ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ ᠲᠦᠷᠦᠭᠦᠬᠡᠨ 《ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ 2026 ᠣᠨ᠎ᠤ ᠬᠠᠤᠯᠢ ᠲᠣᠭᠲᠠᠭᠠᠬᠤ ᠠᠵᠢᠯ᠎ᠤᠨ ᠲᠥᠯᠥᠪᠯᠡᠭᠡ》 (ᠳᠣᠷᠣᠭ᠍ᠰᠢ 《ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠬᠠᠤᠯᠢ ᠲᠣᠭᠲᠠᠭᠠᠬᠤ ᠲᠥᠯᠥᠪᠯᠡᠭᠡ》 ᠬᠡᠮᠡᠨ ᠲᠣᠪᠴᠢᠯᠠᠪᠠ)᠎ᠶᠢ ᠳᠠᠷᠤᠮᠠᠯᠯᠠᠨ ᠶᠠᠪᠤᠭᠤᠯᠪᠠ᠃
《ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠬᠠᠤᠯᠢ ᠲᠣᠭᠲᠠᠭᠠᠬᠤ ᠲᠥᠯᠥᠪᠯᠡᠭᠡ》᠎ᠳᠤ᠂ ᠴᠢᠨᠠᠷᠯᠢᠭ᠋ ᠬᠠᠤᠯᠢ ᠲᠣᠭᠲᠠᠭᠠᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠂ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠬᠠᠮᠠᠭᠠᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠᠲᠤ ᠡᠭᠦᠷᠭᠡ᠎ᠶᠢ ᠤᠷᠤᠭᠰᠢᠲᠠᠢ ᠪᠡᠶᠡᠯᠡᠭᠦᠯᠬᠦ᠎ᠳᠦ ᠦᠢᠯᠡᠴᠢᠯᠡᠵᠦ ᠪᠠᠲᠤᠯᠠᠨ᠎ᠠ ᠬᠡᠮᠡᠨ ᠴᠢᠬᠤᠯᠠᠴᠢᠯᠠᠪᠠ᠃
ᠨᠢᠭᠡ᠎ᠳᠦ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠠᠶ᠋ᠢᠭᠤᠯᠬᠤ ᠪᠠ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠪᠴᠢᠯᠡᠨ ᠪᠠᠢᠭᠤᠯᠬᠤ ᠯᠤᠭ᠎ᠠ ᠤᠶᠠᠯᠳᠤᠭᠤᠯᠤᠨ᠂ ᠮᠥᠩᠭᠥᠨ ᠭᠦᠢᠯᠭᠡᠭᠡᠨ᠎ᠦ ᠬᠠᠤᠯᠢ᠎ᠶᠢᠨ ᠡᠬᠡ ᠲᠥᠰᠥᠯ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ᠎ᠳᠤ ᠵᠠᠰᠠᠪᠤᠷᠢ ᠣᠷᠣᠭᠤᠯᠬᠤ ᠡᠬᠡ ᠲᠥᠰᠥᠯ᠎ᠢ ᠲᠣᠳᠣᠷᠬᠠᠢ ᠵᠢᠭ᠍ᠰᠠᠭᠠᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢᠨ ᠳᠦᠷᠢᠮ ᠵᠡᠷᠭᠡ᠎ᠶᠢ ᠳᠣᠭᠲᠠᠭᠠᠨ᠎ᠠ᠃
ᠬᠣᠶᠠᠷ᠎ᠲᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢ ᠴᠢᠩᠭᠠᠳᠬᠠᠬᠤ ᠪᠠ ᠬᠠᠤᠯᠢᠵᠢᠭ᠍ᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠯᠦ᠍ᠭᠡ ᠤᠶᠠᠯᠳᠤᠭᠤᠯᠤᠨ᠂ ᠵᠠᠰᠠᠭ ᠵᠠᠬᠢᠷᠭᠠᠨ᠎ᠢᠶᠠᠷ ᠳᠠᠬᠢᠨ ᠵᠥᠪᠯᠡᠬᠦ ᠬᠠᠤᠯᠢ᠎ᠶᠢ ᠬᠡᠷᠡᠭᠵᠢᠭᠦᠯᠬᠦ ᠳᠦᠷᠢᠮ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ ᠲᠣᠭᠲᠠᠭᠠᠬᠤ ᠵᠢᠷᠤᠮ᠎ᠤᠨ ᠳᠦᠷᠢᠮ ᠵᠡᠷᠭᠡ᠎ᠳᠦ ᠵᠠᠰᠠᠪᠤᠷᠢ ᠣᠷᠣᠭᠤᠯᠤᠨ᠎ᠠ᠃
ᠭᠤᠷᠪᠠ᠎ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠢ ᠪᠡᠶ᠎ᠡ᠎ᠪᠡᠨ ᠳᠠᠭᠠᠭᠠᠵᠤ ᠬᠦᠴᠦᠷᠬᠡᠭᠵᠢᠭᠦᠯᠬᠦ᠎ᠶᠢ ᠲᠦᠷᠭᠡᠳᠬᠡᠬᠦ ᠪᠠ ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠯᠦ᠍ᠭᠡ ᠤᠶᠠᠯᠳᠤᠭᠤᠯᠤᠨ᠂ ᠪᠠᠭ᠍ᠰᠢ᠎ᠶᠢᠨ ᠬᠠᠤᠯᠢ᠎ᠳᠤ ᠵᠠᠰᠠᠪᠤᠷᠢ ᠣᠷᠣᠭᠤᠯᠬᠤ ᠡᠬᠡ ᠲᠥᠰᠥᠯ᠎ᠢ ᠲᠣᠳᠣᠷᠬᠠᠢ ᠵᠢᠭ᠍ᠰᠠᠭᠠᠵᠤ᠂ ᠢᠨᠲᠸᠷ ᠰᠦᠯᠵᠢᠶᠡᠨ᠎ᠦ ᠮᠡᠳᠡᠭᠡ ᠵᠠᠩᠭᠢ᠎ᠶᠢᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠠᠷᠭ᠎ᠠ ᠵᠡᠷᠭᠡ᠎ᠳᠦ ᠵᠠᠰᠠᠪᠤᠷᠢ ᠣᠷᠣᠭᠤᠯᠤᠨ᠎ᠠ᠃
ᠳᠥᠷᠪᠡ᠎ᠳᠦ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠤᠪᠢᠷᠠᠭᠤᠯᠬᠤ᠎ᠪᠡᠨ ᠲᠦᠷᠭᠡᠳᠬᠡᠬᠦ ᠯᠦ᠍ᠭᠡ ᠤᠶᠠᠯᠳᠤᠭᠤᠯᠤᠨ᠂ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠤᠯᠢ᠎ᠳᠤ ᠵᠠᠰᠠᠪᠤᠷᠢ ᠣᠷᠣᠭᠤᠯᠬᠤ ᠡᠬᠡ ᠲᠥᠰᠥᠯ᠎ᠢ ᠲᠣᠳᠣᠷᠬᠠᠢ ᠵᠢᠭ᠍ᠰᠠᠭᠠᠵᠤ᠂ ᠤᠰᠤ ᠬᠠᠩᠭᠠᠬᠤ ᠳᠦᠷᠢᠮ᠎ᠢ ᠲᠣᠭᠲᠠᠭᠠᠵᠤ᠂ ᠡᠮ᠎ᠦᠨ ᠵᠦᠢᠯᠡᠰ᠎ᠦᠨ ᠬᠠᠮᠢᠶᠠᠷᠤᠯᠲᠠ᠎ᠶᠢᠨ ᠬᠠᠤᠯᠢ᠎ᠶᠢ ᠬᠡᠷᠡᠭᠵᠢᠭᠦᠯᠬᠦ ᠳᠦᠷᠢᠮ ᠵᠡᠷᠭᠡ᠎ᠳᠦ ᠵᠠᠰᠠᠪᠤᠷᠢ ᠣᠷᠣᠭᠤᠯᠤᠨ᠎ᠠ᠃
ᠲᠠᠪᠤ᠎ᠳᠤ ᠤᠯᠤᠰ᠎ᠤᠨ ᠠᠮᠤᠷ ᠲᠦᠪᠰᠢᠨ᠎ᠦ ᠳᠣᠭᠲᠠᠯᠴᠠᠭ᠎ᠠ ᠪᠠ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠪᠠ ᠨᠡᠩ ᠥᠨᠳᠥᠷ ᠲᠦᠪᠰᠢᠨ ᠪᠦᠬᠦᠢ ᠠᠮᠤᠷ ᠲᠦᠪᠰᠢᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠯᠤᠭ᠎ᠠ ᠤᠶᠠᠯᠳᠤᠭᠤᠯᠤᠨ᠂ ᠭᠠᠵᠠᠷ ᠬᠥᠳᠡᠯᠦᠯᠲᠡ᠎ᠡᠴᠡ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠬᠠᠤᠯᠢ᠎ᠳᠤ ᠵᠠᠰᠠᠪᠤᠷᠢ ᠣᠷᠣᠭᠤᠯᠬᠤ ᠡᠬᠡ ᠲᠥᠰᠥᠯ᠎ᠢ ᠲᠣᠳᠣᠷᠬᠠᠢ ᠵᠢᠭ᠍ᠰᠠᠭᠠᠵᠤ᠂ ᠦᠢᠯᠡᠳᠪᠦᠷᠢᠯᠡᠯ᠎ᠦᠨ ᠠᠶᠤᠯ ᠦᠭᠡᠢ᠎ᠶᠢᠨ ᠡ᠊ᠨᠳᠡᠯ᠎ᠦᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠳᠦᠷᠢᠮ ᠵᠡᠷᠭᠡ᠎ᠶᠢ ᠲᠣᠭᠲᠠᠭᠠᠨ᠎ᠠ᠃
ᠵᠢᠷᠭᠤᠭ᠎ᠠ᠎ᠳᠤ ᠭᠠᠳᠠᠭᠠᠳᠤ᠎ᠳᠤ ᠬᠣᠯᠪᠣᠭᠳᠠᠭᠰᠠᠨ ᠬᠠᠤᠯᠢ᠎ᠪᠠᠷ ᠵᠠᠰᠠᠬᠤ ᠳᠣᠭᠲᠠᠯᠴᠠᠭ᠎ᠠ ᠪᠠ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠬᠤ ᠪᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠬᠦ᠎ᠳᠦ ᠦᠢᠯᠡᠴᠢᠯᠡᠬᠦ ᠯᠦ᠍ᠭᠡ ᠤᠶᠠᠯᠳᠤᠭᠤᠯᠤᠨ᠂ ᠪᠣᠭᠣᠮᠲᠠ᠎ᠶᠢᠨ ᠬᠠᠤᠯᠢ᠎ᠳᠤ ᠵᠠᠰᠠᠪᠤᠷᠢ ᠣᠷᠣᠭᠤᠯᠬᠤ ᠡᠬᠡ ᠲᠥᠰᠥᠯ᠎ᠢ ᠲᠣᠳᠣᠷᠬᠠᠢ ᠵᠢᠭ᠍ᠰᠠᠭᠠᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢᠨ ᠠᠮᠤᠷ ᠲᠦᠪᠰᠢᠨ᠎ᠦ ᠲᠤᠬᠠᠢ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠲᠣᠭᠲᠠᠭᠠᠯ᠎ᠢ ᠲᠣᠭᠲᠠᠭᠠᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠡᠳ᠋ ᠪᠠᠷᠠᠭᠠᠨ᠎ᠤ ᠤᠤᠯ ᠭᠠᠷᠤᠯ ᠭᠠᠵᠠᠷ᠎ᠤᠨ ᠳᠦᠷᠢᠮ ᠵᠡᠷᠭᠡ᠎ᠳᠦ ᠵᠠᠰᠠᠪᠤᠷᠢ ᠣᠷᠣᠭᠤᠯᠤᠨ᠎ᠠ᠃
ᠡᠭᠦᠨ᠎ᠦ ᠬᠠᠮᠲᠤ᠂ 《ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠬᠠᠤᠯᠢ ᠲᠣᠭᠲᠠᠭᠠᠬᠤ ᠲᠥᠯᠥᠪᠯᠡᠭᠡ》᠎ᠳᠦ ᠵᠣᠬᠢᠶᠠᠮᠠᠯ ᠤᠶᠤᠨ᠎ᠢ ᠡᠷᠡᠭᠦᠯ᠎ᠢᠶᠡᠷ ᠬᠥᠭᠵᠢᠭᠦᠯᠬᠦ᠎ᠶᠢ ᠲᠦᠷᠭᠡᠪᠴᠢᠯᠡᠨ ᠠᠬᠢᠭᠤᠯᠬᠤ ᠶᠡᠷᠦᠩᠬᠡᠢᠯᠡᠭᠰᠡᠨ ᠴᠢᠨᠠᠷᠲᠠᠢ ᠬᠠᠤᠯᠢ ᠳᠣᠭᠲᠠᠭᠠᠬᠤ ᠲᠠᠯ᠎ᠠ᠎ᠪᠠᠷ ᠪᠠᠢᠷᠢᠯᠠᠭᠤᠯᠤᠯᠲᠠ ᠬᠢᠵᠦ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠶᠢᠨ ᠬᠤᠪᠢᠷᠠᠭᠤᠯᠤᠯᠲᠠ᠎ᠶᠢ ᠲᠦᠷᠭᠡᠳᠬᠡᠬᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠤᠯᠤᠰ᠎ᠤᠨ ᠠᠮᠤᠷ ᠲᠦᠪᠰᠢᠨ᠎ᠢ ᠬᠠᠮᠠᠭᠠᠯᠠᠬᠤ᠂ ᠭᠠᠳᠠᠭᠠᠳᠤ᠎ᠳᠤ ᠬᠣᠯᠪᠣᠭᠳᠠᠭᠰᠠᠨ ᠬᠠᠤᠯᠢ᠎ᠪᠠᠷ ᠵᠠᠰᠠᠬᠤ᠎ᠶᠢ ᠴᠢᠩᠭᠠᠳᠬᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠴᠢᠨᠠᠷ ᠰᠠᠢᠲᠠᠢ ᠲᠦᠷᠭᠡᠪᠴᠢᠯᠡᠨ ᠠᠬᠢᠭᠤᠯᠬᠤ ᠪᠠ ᠴᠡᠷᠢᠭ ᠠᠩᠭᠢ᠎ᠶᠢᠨ ᠣᠳᠣᠬᠢᠴᠢᠯᠠᠯᠲᠠ᠎ᠳᠤ ᠪᠠᠴᠢᠮ ᠬᠡᠷᠡᠭᠴᠡᠭᠡ᠎ᠲᠠᠢ ᠪᠠᠢᠬᠤ ᠵᠡᠷᠭᠡ ᠬᠠᠤᠯᠢ ᠲᠣᠭᠲᠠᠭᠠᠬᠤ ᠲᠥᠷᠥᠯ ᠵᠦᠢᠯ᠎ᠳᠦ ᠬᠤᠷᠢᠶᠠᠩᠭᠤᠢᠯᠠᠭᠰᠠᠨ ᠴᠢᠨᠠᠷᠲᠠᠢ ᠲᠣᠬᠢᠷᠠᠭᠤᠯᠤᠯᠲᠠ ᠬᠢᠪᠡ᠃
《ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠬᠠᠤᠯᠢ ᠲᠣᠭᠲᠠᠭᠠᠬᠤ ᠲᠥᠯᠥᠪᠯᠡᠭᠡ》᠎ᠳᠤ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠬᠠᠤᠯᠢ ᠲᠣᠭᠲᠠᠭᠠᠬᠤ ᠠᠵᠢᠯ᠎ᠤᠨ ᠲᠥᠯᠥᠪᠯᠡᠭᠡ᠎ᠶᠢᠨ ᠬᠡᠷᠡᠭᠵᠢᠭᠦᠯᠦᠯᠲᠡ᠎ᠶᠢ ᠦᠨᠡᠨ ᠬᠦ᠌ ᠰᠠᠢᠲᠤᠷ ᠠᠳᠬᠤᠬᠤ ᠬᠡᠷᠡᠭᠲᠡᠢ᠃ ᠬᠠᠤᠯᠢ ᠴᠠᠭᠠᠵᠠ᠎ᠶᠢᠨ ᠶᠠᠮᠤᠨ ᠱᠠᠯᠠᠪᠳᠠᠭᠤᠯᠤᠨ ᠵᠣᠬᠢᠴᠠᠭᠤᠯᠬᠤ᠎ᠪᠠᠨ ᠴᠢᠩᠭᠠᠳᠬᠠᠵᠤ᠂ ᠲᠥᠯᠥᠪᠯᠡᠭᠡ᠎ᠶᠢᠨ ᠨᠠᠢᠳᠠᠪᠤᠷᠢᠵᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ ᠬᠡᠮᠡᠨ ᠱᠠᠭᠠᠷᠳᠠᠪᠠ ᠃