ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ 〔2026〕 6 ᠳ᠋ᠤᠭᠠᠷ ᠲᠣᠭᠠᠲᠤ
ᠴᠠᠬᠢᠯᠭᠠᠨ ᠬᠦᠴᠦᠨ᠎ᠤ ᠲᠣᠣᠷ᠎ᠤᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠤᠯᠠᠮ ᠨᠢᠭᠡ ᠠᠯᠬᠤᠮ
ᠲᠦᠷᠭᠡᠳᠬᠡᠬᠦ ᠬᠣᠯᠪᠣᠭᠳᠠᠯ ᠪᠦᠬᠦᠢ ᠤᠴᠢᠷ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ
ᠡᠯ᠎ᠡ ᠠᠢᠮᠠᠭ᠎ᠤᠨ ᠵᠠᠬᠢᠷᠭ᠎ᠠ᠂ ᠬᠤᠳᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠴᠠᠬᠢᠯᠭᠠᠨ ᠬᠦᠴᠦᠨ᠎ᠦ ᠲᠣᠣᠷ᠎ᠤᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠤᠯᠠᠮ ᠨᠢᠭᠡ ᠠᠯᠬᠤᠮ ᠲᠦᠷᠭᠡᠳᠬᠡᠨ᠂ ᠪᠦᠬᠦ ᠣᠷᠣᠨ᠎ᠤ ᠰᠢᠨ᠎ᠡ ᠬᠡᠯᠪᠡᠷᠢ ᠪᠦᠬᠦᠢ ᠴᠠᠬᠢᠯᠭᠠᠨ ᠬᠦᠴᠦᠨ᠎ᠦ ᠰᠢᠰᠲᠧᠮ᠎ᠢ ᠪᠠᠢᠭᠤᠯᠬᠤ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
ᠨᠢᠭᠡ᠂ ᠭᠠᠵᠠᠷ ᠰᠢᠷᠣᠢ᠎ᠶᠢᠨ ᠭᠠᠷᠳᠠᠮ᠎ᠢ ᠭᠦᠢᠴᠡᠳᠬᠡᠬᠦ᠎ᠶᠢ ᠳᠥᠭᠥᠮᠴᠢᠯᠡᠨ᠎ᠡ
(ᠨᠢᠭᠡ) ᠤᠯᠤᠰ᠎ᠤᠨ ᠲᠣᠭᠲᠠᠭᠠᠯ᠎ᠳᠦ ᠨᠡᠢᠴᠡᠬᠦ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠦᠨ ᠴᠢᠬᠤᠯᠠ ᠶᠡᠬᠡ ᠴᠠᠬᠢᠯᠭᠠᠨ ᠬᠦᠴᠦᠨ᠎ᠦ ᠲᠣᠣᠷ᠎ᠤᠨ ᠲᠦᠷᠦᠯ ᠵᠦᠢᠯ᠎ᠳᠦ ᠠᠵᠢᠯ᠎ᠤᠨ ᠬᠤᠭᠤᠴᠠᠭ᠎ᠠ ᠪᠠᠴᠢᠮ ᠪᠤᠶᠤ ᠤᠯᠠᠷᠢᠯ᠎ᠤᠨ ᠨᠥᠯᠥᠭᠡ᠎ᠡᠴᠡ ᠪᠣᠯᠵᠤ ᠪᠠᠷᠢᠯᠭ᠎ᠠ ᠡᠬᠢᠯᠡᠭᠦᠯᠵᠦ ᠪᠦᠲᠦᠭᠡᠨ ᠪᠠᠢᠭᠤᠯᠬᠤ᠎ᠪᠡᠷ ᠪᠠᠴᠢᠮ ᠱᠠᠭᠠᠷᠳᠠᠵᠤ ᠪᠠᠢᠪᠠᠯ ᠤᠷᠢᠳ᠎ᠢᠶᠠᠷ ᠭᠠᠵᠠᠷ ᠬᠡᠷᠡᠭᠯᠡᠬᠦ᠎ᠪᠠᠷ ᠭᠤᠶᠤᠴᠢᠯᠠᠨ ᠭᠦᠢᠴᠡᠳᠬᠡᠵᠦ ᠪᠣᠯᠣᠨ᠎ᠠ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠴᠠᠬᠢᠯᠭᠠᠨ ᠬᠦᠴᠦᠨ᠎ᠦ ᠲᠣᠣᠷ᠎ᠤᠨ ᠠᠵᠤ ᠠᠬᠤᠢᠯᠠᠯ)
(ᠬᠣᠶᠠᠷ) ᠬᠣᠲᠠ᠂ ᠪᠠᠯᠭᠠᠰᠤᠨ᠎ᠤ ᠲᠥᠯᠦᠪᠵᠢᠭᠦᠯᠭᠡ᠎ᠶᠢᠨ ᠣᠷᠣᠨ᠎ᠡᠴᠡ ᠭᠠᠳᠠᠨ᠎ᠠ ᠪᠦᠲᠦᠭᠡᠨ ᠪᠠᠢᠭᠤᠯᠤᠭᠰᠠᠨ ᠬᠦᠴᠦᠳᠡᠯ ᠥᠭᠡᠷᠡᠴᠢᠯᠡᠬᠦ ᠥᠷᠳᠡᠭᠡ᠎ᠶᠢᠨ ᠢᠨᠵᠧᠨᠧᠷᠢᠩ᠎ᠳᠤ ᠵᠦᠪᠬᠡᠨ ᠭᠠᠵᠠᠷ ᠬᠡᠷᠡᠭᠯᠡᠬᠦ᠎ᠶᠢᠨ ᠤᠷᠢᠳᠴᠢᠯᠠᠨ ᠬᠢᠨᠠᠬᠤ ᠬᠢᠭᠡᠳ ᠭᠠᠵᠠᠷ ᠰᠣᠩᠭᠣᠬᠤ ᠰᠠᠨᠠᠯ᠎ᠤᠨ ᠪᠢᠴᠢᠭ᠎ᠢ ᠭᠦᠢᠴᠡᠳᠬᠡᠵᠦ᠂ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠦᠪᠵᠢᠭᠦᠯᠭᠡ᠎ᠶᠢᠨ ᠵᠥᠪᠰᠢᠶᠡᠷᠡᠯ᠎ᠦᠨ ᠦᠨᠡᠮᠯᠡᠯ᠂ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠤᠨ ᠲᠥᠯᠦᠪᠵᠢᠭᠦᠯᠭᠡ᠎ᠶᠢᠨ ᠵᠥᠪᠰᠢᠶᠡᠷᠡᠯ᠎ᠦᠨ ᠦᠨᠡᠮᠯᠡᠯ᠎ᠢ ᠭᠦᠢᠴᠡᠳᠬᠡᠬᠦ ᠦᠭᠡᠢ ᠪᠠᠢᠵᠤ ᠪᠣᠯᠣᠨ᠎ᠠ᠃ ᠬᠣᠲᠠ᠂ ᠪᠠᠯᠭᠠᠰᠤᠨ᠎ᠤ ᠲᠥᠯᠦᠪᠵᠢᠭᠦᠯᠭᠡ᠎ᠶᠢᠨ ᠣᠷᠣᠨ᠎ᠤ ᠳᠣᠲᠣᠷ᠎ᠠ ᠪᠦᠲᠦᠭᠡᠨ ᠪᠠᠢᠭᠤᠯᠤᠭᠰᠠᠨ ᠬᠦᠴᠦᠳᠡᠯ ᠥᠭᠡᠷᠡᠴᠢᠯᠡᠬᠦ ᠥᠷᠳᠡᠭᠡ᠎ᠶᠢᠨ ᠢᠨᠵᠧᠨᠧᠷᠢᠩ᠎ᠳᠦ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠦᠪᠵᠢᠭᠦᠯᠭᠡ᠎ᠶᠢᠨ ᠵᠥᠪᠰᠢᠶᠡᠷᠡᠯ᠎ᠦᠨ ᠦᠨᠡᠮᠯᠡᠯ᠂ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠤᠨ ᠲᠥᠯᠦᠪᠵᠢᠭᠦᠯᠭᠡ᠎ᠶᠢᠨ ᠵᠥᠪᠰᠢᠶᠡᠷᠡᠯ᠎ᠦᠨ ᠦᠨᠡᠮᠯᠡᠯ᠎ᠢ ᠬᠦᠯᠢᠶᠡᠨ ᠠᠪᠤᠭᠰᠠᠨ ᠡᠳᠦᠷ᠎ᠡᠴᠡ ᠡᠬᠢᠯᠡᠨ 5 ᠠᠵᠢᠯᠯᠠᠬᠤ ᠡᠳᠦᠷ᠎ᠦᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠴᠠᠬᠢᠯᠭᠠᠨ ᠬᠦᠴᠦᠨ᠎ᠦ ᠲᠣᠣᠷ᠎ᠤᠨ ᠠᠵᠤ ᠠᠬᠤᠢᠯᠠᠯ)
ᠬᠣᠶᠠᠷ᠂ ᠲᠦᠷ ᠬᠡᠷᠡᠭᠯᠡᠬᠦ ᠭᠠᠵᠠᠷ᠎ᠤᠨ ᠬᠠᠮᠢᠶᠠᠷᠤᠯᠲᠠ᠎ᠶᠢ ᠵᠢᠷᠤᠮᠵᠢᠭᠤᠯᠤᠨ᠎ᠠ
ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠢᠯᠡ ᠨᠡᠢᠲᠡᠯᠡᠨ ᠬᠡᠷᠡᠭᠵᠢᠭᠦᠯᠵᠦ ᠪᠠᠢᠭ᠎ᠠ ᠣᠷᠣᠨ ᠬᠡᠰᠡᠭ᠎ᠦᠨ ᠶᠡᠷᠦᠩᠬᠡᠢᠯᠡᠭᠰᠡᠨ ᠭᠠᠵᠠᠷ᠎ᠤᠨ ᠦᠨ᠎ᠡ᠎ᠶᠢ ᠦᠨᠳᠦᠰᠦᠯᠡᠨ᠂ ᠲᠦᠷ ᠬᠡᠷᠡᠭᠯᠡᠬᠦ ᠭᠠᠵᠠᠷ᠎ᠲᠤ ᠨᠥᠬᠥᠪᠦᠷᠢᠯᠡᠬᠦ ᠦᠨ᠎ᠡ ᠬᠠᠩᠰᠢ᠎ᠶᠢ ᠲᠣᠰ ᠭᠠᠵᠠᠷ ᠣᠷᠣᠨ᠎ᠤ ᠣᠷᠣᠨ ᠬᠡᠰᠡᠭ᠎ᠦᠨ ᠶᠡᠷᠦᠩᠬᠡᠢᠯᠡᠭᠰᠡᠨ ᠭᠠᠵᠠᠷ᠎ᠤᠨ ᠦᠨ᠎ᠡ᠎ᠶᠢᠨ ᠰᠠᠭᠤᠷᠢᠨ ᠳᠡᠭᠡᠷᠡᠬᠢ ᠬᠥᠪᠥᠮᠡᠯ ᠣᠷᠣᠨ ᠵᠠᠢ ᠵᠢᠴᠢ ᠲᠦᠷ ᠬᠡᠷᠡᠭᠯᠡᠬᠦ ᠭᠠᠵᠠᠷ᠎ᠲᠤ ᠨᠥᠬᠥᠪᠦᠷᠢᠯᠡᠬᠦ ᠬᠡᠪᠴᠢᠶ᠎ᠡ (ᠵᠠᠭᠠᠭ)᠎ᠶᠢ ᠲᠣᠭᠲᠠᠭᠠᠬᠤ᠎ᠶᠢᠨ ᠬᠠᠮᠲᠤ᠂ ᠨᠡᠢᠭᠡᠮ᠎ᠳᠦ ᠢᠯᠡ ᠨᠡᠢᠲᠡᠯᠡᠬᠦ ᠬᠡᠷᠡᠭᠲᠡᠢ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋) ᠨᠢ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠢᠯᠡ ᠨᠡᠢᠲᠡᠯᠡᠭᠰᠡᠨ ᠲᠦᠷ ᠬᠡᠷᠡᠭᠯᠡᠬᠦ ᠭᠠᠵᠠᠷ᠎ᠲᠤ ᠨᠥᠬᠥᠪᠦᠷᠢᠯᠡᠬᠦ ᠦᠨ᠎ᠡ ᠬᠠᠩᠰᠢ᠎ᠶᠢᠨ ᠬᠥᠪᠥᠮᠡᠯ ᠣᠷᠣᠨ ᠵᠠᠢ᠂ ᠨᠥᠬᠥᠪᠦᠷᠢᠯᠡᠬᠦ ᠬᠡᠪᠴᠢᠶ᠎ᠡ (ᠵᠠᠭᠠᠭ)᠎ᠪᠠᠷ ᠯᠠᠪᠯᠠᠯᠲᠠ ᠪᠣᠯᠭᠠᠨ ᠬᠠᠮᠢᠶ᠎ᠠ ᠪᠦᠬᠦᠢ ᠠᠵᠢᠯ᠎ᠢ ᠥᠷᠨᠢᠭᠦᠯᠵᠦ ᠪᠣᠯᠣᠨ᠎ᠠ᠃ ᠲᠦᠷ ᠬᠡᠷᠡᠭᠯᠡᠬᠦ ᠭᠠᠵᠠᠷ᠎ᠤᠨ ᠬᠢᠨᠠᠨ ᠵᠥᠪᠰᠢᠶᠡᠷᠡᠭᠰᠡᠨ ᠮᠡᠳᠡᠭᠡ ᠵᠠᠩᠭᠢ᠎ᠶᠢ ᠠᠢᠮᠠᠭ ᠬᠣᠲᠠ᠎ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠰᠦᠯᠵᠢᠶᠡᠨ ᠦᠷᠲᠡᠭᠡᠨᠡ ᠨᠡᠢᠲᠡ᠎ᠳᠦ ᠵᠠᠷᠯᠠᠭᠰᠠᠨᠦ ᠳᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠵᠠᠪᠳᠤᠨ ᠲᠠᠷᠢᠵᠤ ᠵᠠᠪᠳᠤᠨ ᠪᠠᠢᠭᠤᠯᠵᠤ ᠪᠣᠯᠬᠤ ᠦᠭᠡᠢ᠂ ᠲᠣᠭᠲᠠᠭᠠᠯ᠎ᠡᠴᠡ ᠵᠥᠷᠢᠴᠡᠨ ᠵᠠᠪᠳᠤᠨ ᠲᠠᠷᠢᠵᠤ ᠵᠠᠪᠳᠤᠨ ᠪᠠᠢᠭᠤᠯᠤᠭᠰᠠᠨ ᠬᠡᠰᠡᠭ᠎ᠲᠦ ᠨᠥᠬᠥᠪᠦᠷᠢ ᠥᠭᠬᠦ ᠦᠭᠡᠢ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋) ᠨᠢ ᠲᠣᠰ ᠭᠠᠵᠠᠷ ᠣᠷᠣᠨ᠎ᠤ ᠵᠠᠰᠠᠭ᠎ᠤᠨ ᠣᠷᠳᠣᠨ᠎ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ᠎ᠠᠴᠠ ᠨᠥᠬᠥᠪᠦᠷᠢ ᠥᠭᠬᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠬᠦ ᠠᠵᠢᠯ᠎ᠤᠨ ᠲᠣᠭᠲᠠᠴᠠ᠎ᠶᠢ ᠪᠠᠢᠭᠤᠯᠵᠤ᠂ ᠬᠥᠬᠡ ᠴᠢᠬᠢ᠎ᠶᠢᠨ ᠲᠥᠯᠥᠪᠦᠷᠢ ᠥᠭᠬᠦ ᠰᠠᠭᠠᠳ ᠲᠣᠳᠬᠠᠷ᠎ᠢ ᠠᠷᠢᠯᠭᠠᠬᠤ ᠵᠢᠴᠢ ᠵᠠᠰᠠᠭ ᠵᠠᠬᠢᠷᠭᠠᠨ᠎ᠤ ᠭᠠᠷᠳᠠᠮ ᠭᠦᠢᠴᠡᠳᠬᠡᠬᠦ ᠠᠵᠢᠯ᠎ᠢ ᠭᠣᠣᠯᠳᠠᠯᠭ᠎ᠠ᠎ᠲᠠᠢ ᠠᠩᠬᠠᠷᠤᠨ ᠭᠦᠢᠴᠡᠳᠬᠡᠬᠦ ᠬᠡᠷᠡᠭᠲᠡᠢ᠃ 〔ᠬᠠᠷᠢᠭᠤᠴᠠᠯᠭᠠᠲᠤ ᠨᠢᠭᠡᠴᠢ᠄ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ〕
ᠭᠤᠷᠪᠠ᠂ ᠳᠠᠷᠤᠭᠳᠠᠮᠠᠯ ᠠᠭᠤᠷᠬᠠᠢ᠎ᠶᠢᠨ ᠡᠬᠢ ᠪᠠᠶᠠᠯᠢᠭ᠋᠎ᠢ ᠭᠦᠢᠴᠡᠳᠬᠡᠬᠦ ᠴᠤᠪᠤᠷᠠᠯ᠎ᠢ ᠲᠣᠳᠣᠷᠬᠠᠢᠯᠠᠨ᠎ᠠ
ᠴᠠᠬᠢᠯᠭᠠᠨ ᠬᠦᠴᠦᠨ᠎ᠤ ᠲᠣᠣᠷ᠎ᠤᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠤ ᠭᠠᠵᠠᠷ ᠰᠣᠩᠭᠣᠬᠤ᠎ᠡᠴᠡ ᠡᠮᠦᠨ᠎ᠡ᠂ ᠲᠥᠷᠥᠯ ᠵᠦᠢᠯ᠎ᠦᠨ ᠪᠠᠢᠭ᠎ᠠ ᠬᠣᠰᠢᠭᠤ ᠰᠢᠶᠠᠨ᠎ᠤ ᠱᠠᠲᠤᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠲᠥᠷᠥᠯ ᠵᠦᠢᠯ᠎ᠳᠦ ᠬᠡᠷᠡᠭᠯᠡᠬᠦ ᠭᠠᠵᠠᠷ ᠵᠢᠴᠢ ᠨᠥᠯᠥᠭᠡᠯᠡᠬᠦ ᠬᠡᠪᠴᠢᠶᠡᠨ ᠳᠣᠲᠣᠷᠠᠬᠢ ᠪᠠᠢᠴᠠᠭᠠᠨ ᠲᠣᠳᠣᠯᠠᠭᠰᠠᠨ ᠠᠭᠤᠷᠬᠠᠢ᠎ᠶᠢᠨ ᠡᠬᠢ ᠪᠠᠶᠠᠯᠢᠭ᠋᠎ᠤᠨ ᠲᠠᠷᠬᠠᠯᠲᠠ ᠪᠠ ᠠᠭᠤᠷᠬᠠᠢ᠎ᠶᠢᠨ ᠦᠢᠯᠡᠰ᠎ᠦᠨ ᠡᠷᠬᠡ᠎ᠶᠢᠨ ᠪᠠᠢᠷᠢᠯᠠᠭᠤᠯᠤᠯᠲᠠ᠎ᠶᠢᠨ ᠪᠠᠢᠳᠠᠯ᠎ᠢ ᠪᠠᠢᠴᠠᠭᠠᠨ ᠯᠠᠪᠯᠠᠵᠤ᠂ ᠬᠣᠰᠢᠭᠤ ᠰᠢᠶᠠᠨ᠎ᠤ ᠱᠠᠲᠤᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ 3 ᠠᠵᠢᠯᠯᠠᠬᠤ ᠡᠳᠦᠷ᠎ᠤᠨ ᠳᠣᠲᠣᠷ᠎ᠠ ᠪᠠᠢᠴᠠᠭᠠᠨ ᠯᠠᠪᠯᠠᠭᠰᠠᠨ ᠦᠷ᠎ᠡ ᠳ᠋ᠦᠩ ᠭᠠᠷᠭᠠᠵᠤ ᠥᠭᠬᠦ ᠬᠡᠷᠡᠭᠲᠡᠢ᠃ ᠲᠥᠷᠥᠯ ᠵᠦᠢᠯ᠎ᠦᠨ ᠪᠠᠢᠴᠠᠭᠠᠨ ᠯᠠᠪᠯᠠᠬᠤ ᠬᠡᠪᠴᠢᠶᠡᠨ ᠳᠣᠲᠣᠷ᠎ᠠ ᠨᠢᠭᠡᠨᠲᠡ ᠪᠠᠢᠴᠠᠭᠠᠨ ᠲᠣᠳᠣᠯᠠᠭᠰᠠᠨ ᠠᠭᠤᠷᠬᠠᠢ᠎ᠶᠢᠨ ᠡᠬᠢ ᠪᠠᠶᠠᠯᠢᠭ᠋ ᠪᠠ ᠨᠢᠭᠡᠨᠲᠡ ᠲᠣᠭᠲᠠᠭᠠᠭᠰᠠᠨ ᠠᠭᠤᠷᠬᠠᠢ᠎ᠶᠢᠨ ᠦᠢᠯᠡᠰ᠎ᠦᠨ ᠡᠷᠬᠡ ᠪᠠᠢᠬᠤ ᠦᠭᠡᠢ ᠪᠠᠢᠪᠠᠯ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠨᠢᠭᠡᠴᠢ ᠨᠢ ᠳᠠᠷᠤᠭᠳᠠᠮᠠᠯ ᠠᠭᠤᠷᠬᠠᠢ᠎ᠶᠢ ᠪᠠᠢᠴᠠᠭᠠᠨ ᠯᠠᠪᠯᠠᠭᠰᠠᠨ ᠦᠷ᠎ᠡ ᠳ᠋ᠦᠩ᠎ᠦᠨ ᠪᠢᠴᠢᠭ ᠮᠠᠲᠧᠷᠢᠶᠠᠯ᠎ᠢᠶᠡᠷ ᠭᠠᠵᠠᠷ ᠬᠡᠷᠡᠭᠯᠡᠬᠦ᠎ᠶᠢ ᠬᠢᠨᠠᠨ ᠵᠥᠪᠰᠢᠶᠡᠷᠡᠭᠦᠯᠬᠦ᠎ᠪᠡᠷ ᠭᠤᠶᠤᠴᠢᠯᠠᠨ ᠮᠡᠳᠡᠭᠦᠯᠬᠦ᠎ᠶᠢᠨ ᠴᠢᠬᠤᠯᠠ ᠨᠥᠬᠥᠴᠡᠯ ᠪᠣᠯᠭᠠᠨ᠎ᠠ᠃ ᠲᠥᠷᠥᠯ ᠵᠦᠢᠯ᠎ᠦᠨ ᠪᠠᠢᠴᠠᠭᠠᠨ ᠯᠠᠪᠯᠠᠬᠤ ᠬᠡᠪᠴᠢᠶᠡᠨ ᠳᠣᠲᠣᠷ᠎ᠠ ᠨᠢᠭᠡᠨᠲᠡ ᠪᠠᠢᠴᠠᠭᠠᠨ ᠲᠣᠳᠣᠯᠠᠭᠰᠠᠨ ᠠᠭᠤᠷᠬᠠᠢ᠎ᠶᠢᠨ ᠡᠬᠢ ᠪᠠᠶᠠᠯᠢᠭ᠋ ᠪᠤᠶᠤ ᠨᠢᠭᠡᠨᠲᠡ ᠠᠭᠤᠷᠬᠠᠢ᠎ᠶᠢᠨ ᠦᠢᠯᠡᠰ᠎ᠦᠨ ᠡᠷᠬᠡ᠎ᠶᠢ ᠲᠣᠭᠲᠠᠭᠠᠭᠰᠠᠨ ᠪᠠᠢᠪᠠᠯ᠂ ᠪᠦᠲᠦᠭᠡᠨ ᠪᠠᠢᠭᠤᠯᠤᠯᠲᠠ᠎ᠶᠢᠨ ᠨᠢᠭᠡᠴᠢ ᠨᠢ 《ᠳᠠᠷᠤᠭᠳᠠᠮᠠᠯ ᠠᠭᠤᠷᠬᠠᠢ᠎ᠶᠢᠨ ᠡᠬᠢ ᠪᠠᠶᠠᠯᠢᠭ᠋᠎ᠢ ᠪᠠᠢᠴᠠᠭᠠᠵᠤ ᠦᠨᠡᠯᠡᠨ ᠵᠢᠱ᠌ᠢᠬᠦ ᠵᠢᠷᠤᠮᠵᠢᠯ》 (DZ/T 0479 - 2024)᠎ᠤᠨ ᠶᠣᠰᠣᠭᠠᠷ ᠳᠠᠷᠤᠭᠳᠠᠮᠠᠯ ᠠᠭᠤᠷᠬᠠᠢ᠎ᠶᠢᠨ ᠡᠬᠢ ᠪᠠᠶᠠᠯᠢᠭ᠋᠎ᠢ ᠪᠠᠢᠴᠠᠭᠠᠭᠰᠠᠨ ᠪᠤᠶᠤ ᠦᠨᠡᠯᠡᠨ ᠵᠢᠱ᠌ᠢᠭᠰᠡᠨ ᠮᠡᠳᠡᠭᠦᠯᠦᠯᠲᠡ᠎ᠶᠢ ᠨᠠᠢᠷᠠᠭᠤᠯᠤᠨ ᠵᠣᠬᠢᠶᠠᠬᠤ ᠬᠡᠷᠡᠭᠲᠡᠢ᠃ ᠪᠠᠢᠴᠠᠭᠠᠯᠲᠠ᠎ᠪᠠᠷ ᠳᠠᠮᠵᠢᠭᠠᠳ᠂ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠨᠢ ᠨᠢᠭᠡᠨᠲᠡ ᠪᠠᠢᠴᠠᠭᠠᠨ ᠲᠣᠳᠣᠯᠠᠭᠰᠠᠨ ᠠᠭᠤᠷᠬᠠᠢ᠎ᠶᠢᠨ ᠡᠬᠢ ᠪᠠᠶᠠᠯᠢᠭ᠋᠎ᠢ ᠳᠠᠷᠤᠭᠰᠠᠨ ᠦᠭᠡᠢ ᠪᠠᠢᠪᠠᠯ᠂ ᠪᠦᠲᠦᠭᠡᠨ ᠪᠠᠢᠭᠤᠯᠤᠯᠲᠠ᠎ᠶᠢᠨ ᠨᠢᠭᠡᠴᠢ᠎ᠠᠴᠠ ᠳᠠᠷᠤᠭᠳᠠᠮᠠᠯ ᠠᠭᠤᠷᠬᠠᠢ᠎ᠶᠢᠨ ᠡᠬᠢ ᠪᠠᠶᠠᠯᠢᠭ᠋᠎ᠢ ᠪᠠᠢᠴᠠᠭᠠᠭᠰᠠᠨ ᠮᠡᠳᠡᠭᠦᠯᠦᠯᠲᠡ᠎ᠶᠢ ᠨᠠᠢᠷᠠᠭᠤᠯᠤᠨ ᠵᠣᠬᠢᠶᠠᠭᠠᠳ ᠭᠠᠵᠠᠷ ᠬᠡᠷᠡᠭᠯᠡᠬᠦ᠎ᠶᠢ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠨ ᠮᠡᠳᠡᠭᠦᠯᠬᠦ᠎ᠶᠢᠨ ᠴᠢᠬᠤᠯᠠ ᠨᠥᠬᠥᠴᠡᠯ ᠪᠣᠯᠭᠠᠨ᠎ᠠ; ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠨᠢ ᠨᠢᠭᠡᠨᠲᠡ ᠪᠠᠢᠴᠠᠭᠠᠨ ᠲᠣᠳᠣᠯᠠᠭᠰᠠᠨ ᠪᠠᠢᠯᠳᠤᠬᠤ ᠪᠣᠳᠣᠯᠭ᠎ᠠ᠎ᠶᠢᠨ ᠪᠤᠰᠤ ᠠᠭᠤᠷᠬᠠᠢ᠎ᠶᠢᠨ ᠡᠬᠢ ᠪᠠᠶᠠᠯᠢᠭ᠋᠎ᠢ ᠳᠠᠷᠤᠭᠰᠠᠨ ᠪᠠᠢᠪᠠᠯ᠂ ᠪᠦᠲᠦᠭᠡᠨ ᠪᠠᠢᠭᠤᠯᠤᠯᠲᠠ᠎ᠶᠢᠨ ᠨᠢᠭᠡᠴᠢ ᠨᠢ ᠳᠠᠷᠤᠭᠳᠠᠮᠠᠯ ᠠᠭᠤᠷᠬᠠᠢ᠎ᠶᠢᠨ ᠡᠬᠢ ᠪᠠᠶᠠᠯᠢᠭ᠋᠎ᠢ ᠦᠨᠡᠯᠡᠨ ᠵᠢᠱ᠌ᠢᠭᠰᠡᠨ ᠮᠡᠳᠡᠭᠦᠯᠦᠯᠲᠡ᠎ᠶᠢ ᠨᠠᠢᠷᠠᠭᠤᠯᠤᠨ ᠵᠣᠬᠢᠶᠠᠵᠤ ᠭᠠᠵᠠᠷ ᠬᠡᠷᠡᠭᠯᠡᠬᠦ᠎ᠶᠢ ᠬᠢᠨᠠᠨ ᠵᠥᠪᠰᠢᠶᠡᠷᠡᠭᠦᠯᠬᠦ ᠴᠢᠬᠤᠯᠠ ᠨᠥᠬᠥᠴᠡᠯ ᠪᠣᠯᠭᠠᠨ᠎ᠠ; ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠨᠢ ᠨᠢᠭᠡᠨᠲᠡ ᠪᠠᠢᠴᠠᠭᠠᠨ ᠲᠣᠳᠣᠯᠠᠭᠰᠠᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠭᠤᠷᠬᠠᠢ᠎ᠶᠢᠨ ᠡᠬᠢ ᠪᠠᠶᠠᠯᠢᠭ᠋᠎ᠢ ᠳᠠᠷᠤᠭᠰᠠᠨ ᠪᠠᠢᠪᠠᠯ᠂ ᠪᠦᠲᠦᠭᠡᠨ ᠪᠠᠢᠭᠤᠯᠤᠯᠲᠠ᠎ᠶᠢᠨ ᠨᠢᠭᠡᠴᠢ ᠨᠢ ᠳᠠᠷᠤᠭᠳᠠᠮᠠᠯ ᠠᠭᠤᠷᠬᠠᠢ᠎ᠶᠢᠨ ᠡᠬᠢ ᠪᠠᠶᠠᠯᠢᠭ᠋᠎ᠢ ᠦᠨᠡᠯᠡᠨ ᠵᠢᠱ᠌ᠢᠭᠰᠡᠨ ᠮᠡᠳᠡᠭᠦᠯᠦᠯᠲᠡ᠎ᠶᠢ ᠨᠠᠢᠷᠠᠭᠤᠯᠤᠨ ᠵᠣᠬᠢᠶᠠᠬᠤ᠎ᠶᠢᠨ ᠬᠠᠮᠲᠤ ᠬᠢᠨᠠᠨ ᠲᠣᠭᠲᠠᠭᠠᠯᠭᠠᠵᠤ ᠪᠦᠷᠢᠳᠬᠡᠨ ᠳᠠᠩᠰᠠᠯᠠᠭᠤᠯᠤᠭᠰᠠᠨ᠎ᠤ ᠲᠠᠷᠠᠭ᠎ᠠ᠂ ᠳᠠᠷᠤᠭᠳᠠᠮᠠᠯ ᠠᠭᠤᠷᠬᠠᠢ᠎ᠶᠢᠨ ᠬᠢᠨᠠᠨ ᠵᠥᠪᠰᠢᠶᠡᠷᠡᠭᠦᠯᠬᠦ ᠭᠠᠷᠳᠠᠮ᠎ᠢ ᠲᠣᠭᠲᠠᠭᠠᠯ ᠶᠣᠰᠣᠭᠠᠷ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠵᠥᠪᠰᠢᠶᠡᠷᠡᠬᠦ ᠡᠷᠬᠡ ᠮᠡᠳᠡᠯ᠎ᠳᠤ ᠬᠠᠷᠢᠶᠠᠯᠠᠭᠳᠠᠪᠠᠯ᠂ ᠥᠪᠡᠷᠲᠡᠭᠡᠨ ᠵᠠᠰᠠᠬᠤ ᠣᠷᠣᠨ ᠤ᠋ ᠪᠠᠢᠭᠠᠯᠢ᠎ᠶᠢᠨ ᠡᠬᠢ ᠪᠠᠶᠠᠯᠢᠭ᠋᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠥᠯᠢᠶᠡᠨ ᠠᠪᠤᠭᠰᠠᠨ ᠡᠳᠦᠷ᠎ᠡᠴᠡ ᠡᠬᠢᠯᠡᠨ 10 ᠠᠵᠢᠯᠯᠠᠬᠤ ᠡᠳᠦᠷ ᠤ᠋ᠨ ᠳᠣᠲᠣᠷ᠎ᠠ ᠬᠢᠨᠠᠨ ᠵᠥᠪᠰᠢᠶᠡᠷᠡᠬᠦ᠎ᠶᠢ ᠪᠡᠶᠡᠯᠡᠭᠦᠯᠬᠦ ᠬᠡᠷᠡᠭᠲᠡᠢ᠃ ᠨᠢᠭᠡᠨᠲᠡ ᠲᠣᠭᠲᠠᠭᠠᠭᠰᠠᠨ ᠠᠭᠤᠷᠬᠠᠢ᠎ᠶᠢᠨ ᠦᠢᠯᠡᠰ᠎ᠦᠨ ᠡᠷᠬᠡ᠎ᠳᠦ ᠬᠣᠯᠪᠣᠭᠳᠠᠵᠤ᠂ ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠢ ᠬᠡᠷᠡᠭᠵᠢᠭᠦᠯᠬᠦ ᠨᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠤᠨ ᠬᠡᠪ ᠢᠶᠠᠷ ᠬᠠᠢᠨ ᠪᠠᠢᠴᠠᠭᠠᠬᠤ ᠪᠠ ᠨᠡᠭᠡᠭᠡᠨ ᠮᠠᠯᠲᠠᠬᠤ᠎ᠶᠢ ᠨᠥᠯᠥᠭᠡᠯᠡᠬᠦ ᠦᠭᠡᠢ ᠪᠠᠢᠪᠠᠯ᠂ ᠪᠦᠲᠦᠭᠡᠨ ᠪᠠᠢᠭᠤᠯᠤᠯᠲᠠ᠎ᠶᠢᠨ ᠨᠢᠭᠡᠴᠢ ᠨᠢ ᠠᠭᠤᠷᠬᠠᠢ᠎ᠶᠢᠨ ᠦᠢᠯᠡᠰ᠎ᠦᠨ ᠡᠷᠬᠡᠲᠦ ᠬᠥᠮᠥᠨ ᠯᠦ᠍ᠭᠡ ᠬᠠᠷᠢᠯᠴᠠᠨ ᠦᠯᠦ ᠨᠥᠯᠥᠭᠡᠯᠡᠬᠦ ᠵᠥᠪᠯᠡᠯᠴᠡᠭᠡᠷ ᠲᠣᠭᠲᠠᠭᠠᠬᠤ ᠬᠡᠷᠡᠭᠲᠡᠢ; ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠢ ᠬᠡᠷᠡᠭᠵᠢᠭᠦᠯᠬᠦ ᠨᠢ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠢ ᠬᠠᠢᠨ ᠪᠠᠢᠴᠠᠭᠠᠬᠤ ᠪᠠ ᠨᠡᠭᠡᠭᠡᠨ ᠮᠠᠯᠲᠠᠬᠤ᠎ᠳᠤ ᠨᠥᠯᠥᠭᠡ᠎ᠲᠠᠢ ᠪᠠᠢᠪᠠᠯ᠂ ᠪᠦᠲᠦᠭᠡᠨ ᠪᠠᠢᠭᠤᠯᠤᠯᠲᠠ᠎ᠶᠢᠨ ᠨᠢᠭᠡᠴᠢ ᠨᠢ ᠠᠭᠤᠷᠬᠠᠢ᠎ᠶᠢᠨ ᠦᠢᠯᠡᠰ᠎ᠦᠨ ᠡᠷᠬᠡᠲᠦ ᠬᠥᠮᠥᠨ ᠯᠦ᠍ᠭᠡ ᠠᠭᠤᠷᠬᠠᠢ᠎ᠶᠢ ᠳᠠᠷᠤᠬᠤ᠎ᠶᠢ ᠵᠥᠪᠰᠢᠶᠡᠷᠡᠬᠦ ᠵᠥᠪᠯᠡᠯᠴᠡᠭᠡᠷ ᠲᠣᠭᠲᠠᠭᠠᠬᠤ ᠬᠡᠷᠡᠭᠲᠡᠢ᠃ (ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ)
ᠳᠥᠷᠪᠡ᠂ ᠤᠢ ᠰᠢᠭᠤᠢ ᠪᠠ ᠨᠤᠲᠤᠭ ᠪᠡᠯᠴᠢᠭᠡᠷ᠎ᠦᠨ ᠭᠠᠷᠳᠠᠮ᠎ᠢ ᠭᠦᠢᠴᠡᠳᠬᠡᠬᠦ᠎ᠶᠢ ᠰᠢᠯᠢᠳᠡᠭᠵᠢᠭᠦᠯᠦᠨ᠎ᠡ
(ᠨᠢᠭᠡ) ᠥᠪᠡᠷᠲᠡᠭᠡᠨ ᠵᠠᠰᠠᠬᠤ ᠣᠷᠣᠨ᠎ᠦ ᠡᠨᠧᠷᠬᠢ ᠵᠢᠨ ᠲᠣᠪᠴᠢᠶ᠎ᠠ᠎ᠪᠠᠷ ᠨᠤᠲᠠᠯᠠᠭᠤᠯᠤᠭᠰᠠᠨ᠎ᠤ ᠲᠠᠷᠠᠭ᠎ᠠ᠂ ᠪᠠᠷᠢᠯᠭ᠎ᠠ ᠡᠬᠢᠯᠡᠭᠦᠯᠵᠦ ᠪᠦᠲᠦᠭᠡᠨ ᠪᠠᠶ᠋ᠢᠭᠤᠯᠬᠤ᠎ᠶᠢ ᠪᠠᠴᠢᠮ ᠱᠠᠭᠠᠷᠳᠠᠵᠤ ᠪᠠᠢᠭ᠎ᠠ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠴᠠᠬᠢᠯᠭᠠᠨ ᠬᠦᠴᠦᠨ᠎ᠤ ᠲᠣᠣᠷ᠎ᠤᠨ ᠢᠨᠵᠧᠨᠧᠷᠢᠩ᠎ᠳᠤ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ᠎ᠤᠳ ᠤᠷᠢᠳ᠎ᠢᠶᠠᠷ ᠭᠠᠵᠠᠷ ᠬᠡᠷᠡᠭᠯᠡᠬᠦ᠂ ᠬᠤᠭᠤᠴᠠᠭ᠎ᠠ ᠬᠡᠰᠡᠭ ᠬᠤᠪᠢᠶᠠᠨ ᠭᠦᠢᠴᠡᠳᠬᠡᠬᠦ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠤᠢ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠣᠢᠲᠤ ᠭᠠᠵᠠᠷ ᠨᠤᠲᠤᠭ ᠪᠡᠯᠴᠢᠭᠡᠷ᠎ᠢ ᠤᠷᠢᠳ᠎ᠢᠶᠠᠷ ᠬᠡᠷᠡᠭᠯᠡᠬᠦ ᠭᠠᠷᠳᠠᠮ ᠪᠤᠶᠤ ᠣᠢᠲᠤ ᠭᠠᠵᠠᠷ ᠨᠤᠲᠤᠭ ᠪᠡᠯᠴᠢᠭᠡᠷ᠎ᠢ ᠬᠤᠭᠤᠴᠠᠭ᠎ᠠ ᠬᠡᠰᠡᠭ ᠬᠤᠪᠢᠶᠠᠨ ᠬᠡᠷᠡᠭᠯᠡᠬᠦ ᠭᠠᠷᠳᠠᠮ᠎ᠢ ᠭᠤᠶᠤᠴᠢᠯᠠᠨ ᠭᠦᠢᠴᠡᠳᠬᠡᠵᠦ᠂ ᠡᠭᠦᠨ᠎ᠦ ᠳᠠᠷᠠᠭ᠎ᠠ 1 ᠵᠢᠯ᠎ᠦᠨ ᠳᠣᠲᠣᠷ᠎ᠠ ᠪᠦᠬᠦᠯᠢ ᠴᠣᠭᠴᠠ᠎ᠶᠢᠨ ᠲᠦᠷᠦᠯ ᠵᠦᠢᠯ᠎ᠦᠨ ᠣᠢᠲᠤ ᠭᠠᠵᠠᠷ ᠨᠤᠲᠤᠭ ᠪᠡᠯᠴᠢᠭᠡᠷ᠎ᠢ ᠬᠢᠨᠠᠨ ᠵᠥᠪᠰᠢᠶᠡᠷᠡᠭᠦᠯᠬᠦ ᠭᠠᠷᠳᠠᠮ᠎ᠢᠶᠠᠨ ᠪᠡᠶᠡᠯᠡᠭᠦᠯᠬᠦ ᠬᠡᠷᠡᠭᠲᠡᠢ᠃ ᠪᠠᠷᠢᠯᠭ᠎ᠠ᠎ᠶᠢᠨ ᠤᠷᠢᠳ᠎ᠢᠶᠠᠷ ᠬᠡᠷᠡᠭᠯᠡᠬᠦ ᠭᠠᠵᠠᠷ᠎ᠤᠨ ᠪᠠᠢᠳᠠᠯ᠎ᠢ ᠦᠨᠳᠦᠰᠦᠯᠡᠨ᠂ ᠪᠠᠷᠢᠯᠭ᠎ᠠ᠎ᠶᠢᠨ ᠠᠵᠢᠯ᠎ᠳᠦ ᠣᠢᠲᠤ ᠭᠠᠵᠠᠷ ᠨᠤᠲᠤᠭ ᠪᠡᠯᠴᠢᠭᠡᠷ᠎ᠢ ᠲᠦᠷ ᠬᠡᠷᠡᠭᠯᠡᠬᠦ ᠭᠠᠷᠳᠠᠮ᠎ᠢ ᠵᠡᠷᠭᠡ᠎ᠳᠤ ᠨᠢ ᠭᠦᠢᠴᠡᠳᠬᠡᠵᠦ ᠪᠣᠯᠣᠨ᠎ᠠ᠃ (ᠬᠠᠷᠢᠭᠤᠴᠠᠯᠭᠠᠲᠤ ᠨᠢᠭᠡᠴᠢ᠄ ᠡᠯ᠎ᠡ ᠱᠠᠲᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠂ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ)
(ᠬᠣᠶᠠᠷ) ᠦᠨᠳᠦᠰᠦᠨ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠴᠠᠬᠢᠯᠭᠠᠨ ᠬᠦᠴᠦᠨ᠎ᠤ ᠲᠣᠣᠷ᠎ᠤᠨ ᠲᠥᠷᠥᠯ ᠵᠦᠢᠯ᠎ᠳᠦ᠂ ᠡᠵᠡᠯᠡᠬᠦ ᠨᠥᠬᠥᠪᠦᠷᠢᠯᠡᠬᠦ᠎ᠶᠢ ᠲᠡᠩᠴᠡᠭᠦᠷᠢᠰᠢᠭᠦᠯᠬᠦ ᠪᠠ ᠨᠤᠲᠤᠭ ᠪᠡᠯᠴᠢᠭᠡᠷ᠎ᠦᠨ ᠭᠠᠷᠳᠠᠮ᠎ᠢ ᠵᠡᠷᠭᠡ᠎ᠳᠦ ᠨᠢ ᠭᠦᠢᠴᠡᠳᠬᠡᠵᠦ᠂ ᠴᠠᠬᠢᠯᠭᠠᠨ ᠬᠦᠴᠦᠨ᠎ᠤ ᠲᠣᠣᠷ᠎ᠤᠨ ᠢᠨᠵᠧᠨᠧᠷᠢᠩ᠎ᠳᠦ ᠲᠦᠷ ᠬᠡᠷᠡᠭᠯᠡᠬᠦ ᠣᠢᠲᠤ ᠭᠠᠵᠠᠷ ᠨᠤᠲᠤᠭ ᠪᠡᠯᠴᠢᠭᠡᠷ᠎ᠤᠨ ᠭᠠᠷᠳᠠᠮ ᠪᠠ ᠣᠢᠲᠤ ᠭᠠᠵᠠᠷ ᠨᠤᠲᠤᠭ ᠪᠡᠯᠴᠢᠭᠡᠷ᠎ᠢ ᠡᠭᠦᠷᠢᠳᠡ ᠬᠡᠷᠡᠭᠯᠡᠬᠦ ᠭᠠᠷᠳᠠᠮ ᠯᠤᠭ᠎ᠠ ᠵᠡᠷᠭᠡ᠎ᠳᠦ ᠨᠢ ᠨᠡᠢᠯᠡᠭᠦᠯᠦᠨ ᠭᠦᠢᠴᠡᠳᠬᠡᠵᠦ ᠪᠣᠯᠣᠨ᠎ᠠ; ᠰᠢᠨ᠎ᠡ ᠡᠨᠧᠷᠭᠢ ᠶᠢᠨ ᠪᠡᠶᠡᠲᠦ ᠴᠣᠭᠴᠠ ᠶᠢᠨ ᠢᠨᠵᠧᠨᠧᠷᠢᠩ ᠬᠢᠭᠡᠳ ᠲᠦᠭᠦᠷᠵᠢᠭᠦᠯᠦᠨ ᠲᠣᠣᠷ᠎ᠲᠤ ᠵᠠᠯᠭᠠᠬᠤ ᠢᠨᠵᠧᠨᠧᠷᠢᠩ᠎ᠢ ᠲᠤᠰ ᠲᠤᠰ ᠲᠤ᠌ ᠨᠢ ᠲᠦᠷᠦᠯ ᠵᠦᠢᠯ ᠲᠣᠭᠲᠠᠭᠠᠨ ᠬᠠᠷᠭᠤᠭᠤᠯᠤᠨ ᠵᠥᠪᠰᠢᠶᠡᠷᠡᠭᠦᠯᠦᠭᠰᠡᠨ ᠪᠣᠯ᠂ ᠣᠢᠲᠤ ᠭᠠᠵᠠᠷ ᠨᠤᠲᠤᠭ ᠪᠡᠯᠴᠢᠭᠡᠷ᠎ᠦᠨ ᠭᠠᠷᠳᠠᠮ᠎ᠢ ᠲᠣᠰ ᠲᠣᠰ᠎ᠲᠤ ᠨᠢ ᠲᠤᠰᠠᠭᠠᠷ ᠭᠦᠢᠴᠡᠳᠬᠡᠵᠦ ᠪᠣᠯᠣᠨ᠎ᠠ᠃ (ᠬᠠᠷᠢᠭᠤᠴᠠᠯᠭᠠᠲᠤ ᠨᠢᠭᠡᠴᠢ᠄ ᠡᠯ᠎ᠡ ᠱᠠᠲᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠴᠠᠬᠢᠯᠭᠠᠨ ᠬᠦᠴᠦᠨ᠎ᠦ ᠲᠣᠣᠷ᠎ᠤᠨ ᠠᠵᠤ ᠠᠬᠤᠢᠯᠠᠯ)
ᠲᠠᠪᠤ᠂ ᠲᠡᠦᠬᠡ᠎ᠶᠢᠨ ᠳᠤᠷᠠᠰᠬᠠᠯᠲᠤ ᠵᠦᠢᠯ᠎ᠦᠨ ᠭᠠᠷᠳᠠᠮ᠎ᠢ ᠭᠦᠢᠴᠡᠳᠬᠡᠬᠦ ᠴᠤᠪᠤᠷᠠᠯ᠎ᠢ ᠳᠥᠭᠥᠮᠴᠢᠯᠡᠨ᠎ᠡ
(ᠨᠢᠭᠡ) ᠴᠠᠬᠢᠯᠭᠠᠨ ᠬᠦᠴᠦᠨ᠎ᠤ ᠲᠣᠣᠷ᠎ᠤᠨ ᠲᠥᠷᠥᠯ ᠵᠦᠢᠯ᠎ᠢ ᠪᠣᠯᠣᠮᠵᠢᠲᠤ ᠰᠤᠳᠤᠯᠤᠯ᠎ᠤᠨ ᠱᠠᠲᠤᠨ᠎ᠳᠦ ᠲᠥᠷᠥᠯ ᠵᠦᠢᠯ᠎ᠤᠨ ᠭᠠᠵᠠᠷ ᠰᠣᠩᠭᠣᠬᠤ ᠲᠥᠰᠥᠯ᠎ᠢ ᠲᠣᠭᠲᠠᠭᠠᠬᠤᠳᠦᠪᠡᠨ᠂ ᠰᠢᠯᠵᠢᠭᠦᠯᠵᠦ ᠪᠣᠯᠣᠰᠢ ᠦᠭᠡᠢ ᠲᠡᠦᠬᠡ᠎ᠶᠢᠨ ᠳᠤᠷᠠᠰᠬᠠᠯᠲᠤ ᠵᠦᠢᠯ᠎ᠡᠴᠡ ᠠᠯᠢ ᠴᠢᠳᠠᠬᠤ᠎ᠪᠠᠷ ᠵᠠᠢᠯᠠᠬᠤ ᠬᠡᠷᠡᠭᠲᠡᠢ᠂ ᠤᠷᠳᠤ ᠴᠠᠭᠠᠨ ᠬᠡᠷᠡᠮ᠂ ᠴᠢᠨᠦ ᠴᠢᠬᠡ ᠵᠠᠮ᠎ᠤᠨ ᠪᠠᠭᠤᠷᠢ᠂ ᠠᠯᠲᠠᠨ ᠤᠯᠤᠰ᠎ᠤᠨ ᠬᠢᠯᠢ᠎ᠶᠢᠨ ᠪᠠᠭᠤᠷᠢ ᠵᠡᠷᠭᠡ ᠱᠤᠭᠤᠮ ᠳᠠᠭᠠᠤ᠎ᠶᠢᠨ ᠲᠡᠦᠬᠡ᠎ᠶᠢᠨ ᠳᠤᠷᠠᠰᠬᠠᠯᠲᠤ ᠵᠦᠢᠯ᠎ᠤᠨ ᠪᠠᠭᠤᠷᠢ᠎ᠲᠠᠢ ᠬᠣᠯᠪᠣᠭᠳᠠᠭᠰᠠᠨ ᠪᠠᠢᠪᠠᠯ᠂ ᠠᠯᠢ ᠴᠢᠳᠠᠬᠤ᠎ᠪᠠᠷ ᠨᠢᠭᠡᠨᠲᠡ ᠪᠠᠢᠭ᠎ᠠ ᠵᠠᠮ ᠱᠤᠭᠤᠮ᠎ᠤᠨ ᠬᠣᠩᠭᠢᠯ ᠵᠠᠮ ᠪᠤᠶᠤ ᠪᠠᠭᠤᠷᠢ᠎ᠶᠢᠨ ᠠᠷᠢᠯᠤᠭᠰᠠᠨ ᠬᠡᠰᠡᠭ᠎ᠢ ᠰᠣᠩᠭᠣᠬᠤ ᠬᠡᠷᠡᠭᠲᠡᠢ᠃ ᠴᠠᠬᠢᠯᠭᠠᠨ ᠬᠦᠴᠦᠨ᠎ᠦ ᠲᠣᠣᠷ᠎ᠤᠨ ᠠᠵᠤ ᠠᠬᠤᠢᠯᠠᠯ ᠨᠢ ᠭᠠᠵᠠᠷ ᠰᠣᠩᠭᠣᠬᠤ ᠲᠥᠰᠥᠯ᠎ᠢᠶᠡᠨ ᠲᠡᠦᠬᠡ᠎ᠶᠢᠨ ᠳᠤᠷᠠᠰᠬᠠᠯᠲᠤ ᠵᠦᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠵᠠᠬᠢᠳᠠᠯ᠎ᠢᠶᠠᠷ ᠠᠰᠠᠭᠤᠬᠤ᠎ᠶᠢᠨ ᠬᠠᠮᠲᠤ᠂ ᠠᠵᠢᠯ ᠡᠬᠢᠯᠡᠭᠦᠯᠬᠦᠡᠴᠡᠪᠠᠨ ᠡᠮᠦᠨ᠎ᠡ ᠲᠡᠦᠬᠡ᠎ᠶᠢᠨ ᠳᠤᠷᠠᠰᠬᠠᠯᠲᠤ ᠵᠦᠢᠯ᠎ᠢ ᠬᠠᠮᠠᠭᠠᠯᠠᠬᠤ ᠵᠠᠰᠠᠭ ᠵᠠᠬᠢᠷᠭᠠᠨ᠎ᠤ ᠵᠥᠪᠰᠢᠶᠡᠷᠡᠯ᠎ᠦᠨ ᠭᠠᠷᠳᠠᠮ᠎ᠢ ᠭᠦᠢᠴᠡᠳᠬᠡᠬᠦ ᠠᠮᠠᠯᠠᠯᠲᠠ᠎ᠶᠢᠨ ᠪᠢᠴᠢᠭ ᠭᠠᠷᠭᠠᠨ ᠥᠭᠴᠦ᠂ ᠲᠡᠦᠬᠡ᠎ᠶᠢᠨ ᠳᠤᠷᠠᠰᠬᠠᠯᠲᠤ ᠵᠦᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠨᠢ ᠪᠣᠳᠠᠲᠤ ᠪᠠᠢᠳᠠᠯ᠎ᠢ ᠦᠨᠳᠦᠰᠦᠯᠡᠨ 《ᠭᠠᠵᠠᠷ ᠬᠡᠷᠡᠭᠯᠡᠬᠦ ᠡᠮᠦᠨᠡᠬᠢ ᠬᠤᠭᠤᠴᠠᠭᠠᠨ᠎ᠤ ᠠᠵᠢᠯ᠎ᠢ ᠥᠷᠨᠢᠭᠦᠯᠬᠦ᠎ᠶᠢ ᠵᠠᠷᠴᠢᠮ ᠳᠡᠭᠡᠷ᠎ᠡ᠎ᠪᠡᠨ ᠵᠥᠪᠰᠢᠶᠡᠷᠡᠭᠰᠡᠨ》 ᠰᠠᠨᠠᠯ (ᠬᠠᠮᠤᠭ ᠡᠴᠦᠰ᠎ᠦᠨ ᠬᠢᠨᠠᠨ ᠵᠥᠪᠰᠢᠶᠡᠷᠡᠭᠰᠡᠨ ᠰᠠᠨᠠᠯ᠎ᠢ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠲᠡᠦᠬᠡ᠎ᠶᠢᠨ ᠳᠤᠷᠠᠰᠬᠠᠯᠲᠤ ᠵᠦᠢᠯ᠎ᠢ ᠬᠠᠮᠠᠭᠠᠯᠠᠬᠤ ᠵᠠᠰᠠᠭ ᠵᠠᠬᠢᠷᠭᠠᠨ᠎ᠤ ᠵᠥᠪᠰᠢᠶᠡᠷᠡᠯ᠎ᠢᠶᠡᠷ ᠪᠠᠷᠢᠮᠵᠢᠶ᠎ᠠ ᠪᠣᠯᠭᠠᠨ᠎ᠠ) ᠭᠠᠷᠭᠠᠵᠤ ᠥᠭᠴᠦ ᠪᠣᠯᠣᠨ᠎ᠠ᠃ ᠲᠥᠷᠥᠯ ᠵᠦᠢᠯ᠎ᠤᠨ ᠭᠠᠵᠠᠷ ᠬᠡᠷᠡᠭᠯᠡᠬᠦ ᠬᠡᠪᠴᠢᠶ᠎ᠡ᠎ᠳᠦ ᠬᠤᠪᠢᠷᠠᠯᠲᠠ ᠭᠠᠷᠤᠭᠰᠠᠨ ᠦᠭᠡᠢ ᠪᠣᠯ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ ᠨᠢ ᠲᠡᠦᠬᠡ᠎ᠶᠢᠨ ᠳᠤᠷᠠᠰᠬᠠᠯᠲᠤ ᠵᠦᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠭᠠᠷᠭᠠᠭᠰᠠᠨ 《ᠭᠠᠵᠠᠷ ᠬᠡᠷᠡᠭᠯᠡᠬᠦ ᠡᠮᠦᠨᠡᠬᠢ ᠬᠤᠭᠤᠴᠠᠭᠠᠨ᠎ᠤ ᠠᠵᠢᠯ᠎ᠢ ᠥᠷᠨᠢᠭᠦᠯᠬᠦ᠎ᠶᠢ ᠵᠠᠷᠴᠢᠮ ᠳᠡᠭᠡᠷ᠎ᠡ᠎ᠪᠡᠨ ᠵᠥᠪᠰᠢᠶᠡᠷᠡᠭᠰᠡᠨ》 ᠰᠠᠨᠠᠯ᠎ᠢ ᠦᠨᠳᠦᠰᠦᠯᠡᠨ᠂ ᠪᠤᠰᠤᠳ ᠰᠠᠯᠠᠭ᠎ᠠ ᠮᠥᠴᠢᠷ᠎ᠲᠦ ᠲᠠᠷᠠᠭᠠᠴᠢ᠎ᠶᠢᠨ ᠬᠠᠮᠢᠶ᠎ᠠ ᠪᠦᠬᠦᠢ ᠭᠠᠷᠳᠠᠮ᠎ᠢ ᠭᠦᠢᠴᠡᠳᠬᠡᠬᠦ᠎ᠪᠡᠷ ᠭᠤᠶᠤᠴᠢᠯᠠᠵᠤ ᠪᠣᠯᠣᠨ᠎ᠠ᠃ (ᠬᠠᠷᠢᠭᠤᠴᠠᠯᠭᠠᠲᠤ ᠨᠢᠭᠡᠴᠢ᠄ ᠡᠯ᠎ᠡ ᠱᠠᠲᠤᠨ᠎ᠤ ᠲᠡᠦᠬᠡ᠎ᠶᠢᠨ ᠳᠤᠷᠠᠰᠬᠠᠯᠲᠤ ᠵᠦᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ)
(ᠬᠣᠶᠠᠷ) ᠴᠠᠬᠢᠯᠭᠠᠨ ᠬᠦᠴᠦᠨ᠎ᠤ ᠲᠣᠣᠷ᠎ᠤᠨ ᠲᠥᠷᠥᠯ ᠵᠦᠢᠯ᠎ᠳᠤ ᠰᠣᠩᠭᠣᠭᠰᠠᠨ ᠭᠠᠵᠠᠷ᠎ᠢ ᠵᠥᠪᠰᠢᠶᠡᠷᠡᠭᠦᠯᠦᠭᠰᠡᠨ ᠤ ᠲᠠᠷᠠᠭ᠎ᠠ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ ᠨᠢ ᠠᠵᠢᠯ ᠡᠬᠢᠯᠡᠭᠦᠯᠬᠦᠡᠴᠡᠪᠡᠨ ᠡᠮᠦᠨ᠎ᠡ ᠡᠷᠲᠡᠬᠡᠨ ᠬᠠᠤᠯᠢ ᠲᠣᠭᠲᠠᠭᠠᠯ ᠶᠣᠰᠣᠭᠠᠷ ᠲᠡᠦᠬᠡ᠎ᠶᠢᠨ ᠳᠤᠷᠠᠰᠬᠠᠯᠲᠤ ᠵᠦᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠲᠡᠦᠬᠡ᠎ᠶᠢᠨ ᠳᠤᠷᠠᠰᠬᠠᠯᠲᠤ ᠵᠦᠢᠯ᠎ᠢ ᠬᠠᠮᠠᠭᠠᠯᠠᠬᠤ ᠵᠠᠰᠠᠭ ᠵᠠᠬᠢᠷᠭᠠᠨ᠎ᠤ ᠵᠥᠪᠰᠢᠶᠡᠷᠡᠯ᠎ᠤᠨ ᠭᠤᠶᠤᠴᠢᠯᠠᠯ ᠳᠤᠷᠠᠳᠬᠤ ᠬᠡᠷᠡᠭᠲᠡᠢ᠃ ᠲᠡᠦᠬᠡ᠎ᠶᠢᠨ ᠳᠤᠷᠠᠰᠬᠠᠯᠲᠤ ᠵᠦᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠨᠢ ᠭᠤᠶᠤᠴᠢᠯᠠᠯ᠎ᠢ ᠬᠦᠯᠢᠶᠡᠨ ᠠᠪᠤᠭᠰᠠᠨ᠎ᠤ ᠲᠠᠷᠠᠭ᠎ᠠ ᠬᠠᠭᠤᠴᠢ ᠰᠤᠳᠤᠯᠤᠯ᠎ᠤᠨ ᠪᠠᠢᠴᠠᠭᠠᠯᠲᠠ᠎ᠶᠢᠨ ᠠᠵᠢᠯ᠎ᠢ ᠠᠯᠢ ᠲᠦᠷᠭᠡᠨ᠎ᠢᠶᠡᠷ ᠡᠬᠢᠯᠡᠭᠦᠯᠵᠦ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ᠎ᠢ ᠵᠢᠯᠣᠭᠣᠳᠤᠨ ᠬᠠᠪᠰᠤᠷᠴᠤ ᠪᠠᠢᠭᠠᠳ ᠤᠭᠰᠠᠷᠠᠭ᠎ᠠ ᠲᠤᠨᠤᠭ᠎ᠤᠨ ᠠᠵᠢᠯ᠎ᠢ ᠨᠢ ᠪᠡᠶᠡᠯᠡᠭᠦᠯᠵᠦ᠂ ᠲᠣᠭᠲᠠᠭᠰᠠᠨ ᠬᠤᠭᠤᠴᠠᠭᠠᠨ᠎ᠳᠦ ᠬᠢᠨᠠᠨ ᠵᠥᠪᠰᠢᠶᠡᠷᠡᠬᠦ ᠬᠡᠷᠡᠭᠲᠡᠢ᠃ (ᠬᠠᠷᠢᠭᠤᠴᠠᠯᠭᠠᠲᠤ ᠨᠢᠭᠡᠴᠢ᠄ ᠡᠯ᠎ᠡ ᠱᠠᠲᠤᠨ᠎ᠤ ᠲᠡᠦᠬᠡ᠎ᠶᠢᠨ ᠳᠤᠷᠠᠰᠬᠠᠯᠲᠤ ᠵᠦᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ)
ᠵᠢᠷᠭᠤᠭ᠎ᠠ᠂ ᠴᠠᠬᠢᠯᠭᠠᠨ ᠬᠦᠴᠦᠨ᠎ᠤ ᠨᠡᠪᠳᠡᠷᠡᠯ ᠵᠠᠮ᠎ᠤᠨ ᠪᠠᠲᠤᠯᠠᠭ᠎ᠠ᠎ᠶᠢ ᠴᠢᠩᠭᠠᠷᠠᠭᠤᠯᠤᠨ᠎ᠠ
ᠲᠡᠮᠦᠷ ᠵᠠᠮ᠂ ᠬᠣᠲᠠ᠎ᠶᠢᠨ ᠵᠠᠮ᠂ ᠬᠥᠭᠥᠷᠭᠡ᠂ ᠨᠦᠬᠡᠨ ᠵᠠᠮ᠂ ᠭᠤᠯᠳᠤᠩ ᠵᠡᠷᠭᠡ ᠰᠠᠭᠤᠷᠢ ᠪᠡᠯᠡᠳᠬᠡᠮᠵᠢ᠎ᠶᠢ ᠰᠢᠨ᠎ᠡ᠎ᠪᠡᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤᠳᠦᠪᠠᠨ᠂ ᠴᠠᠬᠢᠯᠭᠠᠨ ᠬᠦᠴᠦᠨ᠎ᠦ ᠲᠥᠯᠦᠪᠵᠢᠭᠦᠯᠭᠡ᠎ᠶᠢᠨ ᠶᠣᠰᠣᠭᠠᠷ ᠴᠠᠬᠢᠯᠭᠠᠨ ᠳᠠᠮᠵᠢᠭᠤᠯᠵᠤ ᠲᠦᠭᠡᠭᠡᠬᠦ ᠠᠭᠠᠷᠲᠠᠬᠢ ᠴᠠᠬᠢᠯᠭᠠᠨ ᠬᠦᠴᠦᠨ᠎ᠦ ᠬᠡᠯᠬᠢᠶ᠎ᠡ᠎ᠶᠢᠨ ᠬᠣᠩᠭᠢᠯ᠂ ᠴᠠᠬᠢᠯᠭᠠᠨ ᠬᠦᠴᠦᠨ᠎ᠤ ᠴᠠᠬᠢᠯᠭᠠᠨ ᠳᠡᠭᠡᠰᠦᠨ ᠱᠤᠭᠤᠮ᠎ᠤᠨ ᠨᠡᠪᠲᠡᠷᠡᠯ ᠵᠠᠮ᠎ᠢ ᠤᠷᠢᠳᠴᠢᠯᠠᠨ ᠦᠯᠡᠳᠡᠭᠡᠬᠦ ᠬᠡᠷᠡᠭᠲᠡᠢ᠃ ᠵᠠᠰᠠᠮᠠᠯ ᠵᠠᠮ᠂ ᠲᠡᠮᠦᠷ ᠵᠠᠮ᠎ᠤᠨ ᠦᠮᠴᠢᠯᠡᠯ᠎ᠦᠨ ᠡᠷᠬᠡ᠎ᠶᠢᠨ ᠨᠢᠭᠡᠴᠢ ᠨᠢ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ ᠯᠤᠭ᠎ᠠ ᠬᠠᠮᠲᠤᠷᠠᠯᠴᠠᠬᠤ ᠵᠥᠪᠯᠡᠯᠴᠡᠭᠡᠷ ᠲᠣᠭᠲᠠᠵᠤ᠂ ᠰᠢᠷᠭᠤᠯᠠᠬᠤ ᠳᠠᠪᠠᠬᠤ ᠭᠠᠷᠳᠠᠮ᠎ᠤᠨ ᠰᠦᠢᠳᠬᠡᠯ ᠬᠤᠷᠢᠶᠠᠬᠤ ᠪᠠᠷᠢᠮᠵᠢᠶ᠎ᠠ᠂ ᠭᠦᠢᠴᠡᠳᠬᠡᠬᠦ ᠴᠤᠪᠤᠷᠠᠯ ᠵᠡᠷᠭᠡ᠎ᠶᠢ ᠰᠢᠯᠢᠳᠡᠭᠵᠢᠭᠦᠯᠦᠨ᠂ ᠰᠢᠷᠭᠤᠯᠠᠬᠤ ᠳᠠᠪᠠᠬᠤ ᠭᠠᠷᠳᠠᠮ᠎ᠢ ᠭᠦᠢᠴᠡᠳᠬᠡᠬᠦ᠎ᠳᠦ 《ᠨᠢᠭᠡ ᠯᠡ ᠰᠢᠰᠲᠧᠮ᠎ᠢᠶᠠᠷ ᠣᠷᠣᠵᠤ ᠭᠠᠷᠬᠤ》᠂ 《ᠬᠠᠮᠲᠤᠷᠠᠨ ᠬᠢᠨᠠᠨ ᠪᠠᠢᠴᠠᠭᠠᠬᠤ᠂ ᠣᠯᠠᠨ ᠬᠢᠨᠠᠯᠲᠠ᠎ᠶᠢ ᠨᠡᠢᠯᠡᠭᠦᠯᠦᠨ ᠨᠢᠭᠡ ᠪᠣᠯᠭᠠᠬᠤ》᠎ᠶᠢ ᠪᠡᠶᠡᠯᠡᠭᠦᠯᠬᠦ ᠬᠡᠷᠡᠭᠲᠡᠢ᠃ ᠬᠤᠳᠠ᠎ᠶᠢᠨ ᠭᠣᠣᠯ ᠬᠤᠳᠠ᠎ᠶᠢᠨ ᠲᠣᠭᠣᠷᠢᠭ᠋᠎ᠲᠤ ᠭᠠᠵᠠᠷ ᠳᠣᠣᠷ᠎ᠠ ᠳᠡᠪᠢᠰᠬᠦ ᠠᠷᠭ᠎ᠠ᠎ᠪᠠᠷ ᠴᠠᠬᠢᠯᠭᠠᠨ ᠬᠦᠴᠦᠨ᠎ᠦ ᠬᠡᠯᠬᠢᠶ᠎ᠡ᠎ᠶᠢ ᠪᠦᠲᠦᠭᠡᠨ ᠪᠠᠶ᠋ᠢᠭᠤᠯᠬᠤ᠎ᠳᠤ ᠦᠨᠡᠨ ᠬᠦ᠌ ᠭᠤᠦ ᠰᠤᠤ᠂ ᠬᠣᠭᠣᠯᠠᠢ ᠭᠤᠤᠷᠰᠤ᠎ᠶᠢ ᠠᠰᠢᠭ᠍ᠯᠠᠬᠤ ᠴᠢᠬᠤᠯᠠᠲᠠᠢ ᠪᠠᠢᠪᠠᠯ᠂ ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ 〔ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋)᠎ᠤ ᠠᠷᠠᠳ᠎ᠤᠨ ᠵᠠᠰᠠᠭ᠎ᠤᠨ ᠣᠷᠳᠣᠨ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ〕
ᠳᠣᠯᠣᠭ᠎ᠠ᠂ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠬᠦ ᠭᠠᠢᠯᠢ᠎ᠶᠢᠨ ᠬᠠᠮᠵᠢᠯᠴᠠᠬᠤ ᠠᠵᠢᠯ᠎ᠢ ᠲᠡᠭᠦᠯᠳᠡᠷᠵᠢᠭᠦᠯᠦᠨ᠎ᠡ
ᠠᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ᠋)᠎ᠤ ᠪᠠᠢᠭᠠᠯᠢ᠎ᠶᠢᠨ ᠡᠬᠢ ᠪᠠᠶᠠᠯᠢᠭ᠋᠂ ᠤᠢ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷ ᠬᠡᠷᠡᠭᠯᠡᠬᠦ ᠭᠠᠵᠠᠷ᠎ᠢ ᠰᠡᠷᠭᠦᠭᠡᠬᠦ᠎ᠶᠢᠨ ᠰᠢᠯᠭᠠᠨ ᠬᠤᠷᠢᠶᠠᠬᠤ ᠪᠠᠷᠢᠮᠵᠢᠶ᠎ᠠ ᠪᠠ ᠰᠢᠯᠭᠠᠨ ᠬᠤᠷᠢᠶᠠᠬᠤ ᠳᠡᠰ ᠳᠠᠷᠠᠭᠠᠯᠠᠯ᠎ᠢ ᠢᠯᠡ ᠨᠡᠢᠲᠡᠯᠡᠬᠦ᠎ᠶᠢᠨ ᠬᠠᠮᠲᠤ᠂ ᠴᠠᠬᠢᠯᠭᠠᠨ ᠬᠦᠴᠦᠨ᠎ᠤ ᠲᠣᠣᠷ᠎ᠤᠨ ᠠᠵᠤ ᠠᠬᠤᠢᠯᠠᠯ᠎ᠢ ᠵᠢᠯᠣᠭᠣᠳᠤᠨ ᠴᠠᠬᠢᠯᠭᠠᠨ ᠬᠦᠴᠦᠨ᠎ᠤ ᠲᠣᠣᠷ᠎ᠤᠨ ᠢᠨᠵᠧᠨᠧᠷᠢᠩ᠎ᠦᠨ ᠲᠥᠷ ᠬᠡᠷᠡᠭᠯᠡᠬᠦ ᠭᠠᠵᠠᠷ᠎ᠢ ᠰᠡᠷᠭᠦᠭᠡᠬᠦ᠂ ᠰᠢᠯᠭᠠᠨ ᠬᠤᠷᠢᠶᠠᠬᠤ ᠪᠠᠷᠢᠮᠵᠢᠶᠠᠳᠦ ᠬᠦᠷᠦᠭᠦᠯᠬᠦ᠎ᠶᠢ ᠪᠡᠶᠡᠯᠡᠭᠦᠯᠵᠦ᠂ ᠰᠢᠯᠭᠠᠨ ᠬᠤᠷᠢᠶᠠᠬᠤ ᠭᠤᠶᠤᠴᠢᠯᠠᠯ᠎ᠢ ᠭᠥᠯᠢᠶᠡᠨ ᠠᠪᠤᠭᠰᠠᠨ ᠡᠳᠦᠷ᠎ᠡᠴᠡ ᠡᠬᠢᠯᠡᠨ 45 ᠠᠵᠢᠯᠯᠠᠬᠤ ᠡᠳᠦᠷ᠎ᠦᠨ ᠳᠣᠲᠣᠷ᠎ᠠ ᠴᠠᠬᠢᠯᠭᠠᠨ ᠬᠦᠴᠦᠨ᠎ᠤ ᠲᠣᠣᠷ᠎ᠤᠨ ᠢᠨᠵᠧᠨᠧᠷᠢᠩ᠎ᠦᠨ ᠲᠥᠷ ᠬᠡᠷᠡᠭᠯᠡᠬᠦ ᠭᠠᠵᠠᠷ᠎ᠢ ᠰᠡᠷᠭᠦᠭᠡᠭᠰᠡᠨ ᠰᠢᠯᠭᠠᠨ ᠬᠤᠷᠢᠶᠠᠬᠤ ᠠᠵᠢᠯ᠎ᠢ ᠪᠡᠶᠡᠯᠡᠭᠦᠯᠬᠦ᠎ᠶᠢᠨ ᠬᠠᠮᠲᠤ᠂ ᠰᠢᠯᠭᠠᠨ ᠬᠤᠷᠢᠶᠠᠭᠰᠠᠨ ᠳ᠋ᠦᠩᠨᠡᠯᠲᠡ ᠭᠠᠷᠭᠠᠵᠤ ᠥᠭᠬᠦ ᠬᠡᠷᠡᠭᠲᠡᠢ᠃ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠨᠢ ᠪᠠᠢᠭᠠᠯᠢ᠎ᠶᠢᠨ ᠡᠬᠢ ᠪᠠᠶᠠᠯᠢᠭ᠋᠂ ᠤᠢ ᠰᠢᠭᠤᠢ ᠪᠠ ᠨᠤᠲᠤᠭ ᠪᠡᠯᠴᠢᠭᠡᠷ᠎ᠦᠨ ᠰᠠᠯᠠᠭ᠎ᠠ ᠮᠥᠴᠢᠷ᠎ᠡᠴᠡ ᠭᠠᠷᠭᠠᠵᠤ ᠥᠭᠭᠦᠭᠰᠡᠨ ᠰᠡᠷᠭᠦᠭᠡᠨ ᠬᠠᠭᠠᠯᠪᠤᠷᠢᠯᠠᠬᠤ ᠪᠡᠷ ᠰᠢᠯᠭᠠᠨ ᠬᠤᠷᠢᠶᠠᠬᠤ᠎ᠳᠤ ᠬᠢᠷᠢ ᠲᠡᠩᠴᠡᠭᠰᠡᠨ ᠨᠤᠲᠠᠯᠠᠭᠰᠠᠨ ᠪᠢᠴᠢᠭ᠎ᠢ ᠦᠨᠳᠦᠰᠦᠯᠡᠨ ᠭᠠᠢᠯᠢ ᠪᠤᠴᠠᠭᠠᠨ᠎ᠠ᠃ ᠭᠠᠢᠯᠢ ᠪᠤᠴᠠᠭᠠᠬᠤ ᠨᠥᠬᠥᠴᠡᠯ᠎ᠳᠦ ᠨᠡᠢᠴᠡᠭᠰᠡᠨ ᠪᠠᠢᠪᠠᠯ᠂ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ ᠨᠢ ᠭᠠᠢᠯᠢ ᠲᠤᠰᠢᠶᠠᠭ᠍ᠴᠢ᠎ᠶᠢᠨ ᠭᠠᠢᠯᠢ ᠪᠤᠴᠠᠭᠠᠬᠤ ᠭᠤᠶᠤᠴᠢᠯᠠᠯ᠎ᠢ ᠣᠯᠣᠭᠰᠠᠨ ᠡᠳᠦᠷ᠎ᠡᠴᠡ ᠡᠬᠢᠯᠡᠨ 30 ᠡᠳᠦᠷ᠎ᠦᠨ ᠳᠣᠲᠣᠷ᠎ᠠ ᠪᠠᠢᠴᠠᠭᠠᠨ ᠲᠣᠳᠣᠯᠠᠬᠤ᠎ᠶᠢᠨ ᠬᠠᠮᠲᠤ ᠪᠤᠴᠠᠭᠠᠬᠤ ᠭᠠᠷᠳᠠᠮ᠎ᠢ ᠭᠦᠢᠴᠡᠳᠬᠡᠬᠦ ᠬᠡᠷᠡᠭᠲᠡᠢ᠃ 〔ᠬᠠᠷᠢᠭᠤᠴᠠᠯᠭᠠᠲᠤ ᠨᠢᠭᠡᠴᠢ᠄ ᠥᠪᠥᠷ ᠮᠣᠩᠭᠣᠯ᠎ᠤᠨ ᠭᠠᠢᠯᠢ᠎ᠶᠢᠨ ᠶᠠᠪᠤᠳᠠᠯ᠎ᠤᠨ ᠲᠣᠪᠴᠢᠶ᠎ᠠ᠂ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠤ ᠪᠠᠢᠭᠠᠯᠢ᠎ᠶᠢᠨ ᠡᠬᠢ ᠪᠠᠶᠠᠯᠢᠭ᠋᠂ ᠤᠢ ᠰᠢᠭᠤᠢ ᠪᠠ ᠨᠤᠲᠤᠭ ᠪᠡᠯᠴᠢᠭᠡᠷ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠴᠠᠬᠢᠯᠭᠠᠨ ᠬᠦᠴᠦᠨ᠎ᠦ ᠲᠣᠣᠷ᠎ᠤᠨ ᠠᠵᠤ ᠠᠬᠤᠢᠯᠠᠯ〕
2026 ᠣᠨ᠎ᠤ 2 ᠳ᠋ᠤᠭᠠᠷ ᠰᠠᠷ᠎ᠠ᠎ᠶᠢᠨ13᠎ᠦ ᠡᠳᠦᠷ
(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2026 ᠣᠨ᠎ᠤ 2 ᠳ᠋ᠤᠭᠠᠷ ᠰᠠᠷ᠎ᠠ᠎ᠶᠢᠨ 14᠎ᠦ ᠡᠳᠦᠷ ᠳᠠᠷᠤᠮᠠᠯᠯᠠᠨ ᠲᠠᠷᠬᠠᠭᠠᠪᠠ