《ᠲᠥᠰᠥᠯ》᠎ᠳᠦ ᠵᠢᠷᠭᠤᠭᠠᠨ ᠶᠡᠬᠡ ᠠᠵᠢᠯᠯᠠᠭ᠎ᠠ᠎ᠨᠢ ᠬᠡᠷᠡᠭᠵᠢᠭᠦᠯᠬᠦ᠎ᠪᠡᠷ ᠪᠠᠢᠷᠢᠯᠠᠭᠤᠯᠪᠠ᠃ ᠨᠢᠭᠡ᠎ᠳᠦ ᠰᠠᠭᠤᠷᠢ᠎ᠶᠢ ᠬᠦᠴᠦᠷᠬᠡᠭᠵᠢᠭᠦᠯᠦᠨ ᠪᠠᠭᠲᠠᠭᠠᠮᠵᠢ᠎ᠶᠢ ᠥᠷᠭᠡᠳᠬᠡᠬᠦ ᠠᠵᠢᠯᠯᠠᠭ᠎ᠠ᠎ᠨᠢ ᠬᠡᠷᠡᠭᠵᠢᠭᠦᠯᠵᠦ᠂ ᠭᠣᠣᠯᠳᠠᠯᠭ᠎ᠠ ᠪᠣᠯᠬᠤ ᠬᠦᠷᠢᠶ᠎ᠡ᠂ ᠰᠢᠨ᠎ᠡ᠎ᠶᠢ ᠡᠭᠦᠳᠬᠦ ᠬᠦᠷᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠵᠢᠯ ᠲᠦᠷᠦᠯ᠎ᠦᠨ ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ᠎ᠤᠨ ᠪᠠᠢᠭᠤᠯᠤᠯᠲᠠ᠎ᠶᠢ ᠤᠷᠢᠳ᠎ᠢᠶᠠᠷ ᠬᠡᠷᠡᠭᠵᠢᠭᠦᠯᠵᠦ ᠤᠷᠢᠳ᠎ᠢᠶᠠᠷ ᠲᠤᠷᠰᠢᠬᠤ᠎ᠶᠢ ᠠᠬᠢᠭᠤᠯᠵᠤ᠂ ᠠᠵᠤ ᠦᠢᠯᠡᠰ᠎ᠦᠨ ᠬᠡᠯᠬᠢᠶᠡᠨ᠎ᠦ ᠳᠡᠭᠡᠳᠦ ᠳᠣᠣᠷᠠᠳᠤ ᠤᠷᠤᠰᠬᠠᠯ᠎ᠤᠨ ᠬᠠᠮᠵᠢᠯᠴᠠᠨ ᠬᠠᠮᠲᠤ᠎ᠪᠠᠷ ᠪᠠᠶ᠋ᠢᠭᠤᠯᠬᠤ ᠪᠠ ᠡᠬᠢ ᠪᠠᠶᠠᠯᠢᠭ᠋᠎ᠢ ᠨᠡᠢᠳᠬᠡᠬᠦ᠂ ᠤᠯᠠᠨ ᠨᠡᠶ᠋ᠢᠲᠡ᠎ᠶᠢᠨ ᠳ᠋ᠠᠢᠲ᠋ᠠ ᠪᠠ ᠠᠵᠢᠯ ᠲᠦᠷᠦᠯ᠎ᠦᠨ ᠳ᠋ᠠᠢᠲ᠋ᠠ᠎ᠶᠢ ᠠᠭᠤᠰᠤᠯᠴᠠᠭᠤᠯᠤᠨ ᠠᠰᠢᠭ᠍ᠯᠠᠬᠤ᠎ᠶᠢ ᠲᠦᠯᠬᠢᠨ ᠠᠬᠢᠭᠤᠯᠤᠨ᠎ᠠ᠃ ᠬᠣᠶᠠᠷ᠎ᠲᠤ ᠵᠡᠭᠦᠯᠲᠡ ᠬᠠᠳᠠᠨ ᠪᠣᠭᠣᠮᠲᠠ ᠰᠢᠪᠲᠤᠯᠬᠤ ᠠᠵᠢᠯᠯᠠᠭ᠎ᠠ᠎ᠨᠢ ᠬᠡᠷᠡᠭᠵᠢᠭᠦᠯᠵᠦ᠂ 《ᠵᠠᠭᠪᠤᠷ᠎ᠢᠶᠠᠷ ᠤᠷᠢᠳᠴᠢᠯᠠᠨ ᠵᠡᠭᠦᠯᠲᠡ ᠬᠠᠳᠠᠬᠤ + ᠬᠥᠮᠥᠨ᠎ᠦ ᠬᠦᠴᠦ᠎ᠪᠡᠷ ᠬᠠᠷᠭᠤᠭᠤᠯᠬᠤ》᠂ 《ᠬᠥᠮᠥᠨ᠎ᠦ ᠬᠦᠴᠦ᠎ᠪᠡᠷ ᠵᠡᠭᠦᠯᠲᠡ ᠬᠠᠳᠠᠬᠤ + ᠵᠠᠭᠪᠤᠷ᠎ᠢᠶᠠᠷ ᠰᠢᠯᠭᠠᠨ ᠪᠠᠢᠴᠠᠭᠠᠬᠤ》 ᠵᠡᠷᠭᠡ ᠣᠶᠤᠨᠴᠢᠯᠠᠭᠰᠠᠨ ᠵᠡᠭᠦᠯᠲᠡ ᠬᠠᠳᠠᠬᠤ ᠦᠢᠯᠡᠴᠢᠯᠡᠭᠡ᠎ᠶᠢ ᠬᠥᠭᠵᠢᠭᠦᠯᠵᠦ᠂ ᠨᠥᠬᠥᠴᠡᠯ ᠪᠦᠷᠢᠳᠦᠭᠦᠯᠦᠭᠰᠡᠨ ᠭᠠᠵᠠᠷ ᠣᠷᠣᠨ᠎ᠤ ᠲᠤᠬᠠᠢ᠎ᠶᠢᠨ ᠭᠠᠵᠠᠷ᠎ᠤᠨ ᠪᠠᠢᠳᠠᠯ᠎ᠳᠤ᠎ᠪᠠᠨ ᠲᠣᠬᠢᠷᠠᠭᠤᠯᠤᠨ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ ᠥᠷᠨᠢᠭᠦᠯᠬᠦ᠎ᠶᠢ ᠬᠥᠲᠥᠯᠥᠨ ᠵᠢᠯᠤᠭᠣᠳᠴᠤ᠂ ᠳ᠋ᠠᠢᠲ᠋ᠠ᠎ᠳᠤ ᠵᠡᠭᠦᠯᠲᠡ ᠬᠠᠳᠠᠬᠤ ᠬᠢᠷᠢ ᠲᠦᠪᠰᠢᠨ᠎ᠢ ᠨᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠭᠤᠷᠪᠠ᠎ᠳᠤ ᠴᠢᠨᠠᠷ ᠴᠢᠨᠰᠠᠭ᠎ᠠ᠎ᠶᠢ ᠨᠢ ᠳᠡᠭᠡᠭᠰᠢᠯᠡᠭᠦᠯᠦᠨ ᠦᠷ᠎ᠡ ᠠᠰᠢᠭ᠋᠎ᠢ ᠨᠢ ᠨᠡᠮᠡᠭᠳᠡᠭᠦᠯᠬᠦ ᠠᠵᠢᠯᠯᠠᠭ᠎ᠠ᠎ᠨᠢ ᠬᠡᠷᠡᠭᠵᠢᠭᠦᠯᠵᠦ᠂ ᠡᠯ᠎ᠡ ᠠᠵᠢᠯ ᠲᠦᠷᠦᠯ᠂ ᠡᠯ᠎ᠡ ᠭᠠᠵᠠᠷ ᠣᠷᠣᠨ᠎ᠢ ᠵᠣᠷᠢᠭ᠍ᠵᠢᠭᠤᠯᠵᠤ ᠪᠠᠢᠭᠠᠳ ᠤᠯᠤᠰ᠎ᠤᠨ ᠪᠠᠷᠢᠮᠵᠢᠶ᠎ᠠ ᠯᠤᠭ᠎ᠠ ᠬᠣᠯᠪᠤᠭᠠᠯᠠᠨ ᠬᠥᠳᠡᠯᠦᠯᠴᠡᠵᠦ᠂ ᠭᠣᠣᠯᠳᠠᠯᠭ᠎ᠠ ᠪᠣᠯᠬᠤ ᠠᠵᠢᠯ ᠲᠦᠷᠦᠯ᠎ᠦᠨ ᠬᠦᠷᠢᠶᠡᠨ᠎ᠳᠠᠬᠢ ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ᠎ᠤᠨ ᠪᠠᠷᠢᠮᠵᠢᠶ᠎ᠠ᠎ᠶᠢ ᠰᠤᠳᠤᠯᠤᠨ ᠦᠢᠯᠡᠳᠬᠦ᠎ᠶᠢ ᠠᠬᠢᠭᠤᠯᠵᠤ᠂ ᠴᠢᠨᠠᠷ ᠴᠢᠨᠰᠠᠭ᠎ᠠ᠎ᠶᠢ ᠰᠢᠯᠭᠠᠨ ᠦᠨᠡᠯᠡᠬᠦ ᠪᠠ ᠦᠷ᠎ᠡ ᠳ᠋ᠦᠩ᠎ᠢ ᠬᠠᠷᠢᠯᠴᠠᠨ ᠮᠡᠳᠡᠷᠡᠬᠦ᠎ᠶᠢ ᠨᠢ ᠴᠢᠩᠭᠠᠳᠬᠠᠨ᠎ᠠ᠃ ᠳᠥᠷᠪᠡ᠎ᠳᠦ ᠬᠡᠷᠡᠭᠯᠡᠯᠲᠡ᠎ᠪᠡᠷ ᠬᠦᠴᠦᠨ ᠴᠢᠳᠠᠮᠵᠢ ᠣᠯᠭᠣᠬᠤ ᠠᠵᠢᠯᠯᠠᠭ᠎ᠠ᠎ᠨᠢ ᠬᠡᠷᠡᠭᠵᠢᠭᠦᠯᠵᠦ᠂ 《ᠳ᠋ᠠᠢᠲ᠋ᠠ᠎ᠶᠢᠨ ᠬᠦᠴᠦᠨ ᠵᠦᠢᠯ ×》 ᠠᠵᠢᠯᠯᠠᠭᠠᠨ ᠯᠤᠭ᠎ᠠ ᠤᠶᠠᠯᠳᠤᠭᠤᠯᠵᠤ᠂ ᠠᠵᠢᠯ ᠲᠦᠷᠦᠯ᠎ᠦᠨ ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠦᠨ᠂ ᠪᠠᠢᠭᠤᠯᠤᠯᠲᠠ᠎ᠪᠠᠷ ᠬᠡᠷᠡᠭᠯᠡᠯᠲᠡ᠎ᠶᠢ ᠠᠬᠢᠭᠤᠯᠵᠤ᠂ ᠠᠵᠢᠯ ᠲᠦᠷᠦᠯ᠎ᠦᠨ ᠵᠠᠭᠪᠤᠷ᠎ᠤᠨ ᠴᠢᠳᠠᠪᠤᠷᠢ᠎ᠶᠢ ᠨᠢ ᠦᠷᠭᠦᠯᠵᠢᠯᠡᠨ ᠳᠡᠭᠡᠭᠰᠢᠯᠡᠭᠦᠯᠬᠦ᠎ᠶᠢ ᠳᠠᠢᠴᠢᠯᠠᠨ᠎ᠠ᠃ ᠲᠠᠪᠤ᠎ᠳᠤ ᠬᠠᠮᠢᠶᠠᠷᠤᠯᠲᠠ ᠦᠢᠯᠡᠴᠢᠯᠡᠭᠡᠨ᠎ᠦ ᠠᠵᠢᠯᠯᠠᠭ᠎ᠠ᠎ᠨᠢ ᠬᠡᠷᠡᠭᠵᠢᠭᠦᠯᠵᠦ᠂ ᠳ᠋ᠠᠢᠲ᠋ᠠ᠎ᠶᠢᠨ ᠴᠤᠭᠯᠠᠷᠠᠯ᠎ᠤᠨ ᠪᠥᠬᠥ ᠠᠮᠢ ᠨᠠᠰᠤᠨ᠎ᠤ ᠦᠶᠡᠯᠡᠯ᠎ᠳᠡᠬᠢ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠳ᠋ᠠᠢᠲ᠋ᠠ᠎ᠶᠢ ᠬᠠᠮᠢᠶᠠᠷᠴᠤ ᠪᠣᠯᠬᠤᠢᠴᠠ᠂ ᠡᠵᠡᠮᠳᠡᠬᠦᠢᠴᠡ᠂ ᠮᠥᠷᠳᠡᠬᠦᠢᠴᠡ ᠪᠠᠢᠬᠤ᠎ᠶᠢ ᠦᠨᠡᠨ ᠬᠦ᠌ ᠪᠠᠲᠤᠯᠠᠨ᠎ᠠ; ᠳ᠋ᠠᠢᠲ᠋ᠠ᠎ᠶᠢᠨ ᠡᠵᠡᠮᠰᠢᠬᠦ ᠡᠷᠬᠡ᠂ ᠬᠡᠷᠡᠭᠯᠡᠬᠦ ᠡᠷᠬᠡ᠂ ᠡᠵᠡᠩᠨᠡᠬᠦ ᠡᠷᠬᠡ ᠭᠤᠷᠪᠠᠨ ᠡᠷᠬᠡ᠎ᠶᠢ ᠰᠠᠯᠭᠠᠬᠤ ᠳᠦᠷᠢᠮ᠎ᠢ ᠨᠠᠢᠳᠠᠪᠤᠷᠢᠵᠢᠭᠤᠯᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠲᠣᠭᠲᠠᠭᠠᠯ᠎ᠳᠤ ᠨᠡᠢᠴᠡᠭᠰᠡᠨ ᠪᠥᠭᠡᠳ ᠪᠠᠭᠲᠠᠭᠠᠮᠵᠢᠲᠠᠢ ᠳᠦᠷᠢᠮ᠎ᠦᠨ ᠣᠷᠴᠢᠨ ᠨᠥᠬᠥᠴᠡᠯ᠎ᠢ ᠪᠤᠢ ᠪᠣᠯᠭᠠᠨ᠎ᠠ᠃ ᠵᠢᠷᠭᠤᠭ᠎ᠠ᠎ᠳᠤ ᠥᠷᠲᠡᠭ᠎ᠢ ᠪᠠᠳᠠᠷᠠᠭᠤᠯᠬᠤ ᠠᠵᠢᠯᠯᠠᠭ᠎ᠠ᠎ᠨᠢ ᠬᠡᠷᠡᠭᠵᠢᠭᠦᠯᠵᠦ᠂ Token᠎ᠢᠶᠠᠷ ᠰᠠᠭᠤᠷᠢ ᠪᠣᠯᠭᠠᠭᠰᠠᠨ ᠥᠷᠲᠡᠭ᠎ᠦᠨ ᠲᠣᠭᠲᠠᠯᠴᠠᠭ᠎ᠠ᠎ᠶᠢ ᠬᠠᠢᠨ ᠰᠦᠪᠡᠭᠴᠢᠯᠡᠵᠦ᠂ 《ᠳ᠋ᠠᠢᠲ᠋ᠠ᠎ᠪᠠᠷ ᠳ᠋ᠠᠢᠲ᠋ᠠ᠎ᠶᠢ ᠰᠣᠯᠢᠬᠤ》᠂ 《ᠳ᠋ᠠᠢᠲ᠋ᠠ ᠪᠠ ᠵᠠᠭᠪᠤᠷ᠎ᠢ ᠬᠠᠷᠢᠯᠴᠠᠨ ᠰᠣᠯᠢᠬᠤ》᠂ 《ᠳ᠋ᠠᠢᠲ᠋ᠠ᠎ᠶᠢ ᠨᠠᠢᠳᠠᠨ ᠬᠠᠮᠢᠶᠠᠷᠤᠭᠤᠯᠬᠤ》᠂ 《ᠳ᠋ᠠᠢᠲ᠋ᠠ ᠪᠠ ᠪᠣᠳᠣᠬᠤ ᠴᠢᠳᠠᠪᠤᠷᠢ᠎ᠶᠢ ᠨᠢᠭᠡ ᠴᠣᠭᠴᠠᠵᠢᠭᠤᠯᠬᠤ》 ᠵᠡᠷᠭᠡ ᠣᠯᠠᠨ ᠵᠦᠢᠯ᠎ᠦᠨ ᠬᠡᠷᠡᠭᠯᠡᠯᠲᠡ᠎ᠶᠢᠨ ᠬᠡᠪ ᠵᠠᠭᠪᠤᠷ᠎ᠢ ᠵᠣᠷᠢᠭ᠍ᠵᠢᠭᠤᠯᠤᠨ᠎ᠠ; ᠳ᠋ᠠᠢᠲ᠋ᠠ᠎ᠶᠢᠨ ᠴᠤᠭᠯᠠᠷᠠᠯ᠎ᠢ ᠳᠠᠨᠵᠢᠯᠠᠵᠤ ᠪᠡᠯᠡ ᠲᠣᠬᠢᠷᠠᠭᠤᠯᠬᠤ᠂ ᠦᠨ᠎ᠡ ᠲᠣᠭᠲᠠᠭᠠᠨ ᠬᠤᠪᠢ ᠣᠷᠣᠭᠤᠯᠬᠤ᠂ ᠡᠳ᠋ ᠬᠥᠷᠥᠩᠭᠡ᠎ᠶᠢ ᠲᠡᠮᠳᠡᠭᠵᠢᠭᠦᠯᠬᠦ᠂ ᠳ᠋ᠠᠢᠲ᠋ᠠ᠎ᠶᠢᠨ ᠢᠲᠡᠭᠡᠮᠵᠢᠲᠦ ᠨᠠᠢᠳᠠᠯᠭ᠎ᠠ᠂ ᠳ᠋ᠠᠢᠲ᠋ᠠ᠎ᠶᠢᠨ ᠳᠠᠭᠠᠳᠬᠠᠯ ᠵᠡᠷᠭᠡ ᠣᠯᠠᠨ ᠡᠰᠢᠲᠦ ᠡᠳ᠋ ᠬᠥᠷᠥᠩᠭᠡᠵᠢᠭᠦᠯᠦᠭᠰᠡᠨ ᠰᠢᠨ᠎ᠡ᠎ᠶᠢ ᠡᠭᠦᠳᠬᠦ ᠬᠡᠪ ᠵᠠᠭᠪᠤᠷ᠎ᠢ ᠬᠠᠢᠨ ᠰᠦᠪᠡᠭᠴᠢᠯᠡᠬᠦ᠎ᠶᠢ ᠨᠢ ᠵᠣᠷᠢᠭ᠍ᠵᠢᠭᠤᠯᠵᠤ᠂ ᠳ᠋ᠠᠢᠲ᠋ᠠ᠎ᠶᠢᠨ ᠥᠷᠲᠡᠭ᠎ᠢ ᠨᠢ ᠤᠯᠠᠷᠢᠭᠤᠯᠬᠤ ᠠᠷᠭ᠎ᠠ ᠵᠠᠮ᠎ᠢ ᠥᠷᠭᠡᠳᠬᠡᠨ᠎ᠡ᠃