦᠯᠵᠢᠶ᠎ᠡ᠎ᠶᠢ ᠴᠣᠭᠴᠠᠯᠠᠬᠤ ᠬᠡᠷᠡᠭᠲᠡᠢ᠃
ᠳᠣᠯᠣᠳᠤᠭᠠᠷ ᠵᠦᠢᠯ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ ᠨᠢ ᠲᠤᠰ ᠨᠢᠭᠡᠴᠢ᠎ᠶᠢᠨ᠎ᠢᠶᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠢ ᠪᠦᠬᠦ ᠲᠠᠯ᠎ᠠ᠎ᠪᠠᠷ ᠬᠠᠷᠢᠭᠤᠴᠠᠵᠤ᠂ ᠳᠣᠣᠷᠠᠬᠢ ᠡᠭᠦᠷᠭᠡ ᠬᠠᠷᠢᠭᠤᠴᠠᠯᠭ᠎ᠠ᠎ᠶᠢ ᠭᠦᠢᠴᠡᠳᠬᠡᠨ᠎ᠡ᠄
(ᠨᠢᠭᠡ) ᠭᠠᠯ ᠰᠡᠷᠭᠡᠢᠯᠡᠵᠦ ᠤᠨᠲᠠᠷᠠᠭᠠᠬᠤ ᠬᠠᠤᠯᠢ ᠲᠣᠭᠲᠠᠭᠠᠯ᠎ᠢ ᠲᠤᠭᠤᠰᠢᠯᠠᠭᠤᠯᠤᠨ ᠬᠡᠷᠡᠭᠵᠢᠭᠦᠯᠵᠦ᠂ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ ᠨᠢ ᠲᠣᠭᠲᠠᠭᠠᠯ᠎ᠳᠤ ᠨᠡᠢᠴᠡᠭᠰᠡᠨ ᠪᠠᠢᠬᠤ᠎ᠶᠢ ᠪᠠᠲᠤᠯᠠᠨ᠂ ᠲᠤᠰ ᠨᠢᠭᠡᠴᠢ᠎ᠶᠢᠨ᠎ᠢᠶᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠪᠠᠢᠳᠠᠯ᠎ᠢ ᠪᠦᠬᠦ ᠲᠠᠯ᠎ᠠ᠎ᠪᠠᠷ ᠡᠵᠡᠮᠰᠢᠭᠰᠡᠨ ᠪᠠᠢᠬᠤ;
(ᠬᠣᠶᠠᠷ) ᠭᠠᠯ ᠰᠡᠷᠭᠡᠢᠯᠡᠵᠦ ᠤᠨᠲᠠᠷᠠᠭᠠᠬᠤ ᠠᠵᠢᠯ᠎ᠢ ᠲᠤᠰ ᠨᠢᠭᠡᠴᠢ᠎ᠶᠢᠨ᠎ᠢᠶᠡᠨ ᠦᠢᠯᠡᠳᠪᠦᠷᠢᠯᠡᠯ᠂ ᠰᠢᠨᠵᠢᠯᠡᠬᠦ ᠤᠬᠠᠭᠠᠨ᠎ᠤ ᠰᠤᠳᠤᠯᠤᠯ᠂ ᠡᠵᠡᠩᠨᠡᠯᠲᠡ᠂ ᠬᠠᠮᠢᠶᠠᠷᠤᠯᠲᠠ ᠵᠡᠷᠭᠡ ᠠᠵᠢᠯᠯᠠᠭ᠎ᠠ ᠯᠤᠭ᠎ᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠣᠨ᠎ᠤ ᠭᠠᠯ ᠰᠡᠷᠭᠡᠢᠯᠡᠵᠦ ᠤᠨᠲᠠᠷᠠᠭᠠᠬᠤ ᠠᠵᠢᠯ᠎ᠤᠨ ᠲᠥᠯᠥᠪᠯᠡᠭᠡ᠎ᠶᠢ ᠵᠥᠪᠰᠢᠶᠡᠷᠡᠨ ᠬᠡᠷᠡᠭᠵᠢᠭᠦᠯᠬᠦ ᠪᠠ ᠲᠣᠬᠢᠷᠠᠭᠤᠯᠬᠤ;
(ᠭᠤᠷᠪᠠ) ᠲᠤᠰ ᠨᠢᠭᠡᠴᠢ᠎ᠶᠢᠨ᠎ᠢᠶᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠳᠦ ᠴᠢᠬᠤᠯᠠ ᠪᠦᠬᠦᠢ ᠵᠠᠷᠤᠳᠠᠯ ᠪᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠬᠤ;
(ᠳᠥᠷᠪᠡ) ᠱᠠᠲᠤ ᠳᠠᠷᠠᠭᠠᠯᠠᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠲᠣᠭᠲᠠᠭᠠᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠳᠦᠷᠢᠮ ᠪᠠ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠢ ᠪᠠᠲᠤᠯᠠᠬᠤ ᠠᠵᠢᠯᠯᠠᠭᠠᠨ᠎ᠤ ᠳᠦᠷᠢᠮᠯᠡᠯ᠎ᠢ ᠵᠥᠪᠰᠢᠶᠡᠷᠡᠨ ᠬᠡᠷᠡᠭᠵᠢᠭᠦᠯᠬᠦ;
(ᠲᠠᠪᠤ) ᠤᠯᠠᠷᠢᠯ ᠪᠦᠷᠢᠳᠦ ᠠᠩᠭᠢ ᠳᠠᠭᠠᠭᠤᠯᠤᠨ ᠪᠠᠢᠴᠠᠭᠠᠯᠲᠠ ᠥᠷᠨᠢᠭᠦᠯᠵᠦ᠂ ᠭᠠᠯ᠎ᠤᠨ ᠠᠶᠤᠯ᠎ᠤᠨ ᠳᠠᠯᠳᠠ ᠭᠡᠮ᠎ᠢ ᠴᠡᠭᠴᠡᠯᠡᠨ ᠰᠠᠢᠵᠢᠷᠠᠭᠤᠯᠬᠤ᠎ᠶᠢ ᠰᠢᠮᠳᠠᠭᠤᠯᠤᠨ ᠨᠠᠢᠳᠠᠪᠤᠷᠢᠵᠢᠭᠤᠯᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠳᠦ ᠬᠣᠯᠪᠣᠭᠳᠠᠭᠰᠠᠨ ᠴᠢᠬᠤᠯᠠ ᠶᠡᠬᠡ ᠠᠰᠠᠭᠤᠳᠠᠯ᠎ᠢ ᠰᠢᠢᠳᠪᠦᠷᠢᠯᠡᠨ᠂ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠪᠠ ᠠᠵᠢᠯ ᠲᠦᠷᠦᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠴᠠᠭ ᠲᠤᠬᠠᠢ᠎ᠳᠤ ᠨᠢ ᠪᠠᠢᠳᠠᠯ᠎ᠢᠶᠠᠨ ᠮᠡᠳᠡᠭᠦᠯᠬᠦ;
(ᠵᠢᠷᠭᠤᠭ᠎ᠠ) ᠬᠣᠯᠪᠣᠭᠳᠠᠯ ᠪᠦᠬᠦᠢ ᠨᠢᠭᠡᠴᠢ᠎ᠶᠢ ᠵᠣᠬᠢᠶᠠᠨ ᠪᠠᠢᠭᠤᠯᠬᠤ ᠪᠤᠶᠤ ᠲᠡᠭᠦᠨ᠎ᠳᠦ ᠨᠠᠢᠳᠠᠵᠤ ᠪᠠᠢᠭᠠᠳ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠂ ᠬᠡᠷᠡᠭᠰᠡᠯ ᠪᠠ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠲᠡᠮᠳᠡᠭ᠎ᠢ ᠪᠠᠢᠴᠠᠭᠠᠨ ᠰᠢᠨᠵᠢᠭᠦᠯᠬᠦ᠂ ᠬᠠᠮᠠᠭᠠᠯᠠᠭᠤᠯᠬᠤ ᠪᠠ ᠠᠷᠠᠴᠢᠯᠠᠭᠤᠯᠬᠤ;
(ᠳᠤᠯᠤᠭ᠎ᠠ) ᠭᠠᠯ ᠰᠡᠷᠭᠡᠢᠯᠡᠵᠦ ᠤᠨᠲᠠᠷᠠᠭᠠᠬᠤ ᠬᠠᠤᠯᠢ ᠲᠣᠭᠲᠠᠭᠠᠯ᠎ᠤᠨ ᠲᠣᠭᠲᠠᠭᠠᠯ᠎ᠢ ᠦᠨᠳᠦᠰᠦᠯᠡᠨ ᠨᠢᠭᠡᠴᠢ᠎ᠶᠢᠨ᠎ᠢᠶᠡᠨ ᠲᠤᠰᠬᠠᠢ ᠲᠤᠰᠢᠶᠠᠯᠲᠤ ᠪᠤᠶᠤ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ᠂ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠥᠷᠲᠡᠭᠡ᠎ᠶᠢ ᠪᠠᠢᠭᠤᠯᠬᠤ᠎ᠶᠢᠨ ᠬᠠᠮᠲᠤ᠂ ᠬᠠᠷᠠᠭᠠᠯᠵᠠᠭᠰᠠᠨ ᠭᠠᠯ ᠰᠡᠷᠭᠡᠢᠯᠡᠵᠦ ᠤᠨᠲᠠᠷᠠᠭᠠᠬᠤ ᠬᠡᠷᠡᠭᠰᠡᠯ ᠪᠠ ᠲᠤᠨᠤᠭ ᠲᠥᠬᠦᠭᠡᠷᠦᠮᠵᠢ᠎ᠶᠢ ᠲᠣᠬᠢᠷᠠᠭᠤᠯᠬᠤ;
(ᠨᠠᠢ᠍ᠮᠠ) ᠲᠤᠰ ᠨᠢᠭᠡᠴᠢ᠎ᠶᠢᠨ᠎ᠢᠶᠡᠨ ᠪᠣᠳᠠᠲᠠᠢ ᠲᠠᠢ ᠨᠡᠢᠴᠡᠭᠰᠡᠨ ᠭᠠᠯ ᠤᠨᠲᠠᠷᠠᠭᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠲᠠᠷᠬᠠᠭᠠᠨ ᠵᠠᠢᠯᠠᠭᠤᠯᠬᠤ ᠪᠡᠯᠡᠳᠬᠡᠯ ᠲᠥᠰᠥᠯ᠎ᠢ ᠵᠣᠬᠢᠶᠠᠨ ᠪᠠᠢᠭᠤᠯᠤᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ᠎ᠪᠠᠷ ᠵᠣᠬᠢᠶᠠᠨ ᠪᠠᠢᠭᠤᠯᠤᠨ ᠰᠣᠷᠢᠯᠲᠠ ᠬᠢᠬᠦ;
(ᠶᠢᠰᠦ) ᠲᠣᠭᠲᠠᠮᠠᠯ ᠬᠤᠭᠤᠴᠠᠭ᠎ᠠ ᠲᠠᠢ᠎ᠪᠠᠷ ᠬᠤᠷᠠᠯ ᠬᠤᠷᠠᠯᠳᠤᠭᠤᠯᠵᠤ᠂ ᠭᠠᠯ ᠰᠡᠷᠭᠡᠢᠯᠡᠵᠦ ᠤᠨᠲᠠᠷᠠᠭᠠᠬᠤ ᠵᠠᠷᠤᠳᠠᠯ᠂ ᠪᠡᠯᠡᠳᠬᠡᠮᠵᠢ ᠬᠤᠳᠠᠯᠳᠤᠨ ᠠᠪᠬᠤ᠂ ᠳᠠᠯᠳᠠ ᠭᠡᠮ᠎ᠢ ᠴᠡᠭᠴᠡᠯᠡᠨ ᠰᠠᠢᠵᠢᠷᠠᠭᠤᠯᠬᠤ ᠵᠡᠷᠭᠡ ᠴᠢᠬᠤᠯᠠ ᠶᠡᠬᠡ ᠠᠰᠠᠭᠤᠳᠠᠯ᠎ᠢ ᠰᠤᠳᠤᠯᠬᠤ᠎ᠶᠢᠨ ᠬᠠᠮᠲᠤ᠂ ᠰᠤᠳᠤᠯᠤᠭᠰᠠᠨ ᠪᠠᠢᠳᠠᠯ᠎ᠢᠶᠠᠨ ᠨᠢᠭᠡᠴᠢ᠎ᠶᠢᠨ ᠤᠳᠤᠷᠢᠳᠤᠯᠭ᠎ᠠ ᠪᠤᠶᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠢᠭᠤᠯᠤᠮᠵᠢ᠎ᠳᠤ ᠴᠠᠭ ᠲᠤᠬᠠᠢ᠎ᠳᠤ ᠨᠢ ᠬᠠᠷᠢᠭᠤ ᠮᠡᠳᠡᠭᠦᠯᠦᠯᠲᠡ ᠬᠢᠨ᠎ᠡ᠃
ᠨᠠᠢ᠍ᠮᠠᠳᠤᠭᠠᠷ ᠵᠦᠢᠯ ᠨᠢᠭᠡᠴᠢ ᠨᠢ ᠳᠠᠭᠠᠭᠠᠴᠢᠯᠠᠬᠤ᠂ ᠲᠦᠷᠢᠶᠡᠰᠦᠯᠡᠭᠦᠯᠬᠦ ᠪᠤᠶᠤ ᠨᠠᠢᠳᠠᠵᠤ ᠡᠵᠡᠩᠨᠡᠭᠦᠯᠬᠦ᠂ ᠬᠠᠮᠢᠶᠠᠷᠤᠭᠤᠯᠬᠤᠳᠤᠪᠠᠨ 《ᠣᠯᠠᠨ ᠦᠮᠴᠢᠯᠡᠯ᠎ᠦᠨ ᠡᠷᠬᠡ ᠲᠠᠢ ᠪᠠᠷᠢᠯᠭ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ》 (XF/T1245)᠎ᠶᠢᠨ ᠬᠠᠮᠢᠶ᠎ᠠ ᠪᠦᠬᠦᠢ ᠲᠣᠭᠲᠠᠭᠠᠯ᠎ᠢᠶᠠᠷ ᠯᠠᠪᠯᠠᠯᠲᠠ ᠪᠣᠯᠭᠠᠵᠤ᠂ ᠲᠣᠭᠲᠠᠭᠠᠭᠰᠠᠨ ᠬᠠᠮᠢᠶ᠎ᠠ ᠪᠦᠬᠦᠢ ᠲᠦᠷᠢᠶᠡᠰᠦᠯᠡᠭᠦᠯᠬᠦ᠂ ᠨᠠᠢᠳᠠᠬᠤ ᠵᠡᠷᠭᠡ ᠭᠡᠷ᠎ᠡ᠎ᠳᠦ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠨᠢᠭᠡᠳᠦᠭᠡᠷ ᠬᠠᠷᠢᠭᠤᠴᠠᠯᠭᠠᠲᠠᠨ ᠵᠢᠴᠢ ᠡᠯ᠎ᠡ ᠲᠠᠯ᠎ᠠ᠎ᠶᠢᠨ ᠬᠢᠨ᠎ᠦ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠨᠢ ᠲᠣᠳᠣᠷᠬᠠᠢᠯᠠᠵᠤ᠂ ᠬᠠᠮᠲᠤ᠎ᠪᠠᠷ ᠬᠡᠷᠡᠭᠯᠡᠬᠦ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠨᠢᠭᠡᠳᠦᠯᠲᠡᠢ ᠬᠠᠮᠢᠶᠠᠷᠬᠤ᠎ᠶᠢ ᠪᠠᠲᠤᠯᠠᠬᠤ ᠬᠡᠷᠡᠭᠲᠡᠢ᠃ ᠪᠣᠯᠵᠣᠨ ᠲᠣᠭᠲᠠᠭᠰᠠᠨ ᠦᠭᠡᠢ ᠪᠤᠶᠤ ᠪᠣᠯᠵᠣᠨ ᠲᠣᠭᠲᠠᠭᠰᠠᠨ ᠨᠢ ᠲᠣᠳᠣᠷᠬᠠᠢ ᠦᠭᠡᠢ ᠦᠶ᠎ᠡ᠎ᠳᠦ᠂ ᠥᠮᠴᠢᠯᠡᠯ᠎ᠦᠨ ᠡᠷᠬᠡᠲᠦ ᠲᠠᠯ᠎ᠠ᠎ᠶᠢᠨ ᠬᠢᠨ ᠪᠣᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠨᠢᠭᠡᠳᠦᠭᠡᠷ ᠬᠠᠷᠢᠭᠤᠴᠠᠯᠭᠠᠲᠠᠨ ᠪᠣᠯᠬᠤ᠎ᠶᠢ ᠲᠣᠳᠣᠷᠬᠠᠢᠯᠠᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠥᠮᠴᠢᠯᠡᠯ᠎ᠦᠨ ᠡᠷᠬᠡᠲᠦ ᠲᠠᠯ᠎ᠠ ᠪᠠ ᠬᠡᠷᠡᠭᠯᠡᠬᠦ ᠲᠠᠯ᠎ᠠ᠎ᠶᠢᠨ ᠬᠢᠨ ᠬᠠᠮᠲᠤ᠎ᠪᠠᠷ ᠡᠭᠦᠷᠭᠡᠯᠡᠨ᠎ᠡ᠃
ᠶᠢᠰᠦᠳᠦᠭᠡᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ᠎ᠶᠢ ᠲᠣᠭᠲᠠᠭᠠᠬᠤ ᠬᠡᠷᠡᠭᠲᠡᠢ᠂ ᠪᠤᠰᠤᠳ ᠨᠢᠭᠡᠴᠢ ᠨᠢ ᠬᠡᠷᠡᠭᠴᠡᠭᠡ᠎ᠪᠡᠨ ᠦᠨᠳᠦᠰᠦᠯᠡᠨ ᠲᠤᠰ ᠨᠢᠭᠡᠴᠢ᠎ᠶᠢᠨ᠎ᠢᠶᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ᠎ᠶᠢ ᠲᠣᠭᠲᠠᠭᠠᠵᠤ ᠪᠣᠯᠣᠨ᠎ᠠ᠃ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ ᠨᠢ ᠨᠢᠭᠡᠴᠢ᠎ᠶᠢᠨ᠎ᠢᠶᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠎ᠳᠤ ᠬᠠᠷᠢᠭᠤᠴᠠᠵᠤ᠂ ᠳᠣᠣᠷᠠᠬᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯ᠎ᠢ ᠬᠡᠷᠡᠭᠵᠢᠭᠦᠯᠬᠦ ᠪᠠ ᠵᠣᠬᠢᠶᠠᠨ ᠪᠠᠢᠭᠤᠯᠤᠨ ᠨᠠᠢᠳᠠᠪᠤᠷᠢᠵᠢᠭᠤᠯᠤᠨ᠎ᠠ᠄
(ᠨᠢᠭᠡ) ᠣᠨ᠎ᠤ ᠭᠠᠯ ᠰᠡᠷᠭᠡᠢᠯᠡᠵᠦ ᠤᠨᠲᠠᠷᠠᠭᠠᠬᠤ ᠠᠵᠢᠯ᠎ᠤᠨ ᠲᠥᠯᠥᠪᠯᠡᠭᠡ᠎ᠶᠢ ᠲᠤᠭᠤᠷᠪᠢᠨ ᠲᠣᠭᠲᠠᠭᠠᠵᠤ᠂ ᠡᠳᠦᠷ ᠲᠤᠳᠤᠮ᠎ᠤᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠲᠣᠭᠲᠠᠮᠠᠯ ᠬᠤᠷᠠᠯ᠎ᠤᠨ ᠵᠥᠪᠯᠡᠬᠦ ᠵᠦᠢᠯ᠎ᠢ ᠳᠤᠷᠠᠳᠤᠨ ᠭᠠᠷᠭᠠᠵᠤ᠂ ᠬᠤᠷᠠᠯ᠎ᠤᠨ ᠲᠣᠪᠴᠢ ᠪᠤᠶᠤ ᠰᠢᠢᠳᠪᠦᠷᠢ᠎ᠶᠢ ᠪᠦᠷᠢᠯᠳᠦᠭᠦᠯᠦᠨ᠎ᠡ;
(ᠬᠣᠶᠠᠷ) ᠡᠯ᠎ᠡ ᠱᠠᠲᠤᠨ᠎ᠤ ᠪᠤᠶᠤ ᠠᠵᠢᠯ᠎ᠤᠨ ᠪᠠᠢᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠡᠭᠦᠷᠭᠡ ᠬᠠᠷᠢᠭᠤᠴᠠᠯᠭ᠎ᠠ᠎ᠶᠢ ᠲᠣᠭᠲᠠᠭᠠᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠳᠦᠷᠢᠮ ᠪᠠ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠠᠵᠢᠯᠯᠠᠬᠤ ᠳᠦᠷᠢᠮᠯᠡᠯ᠎ᠢ ᠵᠣᠬᠢᠶᠠᠨ ᠪᠠᠢᠭᠤᠯᠤᠨ ᠲᠣᠭᠲᠠᠭᠠᠬᠤ᠎ᠶᠢᠨ ᠬᠠᠮᠲᠤ ᠪᠠᠢᠴᠠᠭᠠᠵᠤ ᠰᠢᠮᠳᠠᠭᠤᠯᠤᠨ ᠨᠠᠢᠳᠠᠪᠤᠷᠢᠵᠢᠭᠤᠯᠤᠨ᠎ᠠ;
(ᠭᠤᠷᠪᠠ) ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠠᠵᠢᠯ᠎ᠤᠨ ᠪᠡᠯᠡ ᠮᠥᠩᠭᠥᠨ᠎ᠦ ᠣᠷᠣᠭᠤᠯᠤᠯᠲᠠ ᠪᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ᠎ᠶᠢᠨ ᠲᠥᠰᠥᠯ᠎ᠢ ᠲᠤᠭᠤᠷᠪᠢᠨ ᠲᠣᠭᠲᠠᠭᠠᠨ᠎ᠠ;
(ᠳᠥᠷᠪᠡ) ᠭᠠᠯ᠎ᠢ ᠰᠡᠷᠭᠡᠢᠯᠡᠬᠦ ᠪᠠᠢᠴᠠᠭᠠᠯᠲᠠ ᠪᠠ ᠭᠠᠯ᠎ᠦᠨ ᠠᠶᠤᠯ᠎ᠦᠨ ᠲᠠᠯᠳᠠ ᠭᠡᠮ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠭᠠᠯ ᠡᠭᠦᠰᠬᠡᠬᠦ᠂ ᠲᠥᠷ ᠴᠠᠭ ᠴᠠᠬᠢᠯᠭᠠᠨ ᠬᠡᠷᠡᠭᠯᠡᠬᠦ ᠠᠵᠢᠯᠯᠠᠭ᠎ᠠ᠎ᠨᠢ ᠬᠢᠨᠠᠨ ᠵᠥᠪᠰᠢᠶᠡᠷᠡᠬᠦ᠎ᠶᠢ ᠬᠠᠷᠢᠭᠤᠴᠠᠨ᠎ᠠ;
(ᠲᠠᠪᠤ) ᠲᠤᠰ ᠨᠢᠭᠡᠴᠢ᠎ᠶᠢᠨ᠎ᠢᠶᠡᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠂ ᠭᠠᠯ ᠤᠨᠲᠠᠷᠠᠭᠠᠬᠤ ᠬᠡᠷᠡᠭᠰᠡᠯ ᠪᠠ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠲᠡᠮᠳᠡᠭ᠎ᠢ ᠬᠠᠮᠠᠭᠠᠯᠠᠨ ᠠᠷᠠᠴᠢᠯᠠᠬᠤ᠎ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠢᠬᠤ᠎ᠶᠢ ᠦᠨᠡᠨ ᠬᠦ᠌ ᠪᠠᠲᠤᠯᠠᠬᠤ᠎ᠶᠢᠨ ᠬᠠᠮᠲᠤ᠂ ᠲᠠᠷᠬᠠᠭᠠᠨ ᠵᠠᠢᠯᠠᠭᠤᠯᠬᠤ ᠨᠡᠪᠲᠡᠷᠡᠯ ᠵᠠᠮ ᠪᠠ ᠠᠶᠤᠯ ᠦᠭᠡᠢ ᠭᠠᠷᠴᠠ᠎ᠶᠢᠨ ᠰᠠᠭᠠᠳ ᠦᠭᠡᠢ ᠨᠡᠪᠲᠡᠷᠡᠬᠦ᠎ᠶᠢ ᠦᠨᠡᠨ ᠬᠦ᠌ ᠪᠠᠲᠤᠯᠠᠨ᠎ᠠ;
(ᠵᠢᠷᠭᠤᠭ᠎ᠠ) ᠨᠢᠭᠡᠴᠢ᠎ᠶᠢᠨ᠎ᠢᠶᠠᠨ ᠲᠤᠰᠬᠠᠢ ᠲᠤᠰᠢᠶᠠᠯᠲᠤ ᠪᠤᠶᠤ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ)᠎ᠶᠢ ᠬᠠᠮᠢᠶᠠᠷᠤᠨ᠎ᠠ;
(ᠲᠤᠯᠦᠭ᠎ᠠ) ᠠᠵᠢᠯᠲᠠᠨ᠎ᠢ ᠵᠣᠬᠢᠶᠠᠨ ᠪᠠᠢᠭᠤᠯᠵᠤ ᠪᠠᠢᠭᠠᠳ ᠭᠠᠯ ᠰᠡᠷᠭᠡᠢᠯᠡᠵᠦ ᠤᠨᠲᠠᠷᠠᠭᠠᠬᠤ ᠮᠡᠳᠡᠯᠭᠡ᠂ ᠤᠷ᠎ᠠ ᠮᠡᠷᠭᠡᠰᠢᠯ᠎ᠦᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠯ᠎ᠢ ᠥᠷᠨᠢᠭᠦᠯᠬᠦ᠂ ᠵᠢᠴᠢ ᠭᠠᠯ ᠤᠨᠲᠠᠷᠠᠭᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠲᠠᠷᠬᠠᠭᠠᠨ ᠵᠠᠢᠯᠠᠭᠤᠯᠬᠤ ᠪᠡᠯᠡᠳᠬᠡᠯ ᠲᠥᠰᠥᠯ᠎ᠢ ᠬᠡᠷᠡᠭᠵᠢᠭᠦᠯᠬᠦ ᠪᠠ ᠰᠣᠷᠢᠯᠲᠠ ᠬᠢᠨ᠎ᠡ;
(ᠨᠠᠢ᠍ᠮᠠ) ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ ᠵᠡᠷᠭᠡ ᠭᠣᠣᠯᠳᠠᠯᠭ᠎ᠠ ᠪᠣᠯᠬᠤ ᠠᠵᠢᠯ᠎ᠤᠨ ᠪᠠᠢᠷᠢ᠎ᠳᠠᠬᠢ ᠠᠵᠢᠯᠲᠠᠨ᠎ᠤ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠵᠢᠴᠢ ᠵᠢᠵᠢᠭᠦᠷᠯᠡᠨ ᠰᠠᠬᠢᠵᠤ ᠪᠠᠢᠭ᠎ᠠ ᠪᠠᠢᠳᠠᠯ᠎ᠳᠤ ᠬᠢᠨᠠᠯᠲᠠ ᠲᠠᠯᠪᠢᠨ᠎ᠠ;
(ᠶᠢᠰᠦ) ᠭᠠᠯ᠎ᠦᠨ ᠠᠶᠤᠯ ᠭᠠᠷᠬᠤ ᠦᠶ᠎ᠡ ᠳᠤ᠂ ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ ᠲᠣᠭᠲᠠᠴᠠ᠎ᠶᠢ ᠲᠡᠷᠡ ᠳᠠᠷᠤᠢ᠎ᠳᠦ ᠨᠢ ᠡᠬᠢᠯᠡᠭᠦᠯᠵᠦ᠂ ᠬᠥᠮᠥᠰ᠎ᠢ ᠵᠣᠬᠢᠶᠠᠨ ᠪᠠᠢᠭᠤᠯᠵᠤ ᠲᠠᠷᠬᠠᠭᠠᠨ ᠵᠠᠢᠯᠠᠭᠤᠯᠬᠤ ᠪᠠ ᠡᠬᠢᠨ᠎ᠤ ᠬᠤᠭᠤᠴᠠᠭᠠᠨ᠎ᠤ ᠭᠠᠯ᠎ᠤᠨ ᠠᠶᠤᠯ᠎ᠠᠴᠠ ᠠᠪᠤᠷᠠᠵᠤ᠂ ᠭᠠᠯ᠎ᠢ ᠤᠨᠲᠠᠷᠠᠭᠠᠭᠰᠠᠨᠤ ᠲᠠᠷᠠᠭ᠎ᠠ ᠭᠠᠯ᠎ᠦᠨ ᠠᠶᠤᠯ᠎ᠦᠨ ᠲᠤᠬᠠᠢ᠎ᠶᠢᠨ ᠲᠠᠯᠠᠪᠠᠢ᠎ᠶᠢ ᠬᠠᠮᠠᠭᠠᠯᠠᠬᠤ ᠠᠵᠢᠯ᠎ᠢ ᠵᠣᠬᠢᠶᠠᠨ ᠪᠠᠢᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠨᠳᠡᠯ᠎ᠦᠨ ᠪᠠᠢᠴᠠᠭᠠᠯᠲᠠ᠎ᠶᠢ ᠦᠷᠨᠢᠭᠦᠯᠦᠨ᠎ᠡ;
(ᠠᠷᠪᠠ) ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠎ᠳᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠪᠠᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠵᠦ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠠᠵᠢᠯ᠎ᠢ ᠴᠢᠩᠭᠠᠳᠬᠠᠬᠤ ᠲᠤᠬᠠᠢ ᠰᠠᠨᠠᠯ ᠪᠠ ᠰᠠᠨᠠᠭᠤᠯᠭ᠎ᠠ᠎ᠪᠠᠨ ᠳᠤᠷᠠᠳᠴᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠳᠦ ᠬᠣᠯᠪᠣᠭᠳᠠᠭᠰᠠᠨ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤ ᠨᠢ ᠮᠡᠳᠡᠭᠦᠯᠦᠨ᠎ᠡ;
(ᠠᠷᠪᠠᠨ ᠨᠢᠭᠡ) ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠂ ᠠᠵᠢᠯ ᠲᠦᠷᠦᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠨᠢᠭᠡᠴᠢ᠎ᠶᠢᠨ᠎ᠢᠶᠠᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠪᠠᠢᠳᠠᠯ ᠵᠢᠴᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠪᠡᠨ ᠨᠠᠢᠳᠠᠪᠤᠷᠢᠵᠢᠭᠤᠯᠤᠭᠰᠠᠨ ᠪᠠᠢᠳᠠᠯ᠎ᠢ ᠮᠡᠳᠡᠭᠦᠯᠦᠨ᠎ᠡ;
(ᠠᠷᠪᠠᠨ ᠬᠣᠶᠠᠷ) ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠎ᠤ ᠨᠠᠢᠳᠠᠭᠰᠠᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠪᠤᠰᠤᠳ ᠠᠵᠢᠯ᠃
ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ ᠨᠢ ᠬᠠᠷᠠᠭᠠᠯᠵᠠᠭᠰᠠᠨ ᠲᠤᠰᠬᠠᠢ ᠮᠡᠷᠭᠡᠵᠢᠯ᠎ᠦᠨ ᠴᠢᠳᠠᠪᠤᠷᠢ (ᠳᠠᠩᠰᠠᠯᠠᠭᠤᠯᠤᠭᠰᠠᠨ ᠭᠠᠯ ᠰᠡᠷᠭᠡᠢᠯᠡᠵᠦ ᠤᠨᠲᠠᠷᠠᠭᠠᠬᠤ ᠢᠨᠵᠧᠨᠧᠷ᠎ᠦᠨ ᠠᠵᠢᠯ ᠡᠷᠬᠢᠯᠡᠬᠥ ᠬᠢᠷᠢ ᠬᠡᠮ ᠪᠤᠶᠤ ᠢᠨᠵᠧᠨᠧᠷᠢᠩ᠎ᠦᠨ ᠲᠥᠷᠥᠯ᠎ᠦᠨ ᠳᠤᠮᠳᠠ ᠵᠡᠷᠭᠡ᠎ᠡᠴᠡ ᠳᠡᠭᠡᠭᠰᠢᠬᠢ ᠮᠡᠷᠭᠡᠵᠢᠯ᠎ᠦᠨ ᠴᠣᠯᠠ ᠣᠯᠣᠭᠰᠠᠨ ᠪᠠᠢᠪᠠᠯ ᠵᠣᠬᠢᠨ᠎ᠠ)᠎ᠲᠠᠢ ᠪᠠᠢᠬᠤ ᠬᠡᠷᠡᠭᠲᠡᠢ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠎ᠳᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠪᠠᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠵᠦ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠳᠤ ᠬᠣᠯᠪᠣᠭᠳᠠᠭᠰᠠᠨ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠦ ᠨᠢ ᠮᠡᠳᠡᠭᠦᠯᠬᠦ ᠬᠡᠷᠡᠭᠲᠡᠢ᠃ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ ᠨᠢ ᠲᠣᠬᠢᠷᠠᠭᠤᠯᠤᠯᠲᠠ ᠪᠤᠶᠤ ᠪᠤᠰᠤᠳ ᠰᠢᠯᠲᠠᠭᠠᠨ᠎ᠠᠴᠠ ᠪᠣᠯᠵᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢᠨ ᠠᠷᠭ᠎ᠠ ᠦᠭᠡᠢ ᠪᠣᠯᠤᠭᠰᠠᠨ ᠦᠶ᠎ᠡ᠎ᠳᠦ᠂ ᠡᠮᠦᠨᠡᠬᠢ ᠵᠤᠷᠪᠤᠰ᠎ᠲᠤ ᠲᠣᠭᠲᠠᠭᠠᠭᠰᠠᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯ᠎ᠢ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠎ᠡᠴᠡ ᠬᠠᠷᠢᠭᠤᠴᠠᠨ ᠬᠡᠷᠡᠭᠵᠢᠭᠦᠯᠦᠨ᠎ᠡ᠃
ᠠᠷᠪᠠᠳᠤᠭᠠᠷ ᠵᠦᠢᠯ ᠨᠢᠭᠡᠴᠢ᠎ᠶᠢᠨ ᠡᠯ᠎ᠡ ᠠᠵᠢᠯ᠎ᠤᠨ ᠪᠠᠢᠷᠢ᠎ᠳᠠᠬᠢ ᠬᠠᠷᠢᠭᠤᠴᠠᠯᠭᠠᠲᠠᠨ ᠨᠢ ᠳᠣᠣᠷᠠᠬᠢ ᠡᠭᠦᠷᠭᠡ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠲᠡᠢ᠄
(ᠨᠢᠭᠡ) ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ ᠪᠤᠶᠤ ᠳᠡᠭᠡᠳᠦ ᠱᠠᠲᠤᠨ᠎ᠤ ᠭᠠᠯ ᠰᠡᠷᠭᠡᠢᠯᠡᠵᠦ ᠤᠨᠲᠠᠷᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠠᠵᠢᠯ᠎ᠤᠨ ᠲᠣᠬᠢᠷᠠᠭᠤᠯᠤᠯᠲᠠ᠎ᠶᠢ ᠨᠠᠢᠳᠠᠪᠤᠷᠢᠵᠢᠭᠤᠯᠤᠨ᠎ᠠ;
(ᠬᠣᠶᠠᠷ) ᠬᠠᠷᠢᠭᠤᠴᠠᠯᠭ᠎ᠠ᠎ᠶᠢᠨ ᠣᠷᠣᠨ᠎ᠳᠡᠬᠢ ᠭᠠᠯ ᠰᠡᠷᠭᠡᠢᠯᠡᠬᠦ ᠠᠵᠢᠯ᠎ᠢ ᠪᠣᠳᠠᠲᠠᠢ᠎ᠪᠡᠷ ᠨᠠᠢᠳᠠᠪᠤᠷᠢᠵᠢᠭᠤᠯᠤᠨ᠎ᠠ;
(ᠭᠤᠷᠪᠠ) ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠳᠦᠷᠢᠮ᠎ᠢ ᠬᠡᠷᠡᠭᠵᠢᠭᠦᠯᠵᠦ᠂ ᠠᠵᠢᠯᠯᠠᠭᠠᠨ᠎ᠤ ᠲᠠᠯᠠᠪᠤᠷ ᠭᠠᠵᠠᠷ᠎ᠤᠨ ᠠᠮᠤᠷ ᠲᠦᠪᠰᠢᠨ᠎ᠦ ᠠᠷᠭ᠎ᠠ ᠬᠡᠮᠵᠢᠶ᠎ᠡ᠎ᠳᠤ ᠪᠠᠢᠴᠠᠭᠠᠯᠲᠠ ᠬᠢᠨ᠎ᠡ;
(ᠳᠥᠷᠪᠡ) ᠬᠠᠷᠢᠭᠤᠴᠠᠯᠭ᠎ᠠ᠎ᠶᠢᠨ ᠣᠷᠣᠨ᠎ᠤ ᠳᠣᠲᠣᠷᠠᠬᠢ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠪᠦᠷᠢᠨ ᠪᠦᠲᠦᠨ ᠪᠥᠭᠡᠳ ᠪᠦᠲᠦᠮᠵᠢᠲᠡᠢ ᠪᠠᠢᠬᠤ ᠡᠰᠡᠬᠦ᠎ᠶᠢ ᠪᠠᠢᠴᠠᠭᠠᠵᠤ᠂ ᠲᠠᠷᠬᠠᠭᠠᠨ ᠵᠠᠢᠯᠠᠭᠤᠯᠬᠤ ᠨᠡᠪᠳᠡᠷᠡᠯ ᠵᠠᠮ ᠪᠠ ᠠᠶᠤᠯ ᠦᠭᠡᠢ ᠭᠠᠷᠴᠠ᠎ᠶᠢᠨ ᠰᠠᠭᠠᠳ ᠦᠭᠡᠢ ᠨᠡᠪᠲᠡᠷᠡᠬᠦ᠎ᠶᠢ ᠪᠠᠲᠤᠯᠠᠨ᠎ᠠ;
(ᠲᠠᠪᠤ) ᠭᠠᠯ ᠰᠡᠷᠭᠡᠢᠯᠡᠵᠦ ᠤᠨᠲᠠᠷᠠᠭᠠᠬᠤ ᠬᠠᠤᠯᠢ ᠳᠦᠷᠢᠮ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠴᠠᠭ ᠲᠤᠬᠠᠢ᠎ᠳᠤ ᠨᠢ ᠬᠣᠷᠢᠭ᠍ᠯᠠᠨ ᠵᠣᠭᠰᠣᠭᠠᠨ᠎ᠠ;
(ᠵᠢᠷᠭᠤᠭ᠎ᠠ) ᠲᠤᠰ ᠠᠵᠢᠯ᠎ᠤᠨ ᠪᠠᠢᠷᠢ᠎ᠶᠢᠨ ᠭᠠᠯ᠎ᠤᠨ ᠠᠶᠤᠯ᠎ᠤᠨ ᠲᠦᠭᠰᠢᠭᠦᠷᠢᠲᠦ ᠴᠢᠨᠠᠷ᠂ ᠭᠠᠯ᠎ᠤᠨ ᠠᠶᠤᠯ᠎ᠢ ᠰᠡᠷᠭᠡᠢᠯᠡᠬᠦ ᠠᠷᠭ᠎ᠠ ᠬᠡᠮᠵᠢᠶ᠎ᠡ᠂ ᠭᠠᠯ ᠤᠨᠲᠠᠷᠠᠭᠠᠬᠤ ᠠᠷᠭ᠎ᠠ᠂ ᠠᠮᠢ ᠵᠢᠭᠤᠲᠠᠬᠤ ᠠᠷᠭ᠎ᠠ᠎ᠶᠢ ᠪᠣᠯᠪᠠᠰᠤᠷᠠᠩᠭᠤᠢ ᠡᠵᠡᠮᠰᠢᠭᠰᠡᠨ ᠪᠠᠢᠬᠤ ᠬᠡᠷᠡᠭᠲᠡᠢ;
(ᠲᠤᠯᠦᠭ᠎ᠠ) ᠲᠦᠭᠰᠢᠭᠦᠷᠢ ᠮᠡᠳᠡᠭᠦᠯᠬᠦ ᠵᠥᠪ ᠠᠷᠭ᠎ᠠ᠎ᠶᠢ ᠡᠵᠡᠮᠰᠢᠵᠦ᠂ ᠭᠠᠯ ᠰᠡᠷᠭᠡᠢᠯᠡᠵᠦ ᠤᠨᠲᠠᠷᠠᠭᠠᠬᠤ ᠡᠯ᠎ᠡ ᠵᠦᠢᠯ᠎ᠦᠨ ᠪᠡᠯᠡᠳᠬᠡᠮᠵᠢ ᠪᠠ ᠬᠡᠷᠡᠭᠰᠡᠯ᠎ᠤᠨ ᠬᠡᠷᠡᠭᠯᠡᠬᠦ ᠠᠷᠭ᠎ᠠ᠎ᠶᠢ ᠰᠠᠢᠨ ᠮᠡᠳᠡᠵᠦ᠂ ᠭᠠᠯ᠎ᠤᠨ ᠠᠶᠤᠯ ᠡᠭᠦᠰᠬᠦ ᠦᠶ᠎ᠡ᠎ᠳᠦ ᠲᠠᠷᠬᠠᠭᠠᠨ ᠵᠠᠢᠯᠠᠭᠤᠯᠬᠤ ᠪᠡᠯᠡᠳᠬᠡᠯ ᠲᠥᠰᠥᠯ᠎ᠦᠨ ᠶᠣᠰᠣᠭᠠᠷ ᠬᠥᠮᠥᠰ᠎ᠢ ᠵᠣᠬᠢᠶᠠᠨ ᠪᠠᠢᠭᠤᠯᠬᠤ ᠪᠠ ᠬᠥᠲᠥᠯᠥᠨ ᠵᠢᠯᠤᠭᠣᠳᠴᠤ ᠪᠠᠢᠭᠠᠳ ᠲᠠᠷᠬᠠᠭᠠᠨ ᠵᠠᠢᠯᠠᠭᠤᠯᠤᠨ᠎ᠠ;
(ᠨᠠᠢ᠍ᠮᠠ) ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠲᠦ ᠦᠨᠡᠨ ᠮᠥᠨ᠎ᠢᠶᠡᠷ ᠨᠢ ᠬᠠᠮᠵᠢᠯᠴᠠᠨ ᠭᠠᠯ᠎ᠦᠨ ᠡ᠊ᠨᠳᠡᠯ᠎ᠢ ᠪᠠᠢᠴᠠᠭᠠᠬᠤ ᠠᠵᠢᠯ ᠥᠷᠨᠢᠭᠦᠯᠵᠦ᠂ ᠭᠠᠯ᠎ᠦᠨ ᠡ᠊ᠨᠳᠡᠯ ᠭᠠᠷᠬᠤ ᠲᠠᠢ ᠬᠣᠯᠪᠣᠭᠳᠠᠬᠤ ᠰᠦᠪᠡᠭᠴᠢ᠎ᠶᠢ ᠢᠳᠡᠪᠬᠢᠲᠡᠢ᠎ᠪᠡᠷ ᠬᠠᠩᠭᠠᠨ᠎ᠠ;
(ᠶᠢᠰᠦ) ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠪᠤᠰᠤᠳ ᠠᠵᠢᠯ᠎ᠢ ᠪᠡᠶᠡᠯᠡᠭᠦᠯᠬᠦ ᠬᠡᠷᠡᠭᠲᠡᠢ᠃
ᠨᠢᠭᠡᠴᠢ᠎ᠶᠢᠨ ᠡᠯ᠎ᠡ ᠠᠵᠢᠯ᠎ᠤᠨ ᠪᠠᠢᠷᠢ᠎ᠶᠢᠨ ᠬᠠᠷᠢᠭᠤᠴᠠᠯᠭᠠᠲᠠᠨ᠎ᠤ ᠬᠠᠷᠠᠭᠠᠯᠵᠠᠭᠰᠠᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠠᠵᠢᠯ᠎ᠤᠨ ᠪᠠᠢᠷᠢ᠎ᠶᠢᠨ ᠬᠠᠮᠢᠶᠠᠷᠤᠯᠲᠠ᠎ᠶᠢᠨ ᠬᠢᠷᠢ ᠬᠡᠮ᠎ᠦᠨ ᠦᠨᠡᠮᠯᠡᠯ ᠭᠠᠷᠳᠠᠬᠤ᠎ᠶᠢ ᠨᠢ ᠵᠣᠷᠢᠭ᠍ᠵᠢᠭᠤᠯᠤᠨ᠎ᠠ᠃
ᠭᠤᠷᠪᠠᠳᠤᠭᠠᠷ ᠪᠦᠯᠦᠭ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠨᠡᠢᠳᠡᠮ ᠬᠡᠷᠡᠭᠯᠡᠬᠦ ᠬᠠᠮᠢᠶᠠᠷᠤᠯᠲᠠ᠎ᠶᠢᠨ ᠱᠠᠭᠠᠷᠳᠠᠯᠭ᠎ᠠ
ᠠᠷᠪᠠᠨ ᠨᠢᠭᠡᠳᠦᠭᠡᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ ᠵᠢᠴᠢ ᠲᠡᠭᠦᠨ᠎ᠦ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ᠎ᠶᠢᠨ ᠪᠠᠢᠳᠠᠯ᠎ᠢ ᠵᠢᠯ ᠪᠦᠷᠢ᠎ᠶᠢᠨ 3 ᠳ᠋ᠤᠭᠠᠷ ᠰᠠᠷ᠎ᠠ᠎ᠶᠢᠨ ᠰᠡᠭᠦᠯᠴᠢ᠎ᠡᠴᠡ ᠡᠮᠦᠨ᠎ᠡ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠲᠦ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃
ᠬᠦᠨᠳᠦ ᠶᠡᠬᠡ ᠭᠠᠯ᠎ᠦᠨ ᠠᠶᠤᠯ᠎ᠦᠨ ᠲᠠᠯᠳᠠ ᠭᠡᠮ ᠲᠠᠢ ᠨᠢᠭᠡᠴᠢ ᠵᠢᠴᠢ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ ᠨᠢ ᠲᠣᠭᠲᠠᠭᠠᠭᠰᠠᠨ ᠡᠳᠦᠷ᠎ᠡᠴᠡ ᠡᠬᠢᠯᠡᠨ 30 ᠡᠳᠦᠷ᠎ᠦᠨ ᠳᠣᠲᠣᠷ᠎ᠠ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠵᠢᠴᠢ ᠬᠠᠷᠢᠶ᠎ᠠ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠨᠢᠭᠡᠴᠢ᠎ᠶᠢᠨ᠎ᠢᠶᠠᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠪᠦᠬᠦᠯᠢ ᠴᠣᠭᠴᠠ᠎ᠶᠢᠨ ᠪᠠᠢᠳᠠᠯ᠂ ᠲᠠᠯᠳᠠ ᠭᠡᠮ᠎ᠢ ᠴᠡᠭᠴᠡᠯᠡᠨ ᠰᠠᠢᠵᠢᠷᠠᠭᠤᠯᠤᠭᠰᠠᠨ ᠪᠠᠢᠳᠠᠯ ᠵᠢᠴᠢ ᠠᠪᠤᠭᠰᠠᠨ ᠭᠠᠯ᠎ᠦᠨ ᠠᠶᠤᠯ᠎ᠦᠨ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠮᠠᠲᠧᠷᠢᠶᠠᠯ᠎ᠢᠶᠠᠨ ᠮᠡᠳᠡᠭᠦᠯᠦᠨ ᠬᠦᠷᠭᠡᠬᠦ ᠬᠡᠷᠡᠭᠲᠡᠢ᠃
ᠠᠷᠪᠠᠨ ᠬᠣᠶᠠᠳᠤᠭᠠᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ᠂ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ ᠵᠢᠴᠢ ᠨᠥᠬᠥᠴᠡᠯ ᠪᠦᠷᠢᠳᠦᠭᠦᠯᠦᠭᠰᠡᠨ ᠪᠤᠰᠤᠳ ᠨᠢᠭᠡᠴᠢ ᠨᠢ ᠬᠤᠳᠠ᠎ᠶᠢᠨ ᠭᠠᠯ᠎ᠦᠨ ᠠᠶᠤᠯ᠎ᠢ ᠣᠶᠤᠨᠴᠢ᠎ᠪᠡᠷ ᠰᠡᠷᠭᠡᠢᠯᠡᠨ ᠡᠵᠡᠮᠳᠡᠬᠦ ᠲᠠᠪᠴᠠᠩ᠎ᠢ ᠠᠯᠬᠤᠮ ᠠᠯᠬᠤᠮ᠎ᠢᠶᠠᠷ ᠵᠠᠯᠭᠠᠨ ᠣᠷᠣᠭᠤᠯᠵᠤ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢᠳᠦ ᠪᠣᠳᠠᠰᠯᠢᠭ᠋ ᠬᠣᠯᠪᠣᠭᠠᠲᠤ ᠰᠦᠯᠵᠢᠶ᠎ᠡ᠎ᠪᠡᠷ ᠬᠢᠨᠠᠨ ᠰᠢᠨᠵᠢᠬᠦ᠎ᠶᠢ ᠬᠡᠷᠡᠭᠵᠢᠭᠦᠯᠵᠦ᠂ ᠲᠤᠬᠠᠢ᠎ᠶᠢᠨ ᠴᠠᠭ᠎ᠲᠤ ᠨᠢ ᠤᠷᠢᠳᠴᠢᠯᠠᠨ ᠰᠡᠷᠡᠮᠵᠢᠯᠡᠭᠦᠯᠬᠦ᠎ᠶᠢ ᠪᠡᠶᠡᠯᠡᠭᠦᠯᠬᠦ ᠬᠡᠷᠡᠭᠲᠡᠢ᠃
ᠠᠷᠪᠠᠨ ᠭᠤᠷᠪᠠᠳᠤᠭᠠᠷ ᠵᠦᠢᠯ ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠠᠵᠢᠯ᠎ᠢ ᠳᠦᠷᠢᠮ ᠲᠣᠭᠲᠠᠭᠠᠯ ᠪᠠ ᠣᠨ᠎ᠤ ᠬᠠᠷᠠᠯᠲᠠᠲᠤ ᠰᠢᠯᠭᠠᠨ ᠬᠢᠨᠠᠯᠲᠠ ᠳᠤᠪᠡᠨ ᠣᠷᠣᠭᠤᠯᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠤ ᠬᠠᠮᠢᠶᠠᠷᠤᠭ᠍ᠴᠢ ᠵᠡᠷᠭᠡ ᠭᠣᠣᠯᠳᠠᠯᠭ᠎ᠠ ᠪᠣᠯᠬᠤ ᠠᠵᠢᠯ᠎ᠦᠨ ᠪᠠᠢᠷᠢ᠎ᠶᠢᠨ ᠬᠥᠮᠥᠰ᠎ᠢ ᠲᠣᠮᠢᠯᠠᠵᠤ ᠪᠠᠭᠤᠯᠭᠠᠬᠤ᠎ᠳᠤ᠎ᠪᠠᠨ ᠲᠡᠭᠦᠨ᠎ᠤ ᠲᠤᠰᠬᠠᠢ ᠮᠡᠷᠭᠡᠵᠢᠯ᠎ᠦᠨ ᠴᠢᠳᠠᠪᠤᠷᠢ᠎ᠶᠢ ᠨᠢ ᠴᠢᠩᠭ᠎ᠠ ᠬᠢᠨᠠᠨ ᠪᠠᠢᠴᠠᠭᠠᠬᠤ᠎ᠶᠢᠨ ᠬᠠᠮᠲᠤ᠂ ᠨᠢᠭᠡᠴᠢ᠎ᠶᠢᠨ ᠳᠦᠷᠢᠮ ᠲᠣᠭᠲᠠᠭᠠᠯ ᠳᠤᠪᠡᠨ ᠬᠦᠨᠳᠦ ᠶᠡᠬᠡ ᠪᠤᠶᠤ ᠪᠠᠴᠢᠮ ᠪᠠᠢᠳᠠᠯ᠎ᠦᠨ ᠳᠣᠣᠷ᠎ᠠ ᠲᠡᠭᠦᠨ᠎ᠤ ᠤᠳᠤᠷᠢᠳᠤᠯᠭ᠎ᠠ ᠪᠤᠶᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠢᠭᠤᠯᠤᠮᠵᠢ᠎ᠳᠦ ᠭᠠᠯ ᠰᠡᠷᠭᠡᠢᠯᠡᠵᠦ ᠤᠨᠲᠠᠷᠠᠭᠠᠬᠤ ᠠᠵᠢᠯ᠎ᠢ ᠮᠡᠳᠡᠭᠦᠯᠬᠦ ᠠᠷᠭ᠎ᠠ ᠵᠠᠮ᠎ᠢ ᠲᠣᠳᠣᠷᠬᠠᠢᠯᠠᠬᠤ ᠬᠡᠷᠡᠭᠲᠡᠢ᠃
ᠠᠷᠪᠠᠨ ᠳᠥᠷᠪᠡᠳᠦᠭᠡᠷ ᠵᠦᠢᠯ ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠳᠦ ᠬᠡᠷᠡᠭᠰᠡᠬᠦ ᠴᠢᠬᠤᠯᠠ ᠪᠦᠬᠦᠢ ᠪᠡᠯᠡ ᠮᠥᠩᠭᠥᠨ᠎ᠦ ᠣᠷᠣᠭᠤᠯᠤᠯᠲᠠ᠎ᠶᠢ ᠪᠠᠲᠤᠯᠠᠬᠤ ᠬᠡᠷᠡᠭᠲᠡᠢ᠂ ᠨᠢᠭᠡᠴᠢ᠎ᠶᠢᠨ ᠤᠳᠤᠷᠢᠳᠤᠯᠭ᠎ᠠ ᠪᠤᠶᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠢᠭᠤᠯᠤᠮᠵᠢ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ ᠪᠤᠶᠤ ᠬᠤᠪᠢ᠎ᠶᠢᠨ ᠡᠵᠡᠩᠨᠡᠯᠲᠡ᠎ᠶᠢᠨ ᠪᠡᠯᠡ ᠣᠷᠣᠭᠤᠯᠤᠭ᠍ᠴᠢ᠎ᠠᠴᠠ ᠪᠠᠲᠤᠯᠠᠭ᠎ᠠ ᠬᠠᠩᠭᠠᠬᠤ᠎ᠶᠢᠨ ᠬᠠᠮᠲᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠳᠦ ᠬᠡᠷᠡᠭᠰᠡᠬᠦ ᠴᠢᠬᠤᠯᠠ ᠪᠦᠬᠦᠢ ᠪᠡᠯᠡ ᠮᠥᠩᠭᠥᠨ᠎ᠦ ᠣᠷᠣᠭᠤᠯᠤᠯᠲᠠ ᠭᠦᠢᠴᠡᠳ ᠦᠭᠡᠢ᠎ᠡᠴᠡ ᠪᠣᠯᠤᠭᠰᠠᠨ ᠦᠷ᠎ᠡ ᠤᠷᠰᠢᠭ᠋᠎ᠲᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠵᠠᠷᠤᠳᠠᠯ᠎ᠢ ᠲᠣᠭᠲᠠᠭᠠᠯ ᠶᠣᠰᠣᠭᠠᠷ ᠭᠠᠷᠭᠠᠨ ᠠᠪᠬᠤ ᠪᠠ ᠬᠡᠷᠡᠭᠯᠡᠵᠦ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠨᠥᠬᠥᠴᠡᠯ᠎ᠢ ᠰᠠᠢᠵᠢᠷᠠᠭᠤᠯᠬᠤ᠎ᠳᠦ ᠲᠤᠰᠬᠠᠢᠯᠠᠨ ᠬᠡᠷᠡᠭᠯᠡᠵᠦ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠲᠠᠯᠳᠠ ᠭᠡᠮ᠎ᠢ ᠴᠠᠭ ᠲᠤᠬᠠᠢ᠎ᠳᠤ ᠨᠢ ᠴᠡᠭᠴᠡᠯᠡᠨ ᠰᠠᠢᠵᠢᠷᠠᠭᠤᠯᠬᠤ ᠬᠡᠷᠡᠭᠲᠡᠢ᠃ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠵᠠᠷᠤᠳᠠᠯ᠎ᠢ ᠥᠪᠡᠷ᠎ᠦᠨ ᠦᠷᠳᠡᠭ᠎ᠲᠤ ᠦᠨᠡᠨ᠎ᠢᠶᠡᠷ ᠨᠢ ᠵᠠᠷᠤᠯᠭ᠎ᠠ᠎ᠪᠠᠷ ᠵᠢᠭ᠍ᠰᠠᠭᠠᠨ᠎ᠠ᠃
ᠠᠷᠪᠠᠨ ᠲᠠᠪᠤᠳᠤᠭᠠᠷ ᠵᠦᠢᠯ ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠳᠡᠮᠳᠡᠭᠴᠢᠯᠡᠭᠰᠡᠨ ᠬᠠᠮᠢᠶᠠᠷᠤᠯᠲᠠ᠎ᠶᠢ ᠬᠡᠷᠡᠭᠵᠢᠭᠦᠯᠵᠦ᠂ ᠲᠡᠮᠳᠡᠭ᠂ ᠢᠯᠡᠳᠬᠡᠬᠦ ᠲᠡᠮᠳᠡᠭ᠂ ᠫᠠᠢᠰᠠ ᠵᠡᠷᠭᠡ ᠦᠵᠡᠭᠳᠡᠮᠡᠯ ᠠᠴᠢᠶᠠᠯᠠᠪᠤᠷᠢ᠎ᠶᠢ ᠬᠡᠷᠡᠭᠯᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠪᠠᠢᠷᠢᠰᠢᠭᠤᠯᠤᠯᠲᠠ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ ᠬᠡᠷᠡᠭᠰᠡᠯ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠣᠷᠣᠨ ᠪᠠᠢᠷᠢ ᠵᠢᠴᠢ ᠠᠶᠤᠯᠲᠠᠢ ᠲᠠᠯᠠᠪᠤᠷ ᠭᠠᠵᠠᠷ᠂ ᠠᠮᠤᠷ ᠲᠦᠪᠰᠢᠨ᠎ᠢᠶᠡᠷ ᠲᠠᠷᠬᠠᠭᠠᠨ ᠵᠠᠢᠯᠠᠭᠤᠯᠬᠤ ᠵᠡᠷᠭᠡ ᠬᠠᠮᠢᠶᠠᠷᠤᠯᠲᠠ᠎ᠶᠢᠨ ᠡᠲᠡᠭᠡᠳ᠎ᠲᠤ ᠵᠡᠭᠦᠯᠲᠡ᠂ ᠰᠠᠨᠠᠭᠤᠯᠤᠮᠵᠢ ᠪᠠ ᠰᠡᠷᠡᠮᠵᠢ ᠬᠠᠳᠠᠵᠤ ᠥᠭᠬᠦ ᠬᠡᠷᠡᠭᠲᠡᠢ᠃
ᠠᠷᠪᠠᠨ ᠵᠢᠷᠭᠤᠳᠤᠭᠠᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ᠂ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠨᠠᠷᠢᠨ ᠪᠣᠳᠠᠲᠠᠢ ᠳᠠᠨᠭᠰᠠ ᠡᠪᠬᠡᠮᠡᠯ᠎ᠢ ᠪᠠᠶ᠋ᠢᠭᠤᠯᠬᠤ ᠬᠡᠷᠡᠭᠲᠡᠢ᠂ ᠠᠭᠤᠯᠭ᠎ᠠ᠎ᠳᠦ ᠨᠢ ᠦᠨᠳᠦᠰᠦᠨ ᠪᠠᠢᠳᠠᠯ᠂ ᠬᠠᠮᠢᠶᠠᠷᠤᠯᠲᠠ᠎ᠶᠢᠨ ᠪᠠᠢᠳᠠᠯ ᠪᠠ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠲᠡᠮᠳᠡᠭᠯᠡᠯ ᠵᠡᠷᠭᠡ ᠮᠡᠳᠡᠭᠡ ᠵᠠᠩᠭᠢ᠎ᠶᠢ ᠪᠠᠭᠲᠠᠭᠠᠨ᠎ᠠ; ᠡᠯᠧᠺᠲᠷᠣᠨ ᠳᠠᠨᠭᠰᠠ ᠡᠪᠬᠡᠮᠡᠯ᠎ᠢ ᠵᠡᠷᠭᠡ᠎ᠳᠦ ᠨᠢ ᠪᠠᠢᠭᠤᠯᠵᠤ᠂ ᠭᠠᠯ ᠰᠡᠷᠭᠡᠢᠯᠡᠵᠦ ᠤᠨᠲᠠᠷᠠᠭᠠᠬᠤ ᠪᠠᠢᠴᠠᠭᠠᠯᠲᠠ ᠵᠢᠴᠢ ᠪᠡᠯᠡᠳᠬᠡᠮᠵᠢ ᠲᠥᠬᠦᠭᠡᠷᠦᠮᠵᠢ᠎ᠶᠢ ᠰᠡᠯᠪᠢᠨ ᠵᠠᠰᠠᠭᠰᠠᠨ᠂ ᠰᠣᠯᠢᠭ᠍ᠰᠠᠨ ᠪᠠᠢᠳᠠᠯ᠎ᠢ ᠲᠤᠬᠠᠢ᠎ᠶᠢᠨ ᠴᠠᠭ᠎ᠲᠤ ᠨᠢ ᠲᠡᠮᠳᠡᠭᠯᠡᠵᠦ᠂ ᠠᠭᠤᠯᠭ᠎ᠠ᠎ᠳᠤ ᠨᠢ ᠠᠵᠢᠯᠲᠠᠨ᠂ ᠴᠠᠭ᠂ ᠪᠡᠯᠡᠳᠬᠡᠮᠵᠢ᠎ᠶᠢᠨ ᠣᠷᠣᠨ ᠪᠠᠢᠷᠢ᠂ ᠰᠠᠭᠠᠳ ᠲᠣᠳᠬᠠᠷ᠎ᠢ ᠰᠢᠢᠳᠪᠦᠷᠢᠯᠡᠭᠰᠡᠨ ᠵᠡᠷᠭᠡ ᠮᠡᠳᠡᠭᠡ ᠵᠠᠩᠭᠢ᠎ᠶᠢ ᠪᠠᠭᠲᠠᠭᠠᠬᠤ ᠬᠡᠷᠡᠭᠲᠡᠢ᠃ ᠭᠠᠯ ᠰᠡᠷᠭᠡᠢᠯᠡᠵᠦ ᠤᠨᠲᠠᠷᠠᠭᠠᠬᠤ ᠲᠠᠨᠭᠰᠠ ᠡᠪᠬᠡᠮᠡᠯ᠎ᠢ ᠲᠣᠭᠲᠠᠭᠠᠯ ᠶᠣᠰᠣᠭᠠᠷ ᠳᠠᠩᠰᠠ ᠡᠪᠬᠡᠮᠡᠯ᠎ᠳᠤ ᠣᠷᠣᠭᠤᠯᠤᠨ ᠬᠠᠳᠠᠭᠠᠯᠠᠬᠤ ᠬᠡᠷᠡᠭᠲᠡᠢ᠃
ᠠᠷᠪᠠᠨ ᠳᠣᠯᠣᠳᠤᠭᠠᠷ ᠵᠦᠢᠯ ᠨᠢᠭᠡᠴᠢ ᠨᠢ ᠭᠠᠯ ᠡᠭᠦᠰᠬᠡᠬᠦ ᠠᠮᠤᠷ ᠲᠦᠪᠰᠢᠨ᠎ᠦ ᠬᠠᠮᠢᠶᠠᠷᠤᠯᠲᠠ᠎ᠶᠢᠨ ᠳᠦᠷᠢᠮ᠎ᠢ ᠪᠠᠢᠭᠤᠯᠤᠨ ᠲᠡᠭᠦᠯᠳᠡᠷᠵᠢᠭᠦᠯᠵᠦ᠂ ᠭᠠᠯ ᠡᠭᠦᠰᠬᠡᠬᠦ ᠠᠵᠢᠯᠯᠠᠭᠠᠨ᠎ᠤ ᠬᠠᠮᠢᠶᠠᠷᠤᠯᠲᠠ᠎ᠶᠢᠨ ᠬᠠᠷᠢᠭᠤᠴᠠᠯᠭᠠᠲᠤ ᠰᠠᠯᠠᠭ᠎ᠠ ᠮᠥᠴᠢᠷ ᠪᠠ ᠬᠠᠷᠢᠭᠤᠴᠠᠯᠭᠠᠲᠠᠨ ᠵᠢᠴᠢ ᠭᠠᠯ ᠡᠭᠦᠰᠬᠡᠬᠦ ᠠᠵᠢᠯᠯᠠᠭᠠᠨ᠎ᠤ ᠬᠢᠨᠠᠨ ᠵᠥᠪᠰᠢᠶᠡᠷᠡᠬᠦ ᠬᠡᠪᠴᠢᠶ᠎ᠡ᠂ ᠲᠡᠰ ᠳᠠᠷᠠᠭᠠᠯᠠᠯ ᠪᠠ ᠱᠠᠭᠠᠷᠳᠠᠯᠭ᠎ᠠ᠎ᠶᠢ ᠲᠣᠳᠣᠷᠬᠠᠢᠯᠠᠬᠤ ᠬᠡᠷᠡᠭᠲᠡᠢ᠃
ᠭᠠᠯ ᠡᠭᠦᠰᠬᠡᠬᠦ ᠠᠵᠢᠯᠯᠠᠭᠠᠨ᠎ᠠᠴᠠ ᠡᠮᠦᠨ᠎ᠡ᠂ ᠪᠠᠷᠢᠯᠭ᠎ᠠ᠎ᠶᠢᠨ ᠭᠣᠣᠯ ᠣᠷᠤᠴᠠ᠂ ᠠᠵᠢᠯᠯᠭᠠᠠᠨᠤ ᠲᠤᠬᠠᠢ᠎ᠶᠢᠨ ᠲᠠᠯᠠᠪᠠᠢ ᠪᠠ ᠪᠤᠰᠤᠳ ᠭᠣᠣᠯᠳᠠᠯᠭ᠎ᠠ ᠪᠣᠯᠬᠤ ᠢᠯᠡᠷᠬᠡᠢ ᠪᠠᠢᠷᠢᠨ᠎ᠳᠤ ᠠᠯᠪᠠᠨ ᠵᠡᠷ ᠨᠡᠢᠲᠡᠯᠡᠬᠦ ᠬᠡᠷᠡᠭᠲᠡᠢ᠂ ᠦᠨᠡᠮᠯᠡᠯ ᠦᠭᠡᠢ᠂ ᠬᠥᠮᠥᠨ ᠪᠠ ᠦᠨᠡᠮᠯᠡᠯ ᠨᠢ ᠨᠡᠢᠴᠡᠬᠦ ᠦᠭᠡᠢ ᠬᠥᠮᠥᠨ᠎ᠢᠶᠡᠷ ᠴᠠᠬᠢᠯᠭᠠᠨ᠎ᠢᠶᠠᠷ ᠭᠠᠩᠨᠠᠬᠤ᠂ ᠬᠡᠢ᠎ᠪᠡᠷ ᠭᠠᠩᠨᠠᠬᠤ᠂ ᠬᠡᠢ᠎ᠪᠡᠷ ᠣᠭᠲᠣᠯᠬᠤ ᠠᠵᠢᠯ᠎ᠢ ᠬᠢᠯᠭᠡᠵᠦ ᠪᠣᠯᠬᠤ ᠦᠭᠡᠢ᠃ ᠭᠠᠯ ᠡᠭᠦᠰᠬᠡᠨ ᠠᠵᠢᠯᠯᠠᠬᠤ ᠬᠤᠭᠤᠴᠠᠭᠠᠨ᠎ᠳᠤ ᠭᠠᠯ ᠡᠭᠦᠰᠬᠡᠬᠦ ᠣᠷᠣᠨ ᠪᠦᠰᠡ ᠳᠣᠲᠣᠷᠠᠬᠢ ᠵᠢᠴᠢ ᠡᠷᠬᠢᠨ ᠲᠣᠭᠣᠷᠢᠨ᠎ᠤ ᠨᠣᠴᠣᠮᠠᠲᠠᠭᠠᠢ ᠰᠢᠲᠠᠮᠠᠬᠠᠢ ᠪᠣᠳᠠᠰ᠎ᠢ ᠴᠡᠪᠡᠷᠯᠡᠨ ᠠᠷᠢᠯᠭᠠᠬᠤ ᠬᠡᠷᠡᠭᠲᠡᠶ; ᠠᠵᠢᠯᠯᠠᠭᠠᠨ᠎ᠤ ᠲᠤᠬᠠᠢ᠎ᠶᠢᠨ ᠲᠠᠯᠠᠪᠠᠢ᠎ᠳᠤ ᠨᠢ ᠭᠠᠯ ᠤᠨᠲᠠᠷᠠᠭᠠᠬᠤ ᠬᠡᠷᠡᠭᠰᠡᠯ ᠲᠣᠬᠢᠷᠠᠭᠤᠯᠵᠤ᠂ ᠲᠤᠬᠠᠢ᠎ᠶᠢᠨ ᠲᠠᠯᠠᠪᠠᠢ᠎ᠶᠢᠨ ᠬᠢᠨᠠᠨ ᠬᠠᠮᠠᠭᠠᠯᠠᠭ᠍ᠴᠢ ᠪᠠ ᠠᠮᠤᠷ ᠲᠦᠪᠰᠢᠨ᠎ᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ᠂ ᠲᠠᠷᠬᠠᠭᠠᠨ ᠵᠠᠢᠯᠠᠭᠤᠯᠬᠤ ᠨᠡᠪᠲᠡᠷᠡᠯ ᠵᠠᠮ᠎ᠤᠨ ᠰᠠᠭᠠᠳ ᠦᠭᠡᠢ ᠨᠡᠪᠲᠡᠷᠡᠬᠦ᠎ᠶᠢ ᠪᠠᠲᠤᠯᠠᠬᠤ ᠬᠡᠷᠡᠭᠲᠡᠢ᠃ ᠠᠵᠢᠯ ᠳᠠᠭᠤᠰᠤᠭᠰᠠᠨ᠎ᠤ ᠲᠡᠷᠡᠭ᠎ᠠ ᠠᠮᠤᠷ ᠲᠦᠪᠰᠢᠨ᠎ᠦ ᠪᠠᠢᠴᠠᠭᠠᠯᠲᠠ ᠬᠢᠵᠦ᠂ ᠠᠮᠤᠷ ᠲᠦᠪᠰᠢᠨ ᠪᠤᠰᠤ ᠲᠡᠯᠳᠠ ᠭᠡᠮ᠎ᠢ ᠠᠷᠢᠯᠭᠠᠬᠤ ᠬᠡᠷᠡᠭᠲᠡᠢ᠃
ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠭᠠᠵᠠᠷ᠎ᠢ ᠬᠡᠷᠡᠭᠯᠡᠬᠦ ᠪᠤᠶᠤ ᠡᠵᠡᠩᠨᠡᠵᠦ ᠪᠠᠢᠭ᠎ᠠ ᠬᠤᠭᠤᠴᠠᠭᠠᠨ᠎ᠳᠤ ᠭᠠᠯ ᠡᠭᠦᠰᠬᠡᠨ ᠠᠵᠢᠯᠯᠠᠬᠤ᠎ᠶᠢ ᠴᠢᠩᠭ᠎ᠠ ᠬᠣᠷᠢᠭ᠍ᠯᠠᠨ᠎ᠠ᠃
ᠠᠷᠪᠠᠨ ᠨᠠᠢ᠍ᠮᠠᠳᠤᠭᠠᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ᠎ᠦᠨ ᠬᠥᠮᠥᠰ ᠵᠢᠵᠢᠭᠦᠷᠯᠡᠵᠦ ᠪᠠᠢᠭ᠎ᠠ ᠬᠤᠭᠤᠴᠠᠭᠠᠨ ᠳᠤᠪᠡᠨ ᠳᠤᠷ᠎ᠠ᠎ᠪᠠᠷ ᠠᠵᠢᠯ᠎ᠤᠨ ᠪᠠᠢᠷᠢ᠎ᠠᠴᠠ᠎ᠪᠠᠨ ᠰᠠᠯᠬᠤ᠂ ᠠᠵᠢᠯ ᠠᠴᠠ᠎ᠪᠠᠨ ᠰᠠᠯᠬᠤ ᠪᠤᠶᠤ ᠵᠢᠵᠢᠭᠦᠷᠯᠡᠬᠦ ᠠᠵᠢᠯ ᠯᠤᠭ᠎ᠠ ᠬᠠᠮᠢᠶ᠎ᠠ ᠦᠭᠡᠢ ᠠᠵᠢᠯᠯᠠᠭ᠎ᠠ ᠬᠢᠬᠦ᠎ᠶᠢ ᠡᠷᠡᠰ ᠴᠠᠭᠠᠵᠠᠯᠠᠨ᠎ᠠ; 2 ᠴᠠᠭ᠎ᠲᠤ ᠨᠢᠭᠡ ᠤᠳᠠᠭ᠎ᠠ ᠵᠢᠵᠢᠭᠦᠷᠯᠡᠵᠦ ᠪᠠᠢᠭ᠎ᠠ ᠵᠢᠴᠢ ᠭᠠᠯ ᠰᠡᠷᠭᠡᠢᠯᠡᠵᠦ ᠤᠨᠲᠠᠷᠠᠭᠠᠬᠤ ᠲᠥᠬᠦᠭᠡᠷᠦᠮᠵᠢ᠎ᠶᠢᠨ ᠠᠵᠢᠯᠯᠠᠭᠠᠨ᠎ᠤ ᠪᠠᠢᠳᠠᠯ᠎ᠢ ᠲᠡᠮᠳᠡᠭᠯᠡᠵᠦ᠂ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭᠲᠠᠬᠢ ᠭᠠᠯ ᠰᠡᠷᠭᠡᠢᠯᠡᠵᠦ ᠤᠨᠲᠠᠷᠠᠭᠠᠬᠤ ᠲᠥᠬᠦᠭᠡᠷᠦᠮᠵᠢ᠎ᠶᠢᠨ ᠭᠠᠯ᠎ᠤᠨ ᠰᠡᠷᠡᠮᠵᠢ ᠪᠤᠶᠤ ᠭᠡᠮ ᠰᠠᠭᠠᠳ᠎ᠤᠨ ᠪᠠᠢᠳᠠᠯ᠎ᠢ ᠴᠠᠭ ᠲᠤᠬᠠᠢ᠎ᠳᠤ ᠨᠢ ᠲᠡᠮᠳᠡᠭᠯᠡᠬᠦ ᠬᠡᠷᠡᠭᠲᠡᠢ᠃ ᠣᠯᠠᠨ ᠨᠢᠭᠡᠴᠢ᠎ᠶᠢᠨ ᠬᠠᠮᠲᠤ᠎ᠪᠠᠷ ᠬᠡᠷᠡᠭᠯᠡᠵᠦ ᠪᠠᠢᠭ᠎ᠠ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ ᠪᠣᠯ ᠬᠠᠮᠢᠶᠠᠷᠤᠯᠲᠠ᠎ᠶᠢᠨ ᠨᠢᠭᠡᠴᠢ᠂ ᠵᠢᠵᠢᠭᠦᠷᠯᠡᠬᠦ ᠡᠭᠦᠷᠭᠡ ᠬᠠᠷᠢᠭᠤᠴᠠᠯᠭ᠎ᠠ᠂ ᠡᠭᠡᠯᠵᠢ ᠲᠤᠰᠢᠶᠠᠬᠤ ᠪᠠ ᠭᠥᠯᠢᠶᠡᠨ ᠠᠪᠬᠤ ᠴᠤᠪᠤᠷᠠᠯ ᠵᠢᠴᠢ ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠲᠤᠨ ᠳᠠᠭᠠᠬᠤ ᠲᠣᠭᠲᠠᠴᠠ᠎ᠶᠢ ᠪᠢᠴᠢᠭ᠎ᠦᠨ ᠬᠡᠯᠪᠡᠷᠢ᠎ᠪᠡᠷ ᠲᠣᠳᠣᠷᠬᠠᠢᠯᠠᠵᠤ᠂ ᠮᠡᠳᠡᠭᠡ ᠵᠠᠩᠭᠢ᠎ᠪᠡᠨ ᠬᠠᠷᠢᠯᠴᠠᠨ ᠨᠡᠪᠲᠡᠷᠡᠯᠴᠡᠬᠦ᠎ᠶᠢᠨ ᠬᠠᠮᠲᠤ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ᠎ᠲᠤ ᠬᠣᠲᠠ᠎ᠶᠢᠨ ᠭᠠᠯ᠎ᠤᠨ ᠠᠶᠤᠯ᠎ᠢ ᠣᠶᠤᠨᠴᠢ᠎ᠪᠡᠷ ᠰᠡᠷᠭᠡᠢᠯᠡᠨ ᠡᠵᠡᠮᠳᠡᠬᠦ ᠲᠠᠪᠴᠠᠩ᠎ᠢ ᠵᠠᠯᠭᠠᠨ ᠣᠷᠣᠭᠤᠯᠵᠤ᠂ ᠠᠯᠤᠰ᠎ᠡᠴᠡ ᠲᠣᠭᠣᠷᠢᠨ ᠪᠠᠢᠴᠠᠭᠠᠬᠤ᠂ ᠠᠦ᠋ᠲ᠋ᠣ᠋ ᠲᠦᠭᠰᠢᠭᠦᠷᠢ ᠮᠡᠳᠡᠭᠦᠯᠬᠦ᠎ᠶᠢᠨ ᠬᠠᠮᠲᠤᠷᠠᠨ ᠬᠥᠳᠡᠯᠦᠯᠴᠡᠬᠦ ᠴᠢᠳᠠᠮᠵᠢ᠎ᠶᠢ ᠪᠡᠶᠡᠯᠡᠭᠦᠯᠬᠦ ᠬᠡᠷᠡᠭᠲᠡᠢ᠃ ᠬᠣᠲᠠ᠎ᠶᠢᠨ ᠭᠠᠯ᠎ᠤᠨ ᠠᠶᠤᠯ᠎ᠢ ᠣᠶᠤᠨᠴᠢ᠎ᠪᠡᠷ ᠰᠡᠷᠭᠡᠢᠯᠡᠨ ᠡᠵᠡᠮᠳᠡᠬᠦ ᠲᠠᠪᠴᠠᠩ᠎ᠢᠶᠠᠷ ᠳᠠᠮᠵᠢᠭᠤᠯᠤᠨ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ᠎ᠤᠨ ᠪᠣᠶ ᠪᠦᠬᠦᠢ ᠡᠵᠡᠮᠳᠡᠬᠦ ᠴᠢᠳᠠᠮᠵᠢ᠎ᠶᠢ ᠠᠯᠤᠰ᠎ᠠᠴᠠ ᠠᠵᠢᠯᠯᠠᠭᠤᠯᠵᠤ ᠳᠡᠶ᠋ᠢᠯᠬᠦ᠎ᠶᠢ ᠪᠡᠶᠡᠯᠡᠭᠦᠯᠵᠦ᠂ ᠡᠭᠡᠯᠵᠢ ᠪᠦᠷᠢᠳᠦ 1 ᠬᠥᠮᠥᠨ᠎ᠡᠴᠡ ᠳᠤᠲᠠᠭᠤ ᠪᠠᠢᠯᠭᠠᠬᠤ ᠦᠭᠡᠢ᠃
ᠠᠷᠪᠠ ᠶᠢᠰᠦᠳᠦᠭᠡᠷ ᠵᠦᠢᠯ ᠠᠳᠠᠯ ᠠᠬᠤᠢ᠎ᠶᠢᠨ ᠬᠠᠮᠢᠶᠠᠷᠤᠯᠲᠠ᠎ᠶᠢᠨ ᠨᠢᠭᠡᠴᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ᠎ᠤᠨ ᠲᠣᠭᠲᠠᠭᠠᠯ ᠪᠠ ᠭᠡᠷ᠎ᠡ᠎ᠶᠢᠨ ᠪᠣᠯᠵᠣᠯ ᠶᠣᠰᠣᠭᠠᠷ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠰᠡᠷᠭᠡᠢᠯᠡᠯᠲᠡ᠎ᠶᠢᠨ ᠦᠢᠯᠡᠴᠢᠯᠡᠭᠡ ᠬᠠᠩᠭᠠᠵᠤ᠂ ᠬᠠᠮᠢᠶᠠᠷᠤᠯᠲᠠ᠎ᠶᠢᠨ ᠣᠷᠣᠨ ᠪᠦᠰᠡ᠎ᠳᠡᠬᠢ ᠬᠠᠮᠲᠤ᠎ᠪᠠᠷ ᠬᠡᠷᠡᠭᠯᠡᠵᠦ ᠪᠠᠢᠭ᠎ᠠ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠂ ᠲᠠᠷᠬᠠᠭᠠᠨ ᠵᠠᠢᠯᠠᠭᠤᠯᠬᠤ ᠨᠡᠪᠲᠡᠷᠡᠯ ᠵᠠᠮ᠂ ᠠᠶᠤᠯ ᠦᠭᠡᠢ ᠭᠠᠷᠴᠠ᠂ ᠭᠠᠯ ᠰᠡᠷᠭᠡᠢᠯᠡᠵᠦ ᠤᠨᠲᠠᠷᠠᠭᠠᠬᠤ ᠲᠡᠷᠭᠡᠨ᠎ᠦ ᠨᠡᠪᠲᠡᠷᠡᠯ ᠵᠠᠮ ᠵᠡᠷᠭᠡ᠎ᠶᠢ ᠬᠠᠮᠠᠭᠠᠯᠠᠨ ᠬᠠᠮᠢᠶᠠᠷᠬᠤ ᠬᠡᠷᠡᠭᠲᠡᠶ; ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠤ ᠬᠠᠤᠯᠢ᠎ᠠᠴᠠ ᠵᠥᠷᠢᠴᠡᠭᠰᠡᠨ ᠥᠢᠯᠡ ᠠᠵᠢᠯᠯᠠᠭ᠎ᠠ᠎ᠶᠢ ᠴᠠᠭ ᠲᠤᠬᠠᠢ᠎ᠳᠦ ᠨᠢ ᠢᠳᠬᠠᠨ ᠬᠣᠷᠢᠭ᠍ᠯᠠᠵᠤ᠂ ᠢᠳᠬᠠᠨ ᠬᠣᠷᠢᠭ᠍ᠯᠠᠭᠠᠳ ᠲᠤᠰᠠ ᠦᠭᠡᠢ ᠪᠣᠯ ᠣᠷᠣᠨ ᠰᠠᠭᠤᠴᠠ ᠪᠠ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠬᠤᠳᠠ᠎ᠶᠢᠨ ᠬᠠᠮᠢᠶᠠᠷᠤᠯᠲᠠ᠂ ᠳᠣᠲᠣᠭᠠᠳᠤ᠎ᠶᠢ ᠬᠠᠮᠠᠭᠠᠯᠠᠬᠤ᠂ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠲᠡᠷᠡ ᠳᠠᠷᠤᠢ᠎ᠳᠤ ᠨᠢ ᠮᠡᠳᠡᠭᠦᠯᠬᠦ ᠬᠡᠷᠡᠭᠲᠡᠢ᠃
ᠬᠣᠷᠢᠳᠤᠭᠠᠷ ᠵᠦᠢᠯ ᠨᠢᠭᠡᠴᠢ ᠨᠢ ᠴᠠᠬᠢᠯᠭᠠᠨ ᠬᠥᠳᠡᠯᠭᠡᠭᠦᠷᠲᠦ ᠳᠤᠭᠤᠢ᠎ᠶᠢ ᠲᠥᠪᠯᠡᠷᠡᠭᠦᠯᠦᠨ ᠬᠠᠳᠠᠭᠠᠯᠠᠬᠤ ᠪᠠ ᠴᠠᠬᠢᠯᠭᠠᠨ ᠴᠡᠨᠡᠭᠯᠡᠬᠦ ᠲᠠᠯᠠᠪᠤᠷ ᠭᠠᠵᠠᠷ᠎ᠢ ᠲᠣᠭᠲᠠᠭᠠᠯ ᠶᠣᠰᠣᠭᠠᠷ ᠵᠦᠢ ᠵᠣᠬᠢᠰᠲᠠᠢ᠎ᠪᠠᠷ ᠲᠣᠬᠢᠷᠠᠭᠤᠯᠵᠤ᠂ ᠴᠢᠬᠤᠯᠠ ᠪᠦᠬᠦᠢ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠂ ᠬᠡᠷᠡᠭᠰᠡᠯ ᠪᠠ ᠸᠢᠳᠢᠤ᠋ ᠬᠢᠨᠠᠭᠤᠷᠢ ᠲᠣᠬᠢᠷᠠᠭᠤᠯᠬᠤ᠎ᠶᠢᠨ ᠬᠠᠮᠲᠤ ᠪᠦᠷᠢᠨ ᠪᠦᠲᠦᠨ ᠪᠥᠭᠡᠳ ᠪᠦᠲᠦᠮᠵᠢᠲᠡᠶ ᠪᠠᠢᠯᠭᠠᠵᠤ᠂ ᠬᠥᠲᠥᠯᠥᠨ ᠵᠢᠯᠤᠭᠣᠳᠴᠤ ᠪᠠᠢᠭᠠᠳ ᠴᠠᠬᠢᠯᠭᠠᠨ ᠬᠥᠳᠡᠯᠭᠡᠭᠦᠷᠲᠦ ᠳᠤᠭᠤᠢ᠎ᠶᠢ ᠡᠮᠬᠢ ᠵᠢᠷᠤᠮ᠎ᠲᠠᠢ᠎ᠪᠠᠷ ᠵᠣᠭᠰᠤᠭᠠᠯᠭᠠᠵᠤ᠂ ᠲᠡᠷᠭᠡ ᠵᠣᠭᠰᠤᠭᠠᠬᠤ ᠬᠠᠮᠢᠶᠠᠷᠤᠯᠲᠠ᠎ᠶᠢ ᠴᠢᠩᠭᠠᠳᠬᠠᠬᠤ ᠬᠡᠷᠡᠭᠲᠡᠢ᠃
ᠳᠥᠷᠪᠡᠳᠦᠭᠡᠷ ᠪᠦᠯᠦᠭ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ᠎ᠶᠢᠨ ᠣᠨᠴᠠᠭᠠᠢ ᠬᠠᠮᠢᠶᠠᠷᠤᠯᠲᠠ
ᠬᠣᠷᠢᠨ ᠨᠢᠭᠡᠳᠦᠭᠡᠷ ᠵᠦᠢᠯ ᠳᠣᠣᠷ᠎ᠠ ᠵᠢᠭ᠍ᠰᠠᠭᠠᠭᠰᠠᠨ ᠨᠥᠬᠥᠴᠡᠯ᠎ᠦᠨ ᠨᠢᠭᠡ᠎ᠳᠦ ᠨᠢ ᠨᠡᠢᠴᠡᠬᠦ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠭᠠᠵᠠᠷ᠂ ᠨᠣᠴᠣᠮᠠᠲᠠᠭᠠᠢ ᠳᠡᠯᠪᠡᠷᠡᠮᠡᠲᠡᠭᠡᠢ ᠲᠠᠯᠠᠪᠤᠷ ᠭᠠᠵᠠᠷ ᠪᠠ ᠠᠮᠤ ᠪᠤᠳᠠᠭ᠎ᠠ ᠢᠳᠡᠰᠢᠨ ᠲᠤᠰᠤᠨ᠎ᠤ ᠲᠣᠮᠣ᠌ ᠬᠡᠯᠪᠡᠷᠢ᠎ᠶᠢᠨ ᠰᠠᠩ ᠬᠥᠮᠥᠷᠭᠡ᠂ ᠬᠤᠳᠠ᠎ᠶᠢᠨ ᠵᠢᠮᠳᠤ ᠵᠠᠮ ᠬᠠᠷᠢᠯᠴᠠᠭᠠᠨ᠎ᠤ ᠭᠠᠵᠠᠷ ᠳᠣᠣᠷᠠᠬᠢ ᠬᠡᠰᠡᠭ᠂ ᠭᠡᠳᠤ ᠥᠨᠳᠥᠷ ᠪᠠᠷᠢᠯᠭ᠎ᠠ᠎ᠶᠢ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ᠎ᠪᠡᠷ ᠲᠣᠭᠲᠠᠭᠠᠨ᠎ᠠ᠄
(ᠨᠢᠭᠡ) ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠭᠠᠵᠠᠷ᠃
1. ᠪᠠᠷᠢᠯᠭ᠎ᠠ᠎ᠶᠢᠨ ᠶᠡᠷᠦᠩᠬᠡᠢ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ᠎ᠡᠴᠡ ᠶᠡᠬᠡ ᠪᠤᠶᠤ ᠲᠦᠮᠡ ᠭᠠᠷᠤᠢ ᠬᠥᠮᠥᠨ᠎ᠢ ᠪᠠᠭᠲᠠᠭᠠᠬᠤ ᠪᠡᠶ᠎ᠡ᠎ᠶᠢᠨ ᠲᠠᠮᠢᠷ᠎ᠤᠨ ᠲᠠᠯᠠᠪᠤᠷ (ᠣᠷᠳᠣᠨ)᠂ ᠣᠯᠠᠨ ᠨᠡᠶ᠋ᠢᠲᠡ᠎ᠶᠢᠨ ᠦᠵᠡᠰᠬᠦᠯᠡᠩ᠎ᠦᠨ ᠣᠷᠳᠣᠨ᠂ ᠮᠦᠽᠧᠢ;
2. ᠲᠠᠩ ᠳᠠᠪᠬᠤᠷᠭᠠᠲᠤ ᠪᠠᠷᠢᠯᠭ᠎ᠠ᠎ᠶᠢᠨ ᠲᠠᠯᠠᠪᠠᠶ ᠨᠢ ᠲᠦᠮᠡᠨ ᠲᠡᠭᠰᠢ ᠳᠥᠷᠪᠡᠯᠵᠢᠨ ᠮᠧᠲᠷ᠎ᠡᠴᠡ ᠶᠡᠬᠡ ᠪᠤᠶᠤ ᠪᠠᠷᠢᠯᠭ᠎ᠠ᠎ᠶᠢᠨ ᠶᠡᠷᠦᠩᠬᠡᠢ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ᠎ᠡᠴᠡ ᠶᠡᠬᠡ ᠪᠠᠢᠬᠤ ᠭᠠᠵᠠᠷ ᠳᠡᠭᠡᠷᠡᠬᠢ ᠬᠤᠳᠠᠯᠳᠤᠭᠠᠨ᠎ᠤ ᠲᠠᠯᠠᠪᠤᠷ ᠪᠠ ᠵᠠᠬ᠎ᠠ ᠳᠡᠯᠭᠡᠭᠦᠷ᠂ ᠪᠠᠷᠢᠯᠭ᠎ᠠ᠎ᠶᠢᠨ ᠶᠡᠷᠦᠩᠬᠡᠢ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ᠎ᠡᠴᠡ ᠶᠡᠬᠡ ᠪᠠᠢᠬᠤ ᠭᠠᠵᠠᠷ ᠳᠣᠣᠷᠠᠬᠢ ᠬᠤᠳᠠᠯᠳᠤᠭᠠᠨ᠎ᠤ ᠲᠠᠯᠠᠪᠤᠷ ᠪᠠ ᠵᠠᠬ᠎ᠠ ᠳᠡᠯᠭᠡᠭᠦᠷ;
3. ᠪᠠᠷᠢᠯᠭ᠎ᠠ᠎ᠶᠢᠨ ᠶᠡᠷᠦᠩᠬᠡᠢ ᠲᠠᠯᠠᠪᠠᠢ ᠨᠢ ᠲᠦᠮᠡᠨ ᠲᠡᠭᠰᠢ ᠳᠥᠷᠪᠡᠯᠵᠢᠨ ᠮᠧᠲᠷ᠎ᠡᠴᠡ ᠶᠡᠬᠡ ᠪᠤᠶᠤ 5000 ᠭᠠᠷᠤᠢ ᠬᠥᠮᠥᠨ᠎ᠢ ᠪᠠᠭᠲᠠᠭᠠᠬᠤ ᠠᠶᠠᠨᠴᠢᠳ᠎ᠦᠨ ᠲᠡᠭᠡᠭᠡᠪᠦᠷᠢ᠎ᠶᠢᠨ ᠲᠡᠷᠭᠡᠨ ᠥᠷᠲᠡᠭᠡᠨ᠎ᠤ ᠲᠡᠷᠭᠡ ᠬᠦᠯᠢᠶᠡᠬᠦ ᠦᠷᠦᠭᠡ᠂ ᠠᠶᠠᠨᠴᠢᠳ᠎ᠦᠨ ᠲᠡᠭᠡᠭᠡᠪᠦᠷᠢ᠎ᠶᠢᠨ ᠭᠠᠷᠠᠮ᠎ᠦᠨ ᠣᠩᠭᠣᠴᠠ ᠬᠦᠯᠢᠶᠡᠬᠦ ᠲᠢᠩᠬᠢᠮ᠂ ᠠᠷᠠᠳ᠎ᠦᠨ ᠬᠡᠷᠡᠭᠯᠡᠭᠡᠨ᠎ᠤ ᠨᠢᠰᠬᠡᠯ᠎ᠦᠨ ᠪᠠᠭᠤᠳᠠᠯ᠎ᠦᠨ ᠠᠶᠠᠯᠠᠯ᠎ᠦᠨ ᠥᠷᠲᠡᠭᠡᠨ᠎ᠤ ᠠᠰᠠᠷ;
4. ᠪᠠᠷᠢᠯᠭ᠎ᠠ᠎ᠶᠢᠨ ᠶᠡᠷᠦᠩᠬᠡᠢ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ᠎ᠡᠴᠡ ᠶᠡᠬᠡ ᠣᠯᠠᠨ ᠨᠡᠶ᠋ᠢᠲᠡ᠎ᠶᠢᠨ ᠨᠣᠮ ᠪᠢᠴᠢᠭ᠎ᠦᠨ ᠤᠩᠰᠢᠯᠭ᠎ᠠ᠎ᠶᠢᠨ ᠲᠠᠰᠤᠭ᠂ ᠪᠠᠷᠢᠯᠭ᠎ᠠ᠎ᠶᠢᠨ ᠶᠡᠷᠦᠩᠬᠡᠢ ᠲᠠᠯᠠᠪᠠᠶ ᠨᠢ 5000 ᠲᠡᠭᠰᠢ ᠳᠥᠷᠪᠡᠯᠵᠢᠨ ᠮᠧᠲᠷ᠎ᠡᠴᠡ ᠶᠡᠬᠡ ᠪᠥᠭᠡᠳ ᠠᠳᠠᠯᠢ ᠨᠢᠭᠡᠨ ᠠᠵᠢᠯᠯᠠᠬᠤ ᠴᠠᠭ᠎ᠤᠨ ᠬᠡᠰᠡᠭ᠎ᠲᠦ ᠦᠢᠯᠡᠳᠪᠦᠷᠢᠯᠡᠯ᠎ᠦᠨ ᠬᠥᠮᠥᠨ᠎ᠦ ᠲᠣᠭ᠎ᠠ ᠨᠢ 100 ᠬᠥᠮᠥᠨ᠎ᠡᠴᠡ ᠳᠠᠪᠠᠭᠰᠠᠨ ᠬᠥᠳᠡᠯᠮᠦᠷᠢ ᠨᠢᠭ᠍ᠲᠠᠷᠠᠩᠭᠤᠢ ᠠᠵᠤ ᠠᠬᠤᠢᠯᠠᠯ᠎ᠤᠨ ᠦᠢᠯᠡᠳᠪᠦᠷᠢᠯᠡᠵᠦ ᠪᠣᠯᠪᠠᠰᠤᠷᠠᠭᠤᠯᠬᠤ ᠦᠢᠯᠡᠳᠪᠦᠷᠢ᠎ᠶᠢᠨ ᠲᠠᠰᠤᠭ;
5. ᠪᠠᠷᠢᠯᠭ᠎ᠠ᠎ᠶᠢᠨ ᠶᠡᠷᠦᠩᠬᠡᠢ ᠲᠠᠯᠠᠪᠠᠶ ᠨᠢ 3500 ᠲᠡᠭᠰᠢ ᠳᠥᠷᠪᠡᠯᠵᠢᠨ ᠮᠧᠲᠷ᠎ᠡᠴᠡ ᠶᠡᠬᠡ ᠱᠠᠰᠢᠨ ᠰᠤᠷᠲᠠᠬᠤᠨ᠎ᠤ ᠠᠵᠢᠯᠯᠠᠭᠠᠨ᠎ᠤ ᠲᠠᠯᠠᠪᠤᠷ;
6. ᠵᠣᠴᠢᠨ᠎ᠤ ᠥᠷᠥᠭᠡ᠎ᠶᠢᠨ ᠲᠣᠭ᠎ᠠ ᠨᠢ 300᠎ᠡᠴᠡ ᠳᠡᠭᠡᠭᠰᠢ ᠪᠠᠢᠬᠤ ᠮᠥᠷᠲᠡᠭᠡᠨ ᠪᠠᠷᠢᠯᠭ᠎ᠠ᠎ᠶᠢᠨ ᠶᠡᠷᠦᠩᠬᠡᠢ ᠲᠠᠯᠠᠪᠠᠶ ᠨᠢ 3 ᠲᠦᠮᠡᠨ ᠲᠡᠭᠰᠢ ᠳᠥᠷᠪᠡᠯᠵᠢᠨ ᠮᠧᠲᠷ᠎ᠡᠴᠡ ᠶᠡᠬᠡ ᠵᠣᠴᠢᠳ᠎ᠤᠨ ᠪᠠᠭᠤᠳᠠᠯ ᠪᠠ ᠬᠣᠭᠣᠯᠠᠨ ᠭᠡᠷ;
7. ᠪᠠᠷᠢᠯᠭ᠎ᠠ᠎ᠶᠢᠨ ᠶᠡᠷᠦᠩᠬᠡᠢ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ᠎ᠡᠴᠡ ᠶᠡᠬᠡ ᠪᠠᠢᠬᠤ ᠭᠠᠵᠠᠷ ᠳᠡᠭᠡᠷᠡᠬᠢ ᠳᠠᠭᠤᠤ ᠪᠥᠵᠢᠭ ᠨᠠᠢᠷ ᠨᠠᠭᠠᠳᠤᠮ ᠺᠢᠨᠣ᠋ ᠭᠠᠷᠭᠠᠬᠤ ᠨᠠᠭᠠᠳᠤᠮ ᠲᠣᠭᠯᠠᠭᠠᠮ᠎ᠦᠨ ᠭᠠᠵᠠᠷ᠂ ᠪᠠᠷᠢᠯᠭ᠎ᠠ᠎ᠶᠢᠨ ᠶᠡᠷᠦᠩᠬᠡᠢ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ᠎ᠡᠴᠡ ᠶᠡᠬᠡ ᠪᠠᠢᠬᠤ ᠭᠠᠵᠠᠷ ᠳᠣᠣᠷᠠᠬᠢ ᠳᠠᠭᠤᠤ ᠪᠥᠵᠢᠭ ᠨᠠᠢᠷ ᠨᠠᠭᠠᠳᠤᠮ ᠺᠢᠨᠣ᠋ ᠭᠠᠷᠭᠠᠬᠤ ᠨᠠᠭᠠᠳᠤᠮ ᠲᠣᠭᠯᠠᠭᠠᠮ᠎ᠦᠨ ᠭᠠᠵᠠᠷ;
8. ᠣᠷᠣ᠌᠎ᠶᠢᠨ ᠲᠣᠭ᠎ᠠ ᠨᠢ 500᠎ᠡᠴᠡ ᠳᠡᠭᠡᠭᠰᠢ ᠪᠠᠢᠬᠤ ᠡᠮᠨᠡᠯᠭᠡ᠎ᠶᠢᠨ ᠬᠣᠷᠢᠶ᠎ᠠ ᠪᠤᠶᠤ ᠰᠤᠪᠢᠯᠠᠯᠲᠠ᠎ᠶᠢᠨ ᠬᠦᠷᠢᠶᠡᠯᠡᠩ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠬᠠᠮᠲᠤ᠎ᠶᠢᠨ ᠬᠣᠨᠣᠭᠯᠠᠬᠤ ᠲᠠᠯᠠᠪᠤᠷ ᠭᠠᠵᠠᠷ;
9. ᠣᠷᠣ᠌᠎ᠶᠢᠨ ᠲᠣᠭ᠎ᠠ ᠨᠢ 200᠎ᠡᠴᠡ ᠳᠡᠭᠡᠭᠰᠢ ᠪᠠᠢᠬᠤ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ᠎ᠦᠨ ᠴᠡᠴᠡᠷᠯᠢᠭ᠂ ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ᠎ᠶᠢᠨ ᠬᠦᠷᠢᠶᠡᠯᠡᠩ᠂ ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ᠃
(ᠬᠣᠶᠠᠷ) ᠨᠣᠴᠣᠮᠠᠲᠠᠭᠠᠢ ᠳᠡᠯᠪᠡᠷᠡᠮᠡᠲᠡᠭᠡᠢ ᠲᠠᠯᠠᠪᠤᠷ ᠭᠠᠵᠠᠷ᠃
1. ᠶᠡᠷᠦᠩᠬᠡᠢ ᠬᠠᠳᠠᠭᠠᠯᠠᠭᠳᠠᠴᠠ ᠨᠢ ᠲᠦᠮᠡᠨ ᠪᠣᠰᠣᠭ᠎ᠠ ᠳᠥᠷᠪᠡᠯᠵᠢᠨ ᠮᠧᠲᠷ᠎ᠡᠴᠡ ᠶᠡᠬᠡ ᠬᠥᠬᠡ᠂ ᠬᠥᠬᠡᠭᠴᠢᠨ ᠲᠦᠷᠦᠯ᠎ᠦᠨ ᠨᠣᠴᠣᠮᠠᠲᠠᠭᠠᠢ ᠬᠡᠢ ᠪᠡᠶᠡᠲᠦ᠎ᠶᠢ ᠦᠢᠯᠡᠳᠪᠦᠷᠢᠯᠡᠬᠦ᠂ ᠰᠠᠪᠠᠯᠠᠬᠤ᠂ ᠬᠠᠳᠠᠭᠠᠯᠠᠬᠤ᠂ ᠪᠣᠷᠣᠯᠠᠭᠤᠯᠬᠤ ᠲᠠᠯᠠᠪᠤᠷ ᠭᠠᠵᠠᠷ;
2. ᠶᠡᠷᠦᠩᠬᠡᠢ ᠬᠠᠳᠠᠭᠠᠯᠠᠭᠳᠠᠴᠠ ᠨᠢ 3 ᠲᠦᠮᠡᠨ ᠪᠣᠰᠣᠭ᠎ᠠ ᠳᠥᠷᠪᠡᠯᠵᠢᠨ ᠮᠧᠲᠷ᠎ᠡᠴᠡ ᠶᠡᠬᠡ ᠬᠥᠬᠡ᠂ ᠬᠥᠬᠡᠭᠴᠢᠨ ᠲᠦᠷᠦᠯ᠎ᠦᠨ ᠨᠣᠴᠣᠮᠠᠲᠠᠭᠠᠢ ᠰᠢᠩᠭᠡᠨ ᠪᠡᠶᠡᠲᠦ᠎ᠶᠢ ᠦᠢᠯᠡᠳᠪᠦᠷᠢᠯᠡᠬᠦ᠂ ᠰᠠᠪᠠᠯᠠᠬᠤ᠂ ᠬᠠᠳᠠᠭᠠᠯᠠᠬᠤ᠂ ᠪᠣᠷᠣᠯᠠᠭᠤᠯᠬᠤ ᠲᠠᠯᠠᠪᠤᠷ ᠭᠠᠵᠠᠷ;
3. ᠭᠠᠭᠴᠠ ᠴᠣᠭᠴᠠᠲᠤ ᠪᠠᠷᠢᠯᠭ᠎ᠠ᠎ᠶᠢᠨ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ᠎ᠡᠴᠡ ᠶᠡᠬᠡ ᠬᠥᠬᠡ᠂ ᠬᠥᠬᠡᠭᠴᠢᠨ ᠲᠥᠷᠥᠯ᠎ᠦᠨ ᠰᠢᠲᠠᠮᠠᠬᠠᠢ ᠬᠠᠲᠠᠭᠤ ᠪᠡᠶᠡᠲᠦ᠂ ᠰᠢᠲᠠᠮᠠᠬᠠᠢ ᠰᠢᠷᠬᠡᠭᠯᠢᠭ᠎ᠢ ᠦᠢᠯᠡᠳᠪᠦᠷᠢᠯᠡᠬᠦ᠂ ᠬᠠᠳᠠᠭᠠᠯᠠᠬᠤ᠂ ᠪᠣᠷᠣᠯᠠᠭᠤᠯᠬᠤ ᠲᠠᠯᠠᠪᠤᠷ ᠭᠠᠵᠠᠷ᠃
(ᠭᠤᠷᠪᠠ) ᠠᠮᠤ ᠪᠤᠳᠠᠭ᠎ᠠ ᠢᠳᠡᠰᠢᠨ ᠲᠤᠰᠤᠨ᠎ᠤ ᠲᠣᠮᠣ᠌ ᠬᠡᠯᠪᠡᠷᠢ᠎ᠶᠢᠨ ᠰᠠᠩ ᠬᠥᠮᠥᠷᠭᠡ᠂ ᠬᠤᠳᠠ᠎ᠶᠢᠨ ᠵᠢᠮᠳᠤ ᠵᠠᠮ ᠬᠠᠷᠢᠯᠴᠠᠭᠠᠨ᠎ᠤ ᠭᠠᠵᠠᠷ ᠳᠣᠣᠷᠠᠬᠢ ᠬᠡᠰᠡᠭ᠂ ᠭᠡᠳᠤ ᠥᠨᠳᠥᠷ ᠪᠠᠷᠢᠯᠭ᠎ᠠ᠃
1. ᠠᠮᠤ ᠪᠤᠳᠠᠭᠠᠨ᠎ᠤ ᠠᠰᠢᠭ᠍ᠲᠤ ᠬᠥᠮᠥᠷᠭᠡ᠎ᠶᠢᠨ ᠪᠠᠭᠲᠠᠭᠠᠮᠵᠢ ᠨᠢ 10 ᠲᠦᠮᠡᠨ ᠲᠣᠨ᠎ᠠᠴᠠ ᠳᠡᠭᠡᠭᠰᠢ ᠪᠤᠶᠤ ᠢᠳᠡᠰᠢᠨ ᠲᠤᠰᠤᠨ᠎ᠤ ᠠᠰᠢᠭ᠍ᠲᠤ ᠰᠠᠪᠠ᠎ᠶᠢᠨ ᠪᠠᠭᠲᠠᠭᠠᠮᠵᠢ ᠨᠢ 5000 ᠲᠣᠨ᠎ᠠᠴᠠ ᠳᠡᠭᠡᠭᠰᠢ ᠪᠠᠢᠬᠤ ᠠᠮᠤ ᠪᠤᠳᠠᠭ᠎ᠠ ᠢᠳᠡᠰᠢᠨ ᠲᠤᠰᠤᠨ᠎ᠤ ᠰᠠᠩ ᠬᠥᠮᠥᠷᠭᠡ;
2. ᠬᠤᠳᠠ᠎ᠶᠢᠨ ᠵᠢᠮᠳᠤ ᠵᠠᠮ ᠬᠠᠷᠢᠯᠴᠠᠭᠠᠨ᠎ᠤ ᠭᠠᠵᠠᠷ ᠳᠣᠣᠷᠠᠬᠢ ᠬᠡᠰᠡᠭ;
3. ᠭᠠᠭᠴᠠ ᠴᠣᠭᠴᠠᠲᠤ ᠪᠠᠷᠢᠯᠭ᠎ᠠ᠎ᠶᠢᠨ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ᠎ᠡᠴᠡ ᠶᠡᠬᠡ ᠪᠤᠶᠤ ᠪᠠᠷᠢᠯᠭ᠎ᠠ᠎ᠶᠢᠨ ᠥᠨᠳᠥᠷ᠎ᠦᠨ ᠬᠡᠮᠵᠢᠶ᠎ᠡ ᠨᠢ 100 ᠮᠧᠲᠷ᠎ᠡᠴᠡ ᠳᠠᠪᠠᠭᠰᠠᠨ ᠣᠯᠠᠨ ᠨᠡᠶ᠋ᠢᠲᠡ᠎ᠶᠢᠨ ᠪᠠᠷᠢᠯᠭ᠎ᠠ;
4. ᠪᠠᠷᠢᠯᠭ᠎ᠠ᠎ᠶᠢᠨ ᠭᠠᠯ ᠳᠠᠭᠠᠭᠠᠬᠤ ᠲᠡᠰ ᠨᠢ ᠭᠤᠷᠪᠠᠳᠤᠭᠠᠷ ᠳᠡᠰ᠎ᠠᠴᠠ ᠳᠣᠷᠣᠭ᠍ᠰᠢᠬᠢ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠤᠯᠬᠣ᠌ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠶᠢᠨ ᠨᠢᠭᠡᠴᠢ᠃
ᠬᠣᠷᠢᠨ ᠬᠣᠶᠠᠳᠤᠭᠠᠷ ᠵᠦᠢᠯ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ ᠨᠢ ᠭᠠᠯ᠎ᠦᠨ ᠠᠶᠤᠯ᠎ᠦᠨ ᠲᠦᠭᠰᠢᠭᠦᠷᠢᠲᠦ ᠴᠢᠨᠠᠷ᠎ᠢ ᠦᠨᠳᠦᠰᠦᠯᠡᠨ ᠭᠠᠯ ᠴᠠᠭᠠᠵᠠᠯᠠᠬᠤ ᠲᠠᠮᠠᠬᠢ ᠲᠠᠲᠠᠬᠤ᠎ᠶᠢ ᠴᠠᠭᠠᠵᠠᠯᠠᠬᠤ ᠣᠷᠣᠨ ᠪᠦᠰᠡ᠎ᠶᠢ ᠬᠤᠪᠢᠶᠠᠷᠢᠯᠠᠨ ᠲᠣᠭᠲᠠᠭᠠᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠣᠷᠣᠨ ᠪᠠᠢᠷᠢ᠎ᠶᠢ ᠲᠣᠭᠲᠠᠭᠠᠬᠤ᠎ᠶᠢᠨ ᠬᠠᠮᠲᠤ ᠢᠯᠡᠳᠬᠡᠬᠦ ᠲᠡᠮᠳᠡᠭ ᠲᠣᠬᠢᠷᠠᠭᠤᠯᠬᠤ ᠬᠡᠷᠡᠭᠲᠡᠶ; ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠦᠢᠯᠡᠳᠪᠦᠷᠢᠯᠡᠬᠦ᠂ ᠬᠠᠳᠠᠭᠠᠯᠠᠬᠤ᠂ ᠡᠵᠡᠩᠨᠡᠬᠦ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ ᠨᠢ ᠳᠡᠯᠪᠡᠷᠡᠬᠦ ᠪᠠ ᠭᠠᠯ᠎ᠦᠨ ᠠᠶᠤᠯ᠎ᠦᠨ ᠲᠦᠭᠰᠢᠭᠦᠷᠢ᠎ᠲᠠᠢ ᠣᠷᠣᠨ ᠪᠦᠰᠡ᠎ᠶᠢ ᠬᠤᠪᠢᠶᠠᠷᠢᠯᠠᠬᠤ᠎ᠶᠢᠨ ᠬᠠᠮᠲᠤ ᠰᠡᠷᠡᠮᠵᠢᠯᠡᠭᠦᠯᠬᠦ ᠢᠯᠡᠳᠬᠡᠬᠦ ᠲᠡᠮᠳᠡᠭ ᠲᠣᠬᠢᠷᠠᠭᠤᠯᠬᠤ ᠬᠡᠷᠡᠭᠲᠡᠢ᠃
ᠬᠣᠷᠢᠨ ᠭᠤᠷᠪᠠᠳᠤᠭᠠᠷ ᠵᠦᠢᠯ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ ᠨᠢ ᠳᠣᠣᠷ᠎ᠠ ᠵᠢᠭ᠍ᠰᠠᠭᠠᠭᠰᠠᠨ ᠣᠷᠣᠨ ᠪᠠᠢᠷᠢ᠎ᠶᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠣᠷᠣᠨ ᠪᠠᠢᠷᠢ᠎ᠪᠡᠷ ᠲᠣᠭᠲᠠᠭᠠᠬᠤ᠎ᠶᠢᠨ ᠬᠠᠮᠲᠤ ᠰᠠᠨᠠᠭᠤᠯᠬᠤ᠂ ᠵᠠᠷᠯᠢᠭ᠍ᠳᠠᠬᠤ ᠢᠯᠡᠳᠬᠡᠬᠦ ᠲᠡᠮᠳᠡᠭ ᠲᠣᠬᠢᠷᠠᠭᠤᠯᠬᠤ ᠬᠡᠷᠡᠭᠲᠡᠢ᠄
(ᠨᠢᠭᠡ) ᠰᠢᠲᠠᠮᠠᠬᠠᠢ ᠪᠣᠳᠠᠰ᠎ᠤᠨ ᠰᠠᠩ ᠬᠥᠮᠥᠷᠭᠡ᠂ ᠬᠤᠳᠠᠯᠳᠤᠭᠠᠨ᠎ᠤ ᠲᠠᠯᠠᠪᠤᠷ᠂ ᠵᠠᠬ᠎ᠠ ᠳᠡᠯᠭᠡᠭᠦᠷ᠎ᠦᠨ ᠡᠵᠡᠩᠨᠡᠯᠲᠡ᠎ᠶᠢᠨ ᠣᠷᠣᠨ ᠪᠦᠰᠡ;
(ᠬᠣᠶᠠᠷ) ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ᠎ᠤᠨ ᠦᠢᠯᠡᠳᠪᠦᠷᠢᠯᠡᠬᠦ ᠲᠡᠰᠦᠬ᠂ ᠡᠳ᠋ᠰᠢᠭᠦᠯᠦᠨ ᠪᠣᠯᠪᠠᠰᠤᠷᠠᠭᠤᠯᠬᠤ ᠲᠡᠰᠦᠬ᠂ ᠰᠠᠩ ᠬᠥᠮᠥᠷᠭᠡ᠂ ᠬᠠᠳᠠᠭᠠᠯᠠᠮᠵᠢ᠎ᠶᠢᠨ ᠰᠠᠪᠠ;
(ᠭᠤᠷᠪᠠ) ᠰᠢᠲᠠᠮᠠᠬᠠᠢ ᠬᠡᠢ᠂ ᠰᠢᠲᠠᠭᠠᠬᠤ ᠲᠣᠰᠣ᠌ ᠬᠡᠷᠡᠭᠯᠡᠬᠦ ᠭᠡᠷ᠂ ᠲᠣᠭᠣᠭᠠᠨ ᠭᠡᠷ᠎ᠦᠨ ᠠᠵᠢᠯᠯᠠᠬᠤ ᠲᠠᠰᠤᠯᠭ᠎ᠠ;
(ᠳᠥᠷᠪᠡ) ᠴᠠᠬᠢᠯᠭᠠᠨ ᠬᠤᠪᠢᠰᠬᠠᠬᠤ (ᠲᠦᠭᠡᠭᠡᠬᠦ) ᠲᠠᠰᠤᠭ᠂ ᠺᠣᠮᠫᠢᠦ᠋ᠲᠧᠷ᠎ᠤᠨ ᠦᠷᠦᠭᠡ᠂ ᠠᠭᠠᠷ ᠵᠣᠬᠢᠴᠠᠭᠤᠯᠤᠭ᠍ᠴᠢ᠎ᠶᠢᠨ ᠮᠠᠰᠢᠨ᠎ᠤ ᠦᠷᠦᠭᠡ ᠵᠡᠷᠭᠡ ᠲᠥᠪᠯᠡᠷᠡᠭᠦᠯᠦᠨ ᠬᠡᠷᠡᠭᠯᠡᠬᠦ ᠴᠠᠬᠢᠯᠭᠠᠨ ᠲᠥᠬᠦᠭᠡᠷᠦᠮᠵᠢ᠎ᠶᠢᠨ ᠦᠷᠦᠭᠡ;
(ᠲᠠᠪᠤ) ᠡᠮᠨᠡᠯᠭᠡ᠎ᠶᠢᠨ ᠬᠣᠷᠢᠶᠠᠨ᠎ᠤ ᠥᠨᠳᠥᠷ ᠳᠠᠷᠤᠯᠲᠠᠲᠤ ᠬᠦᠴᠢᠯᠲᠥ᠋ᠷᠥᠭᠴᠢ᠎ᠶᠢᠨ ᠦᠷᠦᠭᠡ᠂ ᠬᠦᠴᠢᠯᠲᠥ᠋ᠷᠥᠭᠴᠢ ᠬᠠᠩᠭᠠᠬᠤ ᠦᠷᠳᠡᠭᠡ᠂ ᠲᠤᠷᠰᠢᠯᠲᠠ᠎ᠶᠢᠨ ᠲᠡᠰᠦᠬ᠂ ᠮᠡᠰᠡ ᠵᠠᠰᠠᠯ᠎ᠤᠨ ᠲᠡᠰᠦᠬ;
(ᠵᠢᠷᠭᠤᠭ᠎ᠠ) ᠬᠥᠳᠡᠯᠮᠦᠷᠢ ᠨᠢᠭ᠍ᠲᠠᠷᠠᠩᠭᠤᠢ ᠠᠵᠤ ᠠᠬᠤᠢᠯᠠᠯ᠎ᠤᠨ ᠦᠢᠯᠡᠳᠪᠦᠷᠢᠯᠡᠵᠦ ᠪᠣᠯᠪᠠᠰᠤᠷᠠᠭᠤᠯᠬᠤ ᠦᠢᠯᠡᠳᠪᠦᠷᠢ᠎ᠶᠢᠨ ᠲᠠᠰᠤᠭ᠂ ᠬᠠᠮᠲᠤ᠎ᠶᠢᠨ ᠪᠠᠶ᠋ᠢᠷᠢ;
(ᠲᠤᠯᠦᠭ᠎ᠠ) ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠡᠰᠦᠬ᠂ ᠭᠠᠯ ᠰᠡᠷᠭᠡᠢᠯᠡᠵᠦ ᠤᠨᠲᠠᠷᠠᠭᠠᠬᠤ ᠤᠰᠦᠠ ᠬᠥᠭᠡᠷᠭᠡ᠎ᠶᠢᠨ ᠦᠷᠦᠭᠡ;
(ᠨᠠᠢ᠍ᠮᠠ) ᠠᠶᠤᠯ᠎ᠠᠴᠠ ᠵᠠᠢᠯᠠᠬᠤ ᠳᠠᠪᠬᠤᠷᠭ᠎ᠠ (ᠲᠠᠰᠤᠯᠭ᠎ᠠ);
(ᠶᠢᠰᠦ) ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠪᠤᠰᠤᠳ ᠭᠣᠣᠯᠳᠠᠯᠭ᠎ᠠ ᠪᠣᠯᠬᠤ ᠣᠷᠣᠨ ᠪᠠᠢᠷᠢ᠃
ᠬᠣᠷᠢᠨ ᠳᠥᠷᠪᠡᠳᠦᠭᠡᠷ ᠵᠦᠢᠯ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ ᠨᠢ ᠭᠠᠯ᠎ᠦᠨ ᠠᠶᠤᠯ᠎ᠦᠨ ᠤᠯᠠᠨ ᠨᠡᠢᠲᠡ᠎ᠶᠢᠨ ᠬᠠᠷᠢᠭᠤᠴᠠᠯᠭ᠎ᠠ᠎ᠶᠢᠨ ᠳᠠᠭᠠᠳᠬᠠᠯ᠎ᠳᠦ ᠣᠷᠣᠯᠴᠠᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠢ ᠦᠨᠡᠯᠡᠨ ᠵᠢᠱ᠌ᠢᠬᠦ ᠳᠦᠷᠢᠮ᠎ᠢ ᠪᠠᠢᠭᠤᠯᠤᠨ᠂ ᠵᠢᠯ ᠪᠦᠷᠢ ᠭᠤᠷᠪᠠᠳᠠᠭᠢ ᠡᠲᠡᠭᠡᠳ᠎ᠦᠨ ᠭᠠᠯ ᠰᠡᠷᠭᠡᠢᠯᠡᠵᠦ ᠤᠨᠲᠠᠷᠠᠭᠠᠬᠤ ᠮᠡᠷᠭᠡᠵᠢᠯ᠎ᠦᠨ ᠦᠢᠯᠡᠴᠢᠯᠡᠭᠡᠨ᠎ᠤ ᠪᠠᠢᠭᠤᠯᠤᠮᠵᠢ᠎ᠶᠢ ᠤᠷᠢᠵᠤ ᠠᠮᠤᠷ ᠲᠦᠪᠰᠢᠨ᠎ᠦ ᠦᠨᠡᠯᠡᠨ ᠵᠢᠱ᠌ᠢᠯᠲᠡ ᠬᠢᠯᠭᠡᠬᠦ ᠬᠡᠷᠡᠭᠲᠡᠶ; ᠦᠨᠡᠯᠡᠨ ᠵᠢᠱ᠌ᠢᠭᠰᠡᠨ ᠮᠡᠳᠡᠭᠦᠯᠦᠯᠲᠡ᠎ᠶᠢ ᠨᠢᠭᠡᠴᠢ᠎ᠶᠢᠨ᠎ᠢᠶᠡᠨ ᠳᠣᠲᠣᠷ᠎ᠠ ᠨᠡᠢᠲᠡᠯᠡᠬᠦ᠎ᠶᠢᠨ ᠬᠠᠮᠲᠤ᠂ ᠦᠨᠡᠯᠡᠨ ᠵᠢᠱ᠌ᠢᠵᠦ ᠳᠠᠭᠤᠰᠤᠭᠰᠠᠨ ᠡᠳᠦᠷ᠎ᠡᠴᠡ ᠡᠬᠢᠯᠡᠨ 15 ᠠᠵᠢᠯᠯᠠᠬᠤ ᠡᠳᠦᠷ᠎ᠦᠨ ᠳᠣᠲᠣᠷ᠎ᠠ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠵᠢᠴᠢ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠦᠨ ᠬᠦᠷᠭᠡᠬᠦ ᠬᠡᠷᠡᠭᠲᠡᠢ᠃
ᠬᠣᠷᠢᠨ ᠲᠠᠪᠤᠳᠤᠭᠠᠷ ᠵᠦᠢᠯ ᠬᠦᠨᠳᠦ ᠶᠡᠬᠡ ᠭᠠᠯ᠎ᠦᠨ ᠠᠶᠤᠯ᠎ᠦᠨ ᠲᠠᠯᠳᠠ ᠭᠡᠮ᠎ᠲᠠᠢ ᠨᠢᠭᠡᠴᠢ᠂ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠨᠡᠩ ᠴᠢᠩᠭ᠎ᠠ ᠬᠠᠮᠢᠶᠠᠷᠤᠯᠲᠠ᠎ᠶᠢ ᠬᠡᠷᠡᠭᠵᠢᠭᠦᠯᠵᠦ᠂ ᠴᠢᠬᠤᠯᠠᠲᠠᠢ ᠦᠶ᠎ᠡ᠎ᠳᠦ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠪᠠ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠭᠤᠶᠤᠴᠢᠯᠠᠨ ᠵᠢᠯᠣᠭᠣᠳᠤᠭᠤᠯᠬᠤ ᠬᠡᠷᠡᠭᠲᠡᠢ᠃
ᠭᠠᠯ᠎ᠦᠨ ᠠᠶᠤᠯ᠎ᠦᠨ ᠲᠦᠭᠰᠢᠭᠦᠷᠢ ᠣᠷᠣᠰᠢᠵᠤ ᠪᠠᠢᠭ᠎ᠠ ᠨᠢᠭᠡᠴᠢ᠂ ᠣᠷᠣᠨ ᠪᠠᠢᠷᠢ ᠵᠢᠴᠢ ᠲᠥᠬᠦᠭᠡᠷᠦᠮᠵᠢ᠎ᠶᠢ ᠦᠨᠡᠯᠡᠨ ᠵᠢᠱ᠌ᠢᠭᠦᠯᠦᠭᠡᠳ ᠠᠮᠤᠷ ᠲᠦᠪᠰᠢᠨ ᠬᠡᠷᠡᠭᠯᠡᠬᠦ ᠨᠥᠬᠥᠴᠡᠯ᠎ᠢ ᠪᠦᠷᠢᠳᠦᠭᠦᠯᠬᠦ ᠦᠭᠡᠢ ᠪᠠᠢᠪᠠᠯ᠂ ᠲᠡᠷᠡ ᠳᠠᠷᠤᠢ᠎ᠳᠤ ᠨᠢ ᠬᠡᠷᠡᠭᠯᠡᠬᠦ᠎ᠪᠡᠨ ᠵᠣᠭᠰᠤᠭᠠᠬᠤ᠎ᠶᠢᠨ ᠬᠠᠮᠲᠤ ᠴᠡᠭᠴᠡᠯᠡᠨ ᠰᠠᠢᠵᠢᠷᠠᠭᠤᠯᠬᠤ ᠲᠥᠰᠥᠯ ᠲᠣᠭᠲᠠᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠢᠵᠢᠷᠠᠭᠤᠯᠬᠤ᠎ᠶᠢ ᠪᠡᠶᠡᠯᠡᠭᠦᠯᠬᠦ ᠬᠡᠷᠡᠭᠲᠡᠢ᠃
ᠲᠠᠪᠤᠳᠤᠭᠠᠷ ᠪᠦᠯᠦᠭ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ
ᠬᠣᠷᠢᠨ ᠵᠢᠷᠭᠤᠳᠤᠭᠠᠷ ᠵᠦᠢᠯ ᠨᠢᠭᠡᠴᠢ ᠨᠢ ᠲᠤᠰ ᠨᠢᠭᠡᠴᠢ᠎ᠶᠢᠨ ᠪᠣᠳᠠᠲᠤ ᠪᠠᠢᠳᠠᠯ᠎ᠢᠶᠠᠨ ᠦᠨᠳᠦᠰᠦᠯᠡᠨ ᠭᠠᠯ ᠰᠡᠷᠭᠡᠢᠯᠡᠵᠦ ᠤᠨᠲᠠᠷᠠᠭᠠᠬᠤ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ᠎ᠪᠠᠨ ᠴᠢᠩᠭᠠᠳᠬᠠᠵᠤ᠂ ᠤᠯᠠᠨ ᠵᠦᠢᠯ᠎ᠦᠨ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠵᠣᠬᠢᠶᠠᠨ ᠪᠠᠢᠭᠤᠯᠤᠯᠲᠠ᠎ᠶᠢ ᠪᠠᠢᠭᠤᠯᠤᠨ᠂ ᠭᠠᠯ ᠰᠡᠷᠭᠡᠢᠯᠡᠵᠦ ᠤᠨᠲᠠᠷᠠᠭᠠᠬᠤ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ᠎ᠪᠡᠨ ᠴᠢᠩᠭᠠᠷᠠᠭᠤᠯᠵᠤ᠂ ᠭᠠᠯ᠎ᠤᠨ ᠠᠶᠤᠯ᠎ᠢ ᠤᠷᠢᠳᠴᠢᠯᠠᠨ ᠰᠡᠷᠭᠡᠢᠯᠡᠬᠦ᠂ ᠭᠠᠯ ᠤᠨᠲᠠᠷᠠᠭᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠢ᠃
ᠬᠣᠷᠢᠨ ᠳᠣᠯᠣᠳᠤᠭᠠᠷ ᠵᠦᠢᠯ ᠳᠣᠣᠷ᠎ᠠ ᠵᠢᠭ᠍ᠰᠠᠭᠠᠭᠰᠠᠨ ᠨᠥᠬᠥᠴᠡᠯ᠎ᠦᠨ ᠨᠢᠭᠡ᠎ᠳᠦ ᠨᠡᠢᠴᠡᠬᠦ ᠨᠢᠭᠡᠴᠢ ᠨᠢ ᠨᠢᠭᠡᠴᠢ᠎ᠶᠢᠨ᠎ᠢᠶᠡᠨ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠎ᠶᠢ ᠪᠠᠶ᠋ᠢᠭᠤᠯᠬᠤ ᠬᠡᠷᠡᠭᠲᠡᠢ᠄
(ᠨᠢᠭᠡ) ᠲᠣᠮᠣ᠌ ᠬᠡᠯᠪᠡᠷᠢ᠎ᠶᠢᠨ ᠴᠥᠮ᠎ᠡ᠎ᠶᠢᠨ ᠪᠡᠯᠡᠳᠬᠡᠮᠵᠢ᠎ᠶᠢᠨ ᠨᠢᠭᠡᠴᠢ᠂ ᠲᠣᠮᠣ᠌ ᠬᠡᠯᠪᠡᠷᠢ᠎ᠶᠢᠨ ᠴᠠᠬᠢᠯᠭᠠᠨ ᠭᠠᠷᠭᠠᠬᠤ ᠦᠢᠯᠡᠳᠪᠦᠷᠢ᠂ ᠠᠷᠠᠳ᠎ᠤᠨ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠂ ᠭᠣᠣᠯ ᠭᠠᠷᠠᠮ;
(ᠬᠣᠶᠠᠷ) 100MW᠎ᠡᠴᠡ ᠳᠡᠭᠡᠭᠰᠢᠬᠢ ᠲᠣᠮᠣ᠌ ᠬᠡᠯᠪᠡᠷᠢ᠎ᠶᠢᠨ ᠡᠨᠧᠷᠭᠢ ᠨᠥᠭᠡᠴᠡᠯᠡᠬᠦ ᠴᠠᠬᠢᠯᠭᠠᠨ ᠦᠷᠳᠡᠭᠡ;
(ᠭᠤᠷᠪᠠ) ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ᠎ᠢ ᠦᠢᠯᠡᠳᠪᠦᠷᠢᠯᠡᠬᠦ᠂ ᠬᠠᠳᠠᠭᠠᠯᠠᠬᠤ ᠲᠣᠮᠣ᠌ ᠬᠡᠯᠪᠡᠷᠢ᠎ᠶᠢᠨ ᠠᠵᠤ ᠠᠬᠤᠶ᠋ᠢᠯᠠᠯ;
(ᠳᠥᠷᠪᠡ) ᠰᠢᠲᠠᠮᠠᠬᠠᠢ ᠴᠢᠬᠤᠯᠠ ᠡᠳ᠋ ᠪᠠᠷᠠᠭ᠎ᠠ᠎ᠶᠢ ᠨᠥᠭᠡᠴᠡᠯᠡᠬᠦ ᠲᠣᠮᠣ᠌ ᠬᠡᠯᠪᠡᠷᠢ᠎ᠶᠢᠨ ᠰᠠᠩ ᠬᠥᠮᠥᠷᠭᠡ᠂ ᠰᠠᠭᠤᠷᠢᠨ ᠭᠠᠵᠠᠷ;
(ᠲᠠᠪᠤ) ᠪᠠᠷᠢᠯᠭ᠎ᠠ᠎ᠶᠢᠨ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ᠎ᠡᠴᠡ ᠶᠡᠬᠡ ᠪᠠᠢᠬᠤ ᠲᠣᠮᠣ᠌ ᠬᠡᠯᠪᠡᠷᠢ᠎ᠶᠢᠨ ᠬᠤᠳᠠᠯᠳᠤᠭᠠᠨ᠎ᠤ ᠶᠡᠷᠦᠩᠬᠡᠢ ᠴᠣᠭᠴᠠ;
(ᠵᠢᠷᠭᠤᠭ᠎ᠠ) ᠤᠯᠤᠰ᠎ᠤᠨ ᠶᠡᠷᠦᠩᠬᠡᠢᠯᠡᠭᠰᠡᠨ ᠴᠢᠨᠠᠷᠲᠠᠢ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠩᠭᠢ᠎ᠠᠴᠠ ᠨᠡᠯᠢᠶᠡᠳ ᠬᠤᠯᠠ ᠵᠠᠢᠲᠠᠢ᠂ ᠪᠦᠬᠦ ᠤᠯᠤᠰ᠎ᠤᠨ ᠭᠣᠣᠯᠳᠠᠯᠭ᠎ᠠ ᠪᠣᠯᠬᠤ ᠲᠡᠦᠬᠡ᠎ᠶᠢᠨ ᠳᠤᠷᠠᠰᠬᠠᠯᠲᠤ ᠵᠦᠢᠯ᠎ᠦᠨ ᠬᠠᠮᠠᠭᠠᠯᠠᠯᠲᠠ᠎ᠶᠢᠨ ᠨᠢᠭᠡᠴᠢ᠎ᠪᠠᠷ ᠵᠢᠭ᠍ᠰᠠᠭᠠᠭᠳᠠᠭᠰᠠᠨ ᠡᠷᠲᠡᠨ᠎ᠦ ᠪᠠᠷᠢᠯᠭᠠᠨᠤᠭᠤᠳᠤᠨ ᠬᠠᠮᠢᠶᠠᠷᠤᠯᠲᠠ᠎ᠶᠢᠨ ᠨᠢᠭᠡᠴᠢ;
(ᠲᠤᠯᠤᠭ᠎ᠠ) ᠭᠠᠯ᠎ᠦᠨ ᠠᠶᠤᠯ᠎ᠦᠨ ᠲᠦᠭᠰᠢᠭᠦᠷᠢᠲᠦ ᠴᠢᠨᠠᠷ᠎ᠢᠶᠠᠷ ᠨᠡᠯᠢᠶᠡᠳ ᠶᠡᠬᠡ᠂ ᠤᠯᠤᠰ᠎ᠦᠨ ᠶᠡᠷᠦᠩᠬᠡᠢᠯᠡᠭᠰᠡᠨ ᠴᠢᠨᠠᠷᠲᠠᠢ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠩᠭᠢ᠎ᠠᠴᠠ ᠨᠡᠯᠢᠶᠡᠳ ᠬᠤᠯᠠ ᠵᠠᠢᠲᠠᠢ ᠪᠤᠰᠤᠳ ᠲᠣᠮᠣ᠌ ᠬᠡᠯᠪᠡᠷᠢ᠎ᠶᠢᠨ ᠠᠵᠤ ᠠᠬᠤᠢᠯᠠᠯ᠃
ᠬᠣᠷᠢᠨ ᠨᠠᠢ᠍ᠮᠠᠳᠤᠭᠠᠷ ᠵᠦᠢᠯ ᠨᠢᠭᠡᠴᠢ᠎ᠶᠢᠨ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ᠎ᠳᠤ ᠨᠡᠢᠴᠡᠭᠰᠡᠨ ᠪᠠᠢᠬᠤ ᠬᠡᠷᠡᠭᠲᠡᠢ᠂ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠎ᠶᠢᠨ ᠭᠡᠰᠢᠭᠦᠳ ᠨᠡᠢᠭᠡᠮ᠎ᠦᠨ ᠳᠠᠭᠠᠳᠬᠠᠯ ᠪᠠ ᠠᠰᠠᠷᠠᠮᠵᠢ᠎ᠶᠢᠨ ᠬᠠᠷᠠᠭᠠᠯᠵᠠᠯ᠎ᠢ ᠬᠠᠤᠯᠢ ᠶᠣᠰᠣᠭᠠᠷ ᠡᠳ᠋ᠯᠡᠨ᠎ᠡ᠃
ᠬᠣᠷᠢ ᠶᠢᠰᠦᠳᠦᠭᠡᠷ ᠵᠦᠢᠯ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠎ᠶᠢ ᠬᠠᠤᠯᠢ ᠶᠣᠰᠣᠭᠠᠷ ᠪᠠᠶ᠋ᠢᠭᠤᠯᠬᠤ ᠴᠢᠬᠤᠯᠠᠲᠠᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ᠎ᠡᠴᠡ ᠭᠠᠳᠠᠨ᠎ᠠ᠂ ᠪᠤᠰᠤᠳ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ ᠨᠢ ᠪᠣᠳᠠᠲᠤ ᠬᠡᠷᠡᠭᠴᠡᠭᠡ᠎ᠲᠠᠢ᠎ᠪᠡᠨ ᠤᠶᠠᠯᠳᠤᠭᠤᠯᠤᠨ᠂ ᠨᠢᠭᠡᠴᠢ᠎ᠶᠢᠨ᠎ᠢᠶᠠᠨ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ᠎ᠳᠤ ᠲᠦᠰᠢᠭᠯᠡᠨ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ ᠪᠠᠶ᠋ᠢᠭᠤᠯᠬᠤ᠎ᠶᠢᠨ ᠬᠠᠮᠲᠤ᠂ ᠬᠠᠷᠠᠭᠠᠯᠵᠠᠭᠰᠠᠨ ᠭᠠᠯ ᠰᠡᠷᠭᠡᠢᠯᠡᠵᠦ ᠤᠨᠲᠠᠷᠠᠭᠠᠬᠤ ᠲᠤᠨᠤᠭ ᠲᠥᠬᠦᠭᠡᠷᠦᠮᠵᠢ ᠬᠡᠷᠡᠭᠰᠡᠯ᠎ᠢ ᠲᠣᠬᠢᠷᠠᠭᠤᠯᠵᠤ᠂ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ᠎ᠶᠢᠨ ᠬᠢᠨ᠎ᠦ ᠭᠠᠯ ᠰᠡᠷᠭᠡᠢᠯᠡᠵᠦ ᠤᠨᠲᠠᠷᠠᠭᠠᠬᠤ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ᠎ᠶᠢ ᠪᠣᠯᠪᠠᠰᠤᠷᠠᠩᠭᠤᠢ ᠡᠵᠡᠮᠰᠢᠭᠰᠡᠨ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ; ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ᠎ᠡᠴᠡ ᠭᠠᠳᠠᠨᠠᠬᠢ ᠨᠢᠭᠡᠴᠢ᠎ᠶᠢᠨ ᠯᠠᠪᠯᠠᠯᠲᠠ ᠪᠣᠯᠭᠠᠵᠤ ᠪᠠᠢᠭᠠᠳ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ ᠪᠠᠢᠭᠤᠯᠬᠤ᠎ᠶᠢ ᠨᠢ ᠵᠣᠷᠢᠭ᠍ᠵᠢᠭᠤᠯᠤᠨ᠎ᠠ᠃
ᠨᠢᠭᠡᠴᠢ᠎ᠶᠢᠨ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ᠎ᠶᠢᠨ ᠪᠦᠲᠦᠭᠡᠨ ᠪᠠᠢᠭᠤᠯᠤᠯᠲᠠ ᠨᠢ 《ᠨᠡᠢᠭᠡᠮ᠎ᠤᠨ ᠨᠢᠭᠡᠴᠢ᠎ᠶᠢᠨ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ》᠎ᠳᠤ ᠨᠡᠢᠴᠡᠭᠰᠡᠨ ᠪᠠᠢᠬᠤ ᠬᠡᠷᠡᠭᠲᠡᠢ᠃
ᠭᠤᠴᠢᠳᠤᠭᠠᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ ᠨᠢ ᠪᠡᠶ᠎ᠡ᠎ᠪᠡᠨ ᠳᠠᠭᠠᠭᠠᠵᠤ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ ᠪᠠᠢᠭᠤᠯᠪᠠᠯ ᠵᠣᠬᠢᠨ᠎ᠠ; ᠠᠳᠠᠯᠢ ᠨᠢᠭᠡᠨ ᠪᠠᠷᠢᠯᠭ᠎ᠠ ᠪᠠ ᠪᠠᠷᠢᠯᠭ᠎ᠠ᠎ᠶᠢᠨ ᠵᠦᠢᠯ ᠪᠤᠶᠤ ᠪᠠᠷᠢᠯᠭ᠎ᠠ ᠪᠠ ᠪᠠᠷᠢᠯᠭ᠎ᠠ᠎ᠶᠢᠨ ᠵᠦᠢᠯ᠎ᠦᠳ᠎ᠤᠨ ᠳᠣᠲᠣᠷ᠎ᠠ ᠤᠯᠠᠨ ᠭᠣᠣᠯᠳᠠᠯᠭ᠎ᠠ ᠪᠣᠯᠬᠤ ᠨᠢᠭᠡᠴᠢ ᠪᠠᠢᠬᠤ ᠮᠥᠷᠲᠡᠭᠡᠨ ᠦᠢᠯᠡᠳᠪᠦᠷᠢᠯᠡᠯ ᠡᠵᠡᠩᠨᠡᠯᠲᠡ᠎ᠳᠦ ᠬᠡᠷᠡᠭᠯᠡᠬᠦ ᠣᠷᠣᠨ ᠪᠦᠰᠡ ᠨᠢ ᠬᠠᠷᠢᠴᠠᠩᠭᠤᠢ᠎ᠪᠠᠷ ᠲᠤᠰᠠᠭᠠᠷ ᠪᠠᠢᠪᠠᠯ᠂ ᠪᠠᠷᠢᠯᠭ᠎ᠠ ᠪᠠ ᠪᠠᠷᠢᠯᠭ᠎ᠠ᠎ᠶᠢᠨ ᠵᠦᠢᠯ᠎ᠦᠨ ᠦᠮᠴᠢᠯᠡᠯ᠎ᠦᠨ ᠡᠷᠬᠡ᠎ᠶᠢᠨ ᠲᠠᠯ᠎ᠠ ᠪᠤᠶᠤ ᠬᠠᠮᠢᠶᠠᠷᠤᠭ᠍ᠴᠢ᠎ᠶᠢᠨ ᠲᠠᠯ᠎ᠠ᠎ᠶᠢᠨ ᠬᠢᠨ᠎ᠠᠴᠠ ᠬᠠᠮᠢᠶ᠎ᠠ ᠪᠦᠬᠦᠢ ᠨᠢᠭᠡᠴᠢ᠎ᠲᠠᠢ ᠬᠠᠮᠲᠤᠷᠠᠨ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠥᠷᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠪᠠᠢᠷᠢᠰᠢᠭᠤᠯᠤᠯᠲᠠ᠂ ᠣᠷᠣᠨ ᠪᠠᠢᠷᠢ ᠪᠠ ᠲᠣᠭ᠎ᠠ ᠬᠡᠮᠵᠢᠶ᠎ᠡ᠎ᠶᠢ ᠬᠠᠮᠲᠤ ᠪᠠᠷ ᠰᠤᠳᠤᠯᠤᠨ ᠲᠣᠭᠲᠠᠭᠠᠬᠤ᠎ᠶᠢᠨ ᠬᠠᠮᠲᠤ᠂ ᠣᠷᠣᠨ ᠪᠦᠰᠡ᠎ᠶᠢᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠲᠣᠭᠲᠠᠴᠠ᠎ᠶᠢ ᠨᠠᠢᠳᠠᠪᠤᠷᠢᠵᠢᠭᠤᠯᠤᠨ᠎ᠠ᠃
ᠣᠯᠠᠨ ᠪᠠᠷᠢᠯᠭ᠎ᠠ ᠪᠠ ᠪᠠᠷᠢᠯᠭ᠎ᠠ᠎ᠶᠢᠨ ᠵᠦᠢᠯ᠎ᠢᠶᠡᠷ ᠪᠦᠷᠢᠯᠳᠦᠭᠰᠡᠨ ᠭᠣᠣᠯᠳᠠᠯᠭ᠎ᠠ ᠪᠣᠯᠬᠤ ᠨᠢᠭᠡᠴᠢ ᠵᠢᠴᠢ ᠪᠠᠷᠢᠯᠭ᠎ᠠ᠎ᠶᠢᠨ ᠬᠡᠪᠴᠢᠶ᠎ᠡ᠎ᠪᠡᠷ ᠨᠡᠯᠢᠶᠡᠳ ᠶᠡᠬᠡ᠂ ᠭᠤᠯᠳᠤ᠎ᠪᠠᠷ ᠪᠤᠶᠤ ᠬᠥᠨᠳᠡᠯᠡᠨ᠎ᠢᠶᠡᠷ ᠬᠡᠰᠡᠭᠷᠡᠨ ᠵᠠᠯᠭᠠᠯᠳᠤᠭᠰᠠᠨ ᠬᠠᠮᠢᠶᠠᠷᠤᠯᠲᠠ᠎ᠶᠢᠨ ᠪᠠᠭᠲᠠᠭᠠᠮᠵᠢ᠎ᠪᠠᠷ ᠶᠡᠬᠡ ᠪᠠᠢᠭ᠎ᠠ ᠭᠣᠣᠯᠳᠠᠯᠭ᠎ᠠ ᠪᠣᠯᠬᠤ ᠨᠢᠭᠡᠴᠢ ᠨᠢ ᠡᠬᠢᠨ᠎ᠦ ᠭᠠᠯ᠎ᠤᠨ ᠠᠶᠤᠯ᠎ᠠᠴᠠ ᠠᠪᠤᠷᠠᠬᠤ ᠬᠡᠷᠡᠭᠴᠡᠭᠡ᠎ᠶᠢ ᠦᠨᠳᠦᠰᠦᠯᠡᠨ᠂ ᠪᠠᠷᠢᠯᠭ᠎ᠠ ᠪᠠ ᠪᠠᠷᠢᠯᠭ᠎ᠠ᠎ᠶᠢᠨ ᠵᠦᠢᠯ᠎ᠦᠨ ᠴᠢᠳᠠᠮᠵᠢ᠎ᠶᠢᠨ ᠪᠠᠢᠷᠢᠰᠢᠭᠤᠯᠤᠯᠲᠠ᠎ᠲᠠᠢ ᠤᠶᠠᠯᠳᠤᠭᠤᠯᠤᠨ᠂ ᠨᠢᠭᠡ ᠥᠷᠲᠡᠭᠡ ᠣᠯᠠᠨ ᠴᠡᠭ᠎ᠲᠦ ᠵᠢᠵᠢᠭᠦᠷᠯᠡᠬᠦ ᠲᠣᠭᠲᠠᠮᠠᠯ ᠴᠡᠭ ᠪᠤᠶᠤ ᠭᠠᠯ ᠰᠡᠷᠭᠡᠢᠯᠡᠵᠦ ᠤᠨᠲᠠᠷᠠᠭᠠᠬᠤ ᠬᠡᠷᠡᠭᠰᠡᠯ ᠲᠤᠨᠤᠭ ᠲᠥᠬᠦᠭᠡᠷᠦᠮᠵᠢ ᠬᠠᠳᠠᠭᠠᠯᠠᠬᠤ ᠴᠡᠭ᠎ᠢ ᠣᠷᠣᠨ ᠪᠦᠰᠡ ᠬᠤᠪᠢᠶᠠᠨ ᠣᠯᠠᠨ ᠪᠠᠢᠷᠢᠯᠠᠭᠤᠯᠬᠤ ᠬᠡᠷᠡᠭᠲᠡᠢ᠃
ᠭᠤᠴᠢᠨ ᠨᠢᠭᠡᠳᠦᠭᠡᠷ ᠵᠦᠢᠯ ᠣᠷᠣᠨ ᠪᠠᠢᠷᠢᠪᠡᠷᠢᠶᠡᠨ ᠬᠥᠷᠰᠢ ᠵᠡᠷᠭᠡᠯᠡᠳᠡᠭᠡ ᠪᠥᠭᠡᠳ ᠣᠷᠣᠨ ᠪᠦᠰᠡ᠎ᠪᠠᠷ᠎ᠢᠶᠠᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠠᠵᠢᠯ ᠥᠷᠨᠢᠭᠦᠯᠬᠦ᠎ᠳᠦ ᠲᠣᠬᠢᠷᠠᠬᠤ ᠪᠤᠶᠤ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ᠎ᠢ ᠬᠠᠮᠲᠤ᠎ᠪᠠᠷ ᠬᠡᠷᠡᠭᠯᠡᠵᠦ ᠪᠠᠢᠭ᠎ᠠ ᠨᠢᠭᠡᠴᠢ ᠨᠢ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ᠎ᠶᠢ ᠬᠠᠮᠲᠤᠷᠠᠨ ᠪᠠᠢᠭᠤᠯᠵᠤ ᠪᠣᠯᠤᠨ᠎ᠠ; ᠬᠡᠲᠦ ᠥᠨᠳᠥᠷ ᠪᠠᠷᠢᠯᠭ᠎ᠠ᠂ ᠲᠣᠮᠣ᠌ ᠬᠡᠯᠪᠡᠷᠢ᠎ᠶᠢᠨ ᠬᠤᠳᠠᠯᠳᠤᠭᠠᠨ᠎ᠤ ᠶᠡᠷᠦᠩᠬᠡᠢᠯᠡᠭᠰᠡᠨ ᠴᠣᠭᠴᠠ᠂ ᠠᠶᠤᠯᠲᠠᠢ ᠬᠢᠮᠢ᠎ᠶᠢᠨ ᠪᠣᠳᠠᠰ᠎ᠤᠨ ᠠᠵᠤ ᠠᠬᠤᠢᠯᠠᠯ ᠵᠡᠷᠭᠡ ᠨᠢᠭᠡᠴᠢ᠎ᠶᠢᠨ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠥᠷᠲᠡᠭᠡ᠎ᠳᠦ ᠮᠡᠷᠭᠡᠵᠢᠯ᠎ᠦᠨ ᠰᠢᠢᠳᠪᠦᠷᠢᠯᠡᠯᠲᠡ᠎ᠶᠢᠨ ᠳᠤᠭᠤᠢᠯᠠᠩ ᠪᠠᠶ᠋ᠢᠭᠤᠯᠬᠤ᠎ᠶᠢ ᠵᠣᠷᠢᠭ᠍ᠵᠢᠭᠤᠯᠤᠨ᠎ᠠ᠃
ᠭᠤᠴᠢᠨ ᠬᠣᠶᠠᠳᠤᠭᠠᠷ ᠵᠦᠢᠯ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠂ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ)᠎ᠶᠢᠨ ᠭᠡᠰᠢᠭᠦᠳ ᠪᠠᠷᠢᠯᠭ᠎ᠠ᠎ᠶᠢᠨ ᠦᠨᠳᠦᠰᠦᠨ ᠪᠠᠢᠳᠠᠯ᠂ ᠪᠠᠷᠢᠯᠭ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ ᠪᠠ ᠬᠡᠷᠡᠭᠰᠡᠯ᠎ᠢ ᠪᠠᠢᠷᠢᠯᠠᠭᠤᠯᠤᠭᠰᠠᠨ ᠪᠠᠢᠳᠠᠯ᠂ ᠭᠠᠯ ᠤᠨᠲᠠᠷᠠᠭᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠲᠠᠷᠬᠠᠭᠠᠨ ᠵᠠᠢᠯᠠᠭᠤᠯᠬᠤ ᠪᠡᠯᠡᠳᠬᠡᠯ ᠲᠥᠰᠥᠯ᠎ᠢ ᠰᠠᠢᠨ ᠮᠡᠳᠡᠵᠦ᠂ ᠪᠠᠷᠢᠯᠭ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠂ ᠭᠠᠯ ᠰᠡᠷᠭᠡᠢᠯᠡᠵᠦ ᠤᠨᠲᠠᠷᠠᠭᠠᠬᠤ ᠬᠡᠷᠡᠭᠰᠡᠯ ᠲᠤᠨᠤᠭ ᠲᠥᠬᠦᠭᠡᠷᠦᠮᠵᠢ᠎ᠶᠢᠨ ᠴᠢᠳᠠᠮᠵᠢ ᠪᠠ ᠠᠵᠢᠯᠯᠠᠭᠤᠯᠤᠨ ᠬᠡᠷᠡᠭᠯᠡᠬᠦ ᠠᠷᠭ᠎ᠠ᠎ᠶᠢ ᠪᠣᠯᠪᠠᠰᠤᠷᠠᠩᠭᠤᠢ ᠡᠵᠡᠮᠰᠢᠵᠦ᠂ ᠪᠠᠭᠠᠵᠢ ᠬᠡᠷᠡᠭᠰᠡᠯ ᠲᠤᠨᠤᠭ ᠲᠥᠬᠦᠭᠡᠷᠦᠮᠵᠢ᠎ᠶᠢ ᠬᠠᠮᠠᠭᠠᠯᠠᠨ ᠠᠷᠠᠴᠢᠯᠠᠬᠤ ᠡᠭᠦᠷᠭᠡ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠤᠨ᠂ ᠡᠳᠦᠷ ᠲᠤᠳᠤᠮ᠎ᠦᠨ ᠭᠠᠯ ᠰᠡᠷᠭᠡᠢᠯᠡᠬᠦ ᠲᠣᠭᠣᠷᠢᠨ ᠪᠠᠢᠴᠠᠭᠠᠯᠲᠠ ᠪᠠ ᠭᠠᠯ ᠰᠡᠷᠭᠡᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ᠎ᠳᠦ ᠣᠷᠣᠯᠴᠠᠬᠤ ᠬᠡᠷᠡᠭᠲᠡᠢ᠃
ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠥᠷᠲᠡᠭᠡ)᠎ᠶᠢᠨ ᠬᠥᠮᠥᠨ᠎ᠦ ᠲᠣᠭ᠎ᠠ ᠨᠢ ᠡᠬᠢᠨ᠎ᠦ ᠭᠠᠯ᠎ᠤᠨ ᠠᠶᠤᠯ᠎ᠠᠴᠠ ᠠᠪᠤᠷᠠᠬᠤ᠂ ᠡᠳᠦᠷ ᠲᠤᠲᠤᠮ᠎ᠤᠨ ᠭᠠᠯ ᠰᠡᠷᠭᠡᠢᠯᠡᠯᠲᠡ᠎ᠶᠢᠨ ᠲᠣᠭᠣᠷᠢᠨ ᠪᠠᠢᠴᠠᠭᠠᠬᠤ ᠬᠡᠷᠡᠭᠴᠡᠭᠡ᠎ᠶᠢ ᠬᠠᠩᠭᠠᠭᠰᠠᠨ ᠪᠠᠢᠬᠤ ᠬᠡᠷᠡᠭᠲᠡᠢ᠂ ᠵᠠᠷᠴᠢᠮ ᠳᠡᠭᠡᠷ᠎ᠡ᠎ᠪᠡᠨ 6 ᠬᠥᠮᠥᠨ᠎ᠡᠴᠡ ᠳᠤᠲᠠᠭᠤ ᠦᠭᠡᠢ᠎ᠪᠡᠷ ᠲᠣᠬᠢᠷᠠᠭᠤᠯᠤᠨ᠎ᠠ; ᠠᠵᠢᠯᠲᠠᠨ᠎ᠤ ᠶᠡᠷᠦᠩᠬᠡᠢ ᠲᠣᠭ᠎ᠠ ᠨᠢ 6 ᠬᠥᠮᠥᠨ ᠬᠦᠷᠬᠦ ᠦᠭᠡᠢ ᠪᠠᠢᠪᠠᠯ᠂ ᠪᠦᠭᠦᠳᠡᠭᠡᠷ᠎ᠢᠶᠡᠨ ᠴᠥᠮ ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠥᠷᠲᠡᠭᠡᠨ᠎ᠦ ᠠᠵᠢᠯᠲᠠᠨ ᠪᠣᠯᠣᠨ᠎ᠠ᠃
ᠬᠡᠷᠡᠭᠯᠡᠯᠲᠡ᠎ᠶᠢᠨ ᠰᠢᠨᠵᠢ ᠴᠢᠨᠠᠷ ᠨᠢ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠭᠠᠵᠠᠷ ᠪᠣᠯᠬᠤ ᠨᠢᠭᠡᠴᠢ᠎ᠶᠢᠨ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ)᠎ᠶᠢᠨ ᠭᠡᠰᠢᠭᠦᠨ᠎ᠦ ᠲᠣᠭ᠎ᠠ ᠨᠢ ᠲᠤᠰ ᠲᠠᠯᠠᠪᠤᠷ ᠭᠠᠵᠠᠷ᠎ᠲᠤ ᠠᠵᠢᠯᠯᠠᠵᠤ ᠪᠠᠢᠭ᠎ᠠ ᠬᠥᠮᠥᠰ᠎ᠦᠨ ᠲᠣᠭᠠᠨ᠎ᠤ 30%᠎ᠡᠴᠡ ᠳᠤᠲᠠᠭᠤ ᠦᠭᠡᠢ ᠪᠠᠢᠬᠤ ᠬᠡᠷᠡᠭᠲᠡᠢ᠂ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ᠎ᠶᠢᠨ ᠡᠳᠦᠷ ᠪᠠ ᠰᠥᠨᠢ᠎ᠶᠢᠨ ᠵᠢᠵᠢᠭᠦᠷᠯᠡᠬᠦ ᠬᠥᠮᠥᠨ᠎ᠦ ᠲᠣᠭ᠎ᠠ ᠨᠢ ᠡᠬᠢᠨ᠎ᠦ ᠭᠠᠯ᠎ᠤᠨ ᠠᠶᠤᠯ᠎ᠠᠴᠠ ᠠᠪᠤᠷᠠᠬᠤ ᠬᠡᠷᠡᠭᠴᠡᠭᠡ᠎ᠶᠢ ᠪᠠᠲᠤᠯᠠᠵᠤ ᠴᠢᠳᠠᠬᠤ ᠬᠡᠷᠡᠭᠲᠡᠢ᠃
ᠭᠤᠴᠢᠨ ᠭᠤᠷᠪᠠᠳᠤᠭᠠᠷ ᠵᠦᠢᠯ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠂ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ) ᠨᠢ ᠡᠳᠦᠷ ᠲᠤᠳᠤᠮ᠎ᠤᠨ ᠲᠤᠬᠠᠢᠯᠠᠭᠰᠠᠨ ᠠᠵᠢᠯ᠎ᠤᠨ ᠪᠣᠯᠪᠠᠰᠤᠷᠠᠯ ᠪᠠ ᠬᠠᠮᠲᠤᠷᠠᠭᠰᠠᠨ ᠰᠣᠷᠢᠯᠲᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠡᠬᠢᠨ᠎ᠦ ᠭᠠᠯ᠎ᠤᠨ ᠠᠶᠤᠯ᠎ᠠᠴᠠ ᠠᠪᠤᠷᠠᠬᠤ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ᠎ᠶᠢᠨ ᠬᠠᠮᠲᠤ ᠳᠣᠣᠷᠠᠬᠢ ᠱᠠᠭᠠᠷᠳᠠᠯᠭ᠎ᠠ᠎ᠳᠤ ᠨᠡᠢᠴᠡᠭᠰᠡᠨ ᠪᠠᠢᠬᠤ ᠬᠡᠷᠡᠭᠲᠡᠢ᠄
(ᠨᠢᠭᠡ) ᠪᠣᠯᠪᠠᠰᠤᠷᠠᠯ᠎ᠤᠨ ᠠᠭᠤᠯᠭ᠎ᠠ᠎ᠳᠤ ᠲᠠᠮᠢᠷ ᠲᠡᠩᠬᠡᠭᠡ᠎ᠶᠢᠨ ᠪᠣᠯᠪᠠᠰᠤᠷᠠᠯ᠂ ᠭᠠᠯ ᠤᠨᠲᠠᠷᠠᠭᠠᠬᠤ ᠬᠡᠷᠡᠭᠰᠡᠯ ᠪᠠ ᠬᠤᠪᠢ ᠬᠥᠮᠥᠨ᠎ᠦ ᠬᠠᠮᠠᠭᠠᠯᠠᠯᠲᠠ᠎ᠶᠢᠨ ᠬᠡᠷᠡᠭᠰᠡᠯ᠎ᠦᠨ ᠬᠡᠷᠡᠭᠯᠡᠯᠲᠡ ᠵᠡᠷᠭᠡ ᠪᠠᠭᠲᠠᠨ᠎ᠠ;
(ᠬᠣᠶᠠᠷ) ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠂ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠥᠷᠲᠡᠭᠡ)᠎ᠶᠢᠨ ᠭᠡᠰᠢᠭᠦᠳ ᠪᠣᠯ ᠭᠠᠷᠠᠭ ᠪᠦᠷᠢ ᠤᠷ᠎ᠠ ᠮᠡᠷᠭᠡᠰᠢᠯ᠎ᠦᠨ ᠪᠣᠯᠪᠠᠰᠤᠷᠠᠯ᠎ᠢ 1 ᠡᠳᠦᠷ᠎ᠡᠴᠡ ᠳᠤᠲᠠᠭᠤ ᠦᠭᠡᠢ ᠪᠠᠢᠯᠭᠠᠵᠤ᠂ ᠰᠠᠷ᠎ᠠ ᠪᠦᠷᠢ᠎ᠳᠤ ᠭᠠᠯ ᠤᠨᠲᠠᠷᠠᠭᠠᠬᠤ ᠰᠣᠷᠢᠯᠲᠠ᠎ᠶᠢ 1 ᠤᠳᠠᠭ᠎ᠠ᠎ᠠᠴᠠ ᠳᠤᠲᠠᠭᠤ ᠦᠭᠡᠢ ᠥᠷᠨᠢᠭᠦᠯᠦᠨ᠂ ᠤᠯᠠᠷᠢᠯ ᠪᠦᠷᠢᠳᠦ ᠪᠥᠬᠥ ᠠᠩᠭᠢ᠎ᠶᠢᠨ ᠭᠡᠰᠢᠭᠦᠳ᠎ᠦᠨ ᠲᠥᠪᠯᠡᠷᠡᠩᠭᠦᠢ ᠪᠣᠯᠪᠠᠰᠤᠷᠠᠯ᠎ᠢ 6 ᠡᠳᠦᠷ᠎ᠡᠴᠡ ᠳᠤᠲᠠᠭᠤ ᠪᠠᠢᠯᠭᠠᠬᠤ ᠦᠭᠡᠢ;
(ᠭᠤᠷᠪᠠ) ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ ᠨᠢ ᠬᠠᠷᠢᠶ᠎ᠠ ᠣᠷᠣᠨ᠎ᠤ ᠤᠯᠤᠰ᠎ᠦᠨ ᠶᠡᠷᠦᠩᠬᠡᠢᠯᠡᠭᠰᠡᠨ ᠴᠢᠨᠠᠷᠲᠠᠢ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠯᠤᠭ᠎ᠠ ᠵᠢᠯ ᠪᠦᠷᠢ ᠬᠠᠮᠲᠤᠷᠠᠭᠰᠠᠨ ᠰᠣᠷᠢᠯᠲᠠ᠎ᠶᠢ 1 ᠤᠳᠠᠭ᠎ᠠ᠎ᠠᠴᠠ ᠳᠤᠲᠠᠭᠤ ᠦᠭᠡᠢ ᠥᠷᠨᠢᠭᠦᠯᠵᠦ᠂ ᠡᠭᠡᠯᠵᠢᠯᠡᠨ ᠪᠣᠯᠪᠠᠰᠤᠷᠠᠭᠤᠯᠬᠤ᠎ᠶᠢ 10 ᠡᠳᠦᠷ᠎ᠡᠴᠡ ᠳᠤᠲᠠᠭᠤ ᠦᠭᠡᠢ ᠪᠠᠢᠯᠭᠠᠨ᠎ᠠ᠃
ᠭᠤᠴᠢᠨ ᠳᠥᠷᠪᠡᠳᠦᠭᠡᠷ ᠵᠦᠢᠯ ᠨᠢᠭᠡᠴᠢ᠎ᠶᠢᠨ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠂ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ) ᠨᠢ ᠭᠠᠯ᠎ᠦᠨ ᠰᠡᠷᠡᠮᠵᠢ᠎ᠶᠢ ᠣᠯᠣᠭᠰᠠᠨ᠎ᠤ ᠳᠠᠷᠠᠭ᠎ᠠ᠂ ᠠᠩᠭᠢ᠎ᠶᠢᠨ ᠭᠡᠰᠢᠭᠦᠳ ᠨᠢ 《1 ᠮᠢᠨᠦ᠋ᠲ᠎ᠲᠤ ᠴᠤᠤᠷᠢᠶᠠᠲᠤᠨ ᠳᠠᠭᠠᠬᠤ᠎ᠶᠢ ᠡᠬᠢᠯᠡᠭᠦᠯᠬᠦ᠂ 3 ᠮᠢᠨᠦ᠋ᠲ᠎ᠲᠤ ᠲᠤᠬᠠᠢ᠎ᠶᠢᠨ ᠲᠠᠯᠠᠪᠤᠷ᠎ᠲᠤ ᠬᠦᠷᠴᠦ ᠭᠠᠯ ᠤᠨᠲᠠᠷᠠᠭᠠᠬᠤ᠂ 5 ᠮᠢᠨᠦ᠋ᠲ᠎ᠤᠨ ᠳᠣᠲᠣᠷ᠎ᠠ ᠬᠠᠮᠵᠢᠯᠴᠠᠨ ᠲᠡᠮᠡᠴᠡᠬᠦ》 ᠱᠠᠭᠠᠷᠳᠠᠯᠭ᠎ᠠ ᠶᠣᠰᠣᠭᠠᠷ ᠲᠤᠬᠠᠢ᠎ᠶᠢᠨ ᠲᠠᠯᠠᠪᠠᠢ᠎ᠳᠤ ᠬᠦᠷᠴᠦ ᠡᠬᠢᠨ᠎ᠦ ᠭᠠᠯ᠎ᠤᠨ ᠠᠶᠤᠯ᠎ᠠᠴᠠ ᠠᠪᠤᠷᠠᠵᠤ᠂ ᠬᠥᠮᠥᠰ᠎ᠢ ᠵᠣᠬᠢᠶᠠᠨ ᠪᠠᠢᠭᠤᠯᠵᠤ ᠲᠠᠷᠬᠠᠭᠠᠨ ᠵᠠᠢᠯᠠᠭᠤᠯᠬᠤ᠎ᠶᠢᠨ ᠬᠠᠮᠲᠤ᠂ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ᠎ᠲᠠᠢ ᠬᠠᠷᠢᠯᠴᠠᠬᠤ᠎ᠶᠢ ᠬᠠᠷᠢᠭᠤᠴᠠᠵᠤ᠂ ᠭᠠᠯ᠎ᠤᠨ ᠠᠶᠤᠯ ᠪᠠ ᠰᠢᠢᠳᠪᠦᠷᠢᠯᠡᠭᠰᠡᠨ ᠪᠠᠢᠳᠠᠯ᠎ᠢᠶᠠᠨ ᠨᠡᠪᠲᠡᠷᠡᠭᠦᠯᠦᠨ ᠮᠡᠳᠡᠭᠡᠯᠡᠵᠦ᠂ ᠲᠤᠬᠠᠢ᠎ᠶᠢᠨ ᠲᠠᠯᠠᠪᠤᠷ᠎ᠲᠤ ᠬᠦᠷᠴᠦ ᠲᠤᠰᠠᠯᠠᠬᠤ ᠠᠵᠢᠯ᠎ᠢ ᠰᠠᠢᠲᠤᠷ ᠬᠢᠬᠦ ᠬᠡᠷᠡᠭᠲᠡᠶ; ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠲᠤᠬᠠᠢ᠎ᠶᠢᠨ ᠲᠠᠯᠠᠪᠠᠢ᠎ᠳᠤ ᠬᠦᠷᠦᠭᠰᠡᠨ᠎ᠦ ᠲᠠᠷᠠᠭ᠎ᠠ᠂ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠩᠭᠢ᠎ᠶᠢᠨ ᠵᠢᠯᠣᠭᠣᠳᠤᠯᠭ᠎ᠠ᠎ᠶᠢᠨ ᠳᠣᠣᠷ᠎ᠠ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠠᠵᠢᠯ᠎ᠢ ᠬᠠᠪᠰᠤᠷᠤᠨ ᠲᠤᠰᠠᠯᠠᠨ᠎ᠠ᠃
ᠵᠢᠷᠭᠤᠳᠤᠭᠠᠷ ᠪᠦᠯᠦᠭ ᠮᠡᠳᠡᠭᠡ ᠵᠠᠩᠭᠢᠴᠢᠯᠠᠯᠲᠠ᠎ᠶᠢᠨ ᠬᠠᠮᠢᠶᠠᠷᠤᠯᠲᠠ
ᠭᠤᠴᠢᠨ ᠲᠠᠪᠤᠳᠤᠭᠠᠷ ᠵᠦᠢᠯ ᠨᠢᠭᠡᠴᠢ ᠨᠢ ᠪᠣᠳᠠᠰᠯᠢᠭ᠋ ᠬᠣᠯᠪᠣᠭᠠᠲᠤ ᠰᠦᠯᠵᠢᠶ᠎ᠡ᠂ ᠲᠣᠮᠣ᠌ ᠳ᠋ᠠᠢᠲ᠋ᠠ᠂ ᠰᠢᠯᠵᠢᠮᠡᠯ ᠢᠨᠲᠧᠷ ᠰᠦᠯᠵᠢᠶ᠎ᠡ᠂ ᠸᠢᠳᠢᠤ᠋᠎ᠪᠠᠷ ᠢᠯᠭᠠᠨ ᠲᠠᠨᠢᠬᠤ ᠵᠡᠷᠭᠡ ᠮᠡᠳᠡᠭᠡ ᠵᠠᠩᠭᠢ᠎ᠶᠢᠨ ᠮᠡᠷᠭᠡᠵᠢᠯ᠎ᠢ ᠬᠡᠷᠡᠭᠯᠡᠨ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ᠂ ᠴᠠᠬᠢᠯᠭᠠᠨ᠎ᠤ ᠬᠡᠯᠬᠢᠶ᠎ᠡ᠂ ᠴᠠᠬᠢᠯᠭᠠᠨ ᠬᠡᠷᠡᠭᠰᠡᠯ᠎ᠦᠨ ᠲᠥᠬᠦᠭᠡᠷᠦᠮᠵᠢ᠂ ᠰᠢᠲᠠᠮᠠᠬᠠᠢ ᠬᠡᠢ᠎ᠶᠢᠨ ᠬᠣᠭᠣᠯᠠᠢ ᠱᠤᠭᠤᠮ᠂ ᠭᠠᠯ ᠰᠡᠷᠭᠡᠢᠯᠡᠵᠦ ᠤᠨᠲᠠᠷᠠᠭᠠᠬᠤ ᠲᠡᠷᠭᠡᠨ᠎ᠦ ᠨᠡᠪᠲᠡᠷᠡᠯ ᠵᠠᠮ᠂ ᠠᠮᠤᠷ ᠲᠦᠪᠰᠢᠨ᠎ᠢᠶᠡᠷ ᠲᠠᠷᠬᠠᠭᠠᠨ ᠵᠠᠢᠯᠠᠭᠤᠯᠬᠤ ᠵᠢᠴᠢ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ᠎ᠢ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠶᠠᠪᠤᠴᠠ ᠵᠡᠷᠭᠡ᠎ᠶᠢ ᠬᠢᠨᠠᠨ ᠰᠢᠨᠵᠢᠬᠦ ᠪᠠ ᠤᠷᠢᠳᠴᠢᠯᠠᠨ ᠰᠡᠷᠡᠮᠵᠢᠯᠡᠭᠦᠯᠪᠡᠯ ᠵᠣᠬᠢᠨ᠎ᠠ; ᠬᠡᠯᠬᠢᠶᠡᠵᠢᠭᠰᠡᠨ ᠬᠡᠯᠪᠡᠷᠢ᠎ᠶᠢᠨ᠂ ᠪᠦᠯᠦᠭᠯᠡᠯ᠎ᠦᠨ ᠬᠡᠯᠪᠡᠷᠢ᠎ᠶᠢᠨ ᠠᠵᠤ ᠠᠬᠤᠢᠯᠠᠯ ᠨᠢ ᠨᠢᠭᠡᠳᠦᠯᠲᠡᠢ ᠭᠠᠯ ᠰᠡᠷᠭᠡᠢᠯᠡᠵᠦ ᠤᠨᠲᠠᠷᠠᠭᠠᠬᠤ ᠬᠠᠮᠢᠶᠠᠷᠤᠯᠲᠠ᠎ᠶᠢᠨ ᠰᠢᠰᠲᠧᠮ᠎ᠢ ᠨᠢᠭᠡᠨᠲᠡ ᠪᠠᠢᠭᠤᠯᠤᠭᠰᠠᠨ ᠪᠠᠢᠪᠠᠯ᠂ ᠪᠠᠷᠢᠮᠵᠢᠶᠠᠵᠢᠭᠤᠯᠤᠭᠰᠠᠨ ᠳ᠋ᠠᠢᠲ᠋ᠠ᠎ᠶᠢᠨ ᠵᠠᠯᠭᠠᠭᠠᠰᠤ᠎ᠶᠢᠨ ᠦᠢᠯᠡᠴᠢᠯᠡᠭᠡ᠎ᠶᠢ ᠵᠠᠯᠭᠠᠯᠳᠤᠭᠤᠯᠬᠤ ᠠᠷᠭ᠎ᠠ ᠮᠠᠶᠢᠭ᠋᠎ᠢᠶᠠᠷ ᠳᠠᠮᠵᠢᠭᠤᠯᠤᠨ ᠬᠣᠲᠠ᠎ᠶᠢᠨ ᠭᠠᠯ᠎ᠤᠨ ᠠᠶᠤᠯ᠎ᠢ ᠣᠶᠤᠨᠴᠢ᠎ᠪᠡᠷ ᠰᠡᠷᠭᠡᠢᠯᠡᠨ ᠡᠵᠡᠮᠳᠡᠬᠦ ᠲᠠᠪᠴᠠᠩ ᠯᠤᠭ᠎ᠠ ᠳ᠋ᠠᠢᠲ᠋ᠠ᠎ᠶᠢ ᠬᠠᠮᠲᠤ ᠪᠠᠷ ᠭᠥᠷᠳᠡᠬᠦ᠎ᠶᠢ ᠪᠡᠶᠡᠯᠡᠭᠦᠯᠵᠦ᠂ ᠳᠠᠪᠬᠤᠷᠳᠠᠭᠤᠯᠤᠨ ᠲᠡᠮᠳᠡᠭᠯᠡᠵᠦ ᠣᠷᠣᠭᠤᠯᠬᠤ᠎ᠶᠢ ᠪᠠᠭᠠᠰᠬᠠᠪᠠᠯ ᠵᠣᠬᠢᠨ᠎ᠠ᠃
ᠭᠤᠴᠢᠨ ᠵᠢᠷᠭᠤᠳᠤᠭᠠᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ ᠪᠠᠢᠬᠤ ᠨᠢᠭᠡᠴᠢ ᠨᠢ ᠬᠡᠷᠡᠭᠯᠡᠭᠴᠢ᠎ᠶᠢᠨ ᠮᠡᠳᠡᠭᠡ ᠵᠠᠩᠭᠢ᠎ᠶᠢ ᠳᠠᠮᠵᠢᠭᠤᠯᠬᠤ ᠲᠣᠨᠣᠭᠯᠠᠯ (ᠳᠠᠮᠵᠢᠭᠤᠯᠬᠤ ᠲᠥᠬᠦᠭᠡᠷᠦᠮᠵᠢ)᠎ᠢ ᠤᠭᠰᠠᠷᠠᠵᠤ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠠᠵᠢᠯᠯᠠᠭᠠᠨ᠎ᠤ ᠪᠠᠢᠳᠠᠯ᠎ᠦᠨ ᠮᠡᠳᠡᠭᠡ ᠵᠠᠩᠭᠢ᠎ᠶᠢ ᠬᠤᠳᠠ᠎ᠶᠢᠨ ᠭᠠᠯ᠎ᠦᠨ ᠠᠶᠤᠯ᠎ᠢ ᠣᠶᠤᠨᠴᠢ᠎ᠪᠠᠷ ᠰᠡᠷᠭᠡᠢᠯᠡᠨ ᠡᠵᠡᠮᠳᠡᠬᠦ ᠲᠠᠪᠴᠠᠩ᠎ᠳᠦ ᠲᠤᠬᠠᠢ᠎ᠶᠢᠨ ᠴᠠᠭ᠎ᠲᠤ ᠨᠢ ᠳᠠᠮᠵᠢᠭᠤᠯᠬᠤ ᠬᠡᠷᠡᠭᠲᠡᠶ; ᠬᠤᠳᠠ᠎ᠶᠢᠨ ᠭᠠᠯ᠎ᠦᠨ ᠠᠶᠤᠯ᠎ᠢ ᠣᠶᠤᠨᠴᠢ᠎ᠪᠠᠷ ᠰᠡᠷᠭᠡᠢᠯᠡᠨ ᠡᠵᠡᠮᠳᠡᠬᠦ ᠲᠠᠪᠴᠠᠩ᠎ᠳᠦ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠰᠠᠭᠤᠷᠢ ᠮᠡᠳᠡᠭᠡ ᠵᠠᠩᠭᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠲᠡᠮᠳᠡᠭᠯᠡᠵᠦ ᠣᠷᠣᠭᠤᠯᠬᠤ᠎ᠶᠢᠨ ᠬᠠᠮᠲᠤ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠤᠭᠰᠠᠷᠠᠭ᠎ᠠ ᠲᠤᠨᠤᠭ᠎ᠲᠤ ᠵᠡᠭᠦᠯᠲᠡ ᠬᠠᠳᠠᠬᠤ ᠬᠡᠷᠡᠭᠲᠡᠢ᠃
ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ᠎ᠤᠨ ᠵᠢᠵᠢᠭᠦᠷᠯᠡᠭᠴᠢ ᠵᠢᠵᠢᠭᠦᠷᠯᠡᠬᠦ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠬᠣᠲᠠ᠎ᠶᠢᠨ ᠭᠠᠯ᠎ᠤᠨ ᠠᠶᠤᠯ᠎ᠢ ᠣᠶᠤᠨᠴᠢ᠎ᠪᠡᠷ ᠰᠡᠷᠭᠡᠢᠯᠡᠨ ᠡᠵᠡᠮᠳᠡᠬᠦ ᠲᠠᠪᠴᠠᠩ᠎ᠤᠨ ᠳᠠᠮᠵᠢᠭᠤᠯᠤᠨ ᠶᠠᠪᠤᠭᠤᠯᠤᠭᠰᠠᠨ ᠠᠵᠢᠯ᠎ᠤᠨ ᠪᠠᠢᠷᠢ ᠪᠠᠢᠴᠠᠭᠠᠬᠤ ᠵᠠᠷᠯᠢᠭ᠋᠂ ᠭᠠᠯ᠎ᠤᠨ ᠠᠶᠤᠯ᠎ᠤᠨ ᠲᠦᠭᠰᠢᠭᠦᠷᠢ ᠮᠡᠳᠡᠭᠦᠯᠬᠦ᠂ ᠰᠦᠯᠵᠢᠶᠡᠵᠢᠭᠦᠯᠬᠦ ᠰᠠᠭᠠᠲᠠᠯ᠎ᠤᠨ ᠮᠡᠳᠡᠭᠡ ᠵᠠᠩᠭᠢ᠎ᠶᠢ ᠴᠠᠭ ᠲᠤᠬᠠᠢ᠎ᠳᠤ ᠨᠢ ᠬᠠᠷᠢᠭᠤᠯᠬᠤ᠂ ᠨᠤᠲᠠᠯᠠᠬᠤ᠂ ᠰᠢᠢᠳᠪᠦᠷᠢᠯᠡᠬᠦ ᠬᠡᠷᠡᠭᠲᠡᠢ᠃
ᠭᠤᠴᠢᠨ ᠳᠣᠯᠣᠳᠤᠭᠠᠷ ᠵᠦᠢᠯ ᠨᠢᠭᠡᠴᠢ ᠨᠢ ᠬᠡᠷᠡᠭᠯᠡᠭᠴᠢ᠎ᠶᠢᠨ ᠮᠡᠳᠡᠭᠡ ᠵᠠᠩᠭᠢ ᠳᠠᠮᠵᠢᠭᠤᠯᠬᠤ ᠲᠣᠨᠣᠭᠯᠠᠯ (ᠳᠠᠮᠵᠢᠭᠤᠯᠬᠤ ᠲᠥᠬᠦᠭᠡᠷᠦᠮᠵᠢ)᠎ᠢ ᠭᠠᠯ᠎ᠦᠨ ᠠᠶᠤᠯ᠎ᠦᠨ ᠲᠦᠭᠰᠢᠭᠦᠷᠢ ᠮᠡᠳᠡᠭᠦᠯᠬᠦ ᠡᠵᠡᠮᠰᠢᠭᠦᠷ (ᠭᠠᠯ ᠰᠡᠷᠭᠡᠢᠯᠡᠵᠦ ᠤᠨᠲᠠᠷᠠᠭᠠᠬᠤ ᠬᠣᠯᠪᠣᠭᠠᠯᠠᠭᠰᠠᠨ ᠡᠵᠡᠮᠰᠢᠭᠦᠷ)᠂ ᠲᠣᠣᠷ ᠰᠦᠯᠵᠢᠶᠡᠨ᠎ᠤ ᠴᠢᠮᠡᠭᠡ ᠬᠣᠯᠪᠣᠭᠠᠨ᠎ᠤ ᠲᠥᠬᠦᠭᠡᠷᠦᠮᠵᠢ ᠯᠦ᠍ᠭᠡ ᠬᠡᠪ᠎ᠤᠨ ᠶᠣᠰᠣᠭᠠᠷ ᠬᠣᠯᠪᠣᠬᠤ᠎ᠶᠢ ᠪᠠᠲᠤᠯᠠᠬᠤ ᠬᠡᠷᠡᠭᠲᠡᠢ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠰᠦᠯᠵᠢᠶᠡᠵᠢᠭᠦᠯᠬᠦ᠎ᠶᠢ ᠬᠢᠨᠠᠨ ᠰᠢᠨᠵᠢᠬᠦ ᠰᠢᠰᠲᠧᠮ᠎ᠦᠨ ᠬᠠᠮᠢᠶ᠎ᠠ ᠪᠦᠬᠦᠢ ᠲᠥᠬᠦᠭᠡᠷᠦᠮᠵᠢ᠎ᠶᠢ ᠳᠤᠷ᠎ᠠ᠎ᠪᠠᠷ ᠡᠪᠳᠡᠬᠦ᠂ ᠨᠤᠷᠠᠭᠠᠵᠤ ᠬᠠᠶᠠᠬᠤ ᠪᠠ ᠬᠡᠷᠡᠭᠯᠡᠬᠦ᠎ᠪᠡᠨ ᠵᠣᠭᠰᠣᠭᠠᠵᠤ ᠪᠣᠯᠬᠤ ᠦᠭᠡᠢ᠃
ᠭᠤᠴᠢᠨ ᠨᠠᠢ᠍ᠮᠠᠳᠤᠭᠠᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ ᠨᠢ ᠬᠤᠳᠠ᠎ᠶᠢᠨ ᠭᠠᠯ᠎ᠦᠨ ᠠᠶᠤᠯ᠎ᠢ ᠣᠶᠤᠨᠴᠢ᠎ᠪᠠᠷ ᠰᠡᠷᠭᠡᠢᠯᠡᠨ ᠡᠵᠡᠮᠳᠡᠬᠦ ᠲᠠᠪᠴᠠᠩ᠎ᠢ ᠬᠡᠷᠡᠭᠯᠡᠬᠦ ᠬᠡᠷᠡᠭᠲᠡᠢ᠂ ᠪᠤᠰᠤᠳ ᠨᠢᠭᠡᠴᠢ ᠨᠢ ᠬᠤᠳᠠ᠎ᠶᠢᠨ ᠭᠠᠯ᠎ᠦᠨ ᠠᠶᠤᠯ᠎ᠢ ᠣᠶᠤᠨᠴᠢ᠎ᠪᠠᠷ ᠰᠡᠷᠭᠡᠢᠯᠡᠨ ᠡᠵᠡᠮᠳᠡᠬᠦ ᠲᠠᠪᠴᠠᠩ᠎ᠢ ᠬᠡᠷᠡᠭᠯᠡᠪᠡᠯ ᠵᠣᠬᠢᠨ᠎ᠠ᠃
ᠨᠢᠭᠡᠴᠢ ᠨᠢ ᠬᠣᠲᠠ᠎ᠶᠢᠨ ᠭᠠᠯ᠎ᠤᠨ ᠠᠶᠤᠯ᠎ᠢ ᠣᠶᠤᠨᠴᠢ᠎ᠪᠠᠷ ᠰᠡᠷᠭᠡᠢᠯᠡᠨ ᠡᠵᠡᠮᠳᠡᠬᠦ ᠲᠠᠪᠴᠠᠩ᠎ᠳᠤ ᠨᠢᠭᠡᠴᠢ᠎ᠶᠢᠨ ᠦᠨᠳᠦᠰᠦᠨ ᠪᠠᠢᠳᠠᠯ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ ᠵᠢᠴᠢ ᠲᠡᠭᠦᠨ᠎ᠦ ᠡᠭᠦᠷᠭᠡ ᠬᠠᠷᠢᠭᠤᠴᠠᠯᠭ᠎ᠠ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠳᠦᠷᠢᠮ ᠵᠢᠴᠢ ᠠᠵᠢᠯᠯᠠᠬᠤ ᠳᠦᠷᠢᠮᠯᠡᠯ᠂ ᠣᠨ᠎ᠤ ᠭᠠᠯ ᠰᠡᠷᠭᠡᠢᠯᠡᠵᠦ ᠤᠨᠲᠠᠷᠠᠭᠠᠬᠤ ᠠᠵᠢᠯ᠎ᠤᠨ ᠲᠥᠯᠥᠪᠯᠡᠭᠡ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠬᠠᠮᠠᠭᠠᠯᠠᠨ ᠠᠷᠠᠴᠢᠯᠠᠬᠤ ᠭᠡᠷ᠎ᠡ᠂ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠂ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠥᠷᠲᠡᠭᠡ)᠎ᠶᠢᠨ ᠪᠦᠲᠦᠭᠡᠨ ᠪᠠᠢᠭᠤᠯᠤᠯᠲᠠ᠎ᠶᠢᠨ ᠪᠠᠢᠳᠠᠯ᠂ ᠭᠠᠯ ᠤᠨᠲᠠᠷᠠᠭᠠᠬᠤ ᠪᠠ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ ᠵᠡᠷᠭᠡ ᠰᠠᠭᠤᠷᠢ ᠮᠡᠳᠡᠭᠡ ᠵᠠᠩᠭᠢ᠎ᠶᠢ ᠲᠡᠮᠳᠡᠭᠯᠡᠨ ᠣᠷᠣᠭᠤᠯᠵᠤ᠂ ᠳᠡᠭᠡᠷ᠎ᠡ ᠳᠤᠷᠠᠳᠤᠭᠰᠠᠨ ᠮᠡᠳᠡᠭᠡ ᠵᠠᠩᠭᠢ᠎ᠳᠤ ᠬᠤᠪᠢᠷᠠᠯᠲᠠ ᠭᠠᠷᠪᠠᠯ ᠴᠠᠭ ᠲᠤᠬᠠᠢ᠎ᠳᠤ ᠨᠢ ᠰᠢᠨᠡᠳᠬᠡᠬᠦ ᠬᠡᠷᠡᠭᠲᠡᠢ᠃
ᠨᠢᠭᠡᠴᠢ ᠨᠢ ᠭᠠᠯ ᠰᠡᠷᠭᠡᠢᠯᠡᠯᠲᠡ᠎ᠶᠢᠨ ᠲᠣᠭᠣᠷᠢᠨ ᠪᠠᠢᠴᠠᠭᠠᠬᠤ᠂ ᠭᠠᠯ ᠡᠭᠦᠰᠬᠡᠵᠦ ᠠᠵᠢᠯᠯᠠᠬᠤ᠎ᠶᠢ ᠬᠢᠨᠠᠨ ᠵᠥᠪᠰᠢᠶᠡᠷᠡᠬᠦ᠂ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ᠎ᠲᠤ ᠵᠢᠵᠢᠭᠦᠷᠯᠡᠬᠦ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠬᠠᠮᠠᠭᠠᠯᠠᠨ ᠠᠷᠠᠴᠢᠯᠠᠬᠤ ᠵᠢᠴᠢ ᠪᠠᠢᠴᠠᠭᠠᠨ ᠰᠢᠨᠵᠢᠬᠦ᠂ ᠭᠠᠯ᠎ᠦᠨ ᠠᠶᠤᠯ᠎ᠦᠨ ᠲᠠᠯᠳᠠ ᠭᠡᠮ᠎ᠢ ᠴᠡᠭᠴᠡᠯᠡᠨ ᠰᠠᠢᠵᠢᠷᠠᠭᠤᠯᠬᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠦᠨ ᠪᠣᠯᠪᠠᠰᠤᠷᠠᠯ᠂ ᠭᠠᠯ ᠰᠡᠷᠭᠡᠢᠯᠡᠵᠦ ᠤᠨᠲᠠᠷᠠᠭᠠᠬᠤ ᠰᠣᠷᠢᠯᠲᠠ᠂ ᠲᠤᠰᠬᠠᠢ ᠲᠤᠰᠢᠶᠠᠯᠲᠤ ᠭᠠᠯ ᠰᠡᠷᠭᠡᠢᠯᠡᠵᠦ ᠤᠨᠲᠠᠷᠠᠭᠠᠬᠤ ᠠᠩᠭᠢ᠂ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ) ᠵᠢᠨ ᠡᠳᠦᠷ ᠲᠤᠳᠤᠮ᠎ᠦᠨ ᠪᠣᠯᠪᠠᠰᠤᠷᠠᠯ ᠵᠢᠴᠢ ᠭᠠᠯ ᠰᠡᠷᠭᠡᠢᠯᠡᠵᠦ ᠤᠨᠲᠠᠷᠠᠭᠠᠬᠤ ᠠᠵᠢᠯ᠎ᠦᠨ ᠱᠠᠩᠨᠠᠵᠤ ᠲᠣᠷᠭᠠᠬᠤ ᠵᠡᠷᠭᠡ ᠠᠵᠢᠯ ᠥᠷᠨᠢᠭᠦᠯᠦᠭᠰᠡᠨ ᠪᠠᠢᠳᠠᠯ᠎ᠢᠶᠠᠨ ᠴᠠᠭ ᠲᠤᠬᠠᠢ᠎ᠳᠦ ᠨᠢ ᠲᠠᠪᠴᠠᠩ᠎ᠳᠦ ᠲᠡᠮᠳᠡᠭᠯᠡᠵᠦ ᠣᠷᠣᠭᠤᠯᠬᠤ ᠬᠡᠷᠡᠭᠲᠡᠢ᠃
ᠭᠤᠴᠢ ᠶᠢᠰᠦᠳᠦᠭᠡᠷ ᠵᠦᠢᠯ ᠨᠢᠭᠡᠴᠢ ᠨᠢ ᠡᠳᠦᠷ ᠪᠦᠷᠢ ᠬᠤᠳᠠ᠎ᠶᠢᠨ ᠭᠠᠯ᠎ᠦᠨ ᠠᠶᠤᠯ᠎ᠢ ᠣᠶᠤᠨᠴᠢ᠎ᠪᠠᠷ ᠰᠡᠷᠭᠡᠢᠯᠡᠨ ᠡᠵᠡᠮᠳᠡᠬᠦ ᠲᠠᠪᠴᠠᠩ᠎ᠳᠤ ᠭᠠᠷᠴᠤ᠂ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠦᠨ ᠨᠡᠢᠲᠡᠯᠡᠭᠰᠡᠨ ᠮᠡᠳᠡᠭᠳᠡᠯ ᠵᠠᠷᠯᠠᠯ᠎ᠢ ᠭᠠᠷᠦᠨ ᠥᠰᠥᠭ ᠵᠢᠷᠤᠵᠤ ᠬᠣᠷᠢᠶᠠᠨ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯ ᠥᠷᠨᠢᠭᠦᠯᠦᠭᠰᠡᠨ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠠᠵᠢᠯᠯᠠᠭᠰᠠᠨ ᠵᠡᠷᠭᠡ ᠪᠠᠢᠳᠠᠯ᠎ᠢ ᠪᠠᠢᠴᠠᠭᠠᠨ ᠦᠵᠡᠵᠦ᠂ ᠠᠰᠠᠭᠤᠳᠠᠯ ᠣᠷᠣᠰᠢᠵᠤ ᠪᠠᠢᠪᠠᠯ ᠴᠠᠭ ᠲᠤᠬᠠᠢ᠎ᠳᠦ ᠨᠢ ᠠᠷᠭ᠎ᠠ ᠬᠡᠮᠵᠢᠶ᠎ᠡ ᠠᠪᠴᠤ ᠪᠠᠢᠭᠠᠳ ᠴᠡᠭᠴᠡᠯᠡᠨ ᠰᠠᠢᠵᠢᠷᠠᠭᠤᠯᠬᠤ ᠬᠡᠷᠡᠭᠲᠡᠢ᠃
ᠳᠣᠯᠣᠳᠤᠭᠠᠷ ᠪᠦᠯᠦᠭ ᠭᠠᠯ ᠰᠡᠷᠭᠡᠢᠯᠡᠬᠦ ᠪᠠᠢᠴᠠᠭᠠᠯᠲᠠ ᠪᠠ ᠲᠣᠭᠣᠷᠢᠨ ᠪᠠᠢᠴᠠᠭᠠᠯᠲᠠ
ᠳᠥᠴᠢᠳᠦᠭᠡᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ᠂ ᠬᠦᠨᠳᠦ ᠶᠡᠬᠡ ᠭᠠᠯ᠎ᠦᠨ ᠠᠶᠤᠯ᠎ᠦᠨ ᠲᠠᠯᠳᠠ ᠭᠡᠮ ᠲᠠᠢ ᠨᠢᠭᠡᠴᠢ ᠵᠢᠴᠢ ᠭᠠᠯ᠎ᠦᠨ ᠠᠶᠤᠯ᠎ᠦᠨ ᠲᠦᠭᠰᠢᠭᠦᠷᠢ ᠶᠡᠬᠡᠲᠡᠢ ᠨᠢᠭᠡᠴᠢ ᠨᠢ ᠭᠠᠯ ᠰᠡᠷᠭᠡᠢᠯᠡᠬᠦ ᠲᠣᠭᠣᠷᠢᠨ ᠪᠠᠢᠴᠠᠭᠠᠯᠲᠠ᠎ᠶᠢ ᠡᠳᠦᠷ ᠪᠦᠷᠢ ᠥᠷᠨᠢᠭᠦᠯᠬᠦ᠎ᠶᠢᠨ ᠬᠠᠮᠲᠤ᠂ ᠲᠣᠭᠣᠷᠢᠨ ᠪᠠᠢᠴᠠᠭᠠᠬᠤ ᠠᠵᠢᠯᠲᠠᠨ᠂ ᠠᠭᠤᠯᠭ᠎ᠠ᠂ ᠣᠷᠣᠨ ᠪᠠᠢᠷᠢ ᠪᠠ ᠳᠠᠪᠲᠠᠮᠵᠢ ᠤᠳᠠᠭ᠎ᠠ᠎ᠪᠠᠨ ᠲᠣᠭᠲᠠᠭᠠᠬᠤ ᠬᠡᠷᠡᠭᠲᠡᠢ᠂ ᠪᠤᠰᠤᠳ ᠨᠢᠭᠡᠴᠢ ᠨᠢ ᠬᠡᠷᠡᠭᠴᠡᠭᠡ᠎ᠪᠡᠨ ᠦᠨᠳᠦᠰᠦᠯᠡᠨ ᠭᠠᠯ ᠰᠡᠷᠭᠡᠢᠯᠡᠬᠦ ᠲᠣᠭᠣᠷᠢᠨ ᠪᠠᠢᠴᠠᠭᠠᠯᠲᠠ᠎ᠶᠢ ᠵᠣᠬᠢᠶᠠᠨ ᠪᠠᠢᠭᠤᠯᠵᠤ ᠪᠣᠯᠣᠨ᠎ᠠ᠃ ᠣᠯᠠᠨ ᠨᠡᠶ᠋ᠢᠲᠡ᠎ᠶᠢᠨ ᠬᠤᠷᠠᠨ ᠴᠤᠭᠯᠠᠷᠠᠳᠠᠭ ᠲᠠᠯᠠᠪᠤᠷ ᠭᠠᠵᠠᠷ᠂ ᠡᠮᠨᠡᠯᠭᠡ᠎ᠶᠢᠨ ᠬᠣᠷᠢᠶ᠎ᠠ᠂ ᠨᠠᠰᠤᠲᠠᠨ᠎ᠢ ᠠᠰᠠᠷᠠᠬᠤ ᠬᠦᠷᠢᠶᠡᠯᠡᠩ᠂ ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ᠂ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ᠎ᠦᠨ ᠴᠡᠴᠡᠷᠯᠢᠭ ᠵᠡᠷᠭᠡ ᠨᠢᠭᠡᠴᠢ ᠨᠢ ᠬᠠᠤᠯᠢ ᠴᠠᠭᠠᠵᠠ᠂ ᠬᠠᠤᠯᠢ ᠲᠣᠭᠲᠠᠭᠠᠯ᠎ᠤᠨ ᠲᠣᠭᠲᠠᠭᠠᠯ ᠶᠣᠰᠣᠭᠠᠷ ᠭᠠᠯ ᠰᠡᠷᠭᠡᠢᠯᠡᠬᠦ ᠲᠣᠭᠣᠷᠢᠨ ᠪᠠᠢᠴᠠᠭᠠᠯᠲᠠ᠎ᠶᠢ ᠴᠢᠩᠭᠠᠳᠬᠠᠬᠤ ᠬᠡᠷᠡᠭᠲᠡᠢ᠃
ᠭᠠᠯ ᠰᠡᠷᠭᠡᠢᠯᠡᠬᠦ ᠲᠣᠭᠣᠷᠢᠨ ᠪᠠᠢᠴᠠᠭᠠᠯᠲᠠ᠎ᠳᠤ ᠬᠣᠶᠠᠷ ᠬᠡᠮᠵᠢᠯᠲᠦ ᠺᠣᠳ᠋᠂ NFC᠂ ᠡᠯᠧᠺᠲᠷᠣᠨ᠎ᠢᠶᠠᠷ ᠲᠣᠭᠣᠷᠢᠨ ᠮᠠᠨᠠᠬᠤ᠂ ᠸᠢᠳᠢᠤ᠋᠎ᠪᠠᠷ ᠬᠢᠨᠠᠨ ᠡᠵᠡᠮᠳᠡᠬᠦ ᠵᠡᠷᠭᠡ ᠮᠡᠷᠭᠡᠵᠢᠯ᠎ᠦᠨ ᠲᠥᠬᠦᠭᠡᠷᠦᠮᠵᠢ᠎ᠶᠢ ᠬᠡᠷᠡᠭᠯᠡᠵᠦ ᠪᠠᠢᠭᠠᠳ ᠭᠠᠯ ᠰᠡᠷᠭᠡᠢᠯᠡᠬᠦ ᠲᠣᠭᠣᠷᠢᠨ ᠪᠠᠢᠴᠠᠭᠠᠯᠲᠠ᠎ᠶᠢᠨ ᠠᠵᠢᠯ᠎ᠢ ᠬᠠᠪᠰᠤᠷᠤᠨ ᠥᠷᠨᠢᠭᠦᠯᠪᠡᠯ ᠵᠣᠬᠢᠨ᠎ᠠ᠃ ᠠᠯᠤᠰ᠎ᠡᠴᠡ ᠬᠢᠨᠠᠨ ᠡᠵᠡᠮᠳᠡᠬᠦ ᠰᠢᠰᠲᠧᠮ᠎ᠳᠦ ᠵᠠᠯᠭᠠᠵᠤ ᠣᠷᠣᠭᠤᠯᠤᠭᠰᠠᠨ ᠨᠢᠭᠡᠴᠢ ᠨᠢ ᠣᠶᠤᠨᠴᠢ᠎ᠪᠠᠷ ᠪᠠᠢᠴᠠᠭᠠᠨ ᠰᠢᠨᠵᠢᠬᠦ ᠲᠥᠬᠦᠭᠡᠷᠦᠮᠵᠢ ᠵᠢᠴᠢ ᠨᠢᠭᠡᠴᠢ᠎ᠶᠢᠨ ᠸᠢᠳᠢᠤ᠋᠎ᠪᠠᠷ ᠬᠢᠨᠠᠨ ᠡᠵᠡᠮᠳᠡᠬᠦ ᠰᠢᠰᠲᠧᠮ᠎ᠢ ᠠᠰᠢᠭ᠍ᠯᠠᠨ ᠲᠣᠭᠣᠷᠢᠨ ᠪᠠᠢᠴᠠᠭᠠᠬᠤ ᠠᠵᠢᠯ᠎ᠢ ᠥᠷᠨᠢᠭᠦᠯᠬᠦ᠎ᠶᠢᠨ ᠬᠠᠮᠲᠤ ᠲᠡᠮᠳᠡᠭᠯᠡᠯ ᠬᠢᠵᠦ ᠪᠣᠯᠣᠨ᠎ᠠ᠃
ᠳᠥᠴᠢᠨ ᠨᠢᠭᠡᠳᠦᠭᠡᠷ ᠵᠦᠢᠯ ᠪᠠᠢᠭᠤᠯᠭ᠎ᠠ᠂ ᠪᠦᠯᠬᠦᠮ᠂ ᠠᠵᠢᠯ ᠦᠢᠯᠡᠰ᠎ᠦᠨ ᠨᠢᠭᠡᠴᠢ ᠨᠢ ᠭᠠᠯ ᠰᠡᠷᠭᠡᠢᠯᠡᠬᠦ ᠪᠠᠢᠴᠠᠭᠠᠯᠲᠠ᠎ᠶᠢ ᠨᠠᠭᠠᠲᠤ ᠵᠠᠬ᠎ᠠ᠎ᠳᠦ᠎ᠪᠡᠨ ᠤᠯᠠᠷᠢᠯ ᠪᠦᠷᠢᠳᠦ1 ᠤᠳᠠᠭ᠎ᠠ ᠬᠢᠵᠦ᠂ ᠪᠤᠰᠤᠳ ᠨᠢᠭᠡᠴᠢ ᠨᠢ ᠭᠠᠯ ᠰᠡᠷᠭᠡᠢᠯᠡᠬᠦ ᠪᠠᠢᠴᠠᠭᠠᠯᠲᠠ᠎ᠶᠢ ᠨᠠᠭᠠᠲᠤ ᠵᠠᠬ᠎ᠠ᠎ᠳᠦ᠎ᠪᠡᠨ ᠰᠠᠷ᠎ᠠ ᠪᠦᠷᠢᠳᠦ1 ᠤᠳᠠᠭ᠎ᠠ ᠬᠢᠬᠦ ᠬᠡᠷᠡᠭᠲᠡᠢ᠃ ᠪᠠᠢᠴᠠᠭᠠᠯᠲᠠ᠎ᠳᠦ ᠳᠣᠣᠷᠠᠬᠢ ᠠᠭᠤᠯᠭ᠎ᠠ᠎ᠶᠢ ᠪᠠᠭᠲᠠᠭᠠᠬᠤ ᠬᠡᠷᠡᠭᠲᠡᠢ᠄
(ᠨᠢᠭᠡ) ᠭᠠᠯ ᠰᠡᠷᠭᠡᠢᠯᠡᠵᠦ ᠤᠨᠲᠠᠷᠠᠭᠠᠬᠤ ᠲᠡᠷᠭᠡᠨ᠎ᠦ ᠨᠡᠪᠲᠡᠷᠡᠯ ᠵᠠᠮ᠂ ᠭᠠᠯ ᠰᠡᠷᠭᠡᠢᠯᠡᠵᠦ ᠤᠨᠲᠠᠷᠠᠭᠠᠬᠤ ᠲᠡᠷᠭᠡᠨ᠎ᠦ ᠥᠨᠳᠥᠷ᠎ᠲᠦ ᠠᠪᠠᠷᠢᠨ ᠠᠵᠢᠯᠯᠠᠬᠤ ᠲᠠᠯᠠᠪᠤᠷ᠂ ᠥᠷᠥᠭᠡᠨ᠎ᠦ ᠭᠠᠳᠠᠨᠠᠬᠢ ᠭᠠᠯ ᠤᠨᠲᠠᠷᠠᠭᠠᠭᠤᠯ᠂ ᠭᠠᠯ ᠰᠡᠷᠭᠡᠢᠯᠡᠵᠦ ᠤᠨᠲᠠᠷᠠᠭᠠᠬᠤ ᠤᠰᠤᠨ ᠬᠥᠭᠡᠷᠭᠡ᠎ᠶᠢᠨ ᠵᠠᠯᠭᠠᠭᠤᠷ᠂ ᠭᠠᠯ ᠰᠡᠷᠭᠡᠢᠯᠡᠵᠦ ᠤᠨᠲᠠᠷᠠᠭᠠᠬᠤ ᠤᠰᠤᠨ ᠰᠤᠷᠪᠤᠯᠵᠢ ᠵᠢᠴᠢ ᠤᠰᠤ ᠲᠠᠲᠠᠬᠤ ᠪᠡᠯᠡᠳᠬᠡᠮᠵᠢ᠎ᠶᠢᠨ ᠪᠠᠶ᠋ᠢᠳᠠᠯ;
(ᠬᠣᠶᠠᠷ) ᠲᠠᠷᠬᠠᠭᠠᠨ ᠵᠠᠢᠯᠠᠭᠤᠯᠬᠤ ᠨᠡᠪᠲᠡᠷᠡᠯ ᠵᠠᠮ᠂ ᠠᠰᠠᠷ᠎ᠤᠨ ᠱᠠᠲᠤ᠂ ᠠᠶᠤᠯ ᠦᠭᠡᠢ ᠭᠠᠷᠴᠠ ᠵᠢᠴᠢ ᠲᠠᠷᠬᠠᠭᠠᠨ ᠵᠠᠢᠯᠠᠭᠤᠯᠬᠤ ᠵᠢᠭᠠᠯᠲᠠ ᠲᠡᠮᠳᠡᠭ᠂ ᠪᠠᠴᠢᠮ ᠪᠠᠢᠳᠠᠯ᠎ᠢ ᠠᠷᠭᠠᠴᠠᠭᠠᠬᠤ ᠭᠡᠷᠡᠯᠲᠦᠭᠦᠯᠭᠡ᠎ᠶᠢᠨ ᠪᠠᠶ᠋ᠢᠳᠠᠯ;
(ᠭᠤᠷᠪᠠ) ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠢᠯᠡᠳᠬᠡᠬᠦ ᠲᠡᠮᠳᠡᠭ ᠲᠠᠯᠪᠢᠭ᠍ᠰᠠᠨ ᠪᠠᠶ᠋ᠢᠳᠠᠯ;
(ᠳᠥᠷᠪᠡ) ᠭᠠᠯ ᠤᠨᠲᠠᠷᠠᠭᠠᠬᠤ ᠬᠡᠷᠡᠭᠰᠡᠯ᠎ᠢ ᠲᠣᠬᠢᠷᠠᠭᠤᠯᠤᠭᠰᠠᠨ ᠵᠢᠴᠢ ᠪᠦᠷᠢᠨ ᠪᠦᠲᠦᠨ ᠪᠠᠢᠬᠤ ᠪᠠᠶ᠋ᠢᠳᠠᠯ;
(ᠲᠠᠪᠤ) ᠭᠠᠯ ᠰᠡᠷᠭᠡᠢᠯᠡᠬᠦ ᠬᠡᠷᠡᠮ᠂ ᠭᠠᠯ ᠰᠡᠷᠭᠡᠢᠯᠡᠬᠦ ᠲᠠᠰᠤᠯᠤᠪᠴᠢ ᠬᠡᠷᠡᠮ ᠪᠠ ᠡᠭᠴᠡ ᠬᠤᠳᠳᠤᠭ᠎ᠤᠨ ᠨᠦᠬᠡ᠎ᠶᠢ ᠭᠠᠯ᠎ᠡᠴᠡ ᠰᠡᠷᠭᠡᠢᠯᠡᠵᠦ ᠪᠢᠲᠡᠭᠦᠮᠵᠢᠯᠡᠨ ᠪᠥᠭᠯᠡᠭᠰᠡᠨ ᠪᠠᠶ᠋ᠢᠳᠠᠯ;
(ᠵᠢᠷᠭᠤᠭ᠎ᠠ) ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠠᠵᠢᠯᠯᠠᠭᠠᠨ᠎ᠤ ᠪᠠᠶ᠋ᠢᠳᠠᠯ;
(ᠲᠤᠯᠤᠭ᠎ᠠ) ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ᠎ᠲᠤ ᠵᠢᠵᠢᠭᠦᠷᠯᠡᠭᠰᠡᠨ ᠪᠠᠢᠳᠠᠯ᠂ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠥᠬᠦᠭᠡᠷᠦᠮᠵᠢ᠎ᠶᠢᠨ ᠠᠵᠢᠯᠯᠠᠭᠠᠨ᠎ᠤ ᠪᠠ ᠲᠡᠮᠳᠡᠭᠯᠡᠯ ᠬᠢᠭᠰᠡᠨ ᠪᠠᠶ᠋ᠢᠳᠠᠯ;
(ᠨᠠᠢ᠍ᠮᠠ) ᠲᠤᠰᠬᠠᠢ ᠲᠤᠰᠢᠶᠠᠯᠲᠤ ᠪᠤᠶᠤ ᠰᠠᠢᠨ ᠳᠤᠷ᠎ᠠ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠩᠭᠢ (ᠪᠢᠴᠢᠯ ᠬᠡᠯᠪᠡᠷᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠦᠷᠳᠡᠭᠡ)᠎ᠶᠢᠨ ᠠᠵᠢᠯᠲᠠᠨ᠎ᠤ ᠵᠢᠵᠢᠭᠦᠷᠯᠡᠨ ᠰᠠᠬᠢᠭ᠍ᠰᠠᠨ᠂ ᠪᠣᠯᠪᠠᠰᠤᠷᠠᠯ ᠰᠣᠷᠢᠯᠲᠠ᠎ᠶᠢᠨ ᠪᠠᠢᠳᠠᠯ᠂ ᠪᠠᠭᠠᠵᠢ ᠬᠡᠷᠡᠭᠰᠡᠯ ᠲᠤᠨᠤᠭ ᠲᠥᠬᠦᠭᠡᠷᠦᠮᠵᠢ᠎ᠶᠢ ᠲᠣᠬᠢᠷᠠᠭᠤᠯᠤᠭᠰᠠᠨ ᠪᠠ ᠪᠦᠷᠢᠨ ᠪᠦᠲᠦᠨ ᠪᠠᠢᠬᠤ ᠪᠠᠶ᠋ᠢᠳᠠᠯ;
(ᠶᠢᠰᠦ) ᠭᠠᠯ᠂ ᠴᠠᠬᠢᠯᠭᠠᠨ᠂ ᠲᠣᠰᠣ᠌᠂ ᠬᠡᠢ ᠬᠡᠷᠡᠭᠯᠡᠬᠦ ᠠᠮᠤᠷ ᠲᠦᠪᠰᠢᠨ᠎ᠦ ᠬᠠᠮᠢᠶᠠᠷᠤᠯᠲᠠ ᠵᠢᠴᠢ ᠠᠵᠢᠯᠯᠠᠬᠤ ᠳᠦᠷᠢᠮᠯᠡᠯ᠎ᠢ ᠬᠡᠷᠡᠭᠵᠢᠭᠦᠯᠦᠭᠰᠡᠨ ᠪᠠᠶ᠋ᠢᠳᠠᠯ;
(ᠠᠷᠪᠠ) ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠣᠷᠣᠨ ᠪᠠᠢᠷᠢ᠎ᠶᠢᠨ ᠬᠠᠮᠢᠶᠠᠷᠤᠯᠲᠠ᠎ᠶᠢᠨ ᠪᠠᠶ᠋ᠢᠳᠠᠯ;
(ᠠᠷᠪᠠᠨ ᠨᠢᠭᠡ) ᠭᠠᠯ ᠰᠡᠷᠭᠡᠢᠯᠡᠬᠦ ᠲᠣᠭᠣᠷᠢᠨ ᠪᠠᠢᠴᠠᠭᠠᠯᠲᠠ᠎ᠶᠢ ᠨᠠᠢᠳᠠᠪᠤᠷᠢᠵᠢᠭᠤᠯᠤᠭᠰᠠᠨ ᠪᠠ ᠲᠡᠮᠳᠡᠭᠯᠡᠭᠰᠡᠨ ᠪᠠᠶ᠋ᠢᠳᠠᠯ;
(ᠠᠷᠪᠠᠨ ᠬᠣᠶᠠᠷ) ᠭᠠᠯ᠎ᠦᠨ ᠠᠶᠤᠯ᠎ᠦᠨ ᠲᠠᠯᠳᠠ ᠭᠡᠮ᠎ᠢ ᠴᠡᠭᠴᠡᠯᠡᠨ ᠰᠠᠢᠵᠢᠷᠠᠭᠤᠯᠤᠭᠰᠠᠨ ᠵᠢᠴᠢ ᠰᠡᠷᠭᠡᠢᠯᠡᠬᠦ ᠠᠷᠭ᠎ᠠ ᠬᠡᠮᠵᠢᠶ᠎ᠡ᠎ᠶᠢ ᠲᠣᠭᠲᠠᠭᠠᠭᠰᠠᠨ ᠪᠠ ᠨᠠᠢᠳᠠᠪᠤᠷᠢᠵᠢᠭᠤᠯᠤᠭᠰᠠᠨ ᠪᠠᠶ᠋ᠢᠳᠠᠯ;
(ᠠᠷᠪᠠᠨ ᠭᠤᠷᠪᠠ) ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠪᠠ ᠲᠠᠯᠠᠪᠤᠷ ᠭᠠᠵᠠᠷ᠎ᠤᠨ ᠭᠠᠯ ᠰᠡᠷᠭᠡᠢᠯᠡᠬᠦ ᠳᠡᠯᠪᠡᠷᠡᠬᠦ᠎ᠶᠢ ᠰᠡᠷᠭᠡᠢᠯᠡᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭᠰᠠᠨ ᠪᠠᠢᠳᠠᠯ ᠵᠢᠴᠢ ᠪᠤᠰᠤᠳ ᠴᠢᠬᠤᠯᠠ ᠡᠳ᠋ ᠪᠠᠷᠠᠭ᠎ᠠ᠎ᠶᠢᠨ ᠭᠠᠯ᠎ᠢ ᠰᠡᠷᠭᠡᠢᠯᠡᠬᠦ ᠠᠮᠤᠷ ᠲᠦᠪᠰᠢᠨ᠎ᠦ ᠪᠠᠶ᠋ᠢᠳᠠᠯ;
(ᠠᠷᠪᠠᠨ ᠳᠥᠷᠪᠡ) ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ ᠵᠡᠷᠭᠡ ᠭᠣᠣᠯᠳᠠᠯᠭ᠎ᠠ ᠪᠣᠯᠬᠤ ᠠᠵᠢᠯ᠎ᠤᠨ ᠲᠥᠷᠥᠯ᠎ᠦᠨ ᠠᠵᠢᠯᠲᠠᠨ ᠵᠢᠴᠢ ᠪᠤᠰᠤᠳ ᠠᠵᠢᠯᠲᠠᠨ᠎ᠤ ᠦᠨᠡᠮᠯᠡᠯ᠎ᠲᠠᠢ᠎ᠪᠡᠷ ᠠᠵᠢᠯ᠎ᠤᠨ ᠪᠠᠢᠷᠢ᠎ᠳᠤ ᠭᠠᠷᠤᠭᠰᠠᠨ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠮᠡᠳᠡᠯᠭᠡ᠎ᠶᠢ ᠡᠵᠡᠮᠰᠢᠭᠰᠡᠨ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ ᠵᠢᠴᠢ ᠬᠡᠷᠡᠭᠰᠡᠯ᠎ᠦᠨ ᠠᠵᠢᠯᠯᠠᠭᠠᠨ᠎ᠤ ᠪᠠᠢᠳᠠᠯ᠃
ᠳᠥᠴᠢᠨ ᠬᠣᠶᠠᠳᠤᠭᠠᠷ ᠵᠦᠢᠯ ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠬᠠᠮᠠᠭᠠᠯᠠᠬᠤ᠂ ᠪᠠᠢᠴᠠᠭᠠᠨ ᠰᠢᠨᠵᠢᠬᠦ ᠴᠢᠳᠠᠪᠤᠷᠢ᠎ᠲᠠᠢ ᠲᠤᠰᠬᠠᠢ ᠮᠡᠷᠭᠡᠵᠢᠯ᠎ᠦᠨ ᠠᠵᠢᠯᠲᠠᠨ᠎ᠢ ᠲᠣᠬᠢᠷᠠᠭᠤᠯᠵᠤ᠂ ᠠᠦ᠋ᠲ᠋ᠣ᠋ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠬᠠᠮᠠᠭᠠᠯᠠᠬᠤ᠂ ᠪᠠᠢᠴᠠᠭᠠᠨ ᠰᠢᠨᠵᠢᠬᠦ ᠬᠡᠷᠡᠭᠴᠡᠭᠡ᠎ᠶᠢ ᠬᠠᠩᠭᠠᠬᠤ ᠬᠡᠷᠡᠭᠲᠡᠶ; ᠥᠪᠡᠰᠦᠪᠡᠨ ᠬᠠᠮᠠᠭᠠᠯᠠᠬᠤ᠂ ᠪᠠᠢᠴᠠᠭᠠᠨ ᠰᠢᠨᠵᠢᠬᠦ ᠠᠵᠢᠯ ᠥᠷᠨᠢᠭᠦᠯᠬᠦ ᠨᠥᠬᠥᠴᠡᠯ᠎ᠢ ᠪᠦᠷᠢᠳᠦᠭᠦᠯᠦᠭᠰᠡᠨ ᠦᠭᠡᠢ ᠨᠢᠭᠡᠴᠢ ᠨᠢ ᠭᠤᠷᠪᠠᠳᠠᠭᠢ ᠡᠲᠡᠭᠡᠳ᠎ᠦᠨ ᠭᠠᠯ ᠰᠡᠷᠭᠡᠢᠯᠡᠵᠦ ᠤᠨᠲᠠᠷᠠᠭᠠᠬᠤ ᠮᠡᠷᠭᠡᠵᠢᠯ᠎ᠦᠨ ᠦᠢᠯᠡᠴᠢᠯᠡᠭᠡᠨ᠎ᠤ ᠪᠠᠢᠭᠤᠯᠤᠮᠵᠢ᠎ᠳᠦ ᠨᠠᠢᠳᠠᠵᠤ ᠪᠠᠢᠭᠠᠳ ᠬᠠᠮᠠᠭᠠᠯᠠᠬᠤ᠂ ᠪᠠᠢᠴᠠᠭᠠᠨ ᠰᠢᠨᠵᠢᠬᠦ᠎ᠶᠢ ᠬᠡᠷᠡᠭᠵᠢᠭᠦᠯᠬᠦ᠎ᠶᠢᠨ ᠬᠠᠮᠲᠤ ᠬᠠᠮᠠᠭᠠᠯᠠᠭᠰᠠᠨ᠂ ᠪᠠᠢᠴᠠᠭᠠᠨ ᠰᠢᠨᠵᠢᠭᠰᠡᠨ ᠮᠡᠳᠡᠭᠦᠯᠦᠯᠲᠡ᠎ᠶᠢ ᠭᠠᠷᠭᠠᠭᠤᠯᠬᠤ ᠬᠡᠷᠡᠭᠲᠡᠢ᠃
ᠨᠠᠢ᠍ᠮᠠᠳᠤᠭᠠᠷ ᠪᠦᠯᠦᠭ ᠭᠠᠯ᠎ᠤᠨ ᠠᠶᠤᠯ᠎ᠤᠨ ᠲᠡᠯᠳᠠ ᠭᠡᠮ᠎ᠢ ᠴᠡᠭᠴᠡᠯᠡᠨ ᠰᠠᠢᠵᠢᠷᠠᠭᠤᠯᠬᠤ
ᠳᠥᠴᠢᠨ ᠭᠤᠷᠪᠠᠳᠤᠭᠠᠷ ᠵᠦᠢᠯ ᠨᠢᠭᠡᠴᠢ ᠨᠢ ᠦᠪᠡᠰᠦᠪᠡᠨ ᠲᠣᠭᠣᠷᠢᠨ ᠪᠠᠢᠴᠠᠭᠠᠬᠤ ᠪᠤᠶᠤ ᠪᠠᠢᠴᠠᠭᠠᠬᠤ ᠶᠠᠪᠤᠴᠠ᠎ᠳᠦ᠎ᠪᠡᠨ ᠣᠯᠵᠤ ᠮᠡᠳᠡᠭᠰᠡᠨ ᠭᠠᠯ᠎ᠤᠨ ᠠᠶᠤᠯ᠎ᠤᠨ ᠲᠠᠯᠳᠠ ᠭᠡᠮ᠎ᠳᠦ ᠲᠡᠷᠡ ᠳᠠᠷᠤᠢ᠎ᠳᠤ ᠨᠢ ᠠᠷᠭ᠎ᠠ ᠬᠡᠮᠵᠢᠶ᠎ᠡ ᠠᠪᠴᠤ᠂ ᠴᠠᠭ ᠲᠤᠬᠠᠢ᠎ᠳᠤ ᠨᠢ ᠠᠷᠢᠯᠭᠠᠬᠤ ᠬᠡᠷᠡᠭᠲᠡᠶ; ᠵᠢᠭ᠍ᠰᠠᠭᠠᠨ ᠪᠠᠢᠴᠠᠭᠠᠭᠰᠠᠨ ᠪᠠ ᠴᠡᠭᠴᠡᠯᠡᠨ ᠰᠠᠢᠵᠢᠷᠠᠭᠤᠯᠤᠭᠰᠠᠨ ᠪᠠᠢᠳᠠᠯ᠎ᠢᠶᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ ᠪᠤᠶᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠎ᠳᠤ ᠡᠳᠦᠷ ᠪᠦᠷᠢ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠲᠤᠬᠠᠢ᠎ᠶᠢᠨ ᠲᠠᠯᠠᠪᠠᠢ᠎ᠳᠤ ᠨᠢ ᠵᠠᠯᠠᠷᠠᠭᠤᠯᠵᠤ ᠳᠡᠶ᠋ᠢᠯᠬᠦ ᠦᠭᠡᠢ ᠳᠠᠯᠳᠠ ᠬᠡᠮ᠎ᠢ ᠴᠡᠭᠴᠡᠯᠡᠨ ᠰᠠᠢᠵᠢᠷᠠᠭᠤᠯᠬᠤ ᠲᠥᠰᠥᠯ ᠲᠣᠭᠲᠠᠭᠠᠵᠤ᠂ ᠠᠷᠭ᠎ᠠ ᠬᠡᠮᠵᠢᠶ᠎ᠡ᠂ ᠬᠤᠭᠤᠴᠠᠭ᠎ᠠ ᠬᠢᠵᠠᠭᠠᠷ ᠪᠠ ᠬᠠᠷᠢᠭᠤᠴᠠᠯᠭᠠᠲᠠᠨ᠎ᠢ ᠲᠣᠳᠣᠷᠬᠠᠢᠯᠠᠬᠤ᠎ᠶᠢᠨ ᠬᠠᠮᠲᠤ ᠴᠡᠭᠴᠡᠯᠡᠨ ᠰᠠᠢᠵᠢᠷᠠᠭᠤᠯᠬᠤ ᠪᠡᠯᠡ ᠮᠥᠩᠭᠥ᠎ᠶᠢ ᠨᠠᠢᠳᠠᠪᠤᠷᠢᠵᠢᠭᠤᠯᠵᠤ᠂ ᠴᠡᠭᠴᠡᠯᠡᠨ ᠰᠠᠢᠵᠢᠷᠠᠭᠤᠯᠵᠤ ᠳᠠᠭᠤᠰᠤᠭᠰᠠᠨ᠎ᠤ ᠳᠠᠷᠠᠭ᠎ᠠ ᠬᠠᠷᠢᠭᠤᠴᠠᠯᠭᠠᠲᠠᠨ᠎ᠢᠶᠠᠷ ᠪᠤᠶᠤ ᠬᠠᠮᠢᠶᠠᠷᠤᠭ᠍ᠴᠢ᠎ᠪᠠᠷ ᠭᠠᠷᠤᠨ ᠥᠰᠥᠭ ᠵᠢᠷᠤᠭᠤᠯᠵᠤ ᠲᠠᠩᠰᠠ ᠡᠪᠬᠡᠮᠡᠯ᠎ᠳᠦ ᠣᠷᠣᠭᠤᠯᠤᠨ ᠬᠠᠳᠠᠭᠠᠯᠠᠬᠤ ᠬᠡᠷᠡᠭᠲᠡᠢ᠃ ᠲᠠᠯᠳᠠ ᠭᠡᠮ ᠠᠷᠢᠯᠬᠤ᠎ᠠᠴᠠ ᠡᠮᠦᠨ᠎ᠡ ᠰᠡᠷᠭᠡᠢᠯᠡᠬᠦ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠶᠢᠨ ᠠᠷᠭ᠎ᠠ ᠦᠭᠡᠢ ᠪᠠᠢᠪᠠᠯ ᠠᠵᠢᠯ ᠦᠢᠯᠡᠳᠪᠦᠷᠢᠯᠡᠯ᠎ᠢ ᠵᠣᠭᠰᠣᠭᠠᠵᠤ ᠴᠡᠭᠴᠡᠯᠡᠨ ᠰᠠᠢᠵᠢᠷᠠᠭᠤᠯᠬᠤ ᠬᠡᠷᠡᠭᠲᠡᠢ᠃
ᠳᠥᠴᠢᠨ ᠳᠥᠷᠪᠡᠳᠦᠭᠡᠷ ᠵᠦᠢᠯ ᠬᠠᠮᠢᠶ᠎ᠠ ᠪᠦᠬᠦᠢ ᠵᠠᠰᠠᠭ᠎ᠦᠨ ᠣᠷᠳᠣᠨ᠎ᠤ ᠰᠠᠯᠠᠭ᠎ᠠ ᠮᠥᠴᠢᠷ᠎ᠦᠨ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠭᠠᠯ᠎ᠦᠨ ᠠᠶᠤᠯ᠎ᠦᠨ ᠲᠠᠯᠳᠠ ᠭᠡᠮ᠎ᠢ ᠨᠢᠭᠡᠴᠢ ᠨᠢ ᠲᠣᠭᠲᠠᠭᠰᠠᠨ ᠬᠤᠭᠤᠴᠠᠭᠠᠨ᠎ᠤ ᠳᠣᠲᠣᠷ᠎ᠠ ᠴᠡᠭᠴᠡᠯᠡᠨ ᠰᠠᠢᠵᠢᠷᠠᠭᠤᠯᠬᠤ᠎ᠶᠢ ᠪᠡᠶᠡᠯᠡᠭᠦᠯᠬᠦ᠎ᠶᠢᠨ ᠬᠠᠮᠲᠤ ᠴᠠᠭ ᠲᠤᠬᠠᠢ᠎ᠳᠦ ᠨᠢ ᠳᠠᠪᠲᠠᠨ ᠪᠠᠢᠴᠠᠭᠠᠯᠭᠠᠬᠤ᠎ᠪᠠᠷ ᠭᠤᠶᠤᠴᠢᠯᠠᠬᠤ ᠬᠡᠷᠡᠭᠲᠡᠶ; ᠦᠪᠡᠰᠦᠪᠡᠨ ᠰᠢᠢᠳᠪᠦᠷᠢᠯᠡᠬᠦ᠎ᠶᠢᠨ ᠠᠷᠭ᠎ᠠ ᠦᠭᠡᠢ ᠬᠦᠨᠳᠦ ᠶᠡᠬᠡ ᠭᠠᠯ᠎ᠤᠨ ᠠᠶᠤᠯ᠎ᠤᠨ ᠲᠠᠯᠳᠠ ᠭᠡᠮ᠎ᠢ ᠪᠣᠯ᠂ ᠨᠢᠭᠡᠴᠢ ᠨᠢ ᠰᠢᠢᠳᠪᠦᠷᠢᠯᠡᠬᠦ ᠲᠥᠰᠥᠯ ᠲᠣᠭᠲᠠᠭᠠᠬᠤ᠎ᠶᠢᠨ ᠬᠠᠮᠲᠤ᠂ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠵᠢᠴᠢ ᠲᠡᠭᠦᠨ᠎ᠦ ᠠᠵᠢᠯ ᠲᠦᠷᠦᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢ᠎ᠳᠤ ᠨᠢ ᠮᠡᠳᠡᠭᠦᠯᠬᠦ ᠬᠡᠷᠡᠭᠲᠡᠢ᠃
ᠶᠢᠰᠦᠳᠦᠭᠡᠷ ᠪᠦᠯᠦᠭ ᠤᠬᠠᠭᠤᠯᠭ᠎ᠠ ᠬᠥᠮᠦᠵᠢᠯ ᠪᠠ ᠪᠣᠯᠪᠠᠰᠤᠷᠠᠯ
ᠳᠥᠴᠢᠨ ᠲᠠᠪᠤᠳᠤᠭᠠᠷ ᠵᠦᠢᠯ ᠨᠢᠭᠡᠴᠢ ᠨᠢ ᠤᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠤᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠲᠤᠬᠠᠢ ᠪᠠᠢᠩᠭᠤ᠎ᠶᠢᠨ ᠴᠢᠨᠠᠷᠲᠠᠢ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠪᠦᠬᠦ ᠠᠵᠢᠯᠲᠠᠨ᠎ᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠪᠣᠯᠪᠠᠰᠤᠷᠠᠯ᠎ᠢ ᠵᠢᠯ ᠪᠦᠷᠢ ᠠᠳᠠᠭ᠎ᠲᠤ᠎ᠪᠠᠨ 1 ᠤᠳᠠᠭ᠎ᠠ ᠵᠣᠬᠢᠶᠠᠨ ᠪᠠᠢᠭᠤᠯᠵᠤ᠂ ᠠᠵᠢᠯ᠎ᠤᠨ ᠪᠠᠢᠷᠢ᠎ᠳᠤ ᠰᠢᠨ᠎ᠡ᠎ᠪᠡᠷ ᠭᠠᠷᠬᠤ ᠪᠤᠶᠤ ᠠᠵᠢᠯ᠎ᠤᠨ ᠪᠠᠢᠷᠢ ᠰᠣᠯᠢᠭ᠍ᠰᠠᠨ ᠠᠵᠢᠯᠲᠠᠨ᠎ᠳᠤ ᠡᠷᠬᠡᠪᠰᠢ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠭᠠᠯ ᠰᠡᠷᠭᠡᠢᠯᠡᠵᠦ ᠤᠨᠲᠠᠷᠠᠭᠠᠬᠤ ᠪᠣᠯᠪᠠᠰᠤᠷᠠᠯ ᠬᠢᠬᠦ ᠬᠡᠷᠡᠭᠲᠡᠢ᠃ ᠤᠬᠠᠭᠤᠯᠭ᠎ᠠ ᠬᠥᠮᠦᠵᠢᠯ᠎ᠦᠨ ᠦᠭᠡ ᠬᠡᠯᠡ ᠦᠰᠦᠭ ᠪᠢᠴᠢᠭ᠎ᠢ ᠨᠡᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ᠎ᠢᠶᠡᠷ ᠭᠣᠣᠯ ᠴᠣᠭᠴᠠ ᠪᠣᠯᠭᠠᠵᠤ᠂ ᠬᠢᠲᠠᠳ ᠬᠡᠯᠡᠨ᠎ᠦ ᠨᠤᠲᠤᠭ᠎ᠤᠨ ᠠᠶᠠᠯᠭᠤ᠂ ᠴᠥᠭᠡᠨ ᠲᠣᠭᠠᠲᠤ ᠦᠨᠳᠦᠰᠦᠲᠡᠨ᠎ᠦ ᠦᠭᠡ ᠬᠡᠯᠡ ᠵᠢᠴᠢ ᠦᠰᠦᠭ ᠪᠢᠴᠢᠭ᠂ ᠭᠠᠳᠠᠭᠠᠳᠤ ᠤᠯᠤᠰ᠎ᠤᠨ ᠦᠭᠡ ᠬᠡᠯᠡ ᠵᠢᠴᠢ ᠦᠰᠦᠭ ᠪᠢᠴᠢᠭ᠎ᠢ ᠬᠠᠮᠵᠢᠭᠤᠯᠤᠨ ᠬᠡᠷᠡᠭᠯᠡᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ ᠤᠬᠠᠭᠤᠯᠭ᠎ᠠ᠎ᠶᠢ ᠥᠷᠨᠢᠭᠦᠯᠵᠦ ᠪᠣᠯᠣᠨ᠎ᠠ᠃
ᠳᠥᠴᠢᠨ ᠵᠢᠷᠭᠤᠳᠤᠭᠠᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ᠂ ᠭᠠᠯ ᠰᠡᠷᠭᠡᠢᠯᠡᠵᠦ ᠤᠨᠲᠠᠷᠠᠭᠠᠬᠤ ᠡᠵᠡᠮᠳᠡᠯ᠎ᠦᠨ ᠲᠠᠰᠤᠭ᠎ᠤᠨ ᠵᠢᠵᠢᠭᠦᠷᠯᠡᠭᠴᠢ ᠵᠡᠷᠭᠡ ᠣᠨᠴᠠᠭᠠᠶ ᠠᠵᠢᠯ᠎ᠤᠨ ᠪᠠᠢᠷᠢ᠎ᠳᠤ ᠪᠠᠢᠭ᠎ᠠ ᠬᠥᠮᠥᠰ᠎ᠲᠦ ᠲᠤᠰᠬᠠᠢ ᠰᠡᠳᠦᠪᠲᠦ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠦᠷᠲᠡᠭᠡᠵᠦ᠂ ᠴᠠᠬᠢᠯᠭᠠᠨ ᠲᠥᠬᠦᠭᠡᠷᠦᠮᠵᠢ᠎ᠶᠢᠨ ᠬᠠᠮᠠᠭᠠᠯᠠᠯᠲᠠ᠂ ᠭᠠᠯ ᠡᠭᠦᠰᠬᠡᠵᠦ ᠠᠵᠢᠯᠯᠠᠬᠤ ᠵᠡᠷᠭᠡ ᠭᠣᠣᠯᠳᠠᠯᠭ᠎ᠠ ᠪᠣᠯᠬᠤ ᠬᠥᠮᠥᠰ ᠦᠨᠡᠮᠯᠡᠯ᠎ᠲᠠᠢ᠎ᠪᠡᠷ ᠠᠵᠢᠯ᠎ᠤᠨ ᠪᠠᠢᠷᠢ᠎ᠳᠤ ᠭᠠᠷᠴᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠲᠤᠰᠬᠠᠢ ᠵᠦᠢᠯ᠎ᠦᠨ ᠪᠣᠯᠪᠠᠰᠤᠷᠠᠯ᠎ᠢ ᠤᠯᠠᠷᠢᠯ ᠪᠦᠷᠢ᠎ᠳᠤ1 ᠤᠳᠠᠭ᠎ᠠ ᠬᠦᠷᠲᠡᠭᠡᠬᠦ ᠬᠡᠷᠡᠭᠲᠡᠢ᠃
ᠨᠢᠭᠡᠴᠢ ᠨᠢ ᠠᠵᠢᠯᠲᠠᠨ ᠠᠵᠢᠯᠴᠢᠨ᠎ᠳᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠥᠮᠦᠵᠢᠯ ᠪᠣᠯᠪᠠᠰᠤᠷᠠᠯ ᠬᠢᠬᠦ᠎ᠳᠤ᠎ᠪᠠᠨ ᠲᠤᠰ ᠨᠢᠭᠡᠴᠢ᠎ᠶᠢᠨ᠎ᠢᠶᠡᠨ ᠭᠠᠯ᠎ᠤᠨ ᠠᠶᠤᠯ᠎ᠤᠨ ᠲᠦᠭᠰᠢᠭᠦᠷᠢᠲᠦ ᠴᠢᠨᠠᠷ᠂ ᠭᠠᠯ ᠰᠡᠷᠭᠡᠢᠯᠡᠨ ᠭᠠᠯ ᠤᠨᠲᠠᠷᠠᠭᠠᠬᠤ ᠠᠷᠭ᠎ᠠ ᠬᠡᠮᠵᠢᠶ᠎ᠡ᠂ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ ᠵᠢᠴᠢ ᠭᠠᠯ ᠤᠨᠲᠠᠷᠠᠭᠠᠬᠤ ᠬᠡᠷᠡᠭᠰᠡᠯ᠎ᠦᠨ ᠠᠵᠢᠯᠯᠠᠭᠤᠯᠵᠤ ᠬᠡᠷᠡᠭᠯᠡᠬᠦ ᠠᠷᠭ᠎ᠠ᠂ ᠬᠥᠮᠥᠰ᠎ᠢ ᠬᠥᠲᠥᠯᠥᠨ ᠵᠢᠯᠤᠭᠣᠳᠴᠤ ᠲᠠᠷᠬᠠᠭᠠᠨ ᠵᠠᠢᠯᠠᠭᠤᠯᠵᠤ ᠠᠮᠢ ᠵᠢᠭᠤᠲᠠᠭᠤᠯᠬᠤ ᠮᠡᠳᠡᠯᠭᠡ ᠵᠡᠷᠭᠡ᠎ᠶᠢ ᠪᠣᠯᠪᠠᠰᠤᠷᠠᠯ᠎ᠤᠨ᠎ᠢᠶᠠᠨ ᠭᠣᠣᠯᠳᠠᠯᠭ᠎ᠠ ᠪᠣᠯᠭᠠᠬᠤ ᠬᠡᠷᠡᠭᠲᠡᠢ᠃
ᠠᠷᠪᠠᠳᠤᠭᠠᠷ ᠪᠦᠯᠦᠭ ᠭᠠᠯ ᠤᠨᠲᠠᠷᠠᠭᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠲᠠᠷᠬᠠᠭᠠᠨ ᠵᠠᠢᠯᠠᠭᠤᠯᠬᠤ ᠪᠡᠯᠡᠳᠬᠡᠯ ᠲᠥᠰᠥᠯ
ᠳᠥᠴᠢᠨ ᠳᠣᠯᠣᠳᠤᠭᠠᠷ ᠵᠦᠢᠯ ᠨᠢᠭᠡᠴᠢ᠎ᠶᠢᠨ 《ᠨᠡᠢᠭᠡᠮ᠎ᠤᠨ ᠨᠢᠭᠡᠴᠢ᠎ᠶᠢᠨ ᠭᠠᠯ ᠤᠨᠲᠠᠷᠠᠭᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠲᠠᠷᠬᠠᠭᠠᠨ ᠵᠠᠢᠯᠠᠭᠤᠯᠬᠤ ᠪᠡᠯᠡᠳᠬᠡᠯ ᠲᠥᠰᠥᠯ᠎ᠢ ᠨᠠᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠠᠵᠢᠯ᠎ᠤᠨ ᠵᠢᠯᠤᠭᠣᠳᠬᠤ ᠳᠦᠷᠢᠮ》 (GB/T38315)᠎ᠢ ᠦᠨᠳᠦᠰᠦᠯᠡᠨ ᠲᠤᠰ ᠨᠢᠭᠡᠴᠢ᠎ᠶᠢᠨ᠎ᠢᠶᠡᠨ ᠬᠠᠮᠢᠶ᠎ᠠ ᠪᠦᠬᠦᠢ ᠪᠡᠯᠡᠳᠬᠡᠯ ᠲᠥᠰᠥᠯ᠎ᠢ ᠲᠣᠭᠲᠠᠭᠠᠬᠤ᠎ᠶᠢ ᠵᠣᠷᠢᠭ᠍ᠵᠢᠭᠤᠯᠵᠤ᠂ ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ᠂ ᠡᠭᠦᠷᠭᠡ ᠬᠠᠷᠢᠭᠤᠴᠠᠯᠭ᠎ᠠ ᠠᠵᠢᠯ᠎ᠦᠨ ᠬᠤᠪᠢᠶᠠᠷᠢᠯᠠᠯ᠂ ᠭᠠᠯ᠎ᠦᠨ ᠠᠶᠤᠯ᠎ᠦᠨ ᠠᠬᠤᠢ ᠲᠠᠯᠠᠪᠠᠢ᠎ᠶᠢᠨ ᠪᠠᠢᠷᠢᠯᠠᠭᠤᠯᠤᠨ ᠲᠣᠬᠢᠷᠠᠭᠤᠯᠤᠯᠲᠠ᠂ ᠰᠢᠢᠳᠪᠦᠷᠢᠯᠡᠬᠦ ᠲᠡᠰ ᠳᠠᠷᠠᠭᠠᠯᠠᠯ ᠵᠢᠴᠢ ᠪᠠᠴᠢᠮ ᠪᠠᠢᠳᠠᠯ᠎ᠢ ᠠᠷᠭᠠᠴᠠᠭᠠᠵᠤ ᠲᠠᠷᠬᠠᠭᠠᠨ ᠵᠠᠢᠯᠠᠭᠤᠯᠬᠤ ᠵᠠᠮ ᠱᠤᠭᠤᠮ᠎ᠢ ᠲᠣᠳᠣᠷᠬᠠᠢᠯᠠᠵᠤ᠂ ᠪᠡᠯᠡᠳᠬᠡᠯ ᠲᠥᠰᠥᠯ᠎ᠤᠨ ᠨᠢᠭᠡᠴᠢ᠎ᠶᠢᠨ ᠪᠣᠳᠠᠲᠤ ᠪᠠᠢᠳᠠᠯ᠎ᠳᠦ ᠨᠡᠢᠴᠡᠬᠦ ᠮᠥᠷᠲᠡᠭᠡᠨ ᠪᠣᠳᠠᠲᠤ ᠬᠡᠷᠡᠭᠯᠡᠭᠡᠨ᠎ᠤ ᠴᠢᠨᠠᠷ ᠪᠠ ᠬᠡᠷᠡᠭᠵᠢᠭᠦᠯᠵᠦ ᠪᠣᠯᠬᠤᠢᠴᠠ ᠴᠢᠨᠠᠷᠲᠠᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠪᠡᠯᠡᠳᠬᠡᠯ ᠲᠥᠰᠥᠯ᠎ᠢ ᠨᠠᠢᠷᠠᠭᠤᠯᠤᠨ ᠵᠣᠬᠢᠶᠠᠵᠤ ᠳᠠᠭᠤᠰᠤᠭᠰᠠᠨ᠎ᠤ ᠲᠠᠷᠠᠭ᠎ᠠ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠬᠥᠮᠥᠰ᠎ᠢ ᠵᠣᠬᠢᠶᠠᠨ ᠪᠠᠢᠭᠤᠯᠵᠤ ᠪᠠᠢᠭᠠᠳ ᠪᠡᠯᠡᠳᠬᠡᠯ ᠲᠥᠰᠥᠯ᠎ᠳᠦ ᠦᠨᠡᠯᠡᠨ ᠬᠢᠨᠠᠯᠲᠠ ᠬᠢᠯᠭᠡᠵᠦ᠂ ᠪᠣᠳᠠᠲᠤ ᠪᠠᠢᠳᠠᠯ᠎ᠠᠴᠠ ᠰᠠᠯᠤᠩᠬᠢᠷᠠᠭᠰᠠᠨ ᠠᠭᠤᠯᠭ᠎ᠠ᠎ᠳᠤ ᠴᠠᠭ ᠲᠤᠬᠠᠢ᠎ᠳᠤ ᠨᠢ ᠵᠠᠰᠠᠪᠤᠷᠢ ᠣᠷᠣᠭᠤᠯᠬᠤ ᠬᠡᠷᠡᠭᠲᠡᠢ᠃
ᠳᠥᠴᠢᠨ ᠨᠠᠢ᠍ᠮᠠᠳᠤᠭᠠᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯᠳᠠᠯᠭ᠎ᠠ ᠪᠣᠯᠬᠤ ᠨᠢᠭᠡᠴᠢ ᠨᠢ ᠭᠠᠯ ᠤᠨᠲᠠᠷᠠᠭᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠲᠠᠷᠬᠠᠭᠠᠨ ᠵᠠᠢᠯᠠᠭᠤᠯᠬᠤ ᠰᠣᠷᠢᠯᠲᠠ᠎ᠶᠢ ᠬᠠᠭᠠᠰ ᠵᠢᠯ᠎ᠳᠦ ᠠᠳᠠᠭ᠎ᠲᠤ᠎ᠪᠠᠨ1᠎ᠤᠳᠠᠭ᠎ᠠ ᠵᠣᠬᠢᠶᠠᠨ ᠪᠠᠢᠭᠤᠯᠵᠤ᠂ ᠪᠤᠰᠤᠳ ᠨᠢᠭᠡᠴᠢ ᠨᠢ ᠵᠢᠯ ᠪᠦᠷᠢ ᠠᠳᠠᠭ ᠲᠤ᠎ᠪᠠᠨ1 ᠤᠳᠠᠭ᠎ᠠ ᠵᠣᠬᠢᠶᠠᠨ ᠪᠠᠢᠭᠤᠯᠤᠨ᠎ᠠ᠃ ᠰᠣᠷᠢᠯᠲᠠ ᠳᠠᠭᠤᠰᠤᠭᠰᠠᠨ᠎ᠤ ᠳᠠᠷᠠᠭ᠎ᠠ ᠳ᠋ᠦᠩᠨᠡᠯᠲᠡ ᠬᠢᠵᠦ ᠦᠨᠡᠯᠡᠨ ᠵᠢᠱ᠌ᠢᠵᠦ᠂ ᠣᠷᠣᠰᠢᠵᠤ ᠪᠠᠢᠭ᠎ᠠ ᠠᠰᠠᠭᠤᠳᠠᠯ᠎ᠢ ᠲᠡᠮᠳᠡᠭᠯᠡᠬᠦ᠎ᠶᠢᠨ ᠬᠠᠮᠲᠤ ᠬᠠᠯᠠᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠳᠤᠷᠠᠳᠬᠤ ᠬᠡᠷᠡᠭᠲᠡᠢ᠃
ᠠᠷᠪᠠᠨ ᠨᠢᠭᠡᠳᠦᠭᠡᠷ ᠪᠦᠯᠦᠭ ᠱᠠᠩᠨᠠᠵᠤ ᠰᠢᠢᠳᠬᠡᠬᠦ
ᠳᠥᠴᠢ ᠶᠢᠰᠦᠳᠦᠭᠡᠷ ᠵᠦᠢᠯ ᠨᠢᠭᠡᠴᠢ ᠨᠢ ᠦᠪᠡᠰᠦᠪᠡᠨ ᠪᠠᠢᠴᠠᠭᠠᠵᠤ ᠢᠯᠡᠷᠡᠭᠦᠯᠦᠭᠰᠡᠨ ᠭᠠᠯ᠎ᠤᠨ ᠠᠶᠤᠯ᠎ᠤᠨ ᠳᠠᠯᠳᠠ ᠬᠡᠮ ᠪᠤᠶᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠪᠣᠯ᠂ ᠨᠢᠭᠡᠨᠲᠡ ᠴᠡᠭᠴᠡᠯᠡᠨ ᠰᠠᠢᠵᠢᠷᠠᠭᠤᠯᠬᠤ᠎ᠶᠢ ᠪᠡᠶᠡᠯᠡᠭᠦᠯᠦᠭᠰᠡᠨ ᠮᠥᠷᠲᠡᠭᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠱᠠᠭᠠᠷᠳᠠᠯᠭ᠎ᠠ᠎ᠳᠦ ᠨᠡᠢᠴᠡᠭᠦᠯᠦᠭᠰᠡᠨ᠂ ᠡᠰᠡᠬᠦᠯ᠎ᠡ ᠵᠦᠢ ᠵᠣᠬᠢᠰᠲᠠᠢ ᠴᠡᠭᠴᠡᠯᠡᠨ ᠰᠠᠢᠵᠢᠷᠠᠭᠤᠯᠬᠤ ᠬᠤᠭᠤᠴᠠᠭᠠᠨ᠎ᠳᠦ ᠪᠦᠲᠦᠮᠵᠢᠲᠡᠶ ᠰᠡᠷᠭᠡᠢᠯᠡᠬᠦ ᠠᠷᠭ᠎ᠠ ᠬᠡᠮᠵᠢᠶ᠎ᠡ ᠠᠪᠴᠤ ᠪᠠᠢᠭᠠᠳ ᠭᠠᠯ᠎ᠦᠨ ᠠᠶᠤᠯ᠎ᠦᠨ ᠬᠥᠨᠥᠭᠡᠯ ᠡᠭᠦᠰᠬᠦ᠎ᠶᠢ ᠰᠡᠷᠭᠡᠢᠯᠡᠨ ᠬᠣᠷᠢᠭ᠍ᠯᠠᠭᠰᠠᠨ ᠪᠠᠢᠪᠠᠯ᠂ ᠲᠠᠯᠳᠠ ᠭᠡᠮ᠎ᠢ ᠵᠢᠭ᠍ᠰᠠᠭᠠᠨ ᠪᠠᠢᠴᠠᠭᠠᠭᠰᠠᠨ᠂ ᠴᠡᠭᠴᠡᠯᠡᠨ ᠰᠠᠢᠵᠢᠷᠠᠭᠤᠯᠤᠭᠰᠠᠨ ᠵᠢᠴᠢ ᠰᠡᠷᠭᠡᠢᠯᠡᠬᠦ ᠠᠷᠭ᠎ᠠ ᠬᠡᠮᠵᠢᠶ᠎ᠡ ᠵᠡᠷᠭᠡ ᠪᠠᠢᠳᠠᠯ᠎ᠢ ᠲᠣᠭᠲᠠᠭᠠᠯ ᠶᠣᠰᠣᠭᠠᠷ ᠪᠢᠴᠢᠭᠯᠡᠭᠰᠡᠨ ᠲᠡᠮᠳᠡᠭᠯᠡᠯ᠎ᠲᠠᠢ ᠪᠣᠯᠭᠠᠬᠤ᠎ᠶᠢᠨ ᠬᠠᠮᠲᠤ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠲᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠪᠠᠢᠴᠠᠭᠠᠯᠲᠠ ᠬᠢᠬᠦ ᠳᠤᠮᠳᠠ᠎ᠪᠠᠨ ᠲᠤᠰ ᠲᠠᠯᠳᠠ ᠭᠡᠮ ᠪᠤᠶᠤ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠣᠯᠵᠤ ᠮᠡᠳᠡᠪᠡᠯ᠂ ᠪᠡᠶᠡᠴᠢ ᠲᠠᠯ᠎ᠠ᠎ᠶᠢᠨ ᠣᠰᠣᠯ ᠪᠤᠷᠤᠭᠤ ᠦᠭᠡᠢ᠎ᠪᠡᠷ ᠮᠠᠭᠠᠳᠯᠠᠨ ᠲᠣᠭᠲᠠᠭᠠᠵᠤ᠂ ᠬᠠᠤᠯᠢ ᠶᠣᠰᠣᠭᠠᠷ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ ᠥᠭᠬᠦ ᠦᠭᠡᠢ᠃
ᠲᠠᠪᠢᠳᠤᠭᠠᠷ ᠵᠦᠢᠯ ᠨᠢᠭᠡᠴᠢ ᠨᠢ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠦᠨ ᠬᠢᠨᠠᠯᠲᠠ ᠪᠠᠢᠴᠠᠭᠠᠯᠲᠠ᠎ᠶᠢ ᠬᠦᠯᠢᠶᠡᠬᠦ᠎ᠳᠤ᠎ᠪᠠᠨ ᠪᠦᠷᠢᠨ ᠪᠦᠲᠦᠨ᠂ ᠦᠨᠡᠨ ᠪᠣᠳᠠᠲᠠᠢ᠂ ᠬᠦᠴᠦᠨ ᠪᠦᠬᠦᠢ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠪᠠᠢᠴᠠᠭᠠᠨ ᠰᠢᠨᠵᠢᠭᠰᠡᠨ ᠮᠡᠳᠡᠭᠦᠯᠦᠯᠲᠡ ᠪᠤᠶᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠦᠨᠡᠯᠡᠨ ᠵᠢᠱ᠌ᠢᠭᠰᠡᠨ ᠮᠡᠳᠡᠭᠦᠯᠦᠯᠲᠡ᠎ᠶᠢ ᠬᠠᠩᠭᠠᠬᠤ ᠬᠡᠷᠡᠭᠲᠡᠢ᠃
ᠠᠵᠢᠯ ᠡᠷᠬᠢᠯᠡᠬᠦ ᠨᠥᠬᠥᠴᠡᠯ ᠪᠦᠷᠢᠳᠦᠭᠦᠯᠦᠭᠰᠡᠨ ᠭᠤᠷᠪᠠᠳᠠᠭᠢ ᠡᠲᠡᠭᠡᠳ᠎ᠦᠨ ᠭᠠᠯ ᠰᠡᠷᠭᠡᠢᠯᠡᠵᠦ ᠤᠨᠲᠠᠷᠠᠭᠠᠬᠤ ᠮᠡᠷᠭᠡᠵᠢᠯ᠎ᠦᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠭᠠᠷᠭᠠᠭᠰᠠᠨ 6 ᠰᠠᠷ᠎ᠠ ᠳᠣᠲᠣᠷᠠᠬᠢ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠪᠠᠢᠴᠠᠭᠠᠨ ᠰᠢᠨᠵᠢᠭᠰᠡᠨ ᠮᠡᠳᠡᠭᠦᠯᠦᠯᠲᠡ᠎ᠶᠢ ᠪᠣᠯ ᠰᠢᠭᠤᠳ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠦᠨ ᠲᠤᠰ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠪᠠᠢᠳᠠᠯ᠎ᠢ ᠪᠠᠢᠴᠠᠭᠠᠭᠰᠠᠨ ᠦᠷ᠎ᠡ ᠳ᠋ᠦᠩ᠎ᠳᠦ ᠯᠠᠪᠯᠠᠯᠲᠠ ᠪᠣᠯᠭᠠᠵᠤ ᠪᠣᠯᠤᠨ᠎ᠠ; ᠲᠤᠰ ᠵᠢᠯ᠎ᠦᠨ ᠳᠣᠲᠣᠷ᠎ᠠ ᠭᠠᠷᠭᠠᠵᠤ ᠥᠭᠭᠦᠭᠰᠡᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠦᠨᠡᠯᠡᠨ ᠵᠢᠱ᠌ᠢᠭᠰᠡᠨ ᠮᠡᠳᠡᠭᠦᠯᠦᠯᠲᠡ᠎ᠶᠢ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠤᠨ ᠲᠤᠰ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠪᠠᠢᠳᠠᠯ᠎ᠢ ᠪᠠᠢᠴᠠᠭᠠᠭᠰᠠᠨ ᠳ᠋ᠦᠩᠨᠡᠯᠲᠡ᠎ᠳᠦ ᠯᠠᠪᠯᠠᠯᠲᠠ ᠪᠣᠯᠭᠠᠵᠤ ᠪᠣᠯᠣᠨ᠎ᠠ᠃
ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠨᠢ ᠳᠡᠭᠡᠷ᠎ᠡ ᠳᠤᠷᠠᠳᠤᠭᠰᠠᠨ ᠪᠠᠢᠴᠠᠭᠠᠨ ᠰᠢᠨᠵᠢᠯᠲᠡ ᠪᠤᠶᠤ ᠦᠨᠡᠯᠡᠨ ᠵᠢᠱ᠌ᠢᠯᠲᠡ᠎ᠶᠢᠨ ᠮᠡᠳᠡᠭᠦᠯᠦᠯᠲᠡ᠎ᠳᠦ ᠬᠠᠮᠤᠷᠤᠭᠳᠠᠭᠰᠠᠨ ᠠᠭᠤᠯᠭ᠎ᠠ᠎ᠳᠦ ᠪᠠᠢᠴᠠᠭᠠᠯᠲᠠ ᠬᠢᠬᠦ ᠦᠭᠡᠢ ᠪᠠᠢᠵᠤ ᠪᠣᠯᠣᠨ᠎ᠠ᠂ ᠭᠡᠪᠡᠴᠦ ᠭᠤᠷᠪᠠᠳᠠᠭᠢ ᠡᠲᠡᠭᠡᠳ᠎ᠤᠨ ᠭᠠᠯ ᠰᠡᠷᠭᠡᠢᠯᠡᠵᠦ ᠤᠨᠲᠠᠷᠠᠭᠠᠬᠤ ᠮᠡᠷᠭᠡᠵᠢᠯ᠎ᠦᠨ ᠦᠢᠯᠡᠴᠢᠯᠡᠭᠡᠨ᠎ᠤ ᠪᠠᠢᠭᠤᠯᠤᠮᠵᠢ᠎ᠶᠢᠨ ᠬᠠᠤᠯᠢ᠎ᠠᠴᠠ ᠵᠥᠷᠢᠴᠡᠨ ᠬᠤᠳᠠᠯ ᠬᠠᠭᠤᠷᠮᠠᠭ᠂ ᠪᠣᠳᠠᠲᠤ ᠪᠠᠢᠳᠠᠯ᠎ᠲᠠᠢ ᠨᠡᠢᠴᠡᠬᠦ ᠦᠭᠡᠢ ᠪᠢᠴᠢᠭ ᠮᠠᠲᠧᠷᠢᠶᠠᠯ ᠭᠠᠷᠭᠠᠵᠤ ᠥᠭᠭᠦᠭᠰᠡᠨ᠎ᠢ ᠣᠯᠵᠤ ᠮᠡᠳᠡᠭᠰᠡᠨ ᠨᠢ ᠡᠭᠦᠨ᠎ᠳᠦ ᠪᠠᠭᠲᠠᠬᠤ ᠦᠭᠡᠢ᠃
ᠲᠠᠪᠢᠨ ᠨᠢᠭᠡᠳᠦᠭᠡᠷ ᠵᠦᠢᠯ ᠨᠢᠭᠡᠴᠢ ᠵᠢᠴᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭᠠᠲᠠᠨ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠭ᠍ᠴᠢ᠎ᠳᠤ ᠭᠠᠯ ᠰᠡᠷᠭᠡᠢᠯᠡᠵᠦ ᠤᠨᠲᠠᠷᠠᠭᠠᠬᠤ ᠬᠠᠤᠯᠢ ᠲᠣᠭᠲᠠᠭᠠᠯ᠎ᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠢᠪᠠᠯ᠂ ᠨᠢᠭᠡᠴᠢ᠎ᠶᠢᠨ ᠳᠣᠲᠣᠭᠠᠳᠤ᠎ᠳᠦ᠎ᠪᠡᠨ ᠪᠠᠢᠭᠤᠯᠤᠭᠰᠠᠨ ᠬᠢᠨᠠᠯᠲᠠ ᠲᠠᠯᠪᠢᠬᠤ ᠪᠠᠢᠭᠤᠯᠤᠮᠵᠢ ᠨᠢ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠡᠷᠬᠡ᠎ᠲᠠᠢ ᠪᠥᠭᠡᠳ ᠨᠢᠭᠡᠴᠢ᠎ᠶᠢᠨ ᠤᠳᠤᠷᠢᠳᠤᠯᠭ᠎ᠠ ᠪᠤᠶᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠢᠭᠤᠯᠤᠮᠵᠢ᠎ᠳᠤ ᠮᠡᠳᠡᠭᠦᠯᠦᠨ᠎ᠡ; ᠴᠢᠬᠤᠯᠠᠲᠠᠢ ᠦᠶ᠎ᠡ᠎ᠳᠦ᠂ ᠲᠡᠭᠦᠨ᠎ᠦ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠢᠳᠠᠯ ᠵᠡᠷᠭᠡ᠎ᠶᠢ ᠲᠤᠯᠭᠠᠨ ᠠᠰᠠᠭᠤᠵᠤ ᠪᠣᠯᠣᠨ᠎ᠠ᠃
ᠲᠠᠪᠢᠨ ᠬᠣᠶᠠᠳᠤᠭᠠᠷ ᠵᠦᠢᠯ ᠨᠢᠭᠡᠴᠢ ᠨᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠢᠯᠡᠴᠢᠯᠡᠨ ᠮᠡᠳᠡᠭᠦᠯᠦᠭᠰᠡᠳ᠎ᠢ ᠱᠠᠩᠨᠠᠨ ᠬᠥᠬᠢᠭᠦᠯᠬᠦ ᠳᠦᠷᠢᠮ᠎ᠢ ᠪᠠᠢᠭᠤᠯᠵᠤ᠂ ᠶᠠᠮᠠᠷᠪᠠ ᠨᠢᠭᠡᠴᠢ ᠪᠠ ᠬᠤᠪᠢ ᠬᠥᠮᠥᠨ᠎ᠦ ᠢᠯᠡᠴᠢᠯᠡᠨ ᠮᠡᠳᠡᠭᠦᠯᠦᠭᠰᠡᠨ ᠲᠤᠰ ᠨᠢᠭᠡᠴᠢ᠎ᠳᠤ ᠣᠷᠣᠰᠢᠵᠤ ᠪᠠᠢᠭ᠎ᠠ ᠭᠠᠯ᠎ᠤᠨ ᠠᠶᠤᠯ᠎ᠤᠨ ᠲᠠᠯᠳᠠ ᠭᠡᠮ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠤᠯᠢ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠪᠠᠢᠴᠠᠭᠠᠨ ᠲᠣᠳᠣᠯᠠᠭᠠᠳ ᠦᠨᠡᠨ ᠪᠣᠳᠠᠲᠠᠢ ᠪᠠᠢᠪᠠᠯ᠂ ᠢᠯᠡᠴᠢᠯᠡᠨ ᠮᠡᠳᠡᠭᠦᠯᠦᠭᠰᠡᠳ᠎ᠲᠦ ᠵᠣᠬᠢᠬᠤ ᠱᠠᠩᠨᠠᠯ ᠣᠯᠭᠣᠬᠤ ᠬᠡᠷᠡᠭᠲᠡᠢ᠂ ᠪᠣᠳᠠᠲᠠᠢ ᠱᠠᠩᠨᠠᠨ ᠬᠥᠬᠢᠭᠦᠯᠬᠦ ᠠᠷᠭ᠎ᠠ᠎ᠶᠢ ᠨᠢᠭᠡᠴᠢ ᠥᠪᠡᠰᠦᠪᠡᠨ ᠲᠣᠭᠲᠠᠭᠠᠨ᠎ᠠ᠃
ᠠᠷᠪᠠᠨ ᠬᠣᠶᠠᠳᠤᠭᠠᠷ ᠪᠦᠯᠦᠭ ᠳᠠᠭᠠᠯᠳᠤᠭᠤᠯᠤᠯ ᠳᠦᠷᠢᠮ
ᠲᠠᠪᠢᠨ ᠭᠤᠷᠪᠠᠳᠤᠭᠠᠷ ᠵᠦᠢᠯ ᠲᠤᠰ ᠲᠣᠭᠲᠠᠭᠠᠯ᠎ᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ12 ᠳ᠋ᠤᠭᠠᠷ ᠰᠠᠷ᠎ᠠ᠎ᠶᠢᠨ 31᠎ᠦ ᠡᠳᠦᠷ ᠳᠠᠷᠤᠮᠠᠯᠯᠠᠨ ᠲᠠᠷᠬᠠᠭᠠᠪᠠ