ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠠᠯᠪᠠᠨ ᠪᠢᠴᠢᠭ
ᠤᠯᠤᠰ᠎ᠤᠨ ᠢᠨᠲ᠋ᠸᠷ ᠰᠦᠯᠵᠢᠶᠡᠨ᠎ᠦ ᠮᠡᠳᠡᠭᠡ ᠵᠠᠩᠬᠢ᠎ᠶᠢᠨ ᠠᠯᠪᠠᠨ ᠭᠡᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠬᠠᠮᠲᠤᠷᠠᠨ 《ᠣᠶᠤᠨᠴᠢ ᠴᠣᠭᠴᠠ᠎ᠶᠢᠨ ᠵᠢᠷᠤᠮᠵᠢᠭᠤᠨ ᠬᠡᠷᠡᠭᠯᠡᠯᠲᠡ ᠪᠠ ᠰᠢᠨ᠎ᠡ᠎ᠶᠢ ᠡᠭᠦᠳᠬᠦ ᠬᠥᠭᠵᠢᠯᠲᠡ᠎ᠶᠢᠨ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠶᠠᠪᠤᠭᠤᠯᠪᠠ
ᠨᠡᠢᠲᠡᠯᠡᠭᠰᠡᠨ ᠴᠠᠭ᠄ 2026-05-15

ᠰᠠᠨᠠᠯ᠎ᠳᠤ 38 ᠵᠤᠷᠪᠤᠰ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠴᠠᠢ᠃ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠬᠦ ᠲᠠᠯ᠎ᠠ᠎ᠪᠠᠷ᠂ ᠠᠵᠢᠯ ᠲᠦᠷᠦᠯ᠎ᠦᠨ ᠬᠥᠭᠵᠢᠯᠲᠡ᠎ᠶᠢᠨ ᠨᠠᠷᠢᠨ ᠬᠤᠪᠢᠶᠠᠷᠢᠯᠠᠭᠰᠠᠨ ᠬᠦᠷᠢᠶᠡᠨ᠎ᠳᠡᠬᠢ ᠲᠤᠰᠬᠠᠢ ᠬᠡᠷᠡᠭᠯᠡᠭᠡᠨ᠎ᠦ ᠵᠠᠭᠪᠤᠷ᠎ᠢ ᠳᠡᠮᠵᠢᠬᠦ᠎ᠶᠢ ᠨᠢ ᠲᠣᠳᠣᠷᠬᠠᠢᠯᠠᠵᠦ᠂ ᠠᠵᠤ ᠠᠬᠤᠢᠯᠠᠯ᠎ᠤᠳ᠎ᠢ ᠵᠣᠷᠢᠭᠵᠢᠭᠤᠯᠵᠤ ᠪᠠᠢᠭᠠᠳ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠦᠢᠯᠡᠳᠬᠦᠨ᠎ᠦ ᠦᠢᠯᠡᠴᠢᠯᠡᠭᠡ᠎ᠶᠢ ᠰᠤᠳᠤᠯᠤᠨ ᠨᠡᠭᠡᠭᠡᠵᠦ᠂ ᠤᠯᠠᠨ ᠤᠯᠤᠰ᠎ᠤᠨ ᠪᠠᠷᠢᠮᠵᠢᠶ᠎ᠠ ᠲᠣᠭᠲᠠᠭᠠᠬᠤ᠎ᠳᠤ ᠢᠳᠡᠪᠬᠢᠲᠡᠢ ᠣᠷᠣᠯᠴᠠᠨ᠎ᠠ᠃ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠢᠯᠡᠬᠦ ᠲᠠᠯ᠎ᠠ᠎ᠪᠠᠷ᠂ ᠵᠥᠪᠬᠡᠨ ᠬᠤᠪᠢ᠎ᠶᠢᠨ ᠬᠡᠷᠡᠭᠯᠡᠭᠴᠢᠳ᠎ᠦᠨ ᠥᠪᠡᠰᠦᠪᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠪᠴᠢᠶᠡᠨ᠎ᠳᠦ ᠪᠠᠢᠯᠭᠠᠬᠤ᠂ ᠬᠡᠷᠡᠭᠯᠡᠭᠴᠢᠳ᠎ᠡᠴᠡ ᠡᠷᠬᠡ ᠣᠯᠭᠣᠵᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠬᠤᠯᠠᠲᠠᠢ ᠪᠠ ᠣᠶᠤᠨᠴᠢ ᠴᠣᠭᠴᠠ᠎ᠶᠢᠨ ᠪᠡᠶ᠎ᠡ᠎ᠪᠡᠨ ᠳᠠᠭᠠᠭᠠᠵᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠵᠣᠬᠢᠰᠲᠠᠢ ᠵᠠᠭᠠᠭ ᠬᠢᠵᠠᠭᠠᠷ ᠵᠢᠴᠢ ᠬᠡᠷᠡᠭᠰᠡᠬᠦ ᠡᠷᠬᠡ᠎ᠶᠢᠨ ᠬᠡᠪᠴᠢᠶ᠎ᠡ᠎ᠶᠢ ᠲᠣᠳᠣᠷᠬᠠᠢ ᠪᠣᠯᠭᠠᠵᠤ᠂ ᠬᠢᠨᠠᠭᠤᠷ ᠯᠠᠪᠳᠠᠭᠤᠨ ᠲᠥᠷᠥᠯ ᠬᠤᠪᠢᠶᠠᠵᠤ ᠲᠠᠰ ᠬᠤᠪᠢᠶᠠᠭᠰᠠᠨ ᠵᠠᠰᠠᠯᠲᠠ᠎ᠶᠢᠨ ᠪᠣᠷᠣ᠌ ᠲᠥᠯᠥᠪ᠎ᠢ ᠪᠠᠢᠭᠤᠯᠵᠤ᠂ ᠣᠶᠤᠨᠴᠢ ᠴᠣᠭᠴᠠ᠎ᠶᠢᠨ ᠨᠡᠭᠡᠭᠡᠭᠴᠢ᠂ ᠨᠡᠭᠡᠭᠡᠨ ᠬᠥᠭᠵᠢᠭᠦᠯᠬᠦ ᠲᠠᠪᠴᠠᠩ᠂ ᠬᠤᠪᠢᠶᠠᠷᠢᠯᠠᠵᠤ ᠶᠠᠪᠤᠭᠤᠯᠬᠤ ᠲᠠᠪᠴᠠᠩ᠂ ᠦᠢᠯᠡᠴᠢᠯᠡᠭᠡ ᠬᠠᠩᠭᠠᠭ᠍ᠴᠢ᠎ᠶᠢ ᠬᠥᠲᠥᠯᠥᠨ ᠵᠢᠯᠤᠭᠣᠳᠴᠤ ᠪᠠᠢᠭᠠᠳ ᠢᠲᠡᠭᠡᠮᠵᠢ᠎ᠶᠢᠨ ᠦᠨᠡᠯᠡᠯᠲᠡ᠎ᠳᠦ ᠣᠷᠣᠯᠴᠠᠭᠤᠯᠤᠨ᠎ᠠ᠃ ᠬᠡᠷᠡᠭᠯᠡᠭᠡᠨ᠎ᠦ ᠬᠥᠲᠥᠯᠥᠨ ᠳᠠᠭᠠᠭᠤᠯᠬᠤ᠎ᠶᠢ ᠴᠢᠩᠭᠠᠷᠠᠭᠤᠯᠬᠤ ᠲᠠᠯ᠎ᠠ᠎ᠪᠠᠷ᠂ ᠣᠶᠤᠨᠴᠢ ᠦᠢᠯᠡᠳᠭᠡᠯ᠂ ᠡᠨᠧᠷᠭᠢ᠎ᠶᠢᠨ ᠡᠬᠢ ᠪᠠᠶᠠᠯᠢᠭ᠋᠂ ᠲᠠᠷᠢᠶᠠᠯᠠᠩ᠎ᠤᠨ ᠦᠢᠯᠡᠳᠪᠦᠷᠢᠯᠡᠯ᠂ ᠮᠥᠩᠭᠥᠨ ᠭᠦᠢᠯᠭᠡᠭᠡᠨ᠎ᠦ ᠦᠢᠯᠡᠴᠢᠯᠡᠭᠡ ᠵᠡᠷᠭᠡ ᠠᠵᠢᠯ ᠲᠥᠷᠥᠯ ᠵᠢᠴᠢ ᠬᠡᠷᠡᠭᠯᠡᠭᠡ᠎ᠶᠢ ᠬᠥᠭᠵᠢᠭᠡᠬᠦ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠨᠡᠢᠭᠡᠮ᠎ᠤᠨ ᠵᠠᠰᠠᠯᠲᠠ ᠵᠡᠷᠭᠡ ᠬᠦᠷᠢᠶ᠎ᠡ᠎ᠶᠢᠨ ᠲᠣᠭᠣᠷᠢᠨ᠎ᠳᠤ᠂ ᠣᠶᠤᠨᠴᠢ ᠴᠣᠭᠴᠠ᠎ᠶᠢ ᠥᠷᠭᠡᠨ᠎ᠢᠶᠡᠷ ᠬᠡᠷᠡᠭᠯᠡᠵᠦ᠂ ᠣᠶᠤᠨᠴᠢ ᠴᠣᠭᠴᠠ᠎ᠳᠤ ᠲᠦᠰᠢᠭᠯᠡᠨ ᠡᠨᠧᠷᠭᠢ᠂ ᠲᠡᠮᠦᠷᠯᠢᠭ ᠵᠡᠷᠭᠡ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠥᠨᠳᠥᠷ ᠪᠦᠲᠦᠮᠵᠢᠲᠡᠶ᠎ᠪᠡᠷ ᠬᠠᠢᠨ ᠰᠢᠨᠵᠢᠯᠡᠨ᠎ᠡ᠃ ᠰᠢᠨ᠎ᠡ᠎ᠶᠢ ᠡᠭᠦᠳᠦᠭᠰᠡᠨ ᠠᠮᠢ ᠠᠬᠤᠢ᠎ᠶᠢ ᠪᠠᠶ᠋ᠢᠭᠤᠯᠬᠤ ᠲᠠᠯ᠎ᠠ᠎ᠪᠠᠷ᠂ ᠤᠯᠤᠰ᠎ᠤᠨ ᠳᠣᠲᠣᠭᠠᠳᠤ᠎ᠳᠡᠬᠢ ᠵᠣᠬᠢᠶᠠᠮᠠᠯ ᠣᠶᠤᠨ᠎ᠤ ᠴᠢᠯᠦᠭᠡᠲᠦ ᠺᠣᠳ᠋ ᠲᠠᠢ ᠬᠠᠮᠲᠤᠯᠢᠭ᠋᠎ᠢ ᠬᠥᠲᠥᠯᠥᠨ ᠵᠢᠯᠤᠭᠣᠳᠴᠤ ᠪᠠᠢᠭᠠᠳ ᠣᠶᠤᠨᠴᠢ ᠴᠣᠭᠴᠠ᠎ᠶᠢᠨ ᠪᠠᠢᠷᠢᠰᠢᠭᠤᠯᠤᠯᠲᠠ᠎ᠶᠢ ᠴᠢᠩᠭᠠᠳᠬᠠᠵᠤ᠂ ᠢᠯᠡ᠎ᠪᠡᠷ ᠳᠠᠭᠠᠭᠠᠴᠢᠯᠠᠯᠲᠠ ᠵᠠᠷᠯᠠᠬᠤ᠂ ᠵᠠᠷᠯᠠᠨ ᠨᠡᠢᠲᠡᠯᠡᠵᠦ ᠬᠣᠰᠢᠭᠤᠷᠠᠨ ᠠᠵᠢᠯᠯᠠᠭᠤᠯᠬᠤ ᠵᠡᠷᠭᠡ ᠠᠷᠭ᠎ᠠ ᠮᠠᠶᠢᠭ᠋᠎ᠢᠶᠠᠷ ᠣᠶᠤᠨᠴᠢ ᠴᠣᠭᠴᠠ᠎ᠶᠢᠨ ᠠᠵᠤ ᠠᠬᠤᠢᠯᠠᠯ᠎ᠢ ᠲᠠᠲᠠᠵᠤ ᠵᠣᠬᠢᠬᠤ ᠦᠢᠯᠡᠳᠬᠦᠨ᠎ᠢ ᠲᠣᠭᠲᠠᠮᠠᠯ ᠪᠠᠷᠢᠮᠵᠢᠶ᠎ᠠ᠎ᠪᠠᠷ ᠨᠡᠭᠡᠭᠡᠨ ᠬᠥᠭᠵᠢᠭᠦᠯᠵᠦ᠂ ᠠᠵᠤ ᠦᠢᠯᠡᠰ᠎ᠦᠨ ᠪᠥᠭᠡᠮᠨᠡᠷᠡᠯ᠎ᠦᠨ ᠣᠷᠣᠨ᠂ ᠭᠣᠣᠯᠳᠠᠯᠭ᠎ᠠ ᠪᠣᠯᠬᠤ ᠠᠵᠢᠯ ᠲᠥᠷᠥᠯ᠂ ᠭᠣᠣᠯᠳᠠᠯᠭ᠎ᠠ ᠪᠣᠯᠬᠤ ᠬᠦᠷᠢᠶᠡᠨ᠎ᠳᠦ ᠣᠶᠤᠨᠴᠢ ᠴᠣᠭᠴᠠ᠎ᠶᠢᠨ ᠬᠡᠷᠡᠭᠯᠡᠯᠲᠡ᠎ᠶᠢᠨ ᠲᠤᠷᠰᠢᠯᠲᠠ᠎ᠶᠢ ᠥᠷᠨᠢᠭᠦᠯᠦᠨ᠎ᠡ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号