ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠭᠢᠮ᠎ᠦᠨ ᠪᠢᠴᠢᠭ ᠮᠠᠲᠧᠷᠢᠶᠠᠯ
ᠦᠪᠦᠷ ᠵᠠᠰᠠᠭ ᠠᠯᠪᠠᠨ ᠲᠠᠷᠬᠠᠭᠠᠭᠰᠠᠨ 〔2025〕 49 ᠳ᠋ᠦ᠍ᠭᠡᠷ ᠲᠣᠭᠠᠲᠤ
《ᠦᠪᠦᠷ ᠮᠣᠩᠭᠣᠯ᠎ᠦᠨ ᠦᠪᠡᠷᠲᠡᠭᠡᠨ ᠵᠠᠰᠠᠬᠤ ᠣᠷᠣᠨ᠎ᠦ 〈ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ〉᠎ᠦᠨ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠤ ᠬᠠᠮᠢᠶᠠᠷᠤᠯᠲᠠ᠎ᠶᠢᠨ ᠲᠣᠭᠲᠠᠭᠠᠯ》᠎ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠣᠯ᠎ᠦᠨ ᠦᠪᠡᠷᠲᠡᠭᠡᠨ ᠵᠠᠰᠠᠬᠤ ᠣᠷᠣᠨ᠎ᠦ ᠠᠷᠠᠳ᠎ᠦᠨ ᠵᠠᠰᠠᠭ᠎ᠦᠨ ᠣᠷᠳᠣᠨ᠎ᠦ ᠠᠯᠪᠠᠨ ᠲᠢᠩᠭᠢᠮ᠎ᠤᠨ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
ᠡᠳᠦᠭᠡ 《ᠦᠪᠦᠷ ᠮᠣᠩᠭᠣᠯ᠎ᠦᠨ ᠦᠪᠡᠷᠲᠡᠭᠡᠨ ᠵᠠᠰᠠᠬᠤ ᠣᠷᠣᠨ᠎ᠦ 〈ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ〉᠎ᠦᠨ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠤ ᠬᠠᠮᠢᠶᠠᠷᠤᠯᠲᠠ᠎ᠶᠢᠨ ᠲᠣᠭᠲᠠᠭᠠᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠣᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃
2025 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ
(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠦᠪᠦᠷ ᠮᠣᠩᠭᠣᠯ᠎ᠦᠨ ᠦᠪᠡᠷᠲᠡᠭᠡᠨ ᠵᠠᠰᠠᠬᠤ ᠣᠷᠣᠨ᠎ᠦ 〈ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ〉᠎ᠦᠨ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠤ ᠬᠠᠮᠢᠶᠠᠷᠤᠯᠲᠠ᠎ᠶᠢᠨ ᠲᠣᠭᠲᠠᠭᠠᠯ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠪᠦᠬᠦ ᠣᠷᠣᠨ᠎ᠤ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠤᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠨ᠂ ᠨᠢᠭᠡᠴᠢ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠭᠠᠯ᠎ᠤᠨ ᠠᠶᠤᠯ᠎ᠤᠨ ᠬᠥᠨᠥᠭᠡᠯ᠎ᠢ ᠰᠡᠷᠭᠡᠢᠯᠡᠬᠦ ᠪᠠ ᠪᠠᠭᠠᠰᠬᠠᠬᠤ᠎ᠶᠢᠨ ᠲᠤᠰᠠᠳᠠ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠰᠡᠷᠭᠡᠢᠯᠡᠵᠦ ᠤᠨᠲᠠᠷᠠᠭᠠᠬᠤ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ ᠤᠨᠲᠠᠷᠠᠭᠠᠬᠤ ᠳᠦᠷᠢᠮ》᠂ 《ᠭᠠᠯ ᠰᠡᠷᠭᠡᠢᠯᠡᠵᠦ ᠤᠨᠲᠠᠷᠠᠭᠠᠬᠤ ᠬᠢᠨᠠᠯᠲᠠ ᠪᠠᠢᠴᠠᠭᠠᠯᠲᠠ᠎ᠶᠢᠨ ᠲᠣᠭᠲᠠᠭᠠᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠳᠦᠷᠢᠮ᠎ᠢ ᠬᠡᠷᠡᠭᠵᠢᠭᠦᠯᠬᠦ ᠠᠷᠭ᠎ᠠ》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠪᠢᠴᠢᠭ ᠮᠠᠲᠧᠷᠢᠶᠠᠯ᠎ᠤᠨ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠲᠣᠭᠲᠠᠭᠠᠯ᠎ᠢ ᠲᠣᠭᠲᠠᠭᠠᠪᠠ᠃
ᠬᠣᠶᠠᠳᠤᠭᠠᠷ ᠵᠦᠢᠯ ᠲᠤᠰ ᠲᠣᠭᠲᠠᠭᠠᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠠᠬᠢ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠤᠨ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠤ ᠬᠠᠮᠢᠶᠠᠷᠤᠯᠲᠠ᠎ᠶᠢᠨ ᠠᠵᠢᠯ᠎ᠳᠤ ᠲᠣᠬᠢᠷᠠᠭᠤᠯᠤᠨ ᠬᠡᠷᠡᠭᠯᠡᠨ᠎ᠡ᠃
ᠲᠤᠰ ᠲᠣᠭᠲᠠᠭᠠᠯ᠎ᠳᠤ ᠬᠡᠯᠡᠵᠦ ᠪᠠᠢᠭ᠎ᠠ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》 ᠭᠡᠳᠡᠭ ᠨᠢ ᠭᠣᠣᠯᠳᠠᠭᠤ ᠪᠠᠷᠠᠭ᠎ᠠ ᠬᠤᠳᠠᠯᠳᠤᠨ ᠠᠪᠬᠤ ᠵᠢᠵᠢᠭ ᠲᠠᠯᠠᠪᠤᠷ ᠭᠠᠵᠠᠷ᠂ ᠢᠳᠡᠭᠡᠨ ᠤᠮᠳᠠᠭᠠᠨ᠎ᠤ ᠵᠢᠵᠢᠭ ᠲᠠᠯᠠᠪᠤᠷ ᠭᠠᠵᠠᠷ᠂ ᠬᠣᠨᠣᠭᠯᠠᠬᠤ ᠵᠢᠵᠢᠭ ᠲᠠᠯᠠᠪᠤᠷ ᠭᠠᠵᠠᠷ᠂ ᠣᠯᠠᠨ ᠨᠡᠶ᠋ᠢᠲᠡ᠎ᠶᠢᠨ ᠵᠤᠭ᠎ᠠ ᠴᠡᠩᠭᠡᠯ᠎ᠦᠨ ᠵᠢᠵᠢᠭ ᠲᠠᠯᠠᠪᠤᠷ ᠭᠠᠵᠠᠷ᠂ ᠰᠡᠯᠡᠭᠦᠴᠡᠯ ᠪᠡᠶ᠎ᠡ ᠴᠢᠬᠢᠷᠠᠭᠵᠢᠭᠤᠯᠤᠯᠲᠠ᠎ᠶᠢᠨ ᠵᠢᠵᠢᠭ ᠲᠠᠯᠠᠪᠤᠷ ᠭᠠᠵᠠᠷ᠂ ᠡᠮᠨᠡᠯᠭᠡ ᠰᠤᠪᠢᠯᠠᠯᠲᠠ᠎ᠶᠢᠨ ᠵᠢᠵᠢᠭ ᠲᠠᠯᠠᠪᠤᠷ ᠭᠠᠵᠠᠷ᠂ ᠵᠢᠭᠠᠨ ᠰᠤᠷᠭᠠᠯᠲᠠ᠎ᠶᠢᠨ ᠠᠯᠪᠠᠯᠠᠬᠤ ᠵᠢᠵᠢᠭ ᠲᠠᠯᠠᠪᠤᠷ ᠭᠠᠵᠠᠷ᠂ ᠦᠢᠯᠡᠳᠪᠦᠷᠢᠯᠡᠵᠦ ᠪᠣᠯᠪᠠᠰᠤᠷᠠᠭᠤᠯᠤᠨ ᠡᠳ᠋ᠰᠢᠭᠦᠯᠬᠦ ᠪᠠ ᠨᠦᠬᠡᠴᠡᠯᠡᠬᠦ ᠪᠠᠷᠠᠭᠠᠨ᠎ᠤ ᠭᠦᠢᠯᠭᠡᠭᠡ᠎ᠶᠢᠨ ᠵᠢᠵᠢᠭ ᠲᠠᠯᠠᠪᠤᠷ ᠭᠠᠵᠠᠷ᠂ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠶᠠᠭᠤᠮ᠎ᠠ᠎ᠶᠢ ᠦᠢᠯᠡᠳᠪᠦᠷᠢᠯᠡᠬᠦ ᠪᠣᠷᠣᠯᠠᠭᠤᠯᠬᠤ ᠬᠠᠳᠠᠭᠠᠯᠠᠬᠤ ᠵᠢᠵᠢᠭ ᠲᠠᠯᠠᠪᠤᠷ ᠭᠠᠵᠠᠷ ᠪᠠ ᠡᠵᠡᠩᠨᠡᠯᠲᠡ᠎ᠶᠢᠨ ᠰᠢᠨ᠎ᠡ ᠪᠠᠢᠳᠠᠯ ᠰᠢᠨ᠎ᠡ ᠬᠦᠷᠢᠶ᠎ᠡ ᠴᠠᠷᠠᠭ᠎ᠠ ᠵᠡᠷᠭᠡ ᠪᠤᠰᠤᠳ ᠵᠢᠵᠢᠭ ᠬᠡᠯᠪᠡᠷᠢ᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠲᠠᠯᠠᠪᠤᠷ ᠭᠠᠵᠠᠷ (ᠪᠣᠳᠠᠲᠠᠢ ᠢᠯᠭᠠᠨ ᠲᠣᠭᠲᠠᠭᠠᠬᠤ ᠪᠠᠷᠢᠮᠵᠢᠶ᠎ᠠ᠎ᠶᠢ ᠳᠠᠭᠠᠯᠳᠤᠭᠤᠯᠤᠯ᠎ᠳᠤ ᠦᠵᠡᠭᠡᠷᠡᠢ)᠎ᠢ ᠵᠢᠭᠠᠵᠤ ᠪᠣᠶ᠃
ᠭᠤᠷᠪᠠᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠦᠨ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠤ ᠬᠠᠮᠢᠶᠠᠷᠤᠯᠲᠠ᠎ᠶᠢᠨ ᠠᠵᠢᠯ᠎ᠳᠤ 《ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠵᠤ᠂ ᠰᠡᠷᠭᠡᠢᠯᠡᠬᠦ ᠤᠨᠲᠠᠷᠠᠭᠠᠬᠤ᠎ᠶᠢ ᠤᠶᠠᠯᠳᠤᠭᠤᠯᠬᠤ》 ᠭᠠᠯ ᠰᠡᠷᠭᠡᠢᠯᠡᠵᠦ ᠤᠨᠲᠠᠷᠠᠭᠠᠬᠤ ᠠᠵᠢᠯ᠎ᠤᠨ ᠴᠢᠭᠯᠡᠯᠲᠡ᠎ᠶᠢ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠤᠷᠢᠨ᠎ᠳᠦ ᠴᠢᠩᠭ᠎ᠠ ᠨᠢᠭᠲᠠᠷᠠᠨ᠂ 《ᠵᠠᠰᠠᠭ᠎ᠤᠨ ᠣᠷᠳᠣᠨ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠢᠭᠡᠴᠢ ᠪᠦᠬᠦ ᠲᠠᠯ᠎ᠠ᠎ᠪᠠᠷ ᠬᠠᠷᠢᠭᠤᠴᠠᠬᠤ᠂ ᠠᠷᠠᠳ ᠢᠷᠭᠡᠳ ᠢᠳᠡᠪᠬᠢᠲᠡᠢ ᠣᠷᠣᠯᠴᠠᠬᠤ》 ᠵᠠᠷᠴᠢᠮ᠎ᠢ ᠪᠠᠷᠢᠮᠲᠠᠯᠠᠵᠤ᠂ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠤ ᠬᠠᠷᠢᠭᠤᠴᠠᠯᠭ᠎ᠠ᠎ᠶᠢᠨ ᠳᠦᠷᠢᠮ᠎ᠢ ᠪᠠᠷᠢᠮᠲᠠᠯᠠᠬᠤ ᠬᠡᠷᠡᠭᠲᠡᠢ᠃
ᠳᠥᠷᠪᠡᠳᠦᠭᠡᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》 ᠨᠢ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠵᠤ᠂ ᠲᠤᠰ ᠲᠣᠭᠲᠠᠭᠠᠯ᠎ᠢ ᠴᠢᠩᠭ᠎ᠠ ᠵᠢᠷᠤᠮᠯᠠᠬᠤ ᠬᠡᠷᠡᠭᠲᠡᠢ᠃
ᠬᠣᠶᠠᠳᠤᠭᠠᠷ ᠪᠦᠯᠦᠭ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠤ ᠬᠠᠷᠢᠭᠤᠴᠠᠯᠭ᠎ᠠ
ᠲᠠᠪᠤᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠦᠨ ᠬᠠᠤᠯᠢ᠎ᠪᠠᠷ ᠲᠣᠭᠲᠠᠭᠠᠭᠰᠠᠨ ᠲᠦᠯᠦᠭᠡᠯᠡᠬᠦ ᠬᠦᠮᠦᠨ ᠪᠤᠶᠤ ᠭᠣᠣᠯ ᠬᠠᠷᠢᠭᠤᠴᠠᠯᠭᠠᠲᠠᠨ ᠨᠢ ᠴᠥᠮ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠬᠠᠷᠢᠭᠤᠴᠠᠬᠤ ᠬᠥᠮᠥᠨ ᠪᠠᠢᠬᠤ ᠬᠡᠷᠡᠭᠲᠡᠢ᠃ ᠣᠯᠠᠨ ᠦᠮᠴᠢᠯᠡᠯ᠎ᠦᠨ ᠡᠷᠬᠡ᠎ᠲᠠᠢ᠂ ᠣᠯᠠᠨ ᠡᠵᠡᠩᠨᠡᠯᠲᠡ᠎ᠶᠢᠨ ᠪᠠᠢᠳᠠᠯ᠎ᠲᠠᠢ ᠪᠠᠷᠢᠯᠭ᠎ᠠ᠎ᠶᠢᠨ ᠦᠮᠴᠢᠯᠡᠯ᠎ᠦᠨ ᠡᠷᠬᠡᠲᠦ ᠲᠠᠯ᠎ᠠ᠂ ᠬᠡᠷᠡᠭᠯᠡᠬᠦ ᠲᠠᠯ᠎ᠠ᠎ᠶᠢᠨ ᠬᠢᠨ ᠨᠢ ᠨᠢᠭᠡᠳᠦᠯᠲᠡᠢ ᠬᠠᠮᠢᠶᠠᠷᠬᠤ ᠨᠢᠭᠡᠴᠢ᠎ᠶᠢ ᠵᠥᠪᠳᠡᠯᠴᠡᠨ ᠲᠣᠭᠲᠠᠭᠠᠬᠤ ᠪᠤᠶᠤ ᠨᠠᠢᠳᠠᠵᠤ᠂ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠲᠤᠳᠤᠷᠬᠠᠢᠯᠠᠨᠠ᠂ ᠲᠡᠭᠦᠨ᠎ᠦ ᠬᠡᠯᠪᠡᠷᠢ ᠮᠠᠶᠢᠭ᠋ ᠨᠢ ᠠᠳᠠᠯ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ᠂ ᠲᠡᠭᠦᠨ᠎ᠦ ᠳᠣᠲᠣᠷᠠᠬᠢ ᠦᠮᠴᠢᠯᠡᠯ᠎ᠦᠨ ᠡᠷᠬᠡᠲᠦ ᠲᠠᠯ᠎ᠠ ᠪᠤᠶᠤ ᠬᠡᠷᠡᠭᠯᠡᠬᠦ ᠲᠠᠯ᠎ᠠ᠎ᠶᠢᠨ ᠬᠢᠨ᠎ᠦ ᠨᠢᠭᠡ ᠨᠢ᠂ ᠭᠠᠯ ᠰᠡᠷᠭᠡᠢᠯᠡᠵᠦ ᠤᠨᠲᠠᠷᠠᠭᠠᠬᠤ ᠮᠡᠷᠭᠡᠵᠢᠯ᠎ᠦᠨ ᠦᠢᠯᠡᠴᠢᠯᠡᠭᠡᠨ᠎ᠦ ᠪᠠᠢᠭᠤᠯᠤᠮᠵᠢ᠂ ᠡᠰᠡᠬᠦᠯ᠎ᠡ ᠦᠮᠴᠢᠯᠡᠯ᠎ᠦᠨ ᠡᠷᠬᠡᠲᠦ ᠲᠠᠯ᠎ᠠ᠂ ᠬᠡᠷᠡᠭᠯᠡᠬᠦ ᠲᠠᠯ᠎ᠠ᠎ᠶᠢᠨ ᠬᠢᠨ ᠵᠥᠪᠳᠡᠯᠴᠡᠨ ᠪᠠᠢᠭᠤᠯᠤᠭᠰᠠᠨ ᠭᠠᠯ ᠰᠡᠷᠭᠡᠢᠯᠡᠵᠦ ᠤᠨᠲᠠᠷᠠᠭᠠᠬᠤ ᠬᠠᠮᠢᠶᠠᠷᠤᠯᠲᠠ᠎ᠶᠢᠨ ᠵᠣᠬᠢᠶᠠᠨ ᠪᠠᠢᠭᠤᠯᠤᠯᠲᠠ ᠪᠠᠢᠵᠤ ᠪᠣᠯᠣᠨ᠎ᠠ᠃ ᠠᠳᠠᠯ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ᠎ᠳᠤ ᠨᠠᠢᠳᠠᠵᠤ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠬᠠᠮᠢᠶᠠᠷᠤᠯᠲᠠ᠎ᠶᠢ ᠬᠡᠷᠡᠭᠵᠢᠭᠦᠯᠬᠦ ᠦᠶ᠎ᠡ᠎ᠳᠦ᠂ ᠭᠡᠷ᠎ᠡ᠎ᠳᠦ᠎ᠪᠡᠨ ᠠᠳᠠᠯ ᠠᠬᠤᠢ᠎ᠶᠢᠨ ᠦᠢᠯᠡᠴᠢᠯᠡᠭᠡᠨ᠎ᠦ ᠠᠵᠤ ᠠᠬᠤᠢᠯᠠᠯ᠎ᠤᠨ ᠡᠭᠦᠷᠭᠡᠯᠡᠬᠦ ᠬᠠᠷᠢᠭᠤᠴᠠᠯᠭ᠎ᠠ᠎ᠶᠢᠨ ᠪᠣᠳᠠᠲᠠᠢ ᠠᠭᠤᠯᠭ᠎ᠠ᠎ᠶᠢ ᠪᠣᠯᠵᠣᠨ ᠲᠣᠭᠲᠠᠬᠤ᠎ᠶᠢᠨ ᠬᠠᠮᠲᠤ᠂ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠠᠵᠢᠯ᠎ᠢ ᠰᠢᠮᠳᠠᠭᠤᠯᠬᠤ ᠪᠠ ᠬᠠᠮᠵᠢᠯᠴᠠᠨ ᠰᠠᠢᠲᠤᠷ ᠬᠢᠬᠦ ᠬᠡᠷᠡᠭᠲᠡᠢ᠃
ᠵᠢᠷᠭᠤᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠢ ᠳᠠᠭᠠᠭᠠᠴᠢᠯᠠᠭᠤᠯᠬᠤ ᠲᠦᠷᠢᠶᠡᠰᠦᠯᠡᠭᠦᠯᠬᠦ ᠪᠤᠶᠤ ᠨᠠᠢᠳᠠᠵᠤ ᠡᠵᠡᠩᠨᠡᠭᠦᠯᠬᠦ ᠬᠠᠮᠢᠶᠠᠷᠤᠭᠤᠯᠬᠤ᠎ᠳᠦ᠂ ᠳᠠᠭᠠᠭᠠᠴᠢᠯᠠᠯᠲᠠ ᠳᠦᠷᠢᠶᠡᠰᠦᠯᠡᠯ᠎ᠤᠨ ᠲᠠᠯᠠᠪᠤᠷ ᠭᠠᠵᠠᠷ᠎ᠤᠨ ᠲᠦᠷᠢᠶᠡᠰᠦᠯᠡᠭᠴᠢ ᠨᠢ ᠲᠡᠭᠦᠨ᠎ᠦ ᠳᠠᠭᠠᠭᠠᠴᠢᠯᠠᠭᠰᠠᠨ ᠳᠦᠷᠢᠶᠡᠰᠦᠯᠡᠭᠰᠡᠨ ᠬᠡᠪᠴᠢᠶᠡᠨ᠎ᠤ᠎ᠪᠠᠨ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠬᠠᠷᠢᠭᠤᠴᠠᠬᠤ ᠬᠥᠮᠥᠨ ᠪᠣᠯᠣᠨ᠎ᠠ᠃ ᠥᠮᠴᠢᠯᠡᠯ᠎ᠦᠨ ᠡᠷᠬᠡᠲᠦ ᠬᠥᠮᠥᠨ᠂ ᠲᠦᠷᠢᠶᠡᠰᠦᠯᠡᠭᠴᠢ ᠬᠣᠭᠣᠷᠣᠨᠳᠤ᠎ᠪᠠᠨ ᠪᠢᠴᠢᠭ᠎ᠦᠨ ᠬᠡᠯᠪᠡᠷᠢ᠎ᠪᠡᠷ ᠡᠯ᠎ᠡ ᠲᠠᠯ᠎ᠠ᠎ᠶᠢᠨ ᠬᠢᠨ᠎ᠦ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠡᠭᠦᠷᠭᠡ ᠬᠠᠷᠢᠭᠤᠴᠠᠯᠭ᠎ᠠ᠎ᠶᠢ ᠲᠣᠳᠣᠷᠬᠠᠢᠯᠠᠵᠤ᠂ ᠥᠮᠴᠢᠯᠡᠯ᠎ᠦᠨ ᠡᠷᠬᠡᠲᠦ ᠬᠥᠮᠥᠨ ᠨᠢ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠱᠠᠭᠠᠷᠳᠠᠯᠭ᠎ᠠ᠎ᠳᠤ ᠨᠡᠢᠴᠡᠭᠰᠡᠨ ᠲᠠᠯᠠᠪᠤᠷ ᠭᠠᠵᠠᠷ᠎ᠢ ᠬᠠᠩᠭᠠᠵᠤ᠂ ᠲᠦᠷᠢᠶᠡᠰᠦᠯᠡᠭᠴᠢ ᠨᠢ ᠤᠤᠯ᠎ᠤᠨ ᠭᠠᠯ ᠰᠡᠷᠭᠡᠢᠯᠡᠵᠦ ᠤᠨᠲᠠᠷᠠᠭᠠᠬᠤ᠎ᠳᠦ ᠵᠢᠷᠤᠵᠤ ᠲᠦᠯᠦᠪᠯᠡᠭᠰᠡᠨ ᠬᠡᠷᠡᠭᠴᠡᠭᠡ᠎ᠶᠢ ᠳᠤᠷ᠎ᠠ᠎ᠪᠠᠷ ᠬᠤᠪᠢᠷᠠᠭᠤᠯᠵᠤ ᠪᠣᠯᠬᠤ ᠦᠭᠡᠢ᠂ ᠦᠨᠡᠨ ᠬᠦ᠌ ᠬᠤᠪᠢᠷᠠᠭᠤᠯᠬᠤ ᠴᠢᠬᠤᠯᠠᠲᠠᠢ ᠪᠠᠢᠪᠠᠯ᠂ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠪᠠᠷᠢᠮᠵᠢᠶ᠎ᠠ᠎ᠳᠤ ᠨᠡᠢᠴᠡᠬᠦ᠎ᠶᠢ ᠦᠨᠡᠨ ᠬᠦ᠌ ᠪᠠᠲᠤᠯᠠᠬᠤ᠎ᠶᠢᠨ ᠬᠠᠮᠲᠤ᠂ ᠬᠠᠮᠢᠶ᠎ᠠ ᠪᠦᠬᠦᠢ ᠭᠠᠷᠳᠠᠮ᠎ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃
ᠳᠣᠯᠣᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠤᠨ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠬᠠᠷᠢᠭᠤᠴᠠᠬᠤ ᠬᠥᠮᠥᠨ ᠨᠢ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠲᠤᠰ ᠲᠠᠯᠠᠪᠤᠷ ᠭᠠᠵᠠᠷ᠎ᠤᠨ᠎ᠢᠶᠠᠨ ᠭᠠᠯ᠎ᠤᠨ ᠠᠶᠤᠯ᠎ᠤᠨ ᠲᠦᠭᠰᠢᠭᠦᠷᠢᠲᠦ ᠴᠢᠨᠠᠷ ᠪᠠ ᠭᠠᠯ ᠰᠡᠷᠭᠡᠢᠯᠡᠬᠦ ᠠᠷᠭ᠎ᠠ ᠬᠡᠮᠵᠢᠶ᠎ᠡ᠎ᠶᠢ ᠰᠠᠢᠲᠤᠷ ᠣᠢᠯᠠᠭᠠᠵᠤ᠂ ᠭᠠᠯ᠎ᠤᠨ ᠠᠶᠤᠯ᠎ᠤᠨ ᠲᠠᠯᠳᠠ ᠭᠡᠮ᠎ᠢ ᠪᠠᠢᠴᠠᠭᠠᠨ ᠠᠷᠢᠯᠭᠠᠬᠤ᠂ ᠡᠬᠢᠨ᠎ᠦ ᠭᠠᠯ᠎ᠤᠨ ᠠᠶᠤᠯ᠎ᠠᠴᠠ ᠠᠪᠤᠷᠠᠬᠤ᠂ ᠬᠥᠮᠥᠰ᠎ᠢ ᠵᠣᠬᠢᠶᠠᠨ ᠪᠠᠢᠭᠤᠯᠵᠤ ᠲᠠᠷᠬᠠᠭᠠᠨ ᠵᠠᠢᠯᠠᠭᠤᠯᠵᠤ ᠠᠮᠢ ᠵᠢᠭᠤᠳᠠᠭᠤᠯᠬᠤ ᠪᠠ ᠭᠠᠯ ᠰᠡᠷᠭᠡᠢᠯᠡᠵᠦ ᠤᠨᠲᠠᠷᠠᠭᠠᠬᠤ ᠤᠬᠠᠭᠤᠯᠭ᠎ᠠ ᠪᠣᠯᠪᠠᠰᠤᠷᠠᠯ ᠬᠥᠮᠦᠵᠢᠯ ᠬᠢᠬᠦ ᠴᠢᠳᠠᠪᠤᠷᠢ᠎ᠶᠢ ᠪᠦᠷᠢᠳᠦᠭᠦᠯᠦᠭᠰᠡᠨ ᠪᠠᠢᠬᠤ ᠬᠡᠷᠡᠭᠲᠡᠢ᠃
ᠨᠠᠢ᠍ᠮᠠᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》 ᠨᠢ ᠪᠦᠬᠦ ᠠᠵᠢᠯᠲᠠᠨ᠎ᠳᠦ ᠭᠠᠯ ᠰᠡᠷᠭᠡᠢᠯᠡᠵᠦ ᠤᠨᠲᠠᠷᠠᠭᠠᠬᠤ ᠪᠣᠯᠪᠠᠰᠤᠷᠠᠯ᠎ᠢ ᠬᠠᠭᠠᠰ ᠵᠢᠯ ᠪᠣᠯᠭᠠᠨ ᠨᠠᠭᠠᠲᠤ ᠵᠠᠬ᠎ᠠ᠎ᠳᠦ᠎ᠪᠡᠨ 1 ᠤᠳᠠᠭ᠎ᠠ ᠬᠢᠵᠦ᠂ ᠠᠵᠢᠯᠲᠠᠨ ᠨᠢ ᠲᠤᠰ ᠲᠠᠯᠠᠪᠤᠷ ᠭᠠᠵᠠᠷ᠎ᠤᠨ ᠭᠠᠯ᠎ᠤᠨ ᠠᠶᠤᠯ᠎ᠤᠨ ᠲᠦᠭᠰᠢᠭᠦᠷᠢᠲᠦ ᠴᠢᠨᠠᠷ᠎ᠢ ᠰᠠᠢᠲᠤᠷ ᠣᠢᠯᠠᠭᠠᠵᠤ᠂ ᠰᠡᠷᠡᠮᠵᠢ᠎ᠶᠢᠨ ᠳᠣᠬᠢᠶ᠎ᠠ᠎ᠶᠢ ᠣᠨᠣᠪᠴᠢᠲᠠᠶ ᠮᠡᠳᠡᠭᠦᠯᠵᠦ ᠴᠢᠳᠠᠬᠤ᠂ ᠡᠬᠢᠨ᠎ᠦ ᠭᠠᠯ᠎ᠤᠨ ᠠᠶᠤᠯ᠎ᠡᠴᠡ ᠠᠪᠤᠷᠠᠵᠤ ᠴᠢᠳᠠᠬᠤ᠂ ᠬᠥᠮᠥᠰ᠎ᠢ ᠵᠣᠬᠢᠶᠠᠨ ᠪᠠᠢᠭᠤᠯᠵᠤ ᠠᠮᠢ ᠵᠢᠭᠤᠲᠠᠭᠤᠯᠬᠤ ᠳᠡᠢᠯᠬᠦ ᠬᠡᠷᠡᠭᠲᠡᠢ᠃ ᠰᠢᠨ᠎ᠡ᠎ᠪᠡᠷ ᠠᠵᠢᠯ᠎ᠤᠨ ᠪᠠᠢᠷᠢ᠎ᠳᠤ ᠭᠠᠷᠬᠣ ᠠᠵᠢᠯᠲᠠᠨ ᠨᠢ ᠪᠣᠯᠪᠠᠰᠤᠷᠠᠯ᠎ᠳᠤ ᠬᠢᠷᠢ ᠲᠡᠩᠴᠡᠭᠰᠡᠨ᠎ᠦ ᠳᠠᠷᠠᠭ᠎ᠠ ᠰᠠᠶᠢ ᠠᠵᠢᠯ᠎ᠤᠨ ᠪᠠᠢᠷᠢ᠎ᠳᠤ ᠭᠠᠷᠴᠤ ᠪᠣᠯᠣᠨ᠎ᠠ᠃
ᠶᠢᠰᠦᠳᠦᠭᠡᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》 ᠨᠢ ᠭᠠᠯ ᠰᠡᠷᠭᠡᠢᠯᠡᠬᠦ ᠪᠠᠢᠴᠠᠭᠠᠯᠲᠠ᠂ ᠲᠣᠭᠣᠷᠢᠨ ᠪᠠᠢᠴᠠᠭᠠᠯᠲᠠ᠎ᠶᠢᠨ ᠳᠦᠷᠢᠮ᠎ᠢ ᠲᠣᠭᠲᠠᠭᠠᠵᠤ᠂ ᠰᠠᠷ᠎ᠠ ᠪᠦᠷᠢᠳᠦ 1 ᠤᠳᠠᠭ᠎ᠠ ᠭᠠᠯ ᠰᠡᠷᠭᠡᠢᠯᠡᠬᠦ ᠪᠠᠢᠴᠠᠭᠠᠯᠲᠠ ᠬᠢᠵᠦ᠂ ᠡᠳᠦᠷ ᠪᠦᠷᠢ᠎ᠶᠢᠨ ᠠᠵᠢᠯ᠎ᠳᠦ ᠭᠠᠷᠬᠤ᠎ᠠᠴᠠ ᠡᠮᠦᠨ᠎ᠡ ᠠᠵᠢᠯ᠎ᠠᠴᠠ ᠪᠠᠭᠤᠭᠰᠠᠨᠦ ᠳᠠᠷᠠᠭ᠎ᠠ ᠪᠠ ᠡᠵᠡᠩᠨᠡᠯᠲᠡ᠎ᠶᠢᠨ ᠬᠤᠭᠤᠴᠠᠭᠠᠨ᠎ᠳᠤ ᠭᠠᠯ ᠰᠡᠷᠭᠡᠢᠯᠡᠬᠦ ᠲᠣᠭᠣᠷᠢᠨ ᠪᠠᠢᠴᠠᠭᠠᠯᠲᠠ ᠬᠢᠬᠦ ᠬᠡᠷᠡᠭᠲᠡᠢ᠃
ᠭᠤᠷᠪᠠᠳᠤᠭᠠᠷ ᠪᠦᠯᠦᠭ ᠲᠠᠯᠠᠪᠤᠷ ᠭᠠᠵᠠᠷ᠎ᠤᠨ ᠲᠣᠬᠢᠷᠠᠭᠤᠯᠤᠯᠲᠠ᠎ᠶᠢ ᠵᠢᠷᠤᠮᠵᠢᠭᠤᠯᠬᠤ
ᠠᠷᠪᠠᠳᠤᠭᠠᠷ ᠵᠦᠢᠯ ᠢᠳᠡᠭᠡᠨ ᠤᠮᠳᠠᠭᠠᠨ᠂ ᠵᠤᠭ᠎ᠠ ᠴᠡᠩᠭᠡᠯ᠂ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠬᠦ᠂ ᠦᠢᠯᠡᠳᠪᠦᠷᠢᠯᠡᠵᠦ ᠪᠣᠯᠪᠠᠰᠤᠷᠠᠭᠤᠯᠤᠨ ᠡᠳ᠋ᠰᠢᠭᠦᠯᠬᠦ᠂ ᠨᠦᠬᠡᠴᠡᠯᠡᠬᠦ ᠪᠠᠷᠠᠭ᠎ᠠ᠎ᠶᠢᠨ ᠭᠦᠢᠯᠭᠡᠭᠡ ᠵᠡᠷᠭᠡ ᠰᠢᠨᠵᠢ ᠴᠢᠨᠠᠷ ᠪᠦᠬᠦᠢ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠲᠤ ᠵᠠᠷᠴᠢᠮ ᠳᠡᠭᠡᠷ᠎ᠡ᠎ᠪᠡᠨ ᠬᠥᠮᠥᠰ᠎ᠤᠨ ᠬᠣᠨᠣᠭᠯᠠᠬᠣ᠌ ᠲᠠᠯᠠᠪᠤᠷ ᠭᠠᠵᠠᠷ ᠭᠠᠷᠭᠠᠵᠤ ᠪᠣᠯᠬᠤ ᠦᠭᠡᠢ᠂ ᠦᠨᠡᠨ ᠬᠦ᠌ ᠬᠡᠷᠡᠭᠴᠡᠭᠡ᠎ᠲᠠᠢ ᠪᠠᠢᠪᠠᠯ᠂ ᠬᠣᠨᠣᠭᠯᠠᠬᠤ ᠣᠷᠣᠨ ᠪᠦᠰᠡ ᠬᠢᠭᠡᠳ ᠡᠵᠡᠩᠨᠡᠯᠲᠡ᠎ᠶᠢᠨ ᠣᠷᠣᠨ ᠪᠦᠰᠡ᠎ᠶᠢᠨ ᠬᠣᠭᠣᠷᠣᠨᠳᠤ ᠭᠠᠯ ᠰᠡᠷᠭᠡᠢᠯᠡᠬᠦ ᠲᠤᠰᠠᠭᠠᠷ ᠵᠠᠭᠠᠭᠯᠠᠯ ᠪᠠᠢᠭᠤᠯᠵᠤ᠂ ᠠᠶᠤᠯ ᠦᠭᠡᠢ ᠨᠡᠪᠲᠡᠷᠡᠯ ᠵᠠᠮ᠎ᠤᠨ ᠰᠠᠭᠠᠳ ᠦᠭᠡᠢ ᠨᠡᠪᠲᠡᠷᠡᠬᠦ᠎ᠶᠢ ᠦᠨᠡᠨ ᠬᠦ᠌ ᠪᠠᠲᠤᠯᠠᠬᠤ᠎ᠶᠢᠨ ᠬᠠᠮᠲᠤ᠂ ᠴᠢᠬᠤᠯᠠ ᠪᠦᠬᠦᠢ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ ᠲᠣᠬᠢᠷᠠᠭᠤᠯᠬᠤ ᠬᠡᠷᠡᠭᠲᠡᠢ᠃
ᠠᠷᠪᠠᠨ ᠨᠢᠭᠡᠳᠦᠭᠡᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠤᠨ ᠭᠡᠷ ᠳᠣᠲᠣᠷᠠᠬᠢ ᠵᠠᠰᠠᠯ ᠴᠢᠮᠡᠭᠯᠡᠯ᠎ᠳᠦ ᠨᠣᠴᠣᠬᠤ ᠦᠭᠡᠢ᠂ ᠠᠮᠠᠷᠬᠠᠨ ᠨᠣᠴᠣᠬᠤ ᠦᠭᠡᠢ ᠮᠠᠲᠧᠷᠢᠶᠠᠯ᠎ᠢ ᠬᠡᠷᠡᠭᠯᠡᠬᠦ ᠬᠡᠷᠡᠭᠲᠡᠢ ᠪᠥᠭᠡᠳ 《ᠪᠠᠷᠢᠯᠭ᠎ᠠ᠎ᠶᠢᠨ ᠳᠣᠲᠣᠭᠠᠳᠤ᠎ᠶᠢᠨ ᠵᠠᠰᠠᠯ ᠴᠢᠮᠡᠭᠯᠡᠯ᠎ᠦᠨ ᠵᠢᠷᠤᠭ ᠲᠥᠯᠥᠪᠯᠡᠭᠡ᠎ᠶᠢᠨ ᠭᠠᠯ ᠰᠡᠷᠭᠡᠢᠯᠡᠬᠦ ᠵᠢᠷᠤᠮᠵᠢᠯ》᠎ᠤᠨ ᠱᠠᠭᠠᠷᠳᠠᠯᠭ᠎ᠠ᠎ᠳᠤ ᠨᠡᠢᠴᠡᠭᠰᠡᠨ ᠪᠠᠢᠬᠤ ᠬᠡᠷᠡᠭᠲᠡᠢ᠃
ᠠᠷᠪᠠᠨ ᠬᠣᠶᠠᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠲᠠᠬᠢ ᠬᠦᠮᠦᠰ᠎ᠢ ᠲᠠᠷᠬᠠᠭᠠᠨ ᠵᠠᠢᠯᠠᠭᠤᠯᠬᠤ ᠵᠠᠮ᠂ ᠠᠶᠤᠯ ᠦᠭᠡᠢ ᠭᠠᠷᠴᠠ ᠪᠠ ᠡᠵᠡᠩᠨᠡᠯᠲᠡ᠎ᠶᠢᠨ ᠣᠷᠣᠨ ᠪᠦᠰᠡ᠎ᠶᠢᠨ ᠭᠠᠳᠠᠷ ᠬᠡᠷᠡᠮ᠎ᠤᠨ ᠴᠣᠩᠬᠣᠨ᠎ᠳᠤ ᠵᠠᠷᠴᠢᠮ ᠳᠡᠭᠡᠷ᠎ᠡ᠎ᠪᠡᠨ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ᠎ᠶᠢ ᠨᠥᠯᠥᠭᠡᠯᠡᠬᠦ ᠲᠡᠮᠦᠷᠯᠢᠭ ᠬᠡᠷᠡᠰᠬᠡ᠂ ᠬᠤᠯᠠᠭᠠᠢ᠎ᠶᠢ ᠰᠡᠷᠭᠡᠢᠯᠡᠬᠦ ᠲᠣᠣᠷ᠂ ᠵᠠᠷ᠎ᠤᠨ ᠫᠠᠢᠰᠠ ᠵᠡᠷᠭᠡ ᠰᠠᠭᠠᠳ ᠪᠤᠳᠠᠰ᠎ᠢ ᠲᠠᠯᠪᠢᠵᠤ ᠪᠣᠯᠬᠤ ᠦᠭᠡᠢ᠃ ᠲᠠᠯᠠᠪᠤᠷ ᠭᠠᠵᠠᠷ᠎ᠤᠨ ᠭᠠᠳᠠᠷ ᠴᠣᠩᠬᠣ᠌᠎ᠶᠢ ᠨᠡᠭᠡᠭᠡᠵᠦ ᠪᠣᠯᠬᠤ ᠭᠠᠳᠠᠷ ᠴᠣᠩᠬᠣ᠌ ᠲᠣᠬᠢᠷᠠᠭᠤᠯᠵᠤ᠂ ᠵᠠᠷᠴᠢᠮ ᠳᠡᠭᠡᠷ᠎ᠡ᠎ᠪᠡᠨ ᠲᠣᠭᠲᠠᠮᠠᠯ ᠴᠣᠩᠬᠣ᠌᠎ᠶᠢ ᠬᠡᠷᠡᠭᠯᠡᠵᠦ ᠪᠣᠯᠬᠤ ᠦᠭᠡᠢ᠂ ᠦᠨᠡᠬᠡᠷ ᠬᠤᠯᠠᠭᠠᠢ᠎ᠶᠢ ᠰᠡᠷᠭᠡᠢᠯᠡᠬᠦ ᠲᠣᠣᠷ ᠲᠣᠬᠢᠷᠠᠭᠤᠯᠬᠤ ᠴᠢᠬᠤᠯᠠᠲᠠᠢ ᠦᠶ᠎ᠡ᠎ᠳᠦ᠂ ᠬᠤᠯᠠᠭᠠᠢ᠎ᠶᠢ ᠰᠡᠷᠭᠡᠢᠯᠡᠬᠦ ᠲᠣᠣᠷ ᠪᠠ ᠴᠣᠩᠬᠣ᠌᠎ᠶᠢ ᠳᠣᠲᠣᠷ᠎ᠠ᠎ᠠᠴᠠ ᠨᠢ ᠨᠡᠭᠡᠭᠡᠬᠦ᠎ᠳᠦ ᠠᠮᠠᠷᠬᠠᠨ ᠪᠠᠢᠯᠭᠠᠬᠤ ᠬᠡᠷᠡᠭᠲᠡᠢ᠃
ᠠᠷᠪᠠᠨ ᠭᠤᠷᠪᠠᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠲᠤ ᠢᠯᠡ ᠭᠠᠯ ᠬᠡᠷᠡᠭᠯᠡᠬᠦ ᠲᠣᠭᠣᠭᠠᠨ ᠭᠡᠷ᠎ᠢ ᠲᠣᠬᠢᠷᠠᠭᠤᠯᠬᠤ᠎ᠳᠤ᠎ᠪᠠᠨ ᠪᠤᠰᠤᠳ ᠣᠷᠣᠨ ᠪᠦᠰᠡ ᠯᠦ᠍ᠭᠡ ᠭᠠᠯ ᠰᠡᠷᠭᠡᠢᠯᠡᠬᠦ ᠵᠠᠭᠠᠭᠯᠠᠯ ᠬᠢᠬᠦ ᠬᠡᠷᠡᠭᠲᠡᠢ᠃
ᠳᠥᠷᠪᠡᠳᠦᠭᠡᠷ ᠪᠦᠯᠦᠭ ᠲᠦᠭᠰᠢᠭᠦᠷᠢ᠎ᠶᠢᠨ ᠬᠠᠮᠢᠶᠠᠷᠤᠯᠲᠠ᠎ᠶᠢ ᠴᠢᠩᠭᠠᠳᠬᠠᠬᠤ
ᠠᠷᠪᠠᠨ ᠳᠥᠷᠪᠡᠳᠦᠭᠡᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠤᠨ ᠡᠵᠡᠩᠨᠡᠯᠲᠡ᠎ᠶᠢᠨ ᠬᠤᠭᠤᠴᠠᠭᠠᠨ᠎ᠳᠤ ᠴᠠᠬᠢᠯᠭᠠᠨ᠎ᠢᠶᠠᠷ ᠭᠠᠩᠨᠠᠬᠤ᠂ ᠬᠡᠢ᠎ᠪᠡᠷ ᠭᠠᠩᠨᠠᠬᠤ᠂ ᠬᠡᠷᠴᠢᠬᠦ ᠵᠡᠷᠭᠡ ᠭᠠᠯ ᠡᠭᠦᠰᠭᠡᠬᠦ ᠠᠵᠢᠯ᠎ᠢ ᠴᠢᠩᠭ᠎ᠠ ᠴᠠᠭᠠᠵᠠᠯᠠᠨ᠎ᠠ᠃ ᠪᠠᠷᠢᠯᠭ᠎ᠠ᠎ᠶᠢᠨ ᠠᠵᠢᠯ᠎ᠳᠤ ᠭᠠᠯ ᠡᠭᠦᠰᠭᠡᠵᠦ ᠠᠵᠢᠯᠯᠠᠬᠤ᠎ᠠᠴᠠ ᠡᠮᠦᠨ᠎ᠡ ᠲᠤᠬᠠᠢ᠎ᠶᠢᠨ ᠲᠠᠯᠠᠪᠠᠢ᠎ᠳᠠᠬᠢ ᠰᠢᠲᠠᠮᠠᠬᠠᠢ ᠪᠣᠳᠠᠰ᠎ᠢ ᠠᠷᠢᠯᠭᠠᠨ ᠴᠡᠪᠡᠷᠯᠡᠵᠦ᠂ ᠲᠤᠬᠠᠢ᠎ᠶᠢᠨ ᠲᠠᠯᠠᠪᠠᠢ᠎ᠶᠢᠨ ᠬᠢᠨᠠᠨ ᠬᠠᠮᠠᠭᠠᠯᠠᠬᠤ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ᠂ ᠭᠠᠯ ᠰᠡᠷᠭᠡᠢᠯᠡᠵᠦ ᠤᠨᠲᠠᠷᠠᠭᠠᠬᠤ ᠬᠡᠷᠡᠭᠰᠡᠯ ᠲᠣᠬᠢᠷᠠᠭᠤᠯᠬᠤ ᠬᠡᠷᠡᠭᠲᠡᠢ; ᠭᠠᠯ ᠡᠭᠦᠰᠭᠡᠵᠦ ᠠᠵᠢᠯᠯᠠᠬᠤ ᠬᠥᠮᠥᠰ ᠨᠢ ᠬᠠᠤᠯᠢ ᠶᠣᠰᠣᠭᠠᠷ ᠦᠨᠡᠮᠯᠡᠯ ᠭᠠᠷᠳᠠᠨ ᠠᠵᠢᠯ᠎ᠤᠨ ᠪᠠᠢᠷᠢ᠎ᠳᠤ ᠭᠠᠷᠴᠤ᠂ ᠭᠠᠯ ᠰᠡᠷᠭᠡᠢᠯᠡᠵᠦ ᠤᠨᠲᠠᠷᠠᠭᠠᠬᠤ ᠠᠮᠦᠷ ᠲᠦᠪᠰᠢᠨ᠎ᠦ ᠲᠣᠭᠲᠠᠭᠠᠯ ᠪᠠ ᠠᠵᠢᠯᠯᠠᠬᠤ ᠴᠤᠪᠤᠷᠠᠯ᠎ᠢ ᠴᠢᠩᠭ᠎ᠠ ᠵᠢᠷᠤᠮᠯᠠᠬᠤ ᠬᠡᠷᠡᠭᠲᠡᠢ᠃
ᠠᠷᠪᠠᠨ ᠲᠠᠪᠤᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠲᠤ ᠳᠤᠷ᠎ᠠ᠎ᠪᠠᠷ᠎ᠢᠶᠠᠨ ᠴᠠᠬᠢᠯᠭᠠᠨ ᠤᠲᠠᠰᠤ ᠵᠠᠯᠭᠠᠵᠤ ᠪᠣᠯᠬᠤ ᠦᠭᠡᠢ᠂ ᠰᠢᠲᠠᠮᠠᠬᠠᠢ ᠪᠣᠳᠠᠰ᠎ᠲᠠᠢ ᠣᠶ᠋ᠢᠷᠠᠯᠴᠠᠭ᠎ᠠ ᠪᠠᠢᠭ᠎ᠠ ᠴᠠᠬᠢᠯᠭᠠᠨ ᠬᠡᠷᠡᠭᠰᠡᠯ᠎ᠳᠦ ᠠᠶᠤᠯ ᠦᠭᠡᠢ ᠵᠠᠢ ᠦᠯᠡᠳᠡᠭᠡᠬᠦ᠎ᠶᠢ ᠪᠠᠲᠤᠯᠠᠬᠤ᠎ᠶᠢᠨ ᠬᠠᠮᠲᠤ᠂ ᠬᠠᠯᠠᠭᠤᠨ᠎ᠢ ᠬᠥᠨᠳᠡᠢᠷᠡᠭᠦᠯᠬᠦ ᠢᠯᠴᠢ ᠲᠠᠷᠬᠠᠭᠠᠬᠤ ᠵᠡᠷᠭᠡ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠴᠠᠬᠢᠯᠭᠠᠨᠵᠢᠯ᠎ᠦᠨ ᠬᠡᠯᠬᠢᠶ᠎ᠡ ᠱᠤᠭᠤᠮ᠎ᠢ ᠬᠣᠭᠣᠯᠠᠢ᠎ᠳᠤ ᠣᠷᠤᠭᠤᠯᠤᠨ ᠬᠠᠮᠠᠭᠠᠯᠠᠬᠤ ᠬᠡᠷᠡᠭᠲᠡᠢ᠃ ᠡᠵᠡᠩᠨᠡᠯᠲᠡ ᠳᠠᠭᠤᠰᠬᠤ ᠦᠶ᠎ᠡ᠎ᠳᠦ ᠲᠠᠯᠠᠪᠤᠷ ᠭᠠᠵᠠᠷ᠎ᠤᠨ ᠴᠢᠬᠤᠯᠠ ᠪᠤᠰᠤ ᠴᠠᠬᠢᠯᠭᠠᠨ ᠡᠭᠦᠰᠬᠡᠭᠴᠢ᠎ᠶᠢᠨ ᠴᠠᠬᠢᠯᠭᠠᠨ᠎ᠢ ᠲᠠᠰᠤᠯᠬᠤ ᠬᠡᠷᠡᠭᠲᠡᠢ᠃
ᠠᠷᠪᠠᠨ ᠵᠢᠷᠭᠤᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠲᠤ ᠴᠠᠬᠢᠯᠭᠠᠨ ᠬᠥᠳᠡᠯᠭᠡᠭᠦᠷᠲᠦ ᠳᠤᠭᠤᠢ ᠵᠣᠭᠰᠤᠭᠠᠬᠤ ᠪᠤᠶᠤ ᠴᠠᠬᠢᠯᠭᠠᠨ ᠬᠥᠳᠡᠯᠭᠡᠭᠦᠷᠲᠦ ᠳᠤᠭᠤᠢ ᠵᠢᠴᠢ ᠴᠠᠬᠢᠯᠭᠠᠨ ᠬᠤᠷᠢᠶᠠᠭᠤᠷ᠎ᠲᠤ ᠴᠠᠬᠢᠯᠭᠠᠨ ᠴᠡᠨᠡᠭᠯᠡᠵᠦ ᠪᠣᠯᠬᠤ ᠦᠭᠡᠢ᠃
ᠠᠷᠪᠠᠨ ᠳᠣᠯᠣᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠤᠨ ᠲᠣᠭᠣᠭᠠᠨ ᠭᠡᠷ᠎ᠲᠦ ᠯᠣᠩᠬᠣᠨ᠎ᠳᠤ ᠰᠠᠪᠠᠯᠠᠭᠰᠠᠨ ᠰᠢᠩᠭᠡᠵᠢᠯ ᠴᠢᠯᠠᠭᠤᠨ ᠲᠣᠰᠣᠨ᠎ᠤ ᠬᠡᠢ ᠪᠤᠶᠤ ᠪᠠᠢᠭᠠᠯᠢ᠎ᠶᠢᠨ ᠰᠢᠲᠠᠮᠠᠬᠠᠢ ᠬᠡᠢ᠎ᠶᠢᠨ ᠬᠣᠭᠣᠯᠠᠢ ᠭᠣᠣᠷᠰᠤ᠎ᠪᠠᠷ ᠬᠡᠢ ᠬᠠᠩᠭᠠᠬᠤ᠎ᠳᠤ᠎ᠪᠠᠨ᠂ ᠬᠠᠮᠢᠶ᠎ᠠ ᠪᠦᠬᠦᠢ ᠲᠣᠭᠲᠠᠭᠠᠯ᠎ᠢ ᠦᠨᠳᠦᠰᠦᠯᠡᠨ ᠬᠠᠷᠠᠭᠠᠯᠵᠠᠭᠰᠠᠨ ᠰᠡᠷᠭᠡᠢᠯᠡᠬᠦ ᠠᠷᠭ᠎ᠠ ᠬᠡᠮᠵᠢᠶ᠎ᠡ᠎ᠶᠢ ᠰᠠᠢᠲᠤᠷ ᠬᠢᠬᠦ ᠬᠡᠷᠡᠭᠲᠡᠢ᠃ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠢ ᠥᠨᠳᠥᠷ ᠪᠠᠷᠢᠯᠭ᠎ᠠ᠎ᠳᠤ ᠪᠠᠢᠷᠢᠯᠠᠭᠤᠯᠬᠤ᠎ᠳᠤ᠎ᠪᠠᠨ ᠯᠣᠩᠬᠣᠨ᠎ᠳᠤ ᠰᠠᠪᠠᠯᠠᠭᠰᠠᠨ ᠰᠢᠩᠭᠡᠵᠢᠯ ᠴᠢᠯᠠᠭᠤᠨ ᠲᠤᠰᠦᠠ᠎ᠤ ᠬᠡᠢ᠎ᠶᠢ ᠬᠡᠷᠡᠭᠯᠡᠵᠦ ᠪᠣᠯᠬᠤ ᠦᠭᠡᠢ; ᠭᠠᠵᠠᠷ ᠳᠣᠣᠷᠠᠬᠢ ᠪᠤᠶᠤ ᠬᠠᠭᠠᠰ ᠭᠠᠵᠠᠷ ᠳᠣᠣᠷᠠᠬᠢ ᠪᠠᠷᠢᠯᠭ᠎ᠠ᠎ᠳᠤ ᠪᠠᠢᠷᠢᠯᠠᠭᠤᠯᠬᠤ᠎ᠳᠤ᠎ᠪᠠᠨ ᠰᠢᠩᠭᠡᠵᠢᠯ ᠴᠢᠯᠠᠭᠤᠨ ᠲᠤᠰᠦᠠ᠎ᠤ ᠬᠡᠢ᠎ᠶᠢ ᠬᠡᠷᠡᠭᠯᠡᠵᠦ ᠪᠣᠯᠬᠤ ᠦᠭᠡᠢ᠃ ᠲᠣᠭᠣᠭᠠᠨ ᠭᠡᠷ᠎ᠦᠨ ᠤᠲᠤᠭᠠᠨᠤ ᠵᠠᠮ᠎ᠢ ᠨᠠᠭᠠᠲᠤ ᠵᠠᠬ᠎ᠠ᠎ᠳᠤ᠎ᠪᠠᠨ ᠤᠯᠠᠷᠢᠯ ᠪᠦᠷᠢᠳᠦ ᠨᠢᠭᠡ ᠤᠳᠠᠭ᠎ᠠ ᠠᠷᠢᠯᠭᠠᠵᠤ ᠴᠡᠪᠡᠷᠯᠡᠬᠦ ᠬᠡᠷᠡᠭᠲᠡᠢ᠃
ᠲᠠᠪᠤᠳᠤᠭᠠᠷ ᠪᠦᠯᠦᠭ ᠭᠠᠯ ᠰᠡᠷᠭᠡᠢᠯᠡᠵᠦ ᠤᠨᠲᠠᠷᠠᠭᠠᠬᠤ ᠬᠡᠷᠡᠭᠰᠡᠯ᠎ᠢ ᠲᠣᠬᠢᠷᠠᠭᠤᠯᠬᠤ
ᠠᠷᠪᠠᠨ ᠨᠠᠢ᠍ᠮᠠᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠲᠤ ᠭᠠᠯ ᠣᠨᠲᠠᠷᠠᠭᠠᠭᠤᠯ᠂ ᠭᠠᠯ ᠤᠨᠲᠠᠷᠠᠭᠠᠭᠤᠷᠢ ᠱᠠᠭᠠᠷᠳᠠᠯᠭ᠎ᠠ ᠶᠣᠰᠣᠭᠠᠷ ᠲᠣᠬᠢᠷᠠᠭᠤᠯᠵᠤ᠂ ᠭᠡᠷ ᠳᠣᠲᠣᠷᠠᠬᠢ ᠭᠠᠯ ᠰᠡᠷᠭᠡᠢᠯᠡᠵᠦ ᠤᠨᠲᠠᠷᠠᠭᠠᠬᠤ ᠪᠡᠯᠡᠳᠭᠡᠮᠵᠢ᠎ᠶᠢ ᠳᠤᠷ᠎ᠠ᠎ᠪᠠᠷ ᠨᠡᠭᠦᠯᠭᠡᠨ ᠬᠡᠷᠡᠭᠯᠡᠬᠦ ᠪᠠ ᠬᠠᠯᠬᠠᠯᠠᠵᠤ ᠪᠣᠯᠬᠤ ᠦᠭᠡᠢ᠃ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠲᠤ ᠲᠤᠰᠠᠭᠠᠷ ᠮᠠᠶᠢᠭ᠋᠎ᠤᠨ ᠭᠠᠯ᠎ᠤᠨ ᠠᠶᠤᠯ᠎ᠢ ᠬᠠᠢᠨ ᠬᠡᠮᠵᠢᠵᠦ ᠲᠦᠭᠰᠢᠭᠦᠷᠢ ᠮᠡᠳᠡᠭᠡᠯᠡᠬᠦ ᠳᠣᠬᠢᠶᠠᠯᠠᠭᠤᠷ ᠤᠭᠰᠠᠷᠠᠬᠤ᠎ᠶᠢ ᠵᠣᠷᠢᠭ᠍ᠵᠢᠭᠤᠯᠵᠤ᠂ ᠬᠤᠳᠠ᠎ᠶᠢᠨ ᠭᠠᠯ᠎ᠤᠨ ᠠᠶᠤᠯ᠎ᠢ ᠤᠶᠤᠨᠴᠢ᠎ᠪᠠᠷ ᠰᠡᠷᠭᠡᠢᠯᠡᠨ ᠡᠵᠡᠮᠳᠡᠬᠦ ᠲᠠᠪᠴᠠᠩ᠎ᠳᠤ ᠠᠯᠬᠤᠮ ᠠᠯᠬᠤᠮ᠎ᠢᠶᠠᠷ ᠵᠠᠯᠭᠠᠵᠤ ᠣᠷᠣᠭᠤᠯᠬᠤ ᠬᠡᠷᠡᠭᠲᠡᠢ᠃
ᠠᠷᠪᠠ ᠶᠢᠰᠦᠳᠦᠭᠡᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》 ᠨᠢ ᠪᠠᠢᠩᠭᠤ ᠬᠠᠭᠠᠭᠳᠠᠬᠤ ᠮᠠᠶᠢᠭ᠋᠎ᠤᠨ ᠭᠠᠯ ᠰᠡᠷᠭᠡᠢᠯᠡᠬᠦ ᠡᠭᠦᠳᠡ ᠬᠠᠭᠠᠯᠭ᠎ᠠ᠎ᠶᠢᠨ ᠬᠠᠭᠠᠭᠳᠠᠮᠠᠯ ᠪᠠᠢᠳᠠᠯ᠎ᠳᠤ ᠪᠠᠢᠬᠤ᠂ ᠭᠠᠯ ᠰᠡᠷᠭᠡᠢᠯᠡᠵᠦ ᠤᠨᠲᠠᠷᠠᠭᠠᠬᠤ ᠪᠠᠴᠢᠮ ᠪᠠᠢᠳᠠᠯ᠎ᠢ ᠠᠷᠭᠠᠴᠠᠭᠠᠬᠤ ᠭᠡᠷᠡᠯᠲᠦᠭᠦᠯᠭᠡ᠂ ᠲᠠᠷᠬᠠᠭᠠᠨ ᠵᠠᠢᠯᠠᠭᠤᠯᠬᠤ ᠵᠢᠭᠠᠯᠲᠠ ᠲᠡᠮᠳᠡᠭ᠎ᠤᠨ ᠪᠦᠷᠢᠨ ᠪᠦᠲᠦᠨ ᠪᠥᠭᠡᠳ ᠪᠦᠲᠦᠮᠵᠢᠲᠡᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠬᠣᠷᠢᠳᠤᠭᠠᠷ ᠵᠦᠢᠯ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》 ᠨᠢ ᠡᠵᠡᠩᠨᠡᠯᠲᠡ᠎ᠶᠢᠨ ᠬᠤᠭᠤᠴᠠᠭᠠᠨ᠎ᠳᠦ᠎ᠪᠡᠨ ᠲᠠᠷᠬᠠᠭᠠᠨ ᠵᠠᠢᠯᠠᠭᠤᠯᠬᠤ ᠨᠡᠪᠲᠡᠷᠡᠯ ᠵᠠᠮ ᠪᠠ ᠠᠶᠤᠯ ᠦᠭᠡᠢ ᠭᠠᠷᠴᠠ᠎ᠶᠢᠨ ᠰᠠᠭᠠᠳ ᠦᠭᠡᠢ ᠨᠡᠪᠲᠡᠷᠡᠬᠦ᠎ᠶᠢ ᠪᠠᠲᠤᠯᠠᠵᠤ᠂ ᠲᠠᠷᠬᠠᠭᠠᠨ ᠵᠠᠢᠯᠠᠭᠤᠯᠬᠤ ᠨᠡᠪᠲᠡᠷᠡᠯ ᠵᠠᠮ᠂ ᠠᠮᠦᠷ ᠲᠦᠪᠰᠢᠨ ᠭᠠᠷᠴᠠ᠎ᠶᠢ ᠡᠵᠡᠯᠡᠨ ᠬᠡᠷᠡᠭᠯᠡᠬᠦ᠂ ᠪᠥᠭᠯᠡᠬᠦ᠂ ᠪᠢᠲᠡᠭᠦᠮᠵᠢᠯᠡᠬᠦ᠎ᠶᠢ ᠴᠢᠩᠭ᠎ᠠ ᠴᠠᠭᠠᠵᠠᠯᠠᠵᠤ᠂ ᠲᠠᠷᠬᠠᠭᠠᠨ ᠵᠠᠢᠯᠠᠭᠤᠯᠬᠤ ᠨᠡᠪᠲᠡᠷᠡᠯ ᠵᠠᠮ ᠪᠠ ᠠᠶᠤᠯ ᠦᠭᠡᠢ ᠭᠠᠷᠴᠠ᠎ᠳᠦ ᠡᠯᠳᠡᠪ ᠶᠠᠭᠤᠮ᠎ᠠ ᠣᠪᠣᠭᠠᠯᠠᠵᠤ ᠲᠠᠯᠪᠢᠬᠤ᠎ᠶᠢ ᠴᠢᠩᠭ᠎ᠠ ᠴᠠᠭᠠᠵᠠᠯᠠᠨ᠎ᠠ᠃
ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ
ᠬᠣᠷᠢᠨ ᠨᠢᠭᠡᠳᠦᠭᠡᠷ ᠵᠦᠢᠯ ᠲᠤᠰ ᠲᠣᠭᠲᠠᠭᠠᠯ᠎ᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
ᠳᠠᠭᠠᠯᠳᠤᠭᠤᠯᠤᠯ᠄ 《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠢ ᠢᠯᠭᠠᠨ ᠲᠣᠭᠲᠠᠭᠠᠬᠤ ᠪᠠᠷᠢᠮᠵᠢᠶ᠎ᠠ
ᠳᠠᠭᠠᠯᠳᠤᠭᠤᠯᠤᠯ
《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》᠎ᠢ ᠢᠯᠭᠠᠨ ᠲᠣᠭᠲᠠᠭᠠᠬᠤ ᠪᠠᠷᠢᠮᠵᠢᠶ᠎ᠠ
《ᠪᠠᠭ᠎ᠠ ᠨᠢᠭᠡᠴᠢ᠂ ᠵᠢᠵᠢᠭ ᠲᠠᠯᠠᠪᠤᠷ ᠭᠠᠵᠠᠷ》 ᠭᠡᠳᠡᠭ ᠨᠢ ᠭᠣᠣᠯᠳᠠᠭᠤ ᠳᠣᠣᠷ᠎ᠠ ᠵᠢᠭ᠍ᠰᠠᠭᠠᠭᠰᠠᠨ ᠲᠠᠯᠠᠪᠤᠷ ᠭᠠᠵᠠᠷ᠎ᠢ ᠵᠢᠭᠠᠵᠤ ᠪᠣᠢ᠄
ᠨᠢᠭᠡ᠂ ᠪᠠᠷᠠᠭ᠎ᠠ ᠬᠤᠳᠠᠯᠳᠤᠨ ᠠᠪᠬᠤ ᠵᠢᠵᠢᠭ ᠲᠠᠯᠠᠪᠤᠷ ᠭᠠᠵᠠᠷ᠄ ᠪᠠᠷᠢᠯᠭ᠎ᠠ᠎ᠶᠢᠨ ᠲᠠᠯᠠᠪᠠᠢ ᠨᠢ 300 ᠲᠡᠭᠰᠢ ᠳᠥᠷᠪᠡᠯᠵᠢᠨ ᠮᠧᠲᠷ᠎ᠡᠴᠡ ᠳᠣᠷᠣᠭ᠍ᠰᠢᠬᠢ ᠬᠤᠳᠠᠯᠳᠤᠭᠠᠨ᠎ᠤ ᠲᠠᠯᠠᠪᠤᠷ (ᠳᠡᠯᠭᠡᠭᠦᠷ᠂ ᠵᠠᠬ᠎ᠠ ᠳᠡᠯᠭᠡᠭᠦᠷ) ᠵᠡᠷᠭᠡ᠃
ᠬᠣᠶᠠᠷ᠂ ᠢᠳᠡᠭᠡᠨ ᠤᠮᠳᠠᠭᠠᠨ᠎ᠤ ᠵᠢᠵᠢᠭ ᠲᠠᠯᠠᠪᠤᠷ ᠭᠠᠵᠠᠷ᠄ ᠲᠣᠭᠲᠠᠭᠰᠠᠨ ᠬᠤᠭᠤᠯᠠᠯᠠᠬᠤ ᠬᠥᠮᠥᠨ᠎ᠦ ᠲᠣᠭ᠎ᠠ ᠨᠢ 100 ᠬᠥᠮᠥᠨ᠎ᠡᠴᠡ ᠳᠣᠷᠣᠭ᠍ᠰᠢᠬᠢ ᠬᠣᠭᠣᠯᠠᠨ ᠭᠡᠷ᠂ ᠬᠣᠭᠣᠯᠠᠨ᠎ᠤ ᠭᠠᠵᠠᠷ ᠵᠡᠷᠭᠡ᠃
ᠭᠤᠷᠪᠠ᠂ ᠬᠣᠨᠣᠭᠯᠠᠬᠤ ᠵᠢᠵᠢᠭ ᠲᠠᠯᠠᠪᠤᠷ ᠭᠠᠵᠠᠷ᠄ ᠣᠷᠣ᠌᠎ᠶᠢᠨ ᠲᠣᠭ᠎ᠠ ᠨᠢ 50᠎ᠠᠴᠠ ᠳᠣᠷᠣᠭ᠍ᠰᠢᠬᠢ ᠠᠶᠠᠨᠴᠢᠳ᠎ᠤᠨ ᠪᠠᠭᠤᠳᠠᠯ᠂ ᠠᠷᠠᠳ᠎ᠤᠨ ᠪᠠᠭᠤᠳᠠᠯ᠂ ᠡᠳᠦᠷ᠎ᠦᠨ ᠲᠦᠷᠢᠶᠡᠰᠦᠨ ᠭᠡᠷ ᠵᠡᠷᠭᠡ᠃
ᠳᠥᠷᠪᠡ᠂ ᠣᠯᠠᠨ ᠨᠡᠶ᠋ᠢᠲᠡ᠎ᠶᠢᠨ ᠵᠤᠭ᠎ᠠ ᠴᠡᠩᠭᠡᠯ᠎ᠦᠨ ᠵᠢᠵᠢᠭ ᠲᠠᠯᠠᠪᠤᠷ ᠭᠠᠵᠠᠷ᠄ ᠪᠠᠷᠢᠯᠭ᠎ᠠ᠎ᠶᠢᠨ ᠲᠡᠷᠢᠭᠦᠨ ᠳᠠᠪᠬᠤᠷᠭ᠎ᠠ᠂ ᠬᠣᠶᠠᠳᠤᠭᠠᠷ ᠳᠠᠪᠬᠤᠷᠭ᠎ᠠ᠂ ᠭᠤᠷᠪᠠᠳᠤᠭᠠᠷ ᠳᠠᠪᠬᠤᠷᠭ᠎ᠠ᠎ᠳᠤ ᠪᠠᠢᠷᠢᠯᠠᠭᠤᠯᠤᠭᠰᠠᠨ ᠮᠦᠷᠲᠡᠭᠡᠨ ᠪᠠᠷᠢᠯᠭ᠎ᠠ᠎ᠶᠢᠨ ᠲᠠᠯᠠᠪᠠᠶ ᠨᠢ 200 ᠲᠡᠭᠰᠢ ᠳᠥᠷᠪᠡᠯᠵᠢᠨ ᠮᠧᠲᠷ᠎ᠡᠴᠡ ᠳᠣᠷᠣᠭ᠍ᠰᠢᠬᠢ ᠳᠠᠭᠤᠤ ᠪᠥᠵᠢᠭ ᠺᠢᠨᠣ᠋ ᠭᠠᠷᠭᠠᠬᠤ᠂ ᠵᠤᠭ᠎ᠠ ᠴᠡᠩᠭᠡᠯ ᠨᠠᠢᠷ ᠨᠠᠭᠠᠳᠤᠮ᠂ ᠰᠦᠯᠵᠢᠶᠡᠨ᠎ᠦ ᠪᠠᠭᠠᠷ᠂ ᠵᠦᠴᠦᠭᠡ᠎ᠶᠢᠨ ᠳᠡᠪᠲᠡᠷ᠎ᠦᠨ ᠵᠤᠭ᠎ᠠ ᠴᠡᠩᠭᠡᠯ᠎ᠦᠨ ᠡᠵᠡᠩᠨᠡᠯᠲᠡ ᠵᠡᠷᠭᠡ ᠲᠠᠯᠠᠪᠤᠷ ᠭᠠᠵᠠᠷ᠃
ᠲᠠᠪᠤ᠂ ᠰᠡᠯᠡᠭᠦᠴᠡᠯ ᠪᠡᠶ᠎ᠡ ᠴᠢᠬᠢᠷᠠᠭᠵᠢᠭᠤᠯᠤᠯᠲᠠ᠎ᠶᠢᠨ ᠵᠢᠵᠢᠭ ᠲᠠᠯᠠᠪᠤᠷ ᠭᠠᠵᠠᠷ᠄ ᠪᠠᠷᠢᠯᠭ᠎ᠠ᠎ᠶᠢᠨ ᠲᠠᠯᠠᠪᠠᠶ ᠨᠢ 200 ᠲᠡᠭᠰᠢ ᠳᠥᠷᠪᠡᠯᠵᠢᠨ ᠮᠧᠲᠷ᠎ᠡᠴᠡ ᠳᠣᠷᠣᠭ᠍ᠰᠢᠬᠢ ᠪᠡᠶ᠎ᠡ ᠤᠬᠢᠶᠠᠯᠭ᠎ᠠ᠂ ᠬᠥᠯ ᠵᠠᠰᠠᠯᠭ᠎ᠠ᠂ ᠵᠢᠰᠦ ᠭᠤᠶᠤᠯᠠᠬᠤ ᠦᠰᠦ ᠭᠤᠶᠤᠯᠠᠬᠤ ᠪᠡᠶ᠎ᠡ ᠭᠣᠶᠣᠯᠠᠬᠤ᠂ ᠠᠷᠢᠬᠢᠨ ᠮᠤᠬᠤᠯᠠᠭ᠂ ᠴᠠᠢ᠎ᠶᠢᠨ ᠮᠤᠬᠤᠯᠠᠭ᠂ ᠰᠢᠲᠠᠷ᠎ᠠ ᠭᠦᠵᠦᠷ᠎ᠦᠨ ᠥᠷᠥᠭᠡ᠂ ᠺᠣᠹᠧ᠎ᠶᠢᠨ ᠮᠤᠬᠤᠯᠠᠭ᠂ ᠪᠡᠶ᠎ᠡ ᠴᠢᠭᠢᠷᠠᠭᠵᠢᠭᠤᠯᠬᠤ ᠵᠡᠷᠭᠡ ᠲᠠᠯᠠᠪᠤᠷ ᠭᠠᠵᠠᠷ᠃
ᠵᠢᠷᠭᠤᠭ᠎ᠠ᠂ ᠡᠮᠴᠢᠯᠡᠭᠡ (ᠨᠠᠰᠤᠵᠢᠯ᠎ᠤᠨ ᠠᠰᠠᠷᠠᠮᠵᠢ᠂ ᠠᠰᠠᠷᠠᠮᠵᠢ)᠎ᠶᠢᠨ ᠵᠢᠵᠢᠭ ᠲᠠᠯᠠᠪᠤᠷ ᠭᠠᠵᠠᠷ᠄ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ)᠎ᠶᠢᠨ ᠡᠷᠡᠭᠦᠯ ᠬᠠᠮᠠᠭᠠᠯᠠᠯ᠎ᠤᠨ ᠬᠦᠷᠢᠶᠡᠯᠡᠩ᠂ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠬᠦᠷᠢᠶᠡᠯᠡᠩ ᠵᠢᠴᠢ ᠣᠷᠣ᠌᠎ᠶᠢᠨ ᠲᠣᠭ᠎ᠠ ᠨᠢ 30 ᠠᠴᠠ ᠳᠣᠷᠣᠭ᠍ᠰᠢᠬᠢ ᠪᠤᠰᠤᠳ ᠵᠢᠵᠢᠭ ᠡᠮᠨᠡᠯᠭᠡ᠎ᠶᠢᠨ ᠬᠣᠷᠢᠶ᠎ᠠ (ᠡᠮᠴᠢᠯᠡᠭᠡᠨ᠎ᠦ ᠭᠠᠵᠠᠷ)᠂ ᠰᠤᠪᠢᠯᠠᠯᠲᠠ᠎ᠶᠢᠨ ᠬᠦᠷᠢᠶᠡᠯᠡᠩ᠂ ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ᠎ᠶᠢᠨ ᠬᠦᠷᠢᠶᠡᠯᠡᠩ᠃
ᠲᠤᠯᠤᠭ᠎ᠠ᠂ ᠵᠢᠭᠠᠨ ᠰᠤᠷᠭᠠᠯᠲᠠ᠎ᠶᠢᠨ ᠵᠢᠵᠢᠭ ᠲᠠᠯᠠᠪᠤᠷ ᠭᠠᠵᠠᠷ᠄ ᠣᠷᠣ᠌᠎ᠶᠢᠨ ᠲᠣᠭ᠎ᠠ ᠨᠢ 50᠎ᠠᠴᠠ ᠳᠣᠷᠣᠭ᠍ᠰᠢᠬᠢ ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ ᠪᠠ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ᠎ᠦᠨ ᠴᠡᠴᠡᠷᠯᠢᠭ; 500 ᠬᠥᠮᠥᠨ᠎ᠡᠴᠡ ᠳᠣᠷᠣᠭ᠍ᠰᠢᠬᠢ ᠪᠠᠢᠷᠢ᠎ᠳᠤ ᠰᠠᠭᠤᠬᠤ ᠳᠦᠷᠢᠮᠲᠦ ᠪᠤᠰᠤ ᠰᠤᠷᠭᠠᠭᠤᠯᠢ᠂ 100 ᠬᠥᠮᠥᠨ᠎ᠡᠴᠡ ᠳᠣᠷᠣᠭ᠍ᠰᠢᠬᠢ ᠪᠠᠢᠷᠢ᠎ᠳᠤ ᠰᠠᠭᠤᠬᠤ ᠳᠦᠷᠢᠮᠲᠦ ᠪᠤᠰᠤ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ᠎ᠦᠨ ᠴᠡᠴᠡᠷᠯᠢᠭ; ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ ᠵᠡᠷᠭᠡ᠃
ᠨᠠᠢ᠍ᠮᠠ᠂ ᠦᠢᠯᠡᠳᠪᠦᠷᠢᠯᠡᠵᠦ ᠪᠣᠯᠪᠠᠰᠤᠷᠠᠭᠤᠯᠤᠨ ᠡᠳ᠋ᠰᠢᠭᠦᠯᠬᠦ ᠵᠢᠵᠢᠭ ᠠᠵᠤ ᠠᠬᠤᠢᠯᠠᠯ᠄ ᠠᠵᠢᠯᠲᠠᠨ ᠠᠵᠢᠯᠴᠢᠨ᠎ᠤ ᠪᠥᠬᠥ ᠬᠥᠮᠥᠨ᠎ᠦ ᠲᠣᠭ᠎ᠠ ᠨᠢ 50 ᠬᠥᠮᠥᠨ᠎ᠡᠴᠡ ᠳᠣᠷᠣᠭ᠍ᠰᠢ ᠪᠤᠶᠤ 30 ᠬᠥᠮᠥᠨ᠎ᠡᠴᠡ ᠳᠤᠷᠤᠭ᠍ᠰᠢᠬᠢ ᠠᠵᠢᠯᠲᠠᠨ ᠠᠵᠢᠯᠴᠢᠨ᠎ᠤ ᠨᠡᠶ᠋ᠢᠲᠡ᠎ᠶᠢᠨ ᠪᠠᠢᠷᠢ᠎ᠲᠠᠢ ᠦᠢᠯᠡᠳᠪᠦᠷᠢᠯᠡᠵᠦ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠢᠯᠠᠯ᠂ ᠭᠡᠷ ᠪᠦᠯᠢ᠎ᠶᠢᠨ ᠦᠢᠯᠡᠳᠬᠡᠯ᠎ᠦᠨ ᠭᠠᠵᠠᠷ ᠵᠡᠷᠭᠡ᠃
ᠶᠢᠰᠦ᠂ ᠨᠣᠴᠣᠮᠠᠲᠠᠭᠠᠢ ᠲᠡᠰᠦᠷᠡᠮᠡᠲᠡᠭᠡᠢ ᠠᠶᠤᠯᠲᠠᠢ ᠶᠠᠭᠤᠮ᠎ᠠ᠎ᠶᠢ ᠪᠣᠷᠣᠯᠠᠭᠤᠯᠬᠤ (ᠬᠠᠳᠠᠭᠠᠯᠠᠬᠤ) ᠲᠠᠯᠠᠪᠤᠷ ᠭᠠᠵᠠᠷ᠄ ᠪᠠᠷᠢᠯᠭ᠎ᠠ᠎ᠶᠢᠨ ᠲᠠᠯᠠᠪᠠᠢ ᠨᠢ 100 ᠲᠡᠭᠰᠢ ᠳᠥᠷᠪᠡᠯᠵᠢᠨ ᠮᠸᠲᠷ᠎ᠠᠴᠠ ᠳᠤᠷᠤᠭᠰᠢᠬᠢ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠶᠠᠭᠤᠮ᠎ᠠ᠎ᠶᠢ ᠪᠣᠷᠣᠯᠠᠭᠤᠯᠬᠤ᠂ ᠬᠠᠳᠠᠭᠠᠯᠠᠬᠤ ᠲᠠᠯᠠᠪᠤᠷ ᠭᠠᠵᠠᠷ ᠵᠡᠷᠭᠡ᠃
ᠰᠦᠯᠵᠢᠶ᠎ᠡ᠎ᠪᠡᠷ ᠰᠢᠭᠤᠳ ᠨᠡᠪᠲᠡᠷᠡᠭᠦᠯᠬᠦ᠂ ᠦᠢᠯᠡᠳᠦᠯᠴᠡᠬᠦ ᠲᠣᠭᠯᠠᠭᠠᠮ᠂ ᠰᠢᠷᠡᠭᠡᠨ ᠳᠡᠭᠡᠷᠡᠬᠢ ᠲᠣᠭᠯᠠᠭᠠᠮ ᠨᠢᠭᠤᠴᠠ ᠥᠷᠥᠭᠡ᠂ ᠰᠠᠷ᠎ᠠ᠎ᠳᠦ ᠰᠠᠭᠤᠬᠤ ᠲᠥᠪ᠂ ᠨᠠᠢᠳᠠᠨ ᠰᠠᠭᠠᠲᠠᠭᠤᠯᠬᠤ ᠪᠠᠢᠭᠤᠯᠤᠮᠵᠢ ᠵᠡᠷᠭᠡ ᠪᠤᠰᠤᠳ ᠰᠢᠨ᠎ᠡ᠎ᠪᠡᠷ ᠪᠣᠶ ᠪᠣᠯᠤᠭᠰᠠᠨ ᠠᠵᠢᠯ ᠲᠥᠷᠥᠯ᠂ ᠬᠦᠷᠢᠶ᠎ᠡ ᠴᠠᠷᠠᠭᠠᠨ᠎ᠳᠠᠬᠢ ᠵᠢᠵᠢᠭ ᠬᠡᠯᠪᠡᠷᠢ᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠲᠠᠯᠠᠪᠤᠷ ᠭᠠᠵᠠᠷ᠎ᠢ ᠪᠣᠯ᠂ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠳᠡᠭᠡᠷᠡᠬᠢ ᠢᠯᠭᠠᠨ ᠲᠣᠭᠲᠠᠭᠠᠭᠰᠠᠨ ᠪᠠᠷᠢᠮᠵᠢᠶ᠎ᠠ᠎ᠪᠠᠷ ᠲᠥᠷᠥᠯ ᠬᠡᠯᠪᠡᠷᠢ ᠬᠤᠪᠢᠶᠠᠨ ᠯᠠᠪᠯᠠᠯᠲᠠ ᠪᠣᠯᠭᠠᠬᠤ ᠪᠤᠶᠤ ᠪᠣᠳᠠᠲᠠᠢ᠎ᠲᠠᠢ᠎ᠪᠠᠨ ᠤᠶᠠᠯᠳᠤᠭᠤᠯᠤᠨ ᠬᠠᠮᠢᠶ᠎ᠠ ᠪᠦᠬᠦᠢ ᠪᠠᠷᠢᠮᠵᠢᠶ᠎ᠠ᠎ᠶᠢ ᠲᠣᠭᠲᠠᠭᠠᠵᠤ ᠪᠣᠯᠣᠨ᠎ᠠ᠃
ᠦᠪᠦᠷ ᠮᠣᠩᠭᠣᠯ᠎ᠦᠨ ᠦᠪᠡᠷᠲᠡᠭᠡᠨ ᠵᠠᠰᠠᠬᠤ ᠣᠷᠣᠨ᠎ᠦ ᠠᠷᠠᠳ᠎ᠦᠨ ᠵᠠᠰᠠᠭ᠎ᠦᠨ ᠣᠷᠳᠣᠨ᠎ᠦ ᠠᠯᠪᠠᠨ ᠲᠢᠩᠭᠢᠮ
2025 ᠣᠨ᠎ᠦ 12 ᠳ᠋ᠤᠭᠠᠷ ᠰᠠᠷ᠎ᠠ᠎ᠶᠢᠨ 31᠎ᠤ ᠡᠳᠦᠷ