ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠠᠯᠪᠠᠨ ᠪᠢᠴᠢᠭ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷᠴᠢᠯᠡᠭᠰᠡᠨ ᠬᠠᠤᠯᠢᠵᠢᠭ᠍ᠰᠠᠨ ᠳᠡᠯᠡᠬᠡᠢᠴᠢᠯᠡᠭᠰᠡᠨ ᠲᠡᠷᠢᠭᠦᠨ ᠳᠡᠰ᠎ᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠲᠦᠷᠭᠡᠳᠬᠡᠨ ᠪᠣᠢ ᠪᠣᠯᠭᠠᠬᠣ᠌᠎ᠶᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠢᠲᠡᠯᠡᠭᠰᠡᠨ ᠴᠠᠭ᠄ 2026-06-04

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠦ ᠪᠢᠴᠢᠭ ᠮᠠᠲᠧᠷᠢᠶᠠᠯ

ᠥᠪᠥᠷ ᠵᠠᠰᠠᠭ ᠲᠠᠷᠬᠠᠭᠠᠭᠰᠠᠨ 〔2026〕 4 ᠳ᠋ᠦ᠍ᠭᠡᠷ ᠲᠣᠭᠠᠲᠤ

 

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷᠴᠢᠯᠡᠭᠰᠡᠨ ᠬᠠᠤᠯᠢᠵᠢᠭ᠍ᠰᠠᠨ ᠳᠡᠯᠡᠬᠡᠢᠴᠢᠯᠡᠭᠰᠡᠨ ᠲᠡᠷᠢᠭᠦᠨ ᠳᠡᠰ᠎ᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠲᠦᠷᠭᠡᠳᠬᠡᠨ ᠪᠣᠢ ᠪᠣᠯᠭᠠᠬᠣ᠌᠎ᠶᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠤ᠄

ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷᠴᠢᠯᠡᠭᠰᠡᠨ ᠬᠠᠤᠯᠢᠵᠢᠭ᠍ᠰᠠᠨ ᠳᠡᠯᠡᠬᠡᠢᠴᠢᠯᠡᠭᠰᠡᠨ ᠲᠡᠷᠢᠭᠦᠨ ᠳᠡᠰ᠎ᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠲᠦᠷᠭᠡᠳᠬᠡᠨ ᠪᠣᠢ ᠪᠣᠯᠭᠠᠬᠣ᠌᠎ᠶᠢᠨ ᠬᠡᠷᠡᠭᠵᠢᠭᠦᠯᠬᠦ ᠲᠥᠰᠥᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠬᠤ᠎ᠶᠢᠨ ᠬᠠᠮᠲᠤ ᠳᠣᠣᠷᠠᠬᠢ ᠱᠠᠭᠠᠷᠳᠠᠯᠭ᠎ᠠ᠎ᠶᠢ ᠳᠤᠷᠠᠳᠴᠤ᠂ ᠬᠠᠮᠲᠤ᠎ᠳᠦ ᠨᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃

ᠨᠢᠭᠡ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠲᠣᠰ ᠬᠦᠷᠢᠶ᠎ᠡ ᠴᠠᠷᠠᠭᠠᠨ᠎ᠤ᠎ᠪᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠡᠯ᠎ᠡ ᠵᠦᠢᠯ᠎ᠦᠨ ᠡᠭᠦᠷᠭᠡ᠎ᠶᠢ ᠬᠢᠨᠠᠮᠠᠭᠠᠢ ᠨᠠᠢᠳᠠᠪᠤᠷᠢᠵᠢᠭᠤᠯᠤᠨ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠰᠠᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠠᠮᠢ ᠠᠬᠤᠢ ᠣᠷᠴᠢᠨ ᠲᠣᠭᠣᠷᠢᠨ᠂ ᠪᠠᠢᠭᠠᠯᠢ᠎ᠶᠢᠨ ᠡᠬᠢ ᠪᠠᠶᠠᠯᠢᠭ᠋᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠠᠷᠠᠳ᠎ᠤᠨ ᠠᠭᠠᠷ᠎ᠤᠨ ᠰᠡᠷᠭᠡᠢᠯᠡᠯᠲᠡ᠂ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠂ ᠲᠡᠦᠬᠡ᠎ᠶᠢᠨ ᠳᠤᠷᠠᠰᠬᠠᠯᠲᠤ ᠵᠦᠢᠯ᠂ ᠡᠨᠧᠷᠬᠢ᠂ ᠣᠢ ᠰᠢᠭᠤᠢ ᠪᠠ ᠨᠤᠲᠤᠭ ᠪᠡᠯᠴᠢᠭᠡᠷ ᠵᠡᠷᠭᠡ ᠬᠦᠷᠢᠶ᠎ᠡ ᠴᠠᠷᠠᠭᠠᠨ᠎ᠤ ᠠᠵᠢᠯ ᠲᠦᠷᠦᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠲᠦᠷᠦᠭᠦᠯᠡᠨ ᠲᠣᠰ ᠬᠦᠷᠢᠶ᠎ᠡ ᠴᠠᠷᠠᠭᠠᠨ᠎ᠦ᠎ᠪᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠥᠭᠡᠷᠡᠴᠢᠯᠡᠯᠲᠡ᠎ᠶᠢᠨ ᠲᠥᠰᠥᠯ᠎ᠢ ᠲᠣᠭᠲᠠᠭᠠᠵᠤ᠂ ᠡᠷᠬᠡ᠎ᠪᠠᠨ ᠰᠠᠨᠠᠭᠠᠴᠢᠯᠠᠭ᠎ᠠ ᠲᠠᠢ᠎ᠪᠡᠷ ᠳᠣᠷᠣᠭ᠍ᠰᠢ ᠪᠠᠭᠤᠯᠭᠠᠵᠤ᠂ ᠬᠢᠨᠠᠨ ᠵᠥᠪᠰᠢᠶᠡᠷᠡᠬᠦ ᠴᠤᠪᠤᠷᠠᠯ᠎ᠢᠶᠠᠨ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠠᠵᠤ ᠠᠬᠤᠢᠯᠠᠯ᠎ᠳᠤ ᠬᠣᠯᠪᠣᠭᠳᠠᠬᠤ ᠦᠢᠯᠡᠴᠢᠯᠡᠭᠡ᠎ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠭᠣᠣᠯᠳᠠᠯᠭᠠᠲᠤ ᠠᠵᠤ ᠦᠢᠯᠡᠰ᠎ᠦᠨ ᠬᠡᠯᠬᠢᠶ᠎ᠡ᠎ᠶᠢᠨ ᠲᠦᠷᠦᠭᠦᠯᠡᠬᠦ ᠰᠠᠯᠠᠭ᠎ᠠ ᠮᠥᠴᠢᠷ ᠨᠢ ᠲᠦᠭᠦᠷᠵᠢᠭᠦᠯᠬᠦ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ ᠬᠡᠯᠬᠢᠶ᠎ᠡ ᠳᠠᠷᠠᠭᠠᠯᠠᠨ ᠡᠮᠬᠢᠯᠡᠨ ᠲᠡᠭᠦᠯᠳᠡᠷᠵᠢᠭᠦᠯᠵᠦ᠂ 《ᠨᠢᠭᠡ ᠠᠵᠤ ᠦᠢᠯᠡᠰ᠎ᠦᠨ ᠬᠡᠯᠬᠢᠶ᠎ᠡ᠎ᠳᠤ ᠨᠢᠭᠡ ᠠᠷᠭ᠎ᠠ ᠪᠣᠳᠣᠯᠭ᠎ᠠ》᠎ᠶᠢ ᠨᠠᠷᠢᠯᠢᠭ᠍ᠵᠢᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠶᠢ ᠠᠵᠤ ᠦᠢᠯᠡᠰ᠎ᠤᠨ ᠳᠡᠰ ᠳᠡᠪᠰᠢᠬᠦ ᠯᠦ᠍ᠭᠡ ᠬᠠᠮᠵᠢᠯᠴᠠᠨ ᠬᠣᠯᠪᠤᠭᠠᠯᠠᠨ ᠬᠥᠳᠡᠯᠦᠯᠴᠡᠬᠦ᠎ᠶᠢ ᠠᠬᠢᠭᠤᠯᠬᠤ ᠬᠡᠷᠡᠭᠲᠡᠢ᠃ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋) ᠨᠢ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠂ ᠲᠡᠷᠢᠭᠦᠨ᠎ᠦ ᠭᠠᠵᠠᠷ ᠣᠷᠣᠨ᠎ᠤ ᠲᠤᠷᠰᠢᠯᠭᠠᠲᠤ ᠠᠷᠭ᠎ᠠ ᠬᠢᠳᠡᠯ ᠲᠠᠢ ᠬᠠᠷᠢᠴᠠᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠥᠭᠡᠷᠡᠴᠢᠯᠡᠯᠲᠡ᠎ᠶᠢᠨ ᠡᠭᠦᠷᠭᠡ᠎ᠶᠢ ᠰᠠᠨᠠᠭᠠᠴᠢᠯᠠᠭ᠎ᠠ ᠲᠠᠢ᠎ᠪᠠᠷ ᠲᠠᠨᠢᠨ ᠠᠪᠬᠤ᠎ᠶᠢᠨ ᠬᠠᠮᠲᠤ ᠨᠠᠢᠳᠠᠪᠤᠷᠢᠵᠢᠭᠤᠯᠵᠤ᠂ ᠲᠣᠰ ᠭᠠᠵᠠᠷ ᠣᠷᠣᠨ᠎ᠤ ᠪᠣᠳᠠᠲᠠᠢ ᠲᠠᠢ᠎ᠪᠠᠨ ᠤᠶᠠᠯᠳᠤᠭᠤᠯᠤᠨ ᠣᠨᠴᠠᠯᠢᠭ᠋ ᠪᠦᠬᠦᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠪᠣᠢ ᠪᠣᠯᠭᠠᠬᠣ᠌ ᠬᠡᠷᠡᠭᠲᠡᠢ᠃

ᠬᠣᠶᠠᠷ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠶᠢ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠲᠦᠷᠦᠭᠦᠯᠡᠨ ᠶᠡᠷᠦᠩᠬᠡᠢ᠎ᠳᠦ ᠨᠢ ᠠᠳᠬᠤᠬᠤ᠎ᠶᠢ ᠬᠠᠷᠢᠭᠤᠴᠠᠵᠤ᠂ ᠪᠠᠢᠩᠭᠤᠰᠢᠭ᠍ᠰᠠᠨ ᠲᠣᠬᠢᠷᠠᠭᠤᠯᠵᠤ ᠰᠢᠮᠳᠠᠭᠤᠯᠤᠨ ᠭᠦᠢᠴᠡᠳᠬᠡᠯᠭᠡᠬᠦ ᠲᠣᠭᠲᠠᠴᠠ᠎ᠶᠢ ᠪᠠᠢᠭᠤᠯᠤᠨ᠂ ᠲᠣᠳᠣᠷᠬᠠᠢ ᠬᠠᠭᠣᠳᠠᠰᠣᠴᠢᠯᠠᠭᠰᠠᠨ ᠬᠠᠮᠢᠶᠠᠷᠤᠯᠲᠠ᠎ᠶᠢ ᠬᠡᠷᠡᠭᠵᠢᠭᠦᠯᠦᠨ᠎ᠡ᠃ ᠡᠯ᠎ᠡ ᠲᠦᠷᠦᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠦᠢᠯᠡᠳᠪᠦᠷᠢᠯᠡᠯ ᠡᠵᠡᠩᠨᠡᠯᠲᠡ᠎ᠳᠦ ᠲᠤᠯᠭᠠᠷᠠᠭᠰᠠᠨ ᠬᠦᠴᠢᠷᠳᠡᠯ᠂ ᠲᠦᠷᠦ᠎ᠶᠢᠨ ᠪᠣᠳᠣᠯᠭ᠎ᠠ᠎ᠶᠢᠨ ᠲᠠᠯ᠎ᠠ᠎ᠶᠢᠨ ᠬᠦᠰᠡᠯ ᠱᠠᠭᠠᠷᠳᠠᠯᠭ᠎ᠠ᠂ ᠵᠢᠵᠢᠭ ᠡᠮᠵᠡᠭᠲᠦ ᠴᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠠᠰᠠᠭᠤᠳᠠᠯ᠎ᠢ ᠰᠢᠢᠳᠪᠦᠷᠢᠯᠡᠬᠦ ᠪᠦᠬᠦ ᠴᠤᠪᠤᠷᠠᠯ᠎ᠤᠨ ᠦᠢᠯᠡᠴᠢᠯᠡᠭᠡ᠎ᠶᠢ ᠴᠢᠩᠭᠠᠷᠠᠭᠤᠯᠤᠨ᠂ ᠣᠷᠣᠨ ᠪᠦᠰᠡ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠠᠰᠠᠭᠤᠳᠠᠯ᠎ᠢ ᠵᠣᠬᠢᠴᠠᠭᠤᠯᠬᠤ ᠲᠣᠭᠲᠠᠴᠠ᠎ᠪᠠᠨ ᠲᠡᠭᠦᠯᠳᠡᠷᠵᠢᠭᠦᠯᠵᠦ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠬᠦᠷᠲᠡᠮᠵᠢᠲᠦ ᠲᠥᠷᠥᠭᠳᠡᠯ ᠪᠠ ᠬᠠᠨᠤᠮᠵᠢ᠎ᠶᠢᠨ ᠬᠡᠮᠵᠢᠶ᠎ᠡ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃

ᠭᠤᠷᠪᠠ᠂ ᠰᠠᠢᠨ ᠰᠠᠢᠬᠠᠨ ᠠᠭᠤᠷ ᠠᠮᠢᠰᠬᠤᠯ᠎ᠢ ᠪᠣᠢ ᠪᠣᠯᠭᠠᠬᠣ᠌ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠨᠡᠢᠲᠡᠯᠢᠭ ᠲᠤᠷᠰᠢᠯᠭ᠎ᠠ᠎ᠶᠢ ᠤᠬᠠᠭᠤᠯᠤᠨ ᠲᠠᠨᠢᠯᠴᠠᠭᠤᠯᠬᠤ ᠠᠵᠢᠯ᠎ᠢᠶᠠᠨ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠢ ᠬᠠᠮᠲᠤᠷᠠᠨ᠂ ᠵᠥᠪ ᠲᠠᠯ᠎ᠠ᠎ᠶᠢᠨ ᠤᠬᠠᠭᠤᠯᠭ᠎ᠠ ᠬᠢᠭᠡᠳ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠪᠲᠡᠷᠡᠭᠦᠯᠦᠨ ᠮᠡᠳᠡᠭᠡᠯᠡᠬᠦ᠎ᠪᠡᠨ ᠴᠢᠩᠭᠠᠳᠬᠠᠬᠤ᠎ᠶᠢᠨ ᠬᠠᠮᠲᠤ᠂ ᠬᠠᠮᠢᠶ᠎ᠠ ᠪᠦᠬᠦᠢ ᠠᠵᠢᠯ᠎ᠤᠨ ᠨᠠᠢᠳᠠᠪᠤᠷᠢᠵᠢᠭᠤᠯᠤᠭᠰᠠᠨ ᠪᠠᠢᠳᠠᠯ᠎ᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠬᠢᠨᠠᠨ ᠰᠢᠨᠵᠢᠯᠲᠡ᠎ᠳᠦ ᠣᠷᠣᠭᠤᠯᠵᠤ᠂ ᠨᠡᠢᠭᠡᠮ ᠳᠠᠶᠠᠭᠠᠷ ᠲᠡᠷᠢᠭᠦᠨ ᠳᠡᠰ᠎ᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠬᠠᠮᠲᠤ ᠪᠠᠷ ᠪᠠᠢᠭᠣᠯᠬᠣ᠌ ᠰᠠᠢᠨ ᠰᠠᠢᠬᠠᠨ ᠠᠭᠤᠷ ᠠᠮᠢᠰᠬᠤᠯ᠎ᠢ ᠪᠣᠢ ᠪᠣᠯᠭᠠᠬᠣ᠌᠎ᠶᠢ ᠠᠬᠢᠭᠤᠯᠬᠤ ᠬᠡᠷᠡᠭᠲᠡᠢ᠃

 

2026 ᠣᠨ᠎ᠤ 2 ᠳ᠋ᠤᠭᠠᠷ ᠰᠠᠷ᠎ᠠ᠎ᠶᠢᠨ 4᠎ᠦ ᠡᠳᠦᠷ  

(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

 

 


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷᠴᠢᠯᠡᠭᠰᠡᠨ ᠬᠠᠤᠯᠢᠵᠢᠭ᠍ᠰᠠᠨ ᠳᠡᠯᠡᠬᠡᠢᠴᠢᠯᠡᠭᠰᠡᠨ ᠲᠡᠷᠢᠭᠦᠨ ᠳᠡᠰ᠎ᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠲᠦᠷᠭᠡᠳᠬᠡᠨ ᠪᠣᠢ ᠪᠣᠯᠭᠠᠬᠣ᠌᠎ᠶᠢᠨ ᠬᠡᠷᠡᠭᠵᠢᠭᠦᠯᠬᠦ ᠲᠥᠰᠥᠯ

 

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠲᠦᠷᠦᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠳᠤᠮᠳᠠ ᠲᠤᠯᠭᠠᠷᠠᠭᠰᠠᠨ ᠲᠣᠪᠣᠢᠮ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭ᠍ᠰᠠᠨ ᠳᠡᠯᠡᠬᠡᠢᠴᠢᠯᠡᠭᠰᠡᠨ ᠲᠡᠷᠢᠭᠦᠨ ᠳᠡᠰ᠎ᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠲᠦᠷᠭᠡᠳᠬᠡᠨ ᠪᠣᠢ ᠪᠣᠯᠭᠠᠬᠣ᠌᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ᠎ᠢ ᠲᠣᠭᠲᠠᠭᠠᠪᠠ᠃

ᠨᠢᠭᠡ᠂ ᠵᠠᠬ᠎ᠠ ᠳᠡᠯᠭᠡᠭᠦᠷᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠪᠠᠢᠭᠤᠯᠤᠯᠲᠠ

1. ᠬᠤᠳᠠᠯᠳᠤᠭᠠᠴᠢᠨ ᠤᠷᠢᠵᠤ ᠪᠡᠯᠡ ᠣᠷᠣᠭᠣᠯᠬᠣ᠌ ᠲᠣᠭᠲᠠᠭᠠᠯ᠎ᠡᠴᠡ ᠵᠥᠷᠢᠴᠡᠭᠰᠡᠨ ᠲᠦᠷᠦ᠎ᠶᠢᠨ ᠪᠣᠳᠣᠯᠭ᠎ᠠ᠎ᠶᠢ ᠢᠯᠭᠠᠷᠠᠭᠤᠯᠤᠨ ᠵᠢᠷᠤᠮᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠣᠯᠬᠣ᠌ ᠮᠡᠳᠡᠭᠡ ᠵᠠᠩᠭᠢ᠎ᠶᠢ ᠢᠯᠡ ᠨᠡᠢᠲᠡᠯᠡᠬᠦ᠎ᠶᠢ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠣᠷᠣᠭᠣᠯᠬᠣ᠌ ᠳ᠋ᠤ᠌ ᠲᠣᠭᠲᠠᠭᠠᠯ᠎ᠠᠴᠠ ᠵᠥᠷᠢᠴᠡᠨ ᠬᠠᠷᠠᠭᠠᠯᠵᠠᠯ ᠦᠵᠡᠭᠦᠯᠬᠦ ᠡᠴᠡ ᠰᠡᠷᠭᠡᠢᠯᠡᠨ᠎ᠡ᠃ ᠲᠤᠰᠬᠠᠢᠵᠢᠭ᠍ᠰᠠᠨ ᠬᠤᠳᠠᠯᠳᠤᠭᠠᠴᠢᠨ ᠤᠷᠢᠬᠤ ᠡᠩᠨᠡᠭᠡ᠎ᠶᠢ ᠪᠣᠢᠵᠢᠭᠤᠯᠤᠨ᠂ ᠲᠤᠰᠬᠠᠢᠵᠢᠭ᠍ᠰᠠᠨ ᠬᠤᠳᠠᠯᠳᠤᠭᠠᠴᠢᠨ ᠤᠷᠢᠬᠤ ᠡᠬᠢ ᠪᠠᠶᠠᠯᠢᠭ᠋᠎ᠢ ᠭᠦᠢᠴᠡᠳ ᠠᠰᠢᠭ᠍ᠯᠠᠵᠤ᠂ ᠵᠠᠬ᠎ᠠ ᠳᠡᠯᠭᠡᠭᠦᠷᠴᠢᠯᠡᠭᠰᠡᠨ ᠬᠤᠳᠠᠯᠳᠤᠭᠠᠴᠢᠨ ᠤᠷᠢᠬᠤ ᠠᠵᠢᠯ᠎ᠢ ᠢᠳᠡᠪᠬᠢᠲᠡᠢ᠎ᠪᠡᠷ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ)

2. ᠠᠷᠠᠳ᠎ᠤᠨ ᠪᠡᠯᠡ ᠣᠷᠣᠭᠣᠯᠣᠯᠲᠠ᠎ᠶᠢᠨ ᠬᠥᠭᠵᠢᠯᠲᠡ᠎ᠶᠢ ᠠᠬᠢᠭᠤᠯᠬᠤ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠯᠠᠪᠳᠠᠭᠤᠨ ᠪᠠᠲᠤᠲᠠᠢ ᠨᠠᠢᠳᠠᠪᠤᠷᠢᠵᠢᠭᠤᠯᠵᠤ᠂ ᠠᠷᠠᠳ᠎ᠤᠨ ᠪᠡᠯᠡ ᠣᠷᠣᠭᠣᠯᠣᠯᠲᠠ ᠲᠡᠢᠰᠢ ᠲᠦᠷᠦᠯ ᠵᠦᠢᠯ᠎ᠢ ᠪᠠᠢᠩᠭᠤᠰᠢᠭᠤᠯᠤᠨ ᠲᠠᠨᠢᠯᠴᠠᠭᠤᠯᠵᠤ᠂ ᠠᠷᠠᠳ᠎ᠤᠨ ᠪᠡᠯᠡ ᠣᠷᠣᠭᠣᠯᠣᠯᠲᠠ᠎ᠶᠢᠨ ᠴᠢᠬᠤᠯᠠ ᠶᠡᠬᠡ ᠲᠦᠷᠦᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ ᠬᠣᠯᠪᠤᠭᠠᠯᠠᠨ ᠬᠢᠨᠠᠨ ᠵᠥᠪᠰᠢᠶᠡᠷᠡᠭᠦᠯᠬᠦ ᠪᠠ ᠬᠠᠪᠰᠣᠷᠣᠨ ᠭᠦᠢᠴᠡᠳᠬᠡᠬᠦ ᠣᠷᠣᠯᠠᠨ ᠭᠦᠢᠴᠡᠳᠬᠡᠬᠦ ᠲᠣᠭᠲᠠᠴᠠ᠎ᠳᠦ ᠣᠷᠣᠭᠤᠯᠵᠤ᠂ ᠡᠮᠦᠨᠡᠬᠢ ᠬᠤᠭᠤᠴᠠᠭᠠᠨ᠎ᠤ ᠭᠠᠷᠳᠠᠮ᠎ᠢ ᠲᠦᠷᠭᠡᠳᠬᠡᠨ ᠭᠦᠢᠴᠡᠳᠬᠡᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠬᠠᠷᠢᠭᠤᠴᠠᠨ᠎ᠠ)

3. 《ᠬᠤᠮᠢᠷᠠᠭ᠎ᠠ》 ᠥᠷᠢᠰᠦᠯᠳᠦᠭᠡᠨ᠎ᠢ ᠶᠡᠷᠦᠩᠬᠡᠢᠯᠡᠨ ᠴᠡᠭᠴᠡᠯᠡᠨ ᠵᠠᠰᠠᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ ᠪᠠ ᠠᠵᠤ ᠠᠬᠤᠢᠯᠠᠯ᠎ᠤᠨ ᠤᠢᠯᠡ ᠠᠵᠢᠯᠯᠠᠭ᠎ᠠ᠎ᠶᠢ ᠵᠢᠷᠤᠮᠵᠢᠭᠤᠯᠤᠨ᠂ ᠵᠠᠬ᠎ᠠ ᠳᠡᠯᠭᠡᠭᠦᠷ᠎ᠤᠨ ᠬᠡᠰᠡᠭᠯᠡᠯᠲᠡ᠎ᠶᠢ ᠡᠪᠳᠡᠵᠦ᠂ ᠵᠠᠬ᠎ᠠ ᠳᠡᠯᠭᠡᠭᠦᠷ᠎ᠲᠦ ᠵᠥᠪᠰᠢᠶᠡᠷᠡᠨ ᠣᠷᠣᠭᠣᠯᠬᠣ᠌ ᠪᠤᠴᠠᠭᠠᠨ ᠭᠠᠷᠭᠠᠬᠤ᠂ ᠬᠦᠴᠦᠨ ᠵᠦᠢᠯ᠎ᠦᠨ ᠲᠣᠬᠢᠷᠠᠭᠤᠯᠤᠯᠲᠠ ᠵᠡᠷᠭᠡ ᠲᠠᠯ᠎ᠠ᠎ᠪᠠᠷ ᠠᠵᠤ ᠠᠬᠤᠢ᠎ᠶᠢᠨ ᠡᠷᠭᠢᠯᠲᠡ᠎ᠶᠢ ᠬᠦᠯᠢᠶᠡᠰᠦᠯᠡᠵᠦ ᠪᠠᠢᠭ᠎ᠠ ᠬᠣᠷᠢᠭ᠎ᠠ ᠴᠡᠭ ᠲᠦᠭᠵᠢᠷᠡᠯ ᠴᠡᠭ᠎ᠢ ᠨᠢ ᠨᠡᠪᠲᠡᠷᠡᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠠᠵᠢᠯ ᠲᠦᠷᠦᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠦᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

4. ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ᠎ᠳᠤ ᠭᠣᠥᠯᠴᠢ ᠥᠷᠢᠰᠦᠯᠳᠦᠭᠡᠨ᠎ᠦ ᠬᠢᠨᠠᠨ ᠪᠠᠢᠴᠠᠭᠠᠬᠤ ᠲᠣᠭᠲᠠᠴᠠ᠎ᠶᠢ ᠣᠷᠣᠭᠤᠯᠤᠨ᠎ᠠ᠃ ᠬᠡᠪ ᠪᠤᠰᠤ᠎ᠶᠢᠨ ᠳᠣᠣᠷ᠎ᠠ ᠦᠨ᠎ᠡ᠎ᠶᠢ ᠬᠢᠨᠠᠨ ᠲᠣᠳᠣᠯᠠᠵᠤ ᠰᠢᠢᠳᠪᠦᠷᠢᠯᠡᠬᠦ ᠳᠡᠰ ᠳᠠᠷᠠᠭᠠᠯᠠᠯ᠎ᠢ ᠲᠡᠭᠦᠯᠳᠡᠷᠵᠢᠭᠦᠯᠦᠨ᠎ᠡ᠃ ᠠᠩᠬᠠᠳᠠᠭ᠍ᠴᠢ (ᠢᠵᠢ) ᠴᠢᠬᠤᠯᠠ ᠶᠡᠬᠡ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠎ᠳᠦ ᠣᠷᠣᠯᠴᠠᠭᠰᠠᠨ᠎ᠢ ᠵᠠᠬ᠎ᠠ ᠳᠡᠯᠭᠡᠭᠦᠷ᠎ᠦᠨ ᠡᠵᠡᠯᠡᠬᠦ ᠨᠣᠷᠮ᠎ᠠ᠂ ᠬᠡᠷᠡᠭᠯᠡᠯᠲᠡ᠎ᠶᠢᠨ ᠠᠮᠵᠢᠯᠲᠠ ᠪᠦᠲᠦᠮᠵᠢ ᠵᠡᠷᠭᠡ ᠱᠠᠭᠠᠷᠳᠠᠯᠭ᠎ᠠ᠎ᠶᠢ ᠬᠠᠩᠭᠠᠭᠰᠠᠨ᠎ᠲᠠᠢ ᠠᠳᠠᠯᠢ᠎ᠪᠠᠷ ᠦᠵᠡᠬᠦ ᠲᠤᠬᠠᠢ ᠤᠯᠤᠰ᠎ᠤᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠰᠢᠨ᠎ᠡ᠎ᠶᠢ ᠡᠭᠦᠳᠬᠦ᠎ᠶᠢ ᠳᠡᠮᠵᠢᠵᠦ ᠪᠦᠬᠦᠢ ᠤᠷᠮᠠᠰᠢᠭᠤᠯᠬᠤ ᠲᠣᠭᠲᠠᠴᠠ᠎ᠶᠢ ᠪᠦᠷᠢᠨᠰᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶᠠᠨ᠎ᠤ ᠲᠥᠪ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠯ᠎ᠡ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

5. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠭᠦᠯᠡᠨ ᠲᠠᠪᠴᠠᠩ᠎ᠳᠤ ᠲᠦᠰᠢᠭᠯᠡᠨ᠂ ᠮᠡᠳᠡᠭᠡ ᠵᠠᠩᠭᠢ᠎ᠶᠢ ᠡᠮᠬᠢᠯᠡᠨ ᠨᠡᠢᠯᠡᠭᠦᠯᠬᠦ ᠪᠠ ᠲᠥᠪᠯᠡᠷᠡᠭᠦᠯᠦᠨ ᠨᠡᠢᠲᠡᠯᠡᠬᠦ᠎ᠶᠢ ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠨᠢ ᠦᠢᠯᠡᠴᠢᠯᠡᠵᠦ ᠬᠥᠲᠥᠯᠥᠨ ᠵᠢᠯᠤᠭᠣᠳᠬᠤ ᠠᠵᠢᠯ᠎ᠢ ᠰᠠᠢᠲᠤᠷ ᠬᠢᠨ᠎ᠡ᠃ ᠬᠣᠪᠢᠳᠠᠮᠵᠢ ᠤᠷᠢᠳᠴᠢᠯᠠᠨ ᠦᠯᠡᠳᠡᠭᠡᠬᠦ᠂ ᠦᠨ᠎ᠡ ᠬᠠᠩᠰᠢ᠎ᠶᠢ ᠰᠠᠭᠤᠯᠭᠠᠨ ᠠᠪᠬᠤ ᠵᠡᠷᠭᠡ ᠬᠠᠷᠠᠭᠠᠯᠵᠠᠯ᠎ᠤᠨ ᠲᠦᠷᠦ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠤᠨ᠎ᠠ᠃ 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠭᠡᠯᠡᠯᠭᠡ》᠎ᠶᠢᠨ ᠠᠵᠢᠯ᠎ᠤᠨ ᠲᠣᠭᠲᠠᠴᠠ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠮᠡᠳᠡᠭᠡ ᠵᠠᠩᠭᠢ᠎ᠶᠢ ᠴᠠᠭ ᠲᠤᠬᠠᠢ᠎ᠳᠦ ᠨᠢ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠳᠤ ᠬᠦᠷᠭᠡᠵᠦ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠡᠯᠡ ᠲᠣᠬᠢᠷᠠᠭᠤᠯᠭ᠎ᠠ᠎ᠶᠢ ᠥᠷᠨᠢᠭᠦᠯᠬᠦ᠎ᠳᠦ ᠲᠥᠬᠥᠮ ᠦᠵᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠬᠠᠷᠢᠭᠤᠴᠠᠨ᠎ᠠ)

6. ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠠᠮᠢ ᠠᠬᠤᠢ ᠣᠷᠴᠢᠨ ᠲᠣᠭᠣᠷᠢᠨ᠂ ᠪᠠᠢᠭᠠᠯᠢ᠎ᠶᠢᠨ ᠡᠬᠢ ᠪᠠᠶᠠᠯᠢᠭ᠋᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠠᠷᠠᠳ᠎ᠤᠨ ᠠᠭᠠᠷ᠎ᠤᠨ ᠰᠡᠷᠭᠡᠢᠯᠡᠯᠲᠡ᠂ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠂ ᠲᠡᠦᠬᠡ᠎ᠶᠢᠨ ᠳᠤᠷᠠᠰᠬᠠᠯᠲᠤ ᠵᠦᠢᠯ᠂ ᠡᠨᠧᠷᠭᠢ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠭᠣᠣᠯᠳᠠᠯᠭ᠎ᠠ ᠪᠣᠯᠬᠣ᠌ ᠬᠦᠷᠢᠶ᠎ᠡ ᠴᠠᠷᠠᠭᠠᠨ᠎ᠤ ᠲᠣᠭᠣᠷᠢᠨ᠎ᠳᠤ᠂ ᠡᠯ᠎ᠡ ᠬᠦᠷᠢᠶ᠎ᠡ ᠴᠠᠷᠠᠭᠠᠨ᠎ᠤ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠰᠠᠨᠠᠭᠠᠴᠢᠯᠠᠭ᠎ᠠ ᠲᠠᠢ᠎ᠪᠠᠷ ᠡᠷᠬᠡ᠎ᠪᠠᠨ ᠳᠣᠷᠣᠭ᠍ᠰᠢ ᠪᠠᠭᠤᠯᠭᠠᠵᠤ᠂ ᠬᠢᠨᠠᠨ ᠵᠥᠪᠰᠢᠶᠡᠷᠡᠬᠦ ᠴᠤᠪᠤᠷᠠᠯ᠎ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠠᠵᠤ ᠠᠬᠤᠢᠯᠠᠯ᠎ᠳᠤ ᠬᠣᠯᠪᠣᠭᠳᠠᠬᠤ ᠦᠢᠯᠡᠴᠢᠯᠡᠭᠡ᠎ᠶᠢ ᠴᠢᠩᠭᠠᠷᠠᠭᠤᠯᠤᠨ᠂ ᠭᠣᠣᠯᠳᠠᠯᠭ᠎ᠠ ᠪᠣᠯᠬᠣ᠌ ᠬᠦᠷᠢᠶ᠎ᠡ ᠴᠠᠷᠠᠭᠠᠨ᠎ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠦᠨ ᠥᠭᠡᠷᠡᠴᠢᠯᠡᠯᠲᠡ᠎ᠶᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

7. ᠦᠷᠭᠦᠯᠵᠢᠯᠡᠨ ᠵᠢᠭᠡᠯᠡᠭᠦᠯᠬᠦ ᠠᠵᠢᠯ᠎ᠤᠨ ᠲᠤᠬᠠᠢ ᠤᠯᠤᠰ᠎ᠤᠨ ᠬᠠᠮᠢᠶ᠎ᠠ ᠪᠦᠬᠦᠢ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠦᠷᠭᠦᠯᠵᠢᠯᠡᠨ ᠵᠢᠭᠡᠯᠡᠭᠦᠯᠬᠦ ᠲᠥᠷᠥ᠎ᠶᠢᠨ ᠪᠣᠳᠣᠯᠭ᠎ᠠ᠎ᠶᠢᠨ ᠬᠡᠪᠴᠢᠶ᠎ᠡ᠎ᠶᠢ ᠪᠣᠶ ᠪᠦᠬᠦᠢ ᠵᠢᠵᠢᠭ ᠪᠢᠴᠢᠯ ᠠᠵᠤ ᠠᠬᠤᠢᠯᠠᠯ ᠪᠣᠯᠭᠠᠨ ᠥᠷᠭᠡᠳᠬᠡᠬᠦ᠎ᠶᠢᠨ ᠬᠠᠮᠲᠤ᠂ 2027 ᠣᠨ᠎ᠤ 9 ᠳ᠋ᠦ᠍ᠭᠡᠷ ᠰᠠᠷ᠎ᠠ᠎ᠶᠢᠨ 30᠎ᠤ ᠡᠳᠦᠷ᠎ᠡᠴᠡ ᠡᠮᠦᠨ᠎ᠡ ᠬᠤᠭᠤᠴᠠᠭ᠎ᠠ ᠨᠢ ᠲᠤᠯᠤᠭᠰᠠᠨ ᠳᠤᠮᠳᠠ ᠬᠡᠯᠪᠡᠷᠢ᠎ᠶᠢᠨ ᠠᠵᠤ ᠠᠬᠤᠢᠯᠠᠯ᠎ᠤᠨ ᠭᠦᠢᠯᠭᠡᠭᠡᠨ᠎ᠦ ᠪᠡᠯᠡ ᠮᠥᠩᠭᠥ᠎ᠶᠢᠨ ᠵᠢᠭᠡᠯᠡᠯᠭᠡ ᠬᠦᠷᠲᠡᠯ᠎ᠡ ᠱᠠᠲᠤ ᠦᠶᠡᠴᠢ ᠴᠢᠨᠠᠷᠲᠠᠢ᠎ᠪᠠᠷ ᠥᠷᠭᠡᠳᠬᠡᠨ᠎ᠡ᠃ ᠳ᠋ᠦᠩᠰᠢᠭᠤᠷ ᠲᠥᠭᠥᠷᠢᠭ᠎ᠦᠨ ᠠᠷᠠᠳ᠎ᠡᠴᠡ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠢᠲᠡᠭᠡᠮᠵᠢ᠎ᠶᠢᠨ ᠪᠡᠯᠡ ᠲᠣᠬᠢᠷᠠᠭᠤᠯᠭ᠎ᠠ᠎ᠶᠢᠨ ᠲᠦᠭᠰᠢᠭᠦᠷᠢ᠎ᠶᠢᠨ ᠬᠤᠪᠢᠶᠠᠨ ᠡᠭᠦᠷᠭᠡᠯᠡᠬᠦ ᠪᠡᠯᠡ ᠮᠥᠩᠭᠥ᠎ᠶᠢ ᠰᠠᠢᠲᠤᠷ ᠬᠡᠷᠡᠭᠯᠡᠨ᠎ᠡ᠃ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢᠨ ᠵᠣᠬᠢᠴᠠᠭᠤᠯᠭ᠎ᠠ᠎ᠶᠢ ᠳᠡᠮᠵᠢᠬᠦ ᠠᠵᠢᠯ᠎ᠤᠨ ᠲᠣᠭᠲᠠᠴᠠ᠎ᠶᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠤᠨ᠎ᠠ᠃ ᠥᠪᠥᠷ ᠮᠣᠩᠭᠣᠯ᠎ᠤᠨ ᠪᠡᠯᠡ ᠲᠣᠬᠢᠷᠠᠭᠤᠯᠭ᠎ᠠ᠎ᠶᠢᠨ ᠢᠲᠡᠭᠡᠮᠵᠢ᠎ᠶᠢᠨ ᠦᠢᠯᠡᠴᠢᠯᠡᠭᠡᠨ᠎ᠦ ᠲᠠᠪᠴᠠᠩ᠎ᠢ ᠳᠡᠯᠭᠡᠷᠡᠭᠦᠯᠦᠨ ᠬᠡᠷᠡᠭᠯᠡᠭᠦᠯᠬᠦ᠎ᠶᠢ ᠴᠢᠩᠭᠠᠳᠬᠠᠨ᠎ᠠ ᠃ (ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠂ ᠥᠪᠥᠷ ᠮᠣᠩᠭᠣᠯ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠠᠮᠢᠶᠠᠷᠤᠯᠲᠠ᠎ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

8. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳ᠋ᠤ᠌ ᠰᠢᠨ᠎ᠡ᠎ᠶᠢ ᠡᠭᠦᠳᠬᠦ᠎ᠶᠢ ᠦᠨᠡᠨ ᠪᠣᠳᠠᠲᠠᠢ᠎ᠪᠠᠷ ᠳᠡᠮᠵᠢᠬᠦ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠭᠲᠠᠭᠠᠵᠤ᠂ ᠰᠢᠨ᠎ᠡ᠎ᠶᠢ ᠡᠭᠦᠳᠬᠦ ᠭᠣᠣᠯ ᠴᠣᠭᠴᠠ᠎ᠶᠢ ᠪᠣᠢᠵᠢᠭᠤᠯᠬᠤ᠎ᠶᠢ ᠴᠢᠩᠭᠠᠳᠬᠠᠨ᠂ ᠰᠢᠨ᠎ᠡ᠎ᠶᠢ ᠡᠭᠦᠳᠬᠦ ᠠᠴᠢᠶᠠᠯᠠᠪᠤᠷᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠰᠢᠨ᠎ᠡ᠎ᠶᠢ ᠡᠭᠦᠳᠴᠦ ᠰᠤᠳᠤᠯᠤᠨ ᠨᠡᠭᠡᠭᠡᠬᠦ ᠣᠷᠣᠭᠤᠯᠤᠯᠲᠠ᠎ᠶᠢᠨ ᠡᠷᠴᠢᠮ᠎ᠢᠶᠠᠨ ᠴᠢᠩᠭᠠᠷᠠᠭᠤᠯᠤᠨ᠂ ᠰᠢᠨ᠎ᠡ᠎ᠶᠢ ᠡᠭᠦᠳᠬᠦ ᠦᠢᠯᠡᠴᠢᠯᠡᠭᠡᠨ᠎ᠦ ᠲᠣᠭᠲᠠᠯᠴᠠᠭ᠎ᠠ᠎ᠶᠢ ᠰᠢᠯᠢᠳᠡᠭᠵᠢᠭᠦᠯᠵᠦ᠂ ᠰᠢᠨ᠎ᠡ᠎ᠶᠢ ᠡᠭᠦᠳᠬᠦ ᠰᠠᠭᠤᠷᠢ ᠪᠡᠯᠡᠳᠬᠡᠮᠵᠢ᠎ᠶᠢ ᠨᠡᠭᠡᠭᠡᠯᠲᠡ᠎ᠲᠠᠢ ᠬᠡᠷᠡᠭᠯᠡᠭᠦᠯᠬᠦ ᠪᠠ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠬᠠᠮᠲᠤ᠎ᠪᠠᠷ ᠬᠦᠷᠲᠡᠬᠦ᠎ᠶᠢ ᠴᠢᠩᠭᠠᠷᠠᠭᠤᠯᠤᠨ᠎ᠠ ᠃ ᠠᠵᠤ ᠠᠬᠤᠢᠯᠠᠯ᠎ᠤᠨ ᠨᠡᠭᠦᠷᠡᠰᠦ᠂ ᠰᠢᠨ᠎ᠡ ᠡᠨᠧᠷᠭᠢ᠂ ᠬᠣᠪᠣᠷ ᠰᠢᠷᠣᠢ᠂ ᠲᠠᠷᠢᠶᠠᠯᠠᠩ ᠮᠠᠯ ᠠᠵᠤ ᠠᠬᠤᠢ᠂ ᠰᠢᠨ᠎ᠡ ᠮᠠᠲᠧᠷᠢᠶᠠᠯ ᠵᠡᠷᠭᠡ ᠳᠠᠪᠠᠭᠤᠯᠢᠭ᠋ ᠬᠦᠷᠢᠶ᠎ᠡ ᠴᠠᠷᠠᠭᠠᠨ᠎ᠤ ᠲᠣᠭᠣᠷᠢᠨ᠎ᠳᠤ ᠰᠢᠨᠵᠢᠯᠡᠬᠦ ᠤᠬᠠᠭᠠᠨ᠎ᠤ ᠰᠤᠳᠤᠯᠤᠯ᠎ᠤᠨ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠤᠨ ᠲᠢᠩᠬᠢᠮ ᠬᠠᠷᠢᠭᠤᠴᠠᠨ᠎ᠠ)

9. ᠰᠢᠨ᠎ᠡ ᠡᠨᠧᠷᠭᠢ᠎ᠪᠠᠷ ᠭᠠᠷᠭᠠᠭᠰᠠᠨ ᠴᠠᠬᠢᠯᠭᠠᠨ᠎ᠢ ᠴᠠᠬᠢᠯᠭᠠᠨ ᠬᠦᠴᠦᠨ᠎ᠦ ᠲᠣᠣᠷ᠎ᠲᠤ ᠣᠷᠣᠭᠤᠯᠵᠤ ᠪᠠᠭᠲᠠᠭᠠᠨ ᠰᠢᠩᠭᠡᠭᠡᠬᠦ ᠲᠥᠷᠥᠯ ᠵᠦᠢᠯ᠎ᠦᠨ ᠥᠷᠢᠰᠦᠯᠳᠦᠭᠡᠨ᠎ᠦ ᠴᠢᠨᠠᠷᠲᠠᠢ ᠲᠣᠬᠢᠷᠠᠭᠤᠯᠤᠯᠲᠠ᠎ᠶᠢᠨ ᠬᠠᠮᠢᠶᠠᠷᠤᠯᠲᠠ᠎ᠶᠢᠨ ᠬᠣᠯᠪᠣᠭᠳᠠᠯ ᠪᠦᠬᠦᠢ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠥᠷᠢᠰᠦᠯᠳᠦᠭᠡᠨ᠎ᠦ ᠴᠢᠨᠠᠷᠲᠠᠢ ᠲᠣᠬᠢᠷᠠᠭᠤᠯᠤᠯᠲᠠ᠎ᠪᠠᠷ ᠳᠠᠮᠵᠢᠭᠤᠯᠤᠨ ᠴᠠᠬᠢᠯᠭᠠᠨ ᠬᠦᠴᠦᠨ᠎ᠦ ᠲᠣᠣᠷ᠎ᠲᠤ ᠣᠷᠣᠭᠤᠯᠵᠤ ᠪᠠᠭᠲᠠᠭᠠᠨ ᠰᠢᠩᠭᠡᠭᠡᠬᠦ ᠲᠥᠷᠥᠯ ᠵᠦᠢᠯ᠎ᠦᠨ ᠥᠮᠴᠢᠲᠡᠨ᠎ᠢ ᠰᠢᠯᠢᠳᠡᠭ᠎ᠢ ᠨᠢ ᠰᠣᠩᠭᠣᠨ ᠲᠣᠭᠲᠠᠭᠠᠵᠤ᠂ ᠡᠯ᠎ᠡ ᠲᠥᠷᠥᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠥᠷᠢᠰᠦᠯᠳᠦᠭᠡᠨ᠎ᠦ ᠴᠢᠨᠠᠷᠲᠠᠢ ᠲᠣᠬᠢᠷᠠᠭᠤᠯᠤᠯᠲᠠ᠎ᠳᠤ ᠡᠷᠬᠡ ᠲᠡᠭᠰᠢ᠎ᠪᠡᠷ ᠣᠷᠣᠯᠴᠠᠬᠤ ᠲᠣᠭᠲᠠᠴᠠ᠎ᠶᠢ ᠪᠦᠷᠢᠯᠳᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠬᠠᠷᠢᠭᠤᠴᠠᠨ᠎ᠠ)

10. 《ᠥᠨᠳᠥᠷ ᠪᠦᠲᠦᠮᠵᠢᠲᠡᠶ᠎ᠪᠡᠷ ᠨᠢᠭᠡ ᠠᠵᠢᠯ ᠶᠠᠪᠤᠳᠠᠯ᠎ᠢ ᠭᠦᠢᠴᠡᠳᠬᠡᠬᠦ》 ᠥᠭᠡᠷᠡᠴᠢᠯᠡᠯᠲᠡ᠎ᠶᠢ ᠪᠠᠢᠩᠭᠤᠰᠢᠭᠤᠯᠤᠨ ᠠᠬᠢᠭᠤᠯᠵᠤ᠂ ᠭᠣᠣᠯᠳᠠᠯᠭ᠎ᠠ ᠪᠣᠯᠬᠣ᠌ ᠵᠦᠢᠯᠡᠰ᠎ᠦᠨ ᠲᠣᠳᠣᠷᠬᠠᠢ ᠬᠠᠭᠣᠳᠠᠰᠣᠴᠢᠯᠠᠭᠰᠠᠨ ᠬᠠᠮᠢᠶᠠᠷᠤᠯᠲᠠ ᠪᠠ ᠪᠠᠢᠩᠭᠤᠰᠢᠭᠤᠯᠤᠨ ᠬᠡᠷᠡᠭᠵᠢᠭᠦᠯᠬᠦ ᠠᠵᠢᠯ᠎ᠢ ᠠᠬᠢᠭᠤᠯᠤᠨ᠂ ᠣᠨ᠎ᠤ ᠭᠣᠣᠯᠳᠠᠯᠭ᠎ᠠ ᠪᠣᠯᠬᠣ᠌ ᠵᠦᠢᠯᠡᠰ᠎ᠦᠨ ᠲᠣᠳᠣᠷᠬᠠᠢ ᠬᠠᠭᠤᠳᠠᠰᠤ᠎ᠶᠢ ᠪᠦᠯᠦᠭ ᠬᠤᠪᠢᠶᠠᠨ ᠨᠡᠢᠲᠡᠯᠡᠵᠦ᠂ ᠰᠠᠯᠠᠭ᠎ᠠ ᠮᠥᠴᠢᠷ᠎ᠦᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠨ᠂ ᠶᠡᠷᠦᠩᠬᠡᠢᠯᠡᠨ ᠵᠣᠬᠢᠴᠠᠭᠤᠯᠬᠤ ᠪᠠ ᠮᠥᠷᠳᠡᠵᠦ ᠰᠢᠮᠳᠠᠭᠤᠯᠤᠨ ᠭᠦᠢᠴᠡᠳᠬᠡᠯᠭᠡᠬᠦ᠎ᠶᠢ ᠴᠢᠩᠭᠠᠳᠬᠠᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠶᠢᠨ ᠨᠤᠲᠤᠭ ᠪᠦᠰᠡ᠎ᠶᠢᠨ ᠣᠨᠴᠠᠯᠢᠭ᠋ ᠬᠢᠭᠡᠳ ᠠᠵᠢᠯ ᠲᠥᠷᠥᠯ᠎ᠦᠨ ᠣᠨᠴᠠᠯᠢᠭ᠋᠎ᠲᠠᠢ᠎ᠪᠠᠨ ᠤᠶᠠᠯᠳᠤᠭᠤᠯᠤᠨ᠂ ᠣᠨᠴᠠᠯᠢᠭ᠋ ᠪᠦᠬᠦᠢ 《ᠨᠢᠭᠡ ᠠᠵᠢᠯ ᠶᠠᠪᠤᠳᠠᠯ》᠎ᠤᠨ ᠵᠦᠢᠯᠡᠰ᠎ᠦᠨ ᠲᠣᠳᠣᠷᠬᠠᠢ ᠬᠠᠭᠤᠳᠠᠰᠤ᠎ᠶᠢ ᠪᠠᠶ᠋ᠢᠭᠤᠯᠬᠤ᠎ᠶᠢᠨ ᠬᠠᠮᠲᠤ ᠯᠠᠪᠳᠠᠭᠤᠨ᠎ᠢᠶᠠᠷ ᠬᠡᠷᠡᠭᠵᠢᠭᠦᠯᠬᠦ᠎ᠶᠢ ᠨᠢ ᠵᠣᠷᠢᠭ᠍ᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

11. ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠨᠡᠢᠭᠡᠮ᠎ᠦᠨ ᠵᠠᠰᠠᠯᠲᠠ᠂ ᠪᠠᠢᠭᠤᠯᠭ᠎ᠠ᠎ᠶᠢᠨ ᠠᠯᠪᠠᠨ ᠠᠵᠢᠯ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠲᠤᠰᠠᠯᠠᠬᠤ ᠵᠡᠷᠭᠡ ᠬᠦᠷᠢᠶ᠎ᠡ ᠴᠠᠷᠠᠭ᠎ᠠ᠎ᠳᠦ 《ᠵᠣᠬᠢᠶᠠᠮᠠᠯ ᠣᠶᠤᠨ + ᠵᠠᠰᠠᠭ᠎ᠤᠨ ᠶᠠᠪᠤᠳᠠᠯ》᠎ᠢ ᠳᠡᠯᠭᠡᠷᠡᠭᠦᠯᠵᠦ᠂ ᠬᠡᠷᠡᠭᠯᠡᠭᠡᠨ᠎ᠦ ᠠᠬᠤᠢ ᠪᠠᠢᠳᠠᠯ᠎ᠢ ᠢᠳᠡᠪᠬᠢᠲᠡᠢ ᠥᠷᠭᠡᠳᠬᠡᠨ᠂ ᠵᠣᠬᠢᠶᠠᠮᠠᠯ ᠣᠶᠤᠨ᠎ᠤ ᠲᠣᠮᠣ᠌ ᠵᠠᠭᠪᠤᠷ᠎ᠤᠨ ᠮᠡᠷᠭᠡᠵᠢᠯ᠂ ᠦᠢᠯᠡᠳᠬᠦᠨ ᠪᠠ ᠦᠢᠯᠡᠴᠢᠯᠡᠭᠡ᠎ᠶᠢ ᠵᠠᠰᠠᠭ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠦ ᠪᠠᠢᠷᠢᠯᠠᠭᠤᠯᠤᠨ ᠬᠡᠷᠡᠭᠯᠡᠬᠦ᠎ᠶᠢ ᠠᠬᠢᠭᠤᠯᠤᠨ᠎ᠠ᠃ ᠪᠥᠬᠥ ᠣᠷᠣᠨ᠎ᠤ ᠨᠢᠭᠡᠳᠦᠯᠲᠡᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠎ᠳᠤ ᠲᠦᠰᠢᠭᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠬᠡᠷᠡᠭᠴᠡᠭᠡ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠳᠠᠬᠢ ᠪᠠᠢᠭᠤᠯᠤᠭᠰᠠᠨ ᠰᠢᠰᠲᠧᠮ᠎ᠦᠨ ᠲᠤᠬᠠᠢᠯᠠᠭᠰᠠᠨ ᠠᠵᠢᠯ᠎ᠤᠨ ᠬᠠᠮᠵᠢᠯᠴᠠᠬᠤ ᠪᠠ ᠳ᠋ᠠᠢᠲ᠋ᠠ᠎ᠶᠢ ᠬᠠᠮᠲᠤ ᠪᠠᠷ ᠭᠥᠷᠳᠡᠬᠦ᠎ᠶᠢ ᠠᠬᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

12. ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ᠂ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠵᠦᠢᠯᠡᠰ᠎ᠢ ᠭᠦᠶ᠋ᠴᠡᠳᠬᠡᠬᠦ᠎ᠳᠦ᠎ᠪᠠᠨ ᠢᠲᠡᠭᠡᠮᠵᠢ᠎ᠶᠢᠨ ᠮᠡᠳᠡᠭᠡ ᠵᠠᠩᠭᠢ᠎ᠶᠢᠨ 《ᠮᠡᠳᠡᠭᠦᠯᠬᠦ ᠪᠣᠯᠭᠠᠨ ᠵᠠᠪᠠᠯ ᠪᠠᠢᠴᠠᠭᠠᠬᠤ᠂ ᠭᠦᠢᠴᠡᠳᠬᠡᠬᠦ ᠪᠣᠯᠭᠠᠨ ᠵᠠᠪᠠᠯ ᠪᠠᠢᠴᠠᠭᠠᠬᠤ》᠎ᠶᠢ ᠴᠢᠩᠭ᠎ᠠ ᠨᠠᠢᠳᠠᠪᠤᠷᠢᠵᠢᠭᠤᠯᠬᠤ᠎ᠶᠢᠨ ᠬᠠᠮᠲᠤ᠂ ᠪᠠᠢᠴᠠᠭᠠᠨ ᠯᠠᠪᠯᠠᠭᠰᠠᠨ ᠬᠡᠷᠡᠭᠯᠡᠭᠰᠡᠨ ᠦᠷ᠎ᠡ ᠳ᠋ᠦᠩ᠎ᠢ ᠴᠠᠭ ᠲᠤᠬᠠᠢ᠎ᠳᠤ ᠨᠢ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠢᠲᠡᠭᠡᠮᠵᠢ᠎ᠶᠢᠨ ᠮᠡᠳᠡᠭᠡ ᠵᠠᠩᠭᠢ᠎ᠶᠢᠨ ᠲᠠᠪᠴᠠᠩ᠎ᠳᠤ ᠬᠠᠷᠢᠭᠤ ᠲᠤᠰᠬᠠᠬᠤ ᠬᠡᠷᠡᠭᠲᠡᠢ᠃ 《ᠬᠡᠨ ᠮᠠᠭᠠᠳᠯᠠᠨ ᠲᠣᠭᠲᠠᠭᠠᠭᠰᠠᠨ ᠪᠣᠯ ᠲᠡᠷᠡ ᠵᠠᠰᠠᠨ ᠰᠡᠷᠭᠦᠭᠡᠬᠦ》 ᠵᠠᠷᠴᠢᠮ ᠶᠣᠰᠣᠭᠠᠷ᠂ ᠡᠯ᠎ᠡ ᠬᠦᠷᠢᠶ᠎ᠡ ᠴᠠᠷᠠᠭᠠᠨ᠎ᠦ ᠢᠲᠡᠭᠡᠮᠵᠢ᠎ᠶᠢ ᠵᠠᠰᠠᠨ ᠰᠡᠷᠭᠦᠭᠡᠬᠦ ᠠᠵᠢᠯ᠎ᠢ ᠰᠠᠢᠲᠤᠷ ᠬᠢᠨ᠎ᠡ᠃ ᠲᠤᠰᠬᠠᠢ ᠵᠦᠢᠯ᠎ᠦᠨ ᠢᠲᠡᠭᠡᠮᠵᠢ᠎ᠶᠢᠨ ᠮᠡᠳᠡᠭᠦᠯᠦᠯᠲᠡ᠎ᠪᠠᠷ ᠬᠠᠤᠯᠢ ᠲᠣᠭᠲᠠᠭᠠᠯ᠎ᠡᠴᠡ ᠵᠥᠷᠢᠴᠡᠭᠰᠡᠨ ᠲᠡᠮᠳᠡᠭᠯᠡᠯ ᠪᠠᠢᠬᠤ ᠡᠰᠡᠬᠦ ᠭᠡᠷᠡᠴᠢᠯᠡᠯ᠎ᠢ ᠣᠷᠣᠯᠠᠭᠤᠯᠬᠤ᠎ᠶᠢ ᠲᠦᠷᠭᠡᠳᠬᠡᠨ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠯ᠎ᠡ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

ᠬᠣᠶᠠᠷ᠂ ᠬᠠᠤᠯᠢᠵᠢᠭ᠍ᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠦᠨ ᠪᠠᠢᠭᠤᠯᠤᠯᠲᠠ 

13. 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠦᠷᠢᠮ》᠎ᠤᠨ ᠬᠠᠤᠯᠢ ᠲᠣᠭᠲᠠᠭᠠᠬᠤ ᠠᠬᠢᠴᠠ᠎ᠶᠢ ᠲᠦᠷᠭᠡᠳᠬᠡᠨ ᠠᠬᠢᠭᠤᠯᠵᠤ᠂ ᠬᠠᠤᠯᠢ᠎ᠪᠠᠷ ᠵᠠᠰᠠᠬᠤ ᠪᠠᠲᠤᠯᠠᠭ᠎ᠠ᠎ᠶᠢ ᠡᠵᠡᠩᠨᠡᠯᠲᠡ᠎ᠶᠢᠨ ᠭᠣᠣᠯ ᠴᠣᠭᠴᠠ᠎ᠶᠢᠨ ᠵᠠᠬ᠎ᠠ ᠳᠡᠯᠭᠡᠭᠦᠷ᠎ᠲᠦ ᠣᠷᠣᠬᠤ᠂ ᠬᠦᠴᠦᠨ ᠵᠦᠢᠯ᠎ᠦᠨ ᠪᠠᠲᠤᠯᠠᠭ᠎ᠠ᠂ ᠡᠵᠡᠩᠨᠡᠯᠲᠡ᠎ᠶᠢᠨ ᠣᠷᠴᠢᠨ ᠨᠥᠬᠥᠴᠡᠯ᠂ ᠵᠠᠭᠤᠷᠠᠯᠳᠤᠭᠠᠨ᠎ᠢ ᠠᠷᠢᠯᠭᠠᠬᠤ᠂ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭ᠎ᠠ᠎ᠡᠴᠡ ᠪᠤᠴᠠᠨ ᠭᠠᠷᠬᠤ ᠡᠯ᠎ᠡ ᠭᠣᠭᠴᠣᠭ᠎ᠠ᠎ᠳᠤ ᠲᠤᠭᠤᠰᠢᠯᠠᠭᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠡᠴᠡ ᠡᠵᠡᠩᠨᠡᠭᠰᠡᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠳᠦᠷᠢᠮ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠣᠭᠲᠠᠴᠠ᠎ᠶᠢ ᠪᠦᠷᠢᠨᠰᠢᠭᠦᠯᠵᠦ᠂ ᠲᠦᠭᠦᠷᠵᠢᠭᠦᠯᠬᠦ ᠳᠦᠷᠢᠮ᠎ᠦᠨ ᠪᠠᠢᠭᠤᠯᠤᠯᠲᠠ᠎ᠶᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠬᠠᠤᠯᠢ ᠴᠠᠭᠠᠵᠠ᠎ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

14. 《ᠬᠣᠶᠠᠷ᠎ᠢ ᠰᠤᠭᠤᠴᠢᠵᠤ᠂ ᠨᠢᠭᠡ᠎ᠶᠢ ᠢᠯᠡ ᠪᠣᠯᠭᠠᠬᠤ》 ᠬᠢᠨᠠᠯᠲᠠ ᠬᠠᠮᠢᠶᠠᠷᠤᠯᠲᠠ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠢᠯᠡᠭᠰᠡᠨ ᠬᠢᠨᠠᠯᠲᠠ ᠬᠠᠮᠢᠶᠠᠷᠤᠯᠲᠠ᠂ ᠪᠠᠭᠲᠠᠭᠠᠮᠵᠢᠲᠠᠢ ᠪᠣᠯᠭᠣᠮᠵᠢᠲᠠᠢ ᠬᠢᠨᠠᠯᠲᠠ ᠬᠠᠮᠢᠶᠠᠷᠤᠯᠲᠠ᠂ ᠲᠤᠬᠠᠢ᠎ᠶᠢᠨ ᠲᠠᠯᠠᠪᠠᠢ᠎ᠶᠢᠨ ᠪᠤᠰᠤ ᠬᠢᠨᠠᠯᠲᠠ ᠬᠠᠮᠢᠶᠠᠷᠤᠯᠲᠠ ᠵᠡᠷᠭᠡ ᠬᠢᠨᠠᠯᠲᠠ ᠬᠠᠮᠢᠶᠠᠷᠤᠯᠲᠠ᠎ᠶᠢᠨ ᠠᠷᠭ᠎ᠠ ᠮᠠᠶᠢᠭ᠋᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ 《ᠰᠡᠷᠡᠭᠳᠡᠯ ᠦᠭᠡᠢ᠎ᠪᠡᠷ ᠬᠢᠨᠠᠨ ᠰᠢᠨᠵᠢᠬᠦ》᠎ᠶᠢ ᠴᠢᠩᠭᠠᠷᠠᠭᠤᠯᠤᠨ᠂ 《ᠤᠴᠢᠷ ᠶᠠᠪᠤᠳᠠᠯ ᠦᠭᠡᠢ ᠪᠣᠯ ᠦᠢᠮᠡᠭᠦᠯᠬᠦ ᠦᠭᠡᠢ》 ᠪᠠᠢᠬᠤ᠎ᠶᠢ ᠦᠨᠡᠨ ᠬᠦ᠌ ᠪᠡᠶᠡᠯᠡᠭᠦᠯᠦᠨ᠎ᠡ᠃ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠲᠣᠭᠲᠠᠭᠠᠯ᠎ᠤᠨ ᠪᠢᠴᠢᠭ ᠪᠠ ᠢᠲᠡᠭᠡᠮᠵᠢ᠎ᠶᠢᠨ ᠰᠡᠷᠭᠦᠭᠡᠯᠲᠡ᠎ᠶᠢᠨ ᠰᠠᠨᠠᠭᠤᠯᠤᠮᠵᠢ᠎ᠶᠢᠨ ᠪᠢᠴᠢᠭ 《ᠬᠣᠶᠠᠷ ᠪᠢᠴᠢᠭ᠎ᠢ ᠬᠠᠮᠲᠤ᠎ᠳᠤ ᠨᠢ ᠬᠦᠷᠭᠡᠬᠦ》᠎ᠶᠢ ᠠᠬᠢᠭᠤᠯᠵᠤ᠂ ᠠᠵᠤ ᠠᠬᠤᠢᠯᠠᠯ᠎ᠢ ᠬᠠᠪᠰᠤᠷᠤᠨ ᠢᠲᠡᠭᠡᠮᠵᠢ᠎ᠶᠢᠨ ᠰᠡᠷᠭᠦᠭᠡᠯᠲᠡ᠎ᠶᠢ ᠴᠠᠭ ᠲᠤᠬᠠᠢ᠎ᠳᠤ ᠨᠢ ᠥᠷᠨᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

15. ᠠᠵᠤ ᠠᠬᠤᠢᠯᠠᠯ᠎ᠳᠤ ᠬᠣᠯᠪᠣᠭᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ᠎ᠶᠢᠨ ᠬᠥᠳᠡᠯᠦᠩᠭᠦᠢ ᠬᠠᠮᠢᠶᠠᠷᠤᠯᠲᠠ ᠪᠠ ᠠᠵᠤ ᠠᠬᠤᠢᠯᠠᠯ᠎ᠳᠤ ᠬᠣᠯᠪᠣᠭᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠵᠦᠢᠯᠡᠰ᠎ᠦᠨ ᠲᠣᠳᠣᠷᠬᠠᠢ ᠬᠠᠭᠣᠳᠠᠰᠣᠴᠢᠯᠠᠭᠰᠠᠨ ᠬᠠᠮᠢᠶᠠᠷᠤᠯᠲᠠ᠎ᠶᠢ ᠠᠬᠢᠭᠤᠯᠤᠨ᠎ᠠ ᠃ 《ᠺᠣᠳ᠋ ᠰᠢᠷᠪᠢᠵᠦ ᠠᠵᠤ ᠠᠬᠤᠢᠯᠠᠯ᠎ᠳᠤ ᠣᠷᠣᠬᠤ》᠎ᠶᠢ ᠠᠬᠢᠭᠤᠯᠵᠤ᠂ ᠨᠢᠭᠡᠨᠲᠡ ᠪᠠᠢᠭ᠎ᠠ ᠬᠠᠤᠯᠢ ᠬᠡᠷᠡᠭᠵᠢᠭᠦᠯᠬᠦ ᠰᠢᠰᠲᠧᠮ ᠲᠠᠪᠴᠠᠩ᠎ᠢ ᠡᠮᠬᠢᠯᠡᠨ ᠨᠡᠢᠯᠡᠭᠦᠯᠵᠦ᠂ 《ᠺᠣᠳ᠋ ᠦᠭᠡᠢ ᠪᠣᠯ ᠪᠠᠢᠴᠠᠭᠠᠬᠤ ᠦᠭᠡᠢ᠂ ᠪᠠᠢᠴᠠᠭᠠᠪᠠᠯ ᠡᠷᠬᠡᠪᠰᠢ ᠺᠣᠳ᠋᠎ᠢᠶᠠᠨ ᠭᠠᠷᠭᠠᠬᠤ》᠎ᠶᠢ ᠪᠡᠶᠡᠯᠡᠭᠦᠯᠦᠨ᠎ᠡ᠃ ᠬᠠᠤᠯᠢ᠎ᠶᠢ ᠬᠥᠩᠭᠡᠬᠡᠨ ᠵᠥᠷᠢᠴᠡᠭᠰᠡᠨ ᠦᠢᠯᠡ ᠠᠵᠢᠯᠯᠠᠭ᠎ᠠ᠎ᠳᠤ ᠬᠠᠤᠯᠢ ᠶᠣᠰᠣᠭᠠᠷ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ ᠦᠯᠦ ᠥᠭᠬᠦ ᠵᠦᠢᠯᠡᠰ᠎ᠢ ᠥᠷᠭᠡᠳᠬᠡᠵᠦ᠂ ᠰᠢᠢᠳᠬᠡᠯ ᠲᠣᠷᠭᠠᠭᠤᠯᠢ ᠦᠯᠦ ᠥᠭᠬᠦ ᠳᠡᠰ ᠳᠠᠷᠠᠭᠠᠯᠠᠯ᠎ᠢ ᠰᠢᠯᠢᠳᠡᠭᠵᠢᠭᠦᠯᠦᠨ᠂ ᠬᠥᠩᠭᠡᠷᠡᠭᠦᠯᠦᠨ ᠰᠢᠢᠳᠬᠡᠵᠦ ᠲᠣᠷᠭᠠᠬᠤ ᠪᠠᠢᠳᠠᠯ᠎ᠢ ᠨᠠᠷᠢᠯᠢᠭ᠍ᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠂ ᠡᠯ᠎ᠡ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

16. ᠡᠵᠡᠩᠨᠡᠯᠲᠡ᠎ᠶᠢᠨ ᠭᠣᠣᠯ ᠴᠣᠭᠴᠠ ᠨᠢ ᠬᠠᠤᠯᠢ ᠬᠡᠷᠡᠭᠵᠢᠭᠦᠯᠬᠦ ᠪᠤᠰᠤ ᠠᠵᠢᠯᠲᠠᠨ᠎ᠤ ᠬᠠᠤᠯᠢ ᠬᠡᠷᠡᠭᠵᠢᠭᠦᠯᠬᠦ᠂ ᠲᠣᠳᠣᠷᠬᠠᠢ ᠬᠠᠭᠤᠳᠠᠰᠤ᠎ᠡᠴᠡ ᠭᠠᠳᠠᠭᠤᠷ ᠬᠠᠤᠯᠢ ᠬᠡᠷᠡᠭᠵᠢᠭᠦᠯᠬᠦ᠂ ᠦᠨᠡᠮᠯᠡᠯ ᠦᠵᠡᠭᠦᠯᠦᠭᠰᠡᠨ ᠦᠭᠡᠢ᠎ᠪᠡᠷ ᠬᠠᠤᠯᠢ ᠬᠡᠷᠡᠭᠵᠢᠭᠦᠯᠬᠦ ᠵᠡᠷᠭᠡ ᠲᠣᠭᠲᠠᠭᠠᠯ᠎ᠡᠴᠡ ᠵᠥᠷᠢᠴᠡᠨ ᠬᠠᠤᠯᠢ ᠬᠡᠷᠡᠭᠵᠢᠭᠦᠯᠬᠦ ᠦᠶ᠋ᠯᠡ ᠠᠵᠢᠯᠯᠠᠭ᠎ᠠ ᠲᠣᠬᠢᠶᠠᠯᠳᠤᠪᠠᠯ᠂ ᠬᠣᠰᠢᠭᠤ ᠰᠢᠶᠠᠨ᠎ᠤ ᠱᠠᠲᠤᠨ᠎ᠡᠴᠡ ᠳᠡᠭᠡᠭᠰᠢᠬᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠢᠯᠡ ᠨᠡᠢᠲᠡᠯᠡᠭᠰᠡᠨ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ 12345᠂ 《ᠮᠧᠩ ᠴᠢ ᠲᠦᠩ》 ᠠᠷᠠᠳ᠎ᠡᠴᠡ ᠡᠵᠡᠩᠨᠡᠭᠰᠡᠨ ᠠᠵᠤ ᠠᠬᠤᠢᠯᠠᠯ᠎ᠤᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ ᠵᠡᠷᠭᠡ ᠠᠷᠭ᠎ᠠ ᠵᠠᠮ᠎ᠢᠶᠠᠷ ᠵᠠᠭᠠᠯᠳᠤᠵᠤ ᠢᠯᠡᠴᠢᠯᠡᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ᠎ᠶᠢᠨ ᠬᠠᠮᠲᠤ᠂ ᠬᠠᠤᠯᠢ ᠬᠡᠷᠡᠭᠵᠢᠭᠦᠯᠦᠯᠲᠡ᠎ᠶᠢᠨ ᠪᠠᠢᠴᠠᠭᠠᠯᠲᠠ᠎ᠶᠢ ᠬᠦᠯᠢᠶᠡᠬᠦ ᠦᠭᠡᠢ ᠲᠡᠪᠴᠢᠵᠦ ᠪᠣᠯᠣᠨ᠎ᠠ᠃ (ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠠᠷᠠᠳ᠎ᠡᠴᠡ ᠡᠵᠡᠩᠨᠡᠭᠰᠡᠨ ᠠᠵᠤ ᠠᠬᠤᠢ᠎ᠶᠢᠨ ᠬᠥᠭᠵᠢᠯᠲᠡ᠎ᠶᠢᠨ ᠦᠢᠯᠡᠴᠢᠯᠡᠭᠡᠨ᠎ᠦ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

17. ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠵᠤ ᠠᠬᠤᠢᠯᠠᠯ᠎ᠳᠤ ᠥᠷᠢᠲᠦᠵᠦ ᠪᠠᠢᠭ᠎ᠠ ᠲᠠᠩᠰᠠᠨ᠎ᠳᠠᠬᠢ ᠵᠣᠭᠣᠰ᠎ᠢ ᠢᠯᠭᠠᠷᠠᠭᠤᠯᠬᠤ ᠰᠢᠨ᠎ᠡ ᠨᠢᠭᠡ ᠡᠭᠡᠯᠵᠢ᠎ᠶᠢᠨ ᠲᠤᠰᠬᠠᠢ ᠠᠵᠢᠯᠯᠠᠭᠠᠨ᠎ᠢ ᠥᠷᠨᠢᠭᠦᠯᠵᠦ᠂ ᠵᠠᠭᠠᠯᠳᠤᠯᠭ᠎ᠠ᠎ᠶᠢᠨ ᠰᠦᠪᠡᠭᠴᠢ᠎ᠶᠢ ᠬᠢᠨᠠᠨ ᠬᠠᠷᠭᠤᠭᠤᠯᠵᠤ ᠰᠢᠯᠵᠢᠭᠦᠯᠦᠨ ᠭᠦᠢᠴᠡᠳᠬᠡᠯᠭᠡᠬᠦ ᠪᠠ ᠰᠢᠢᠳᠪᠦᠷᠢᠯᠡᠬᠦ᠎ᠶᠢ ᠲᠦᠷᠭᠡᠳᠬᠡᠨ᠎ᠡ ᠃ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠠᠵᠤ ᠠᠬᠤᠢᠯᠠᠯ᠎ᠳᠤ ᠥᠷᠢᠲᠦᠵᠦ ᠪᠠᠢᠭ᠎ᠠ ᠳᠠᠩᠰᠠᠨ᠎ᠳᠠᠬᠢ ᠵᠣᠭᠣᠰ᠎ᠢ ᠲᠦᠷᠦᠭᠦᠯᠡᠨ ᠢᠯᠭᠠᠷᠠᠭᠤᠯᠬᠤ᠎ᠶᠢ ᠠᠬᠢᠭᠤᠯᠬᠤ᠎ᠶᠢᠨ ᠬᠠᠮᠲᠤ᠂ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠡᠵᠡᠩᠨᠡᠯᠲᠡ᠎ᠶᠢᠨ ᠠᠮᠵᠢᠯᠲᠠ ᠪᠦᠲᠦᠮᠵᠢ᠎ᠶᠢ ᠰᠢᠯᠭᠠᠨ ᠬᠢᠨᠠᠬᠤ ᠭᠣᠣᠯᠳᠠᠯᠭ᠎ᠠ ᠪᠣᠯᠬᠣ᠌ ᠠᠭᠤᠯᠭ᠎ᠠ᠎ᠳᠤ ᠣᠷᠣᠭᠤᠯᠤᠨ᠎ᠠ ᠃ ᠲᠡᠰ ᠳᠡᠪᠰᠢᠭᠦᠯᠦᠨ ᠭᠦᠢᠴᠡᠳᠬᠡᠬᠦ ᠪᠤᠶᠤ ᠣᠷᠣᠨ ᠪᠦᠰᠡ ᠠᠯᠤᠰᠯᠠᠨ ᠰᠣᠯᠪᠢᠴᠠᠭᠤᠯᠤᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠲᠦᠷᠦ᠎ᠶᠢᠨ ᠪᠠᠢᠭᠤᠯᠭ᠎ᠠ᠂ ᠠᠵᠢᠯ ᠦᠢᠯᠡᠰ᠎ᠦᠨ ᠨᠢᠭᠡᠴᠢ᠂ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠠᠵᠤ ᠠᠬᠤᠢᠯᠠᠯ᠎ᠳᠤ ᠥᠷᠢᠲᠦᠵᠦ ᠪᠠᠢᠭ᠎ᠠ ᠲᠠᠨᠭᠰᠠᠨ᠎ᠳᠠᠬᠢ ᠵᠣᠭᠣᠰ᠎ᠤᠨ ᠬᠡᠷᠡᠭ᠎ᠢ ᠭᠦᠢᠴᠡᠳᠬᠡᠬᠦ ᠡᠷᠴᠢᠮ᠎ᠢᠶᠡᠨ ᠴᠢᠩᠭᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

18. ᠭᠦᠢᠴᠡᠳᠬᠡᠬᠦ᠎ᠶᠢ ᠲᠡᠪᠴᠢᠭᠰᠡᠨ ᠶᠠᠯᠠᠲᠤ ᠠᠵᠢᠯᠯᠠᠭ᠎ᠠ᠎ᠳᠤ ᠬᠣᠯᠪᠤᠭᠠᠯᠠᠨ ᠴᠣᠬᠢᠯᠲᠠ ᠥᠭᠬᠦ ᠲᠤᠰᠬᠠᠢ ᠠᠵᠢᠯᠯᠠᠭᠠᠨ᠎ᠢ ᠥᠷᠨᠢᠭᠦᠯᠵᠦ᠂ ᠰᠢᠭᠦᠨ ᠲᠠᠰᠤᠯᠤᠯᠲᠠ᠎ᠶᠢ ᠭᠦᠢᠴᠡᠳᠬᠡᠬᠦ᠎ᠶᠢ ᠲᠡᠪᠴᠢᠭᠰᠡᠨ ᠠᠰᠠᠭᠤᠳᠠᠯ᠎ᠢ ᠰᠢᠢᠳᠪᠦᠷᠢᠯᠡᠵᠦ᠂ ᠭᠦᠢᠴᠡᠳᠭᠡᠯᠲᠡ᠎ᠶᠢᠨ ᠰᠦᠷᠳᠡᠭᠦᠯᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠂ ᠠᠷᠠᠳ᠎ᠤᠨ ᠪᠠᠢᠴᠠᠭᠠᠬᠤ ᠬᠣᠷᠢᠶ᠎ᠠ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ᠎ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

19. ᠬᠡᠷᠡᠭ᠎ᠲᠦ ᠬᠣᠯᠪᠣᠭᠳᠠᠭᠰᠠᠨ ᠵᠣᠭᠣᠰ ᠮᠥᠩᠭᠥ ᠡᠳ᠋ ᠪᠣᠳᠠᠰ᠎ᠢ ᠰᠢᠢᠳᠪᠦᠷᠢᠯᠡᠬᠦ ᠳᠡᠰ ᠳᠠᠷᠠᠭᠠᠯᠠᠯ᠎ᠤᠨ ᠲᠣᠭᠲᠠᠭᠠᠯ᠎ᠢ ᠴᠢᠩᠭ᠎ᠠ ᠬᠡᠷᠡᠭᠵᠢᠭᠦᠯᠵᠦ᠂ ᠬᠡᠷᠡᠭ᠎ᠲᠦ ᠬᠣᠯᠪᠣᠭᠳᠠᠭᠰᠠᠨ ᠵᠣᠭᠣᠰ ᠮᠥᠩᠭᠥ ᠡᠳ᠋ ᠪᠣᠳᠠᠰ᠎ᠢ ᠪᠠᠢᠴᠠᠭᠠᠨ ᠪᠢᠲᠡᠭᠦᠮᠵᠢᠯᠡᠬᠦ᠂ ᠪᠠᠷᠢᠴᠠᠭᠠᠨ᠎ᠳᠤ ᠦᠯᠡᠳᠡᠭᠡᠬᠦ᠂ ᠴᠡᠪᠳᠡᠭᠯᠡᠬᠦ ᠠᠯᠪᠠᠳᠠᠯᠭ᠎ᠠ᠎ᠶᠢᠨ ᠠᠷᠭ᠎ᠠ ᠬᠡᠮᠵᠢᠶ᠎ᠡ᠎ᠶᠢᠨ ᠲᠣᠬᠢᠷᠠᠭᠤᠯᠤᠨ ᠬᠡᠷᠡᠭᠯᠡᠬᠦ᠎ᠶᠢ ᠵᠢᠷᠤᠮᠵᠢᠭᠤᠯᠤᠨ᠎ᠠ᠃ ᠬᠠᠤᠯᠢ ᠬᠡᠷᠡᠭᠵᠢᠭᠦᠯᠦᠯᠲᠡ᠎ᠶᠢᠨ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠵᠤ᠂ ᠡᠷᠬᠡ᠎ᠶᠢᠨ ᠬᠢᠵᠠᠭᠠᠷ᠂ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ᠎ᠠᠴᠠ ᠬᠡᠲᠦᠷᠡᠭᠦᠯᠦᠨ ᠪᠠᠢᠴᠠᠭᠠᠨ ᠪᠢᠲᠡᠭᠦᠮᠵᠢᠯᠡᠭᠰᠡᠨ᠂ ᠪᠠᠷᠢᠴᠠᠭᠠᠨ᠎ᠳᠤ ᠦᠯᠡᠳᠡᠭᠡᠭᠰᠡᠨ᠂ ᠴᠡᠪᠳᠡᠭᠯᠡᠭᠰᠡᠨ ᠠᠰᠠᠭᠤᠳᠠᠯ᠎ᠢ ᠪᠣᠯ ᠬᠠᠤᠯᠢ ᠬᠡᠷᠡᠭᠵᠢᠭᠦᠯᠬᠦ ᠭᠣᠣᠯ ᠴᠣᠭᠴᠠ᠎ᠶᠢ ᠵᠠᠷᠯᠢᠭ᠍ᠳᠠᠵᠤ ᠪᠠᠢᠭᠠᠳ ᠴᠡᠭᠴᠡᠯᠡᠨ ᠥᠭᠡᠷᠡᠴᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ᠎ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

20. ᠵᠠᠯᠬᠠᠭᠠᠬᠤ ᠴᠢᠨᠠᠷᠲᠠᠢ ᠲᠥᠯᠥᠪᠦᠷᠢ᠎ᠶᠢ ᠲᠣᠬᠢᠷᠠᠭᠤᠯᠤᠨ ᠬᠡᠷᠡᠭᠯᠡᠬᠦ ᠨᠥᠬᠥᠴᠡᠯ᠎ᠳᠦ ᠨᠡᠢᠴᠡᠬᠦ ᠮᠡᠳᠡᠯᠭᠡ᠎ᠶᠢᠨ ᠦᠮᠴᠢᠯᠡᠯ᠎ᠦᠨ ᠡᠷᠬᠡ᠎ᠳᠦ ᠬᠠᠯᠳᠠᠭᠰᠠᠨ ᠬᠡᠷᠡᠭ ᠵᠢᠴᠢ ᠰᠢᠨ᠎ᠡ ᠮᠡᠷᠭᠡᠵᠢᠯ᠂ ᠭᠣᠣᠯᠳᠠᠯᠭ᠎ᠠ ᠪᠣᠯᠬᠣ᠌ ᠠᠵᠤ ᠦᠢᠯᠡᠰ᠎ᠦᠨ ᠬᠤᠳᠠᠯᠳᠤᠭᠠᠨ᠎ᠤ ᠨᠢᠭᠤᠴᠠ᠎ᠳᠤ ᠮᠠᠭᠤ ᠰᠠᠨᠠᠭ᠎ᠠ᠎ᠲᠠᠢ᠎ᠪᠠᠷ ᠬᠠᠯᠳᠠᠵᠤ ᠡᠷᠬᠡ᠎ᠳᠦ ᠬᠠᠯᠳᠠᠭᠰᠠᠨ ᠬᠠᠤᠯᠢ᠎ᠡᠴᠡ ᠵᠥᠷᠢᠴᠡᠭᠰᠡᠨ ᠶᠠᠯᠠᠲᠤ ᠠᠵᠢᠯᠯᠠᠭ᠎ᠠ᠎ᠳᠤ᠂ ᠵᠠᠯᠬᠠᠭᠠᠬᠤ ᠴᠢᠨᠠᠷᠲᠠᠢ ᠲᠥᠯᠥᠪᠦᠷᠢ᠎ᠶᠢ ᠬᠠᠤᠯᠢ ᠶᠣᠰᠣᠭᠠᠷ ᠣᠨᠣᠪᠴᠢᠲᠠᠶ ᠲᠣᠬᠢᠷᠠᠭᠤᠯᠤᠨ ᠬᠡᠷᠡᠭᠯᠡᠵᠦ᠂ ᠮᠡᠳᠡᠯᠭᠡ᠎ᠶᠢᠨ ᠦᠮᠴᠢᠯᠡᠯ᠎ᠦᠨ ᠡᠷᠬᠡ᠎ᠳᠦ ᠬᠠᠯᠳᠠᠭᠰᠠᠨ ᠬᠡᠷᠡᠭ ᠪᠠ ᠬᠤᠳᠠᠯᠳᠤᠭᠠᠨ᠎ᠤ ᠨᠢᠭᠤᠴᠠ᠎ᠳᠤ ᠬᠠᠯᠳᠠᠭᠰᠠᠨ ᠲᠥᠷᠥᠯ᠎ᠦᠨ ᠬᠡᠷᠡᠭ᠎ᠲᠦ ᠴᠣᠬᠢᠯᠲᠠ ᠥᠭᠬᠦ ᠡᠷᠴᠢᠮ᠎ᠢᠶᠡᠨ ᠴᠢᠩᠭᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ ᠬᠠᠷᠢᠭᠤᠴᠠᠨ᠎ᠠ)

21. ᠪᠣᠳᠠᠲᠤ ᠬᠡᠷᠡᠭ᠎ᠢ ᠬᠤᠳᠠᠯ᠎ᠢᠶᠠᠷ ᠵᠣᠬᠢᠶᠠᠵᠤ ᠭᠠᠵᠢᠭᠤᠳᠠᠭᠤᠯᠬᠤ᠂ ᠭᠦᠳᠬᠡᠨ ᠵᠠᠭᠠᠯᠳᠤᠵᠤ ᠭᠦᠵᠢᠷᠯᠡᠨ ᠬᠣᠣᠷᠯᠠᠬᠤ᠂ ᠮᠠᠭᠤ ᠰᠠᠨᠠᠭ᠎ᠠ᠎ᠲᠠᠢ᠎ᠪᠠᠷ ᠵᠠᠬᠢᠳᠠᠯ ᠰᠤᠷᠪᠤᠯᠵᠢᠯᠠᠯ ᠬᠢᠬᠦ᠂ ᠰᠦᠯᠵᠢᠶ᠎ᠡ᠎ᠪᠡᠷ ᠴᠤᠤᠷᠬᠠᠯ ᠲᠠᠯᠪᠢᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠵᠠᠬ᠎ᠠ ᠳᠡᠯᠭᠡᠭᠦᠷ᠎ᠦᠨ ᠣᠷᠴᠢᠨ ᠨᠥᠬᠥᠴᠡᠯ᠎ᠢ ᠡᠪᠳᠡᠭᠰᠡᠨ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠬᠠᠤᠯᠢ ᠶᠣᠰᠣᠨ᠎ᠤ ᠡᠷᠬᠡ ᠠᠰᠢᠭ᠋᠎ᠲᠤ ᠬᠠᠯᠳᠠᠭᠰᠠᠨ᠂ ᠬᠡᠪ᠎ᠦᠨ ᠦᠢᠯᠡᠳᠪᠦᠷᠢᠯᠡᠯ ᠡᠵᠡᠩᠨᠡᠯᠲᠡ᠎ᠶᠢ ᠨᠥᠯᠥᠭᠡᠯᠡᠭᠰᠡᠨ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠨᠡᠷ᠎ᠡ ᠬᠦᠨᠳᠦ ᠳᠦᠷᠢ ᠲᠥᠷᠬᠦ᠎ᠶᠢ ᠬᠠᠮᠠᠭᠠᠯᠠᠨ᠎ᠠ᠃ ᠮᠠᠭᠤ ᠰᠠᠨᠠᠭ᠎ᠠ᠎ᠲᠠᠢ᠎ᠪᠠᠷ ᠠᠵᠢᠯ ᠮᠡᠷᠭᠡᠵᠢᠯ᠎ᠦᠨ ᠲᠥᠯᠥᠪᠦᠷᠢ ᠨᠡᠬᠡᠬᠦ᠂ ᠠᠰᠢᠭ᠋ ᠬᠣᠨᠵᠢᠬᠤ ᠴᠢᠨᠠᠷᠲᠠᠢ ᠠᠵᠢᠯ ᠮᠡᠷᠭᠡᠵᠢᠯ᠎ᠦᠨ ᠢᠯᠡᠴᠢᠯᠡᠨ ᠮᠡᠳᠡᠭᠦᠯᠦᠯᠲᠡ ᠬᠢᠬᠦ ᠵᠡᠷᠭᠡ ᠵᠠᠬ᠎ᠠ ᠳᠡᠯᠭᠡᠭᠦᠷ᠎ᠦᠨ ᠭᠦᠢᠯᠭᠡᠭᠡᠨ᠎ᠦ ᠬᠦᠷᠢᠶ᠎ᠡ ᠴᠠᠷᠠᠭᠠᠨ᠎ᠳᠡᠬᠢ ᠬᠠᠷ᠎ᠠ ᠪᠦᠯᠦᠭᠲᠡᠨ ᠬᠠᠷᠭᠢᠰ ᠬᠦᠴᠦᠨ᠎ᠦ ᠶᠠᠯᠠᠲᠤ ᠠᠵᠢᠯᠯᠠᠭ᠎ᠠ᠎ᠳᠤ ᠲᠤᠰᠬᠠᠢ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭᠠᠨ᠎ᠢ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ ᠬᠠᠷᠢᠭᠤᠴᠠᠨ᠎ᠠ)

ᠭᠤᠷᠪᠠ᠂ ᠳᠡᠯᠡᠬᠡᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠪᠠᠢᠭᠤᠯᠤᠯᠲᠠ 

22. ᠬᠢᠯᠢ᠎ᠶᠢᠨ ᠪᠣᠭᠣᠮᠲᠠ᠎ᠶᠢᠨ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠂ ᠵᠠᠰᠠᠮᠠᠯ ᠵᠠᠮ᠂ ᠲᠡᠮᠦᠷ ᠵᠠᠮ᠂ ᠠᠭᠠᠷ᠎ᠤᠨ ᠠᠶᠠᠯᠠᠯ᠎ᠤᠨ ᠬᠢᠯᠢ᠎ᠶᠢᠨ ᠪᠣᠭᠣᠮᠲᠠ᠎ᠶᠢᠨ ᠳ᠋ᠢᠬᠢᠲᠴᠢᠯᠠᠨ ᠬᠡᠯᠪᠡᠷᠢ᠎ᠪᠠᠨ ᠬᠤᠪᠢᠷᠠᠭᠤᠯᠬᠤ ᠪᠠ ᠣᠶᠤᠨᠴᠢᠯᠠᠨ ᠲᠠᠰ ᠳᠡᠪᠰᠢᠭᠦᠯᠬᠦ᠎ᠶᠢ ᠠᠬᠢᠭᠤᠯᠵᠤ᠂ ᠳᠤᠮᠳᠠᠳᠤ ᠮᠣᠩᠭᠣᠯ᠎ᠤᠨ ᠬᠢᠯᠢ ᠠᠯᠤᠰᠯᠠᠭᠰᠠᠨ AGV ᠲᠥᠷᠥᠯ ᠵᠦᠢᠯ᠎ᠦᠨ ᠪᠣᠭᠣᠮᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠵᠦᠢᠯᠡᠰ᠎ᠢ ᠳᠠᠭᠤᠷᠢᠶᠠᠵᠤ ᠳᠡᠯᠭᠡᠷᠡᠭᠦᠯᠬᠦ᠎ᠶᠢ ᠲᠦᠷᠭᠡᠳᠬᠡᠨ᠂ ᠲᠡᠭᠡᠭᠡᠪᠦᠷᠢ᠎ᠶᠢᠨ ᠡᠵᠡᠮᠳᠡᠯ᠎ᠦᠨ ᠲᠥᠪ᠎ᠦᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠤᠨ᠎ᠠ᠃ ᠨᠢᠭᠡᠳᠦᠯᠲᠡᠢ ᠪᠥᠭᠡᠳ ᠥᠨᠳᠥᠷ ᠪᠦᠲᠦᠮᠵᠢᠲᠡᠶ ᠬᠢᠯᠢ᠎ᠶᠢᠨ ᠪᠣᠭᠣᠮᠲᠠ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠵᠤ᠂ ᠬᠠᠭᠤᠷᠠᠢ ᠵᠠᠮ᠎ᠤᠨ ᠬᠢᠯᠢ᠎ᠶᠢᠨ ᠪᠣᠭᠣᠮᠲᠠ᠎ᠶᠢᠨ ᠴᠢᠳᠠᠮᠵᠢ᠎ᠶᠢᠨ ᠬᠠᠮᠵᠢᠯᠴᠠᠭ᠎ᠠ᠎ᠶᠢ ᠠᠬᠢᠭᠤᠯᠤᠨ᠎ᠠ᠃ ᠬᠢᠯᠢ᠎ᠶᠢᠨ ᠪᠣᠭᠣᠮᠲᠠ᠎ᠶᠢᠨ ᠬᠣᠲᠠ ᠬᠢᠭᠡᠳ ᠳᠣᠲᠣᠷ᠎ᠠ ᠭᠠᠵᠠᠷ᠎ᠤᠨ ᠬᠣᠲᠠ᠎ᠶᠢᠨ ᠬᠠᠮᠵᠢᠯᠴᠠᠨ ᠬᠥᠭᠵᠢᠬᠦ᠎ᠶᠢ ᠭᠦᠨᠵᠡᠭᠡᠢᠷᠡᠭᠦᠯᠵᠦ᠂ ᠰᠠᠭᠤᠷᠢᠰᠢᠭᠤᠯᠤᠨ ᠡᠳ᠋ᠰᠢᠭᠦᠯᠦᠨ ᠪᠣᠯᠪᠠᠰᠣᠷᠠᠭᠣᠯᠬᠣ᠌ ᠠᠵᠤ ᠦᠢᠯᠡᠰ᠎ᠢ ᠲᠦᠷᠭᠡᠳᠬᠡᠨ ᠬᠥᠭᠵᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠬᠢᠯᠢ᠎ᠶᠢᠨ ᠪᠣᠭᠣᠮᠲᠠ᠎ᠶᠢᠨ ᠬᠠᠮᠢᠶᠠᠷᠤᠯᠲᠠ᠎ᠶᠢᠨ ᠠᠯᠪᠠᠨ ᠭᠡᠷ᠂ ᠬᠥᠬᠡᠬᠣᠲᠠ ᠪᠣᠭᠣᠮᠲᠠ᠂ ᠮᠠᠨᠵᠤᠤᠷ ᠪᠣᠭᠣᠮᠲᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

23. ᠡᠵᠡᠩᠨᠡᠯᠲᠡ᠎ᠶᠢᠨ ᠭᠣᠣᠯ ᠴᠣᠭᠴᠠ᠎ᠶᠢᠨ ᠭᠠᠳᠠᠭᠠᠳᠤ ᠠᠷᠠᠯᠵᠢᠶ᠎ᠠ ᠥᠷᠨᠢᠭᠦᠯᠬᠦ᠂ ᠪᠣᠷᠤᠯᠠᠭᠤᠯᠭ᠎ᠠ᠎ᠶᠢᠨ ᠠᠷᠭ᠎ᠠ ᠵᠠᠮ᠎ᠢᠶᠠᠨ ᠥᠷᠭᠡᠳᠬᠡᠬᠦ ᠪᠠ ᠪᠡᠶ᠎ᠡ᠎ᠪᠡᠨ ᠳᠠᠭᠠᠭᠠᠭᠰᠠᠨ ᠨᠠᠷᠠᠲᠤ ᠲᠡᠮᠳᠡᠭ᠎ᠢ ᠪᠣᠢᠵᠢᠭᠤᠯᠬᠤ᠎ᠶᠢ ᠨᠢ ᠳᠡᠮᠵᠢᠵᠦ᠂ ᠣᠷᠣᠰ ᠮᠣᠩᠭᠣᠯ᠎ᠤᠨ ᠵᠠᠬ᠎ᠠ ᠳᠡᠯᠭᠡᠭᠦᠷ᠎ᠢ ᠦᠷᠭᠦᠯᠵᠢᠯᠡᠨ ᠪᠡᠬᠢᠵᠢᠭᠦᠯᠵᠦ᠂ ᠵᠡᠭᠦᠨ ᠠᠽᠢᠶ᠎ᠠ᠂ ᠵᠡᠭᠦᠨ ᠡᠮᠦᠨᠡᠲᠦ ᠠᠽᠢᠶ᠎ᠠ᠂ ᠳᠤᠮᠳᠠᠳᠤ ᠠᠽᠢᠶ᠎ᠠ᠂ ᠠᠦ᠋ᠰᠲᠷᠠᠯᠢᠶ᠎ᠠ ᠬᠢᠭᠡᠳ ᠰᠢᠨ᠎ᠡ ᠽᠢᠯᠠᠨᠳ᠋᠂ ᠡᠮᠦᠨᠡᠲᠦ ᠠᠮᠧᠷᠢᠺᠠ᠂ ᠡᠸᠦ᠋ᠷᠦᠫᠡ ᠲᠢᠪ ᠵᠡᠷᠭᠡ ᠤᠯᠤᠰ ᠪᠠ ᠭᠠᠵᠠᠷ ᠣᠷᠣᠨ ᠯᠤᠭ᠎ᠠ᠎ᠶᠢᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠎ᠶᠢ ᠪᠥᠬᠥ ᠲᠠᠯ᠎ᠠ᠎ᠪᠠᠷ ᠥᠷᠭᠡᠳᠬᠡᠨ᠂ ᠭᠠᠷ ᠳᠠᠮᠵᠢᠭ᠍ᠰᠠᠨ ᠮᠠᠰᠢᠨ ᠲᠡᠷᠭᠡ᠂ 《ᠰᠢᠨ᠎ᠡ ᠭᠤᠷᠪᠠᠨ ᠵᠦᠢᠯ》᠂ ᠵᠠᠪᠰᠠᠷ᠎ᠤᠨ ᠦᠢᠯᠡᠳᠬᠦᠨ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢᠨ ᠭᠠᠳᠠᠭᠠᠳᠤ ᠭᠠᠷᠭᠠᠯᠲᠠ᠎ᠶᠢᠨ ᠬᠡᠪᠴᠢᠶᠡᠵᠢᠯ᠎ᠢ ᠭᠣᠣᠯᠳᠠᠯᠭ᠎ᠠ᠎ᠲᠠᠢ ᠳᠡᠭᠡᠭᠰᠢᠯᠡᠭᠦᠯᠵᠦ᠂ ᠭᠠᠳᠠᠭᠠᠳᠤ ᠨᠡᠭᠡᠭᠡᠯᠲᠡ᠎ᠶᠢᠨ ᠥᠷᠭᠡᠴᠡ᠎ᠶᠢ ᠥᠷᠭᠡᠳᠬᠡᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠡᠯ᠎ᠡ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

24. ᠣᠲᠣ᠌ ᠦᠶ᠎ᠡ᠎ᠶᠢᠨ ᠲᠣᠨᠣᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ ᠵᠡᠷᠭᠡ ᠪᠥᠬᠥ ᠣᠷᠣᠨ᠎ᠤ ᠭᠣᠣᠯᠳᠠᠯᠭ᠎ᠠ ᠪᠣᠯᠬᠣ᠌ ᠠᠵᠤ ᠦᠢᠯᠡᠰ᠎ᠦᠨ ᠲᠣᠭᠣᠷᠢᠨ᠎ᠳᠤ᠂ ᠣᠷᠣᠨ ᠪᠦᠰᠡ᠎ᠶᠢᠨ ᠠᠵᠤ ᠠᠬᠤᠢ᠎ᠶᠢᠨ ᠬᠠᠮᠲᠤᠷᠠᠯᠴᠠᠭ᠎ᠠ᠎ᠶᠢᠨ ᠵᠠᠭᠪᠤᠷ ᠪᠠ ᠠᠵᠢᠯᠯᠠᠭᠠᠨ᠎ᠤ ᠲᠣᠭᠲᠠᠴᠠ᠎ᠳᠤ ᠰᠢᠨ᠎ᠡ᠎ᠶᠢ ᠡᠭᠦᠳᠴᠦ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠵᠠᠬ᠎ᠠ ᠳᠡᠯᠭᠡᠭᠦᠷ᠎ᠢ ᠥᠷᠭᠡᠳᠬᠡᠬᠦ᠎ᠶᠢ ᠨᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠯ᠎ᠡ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

25. ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ ᠯᠦ᠍ᠭᠡ ᠪᠥᠬᠥ ᠲᠠᠯ᠎ᠠ᠎ᠪᠠᠷ ᠵᠠᠯᠭᠠᠯᠳᠤᠭᠤᠯᠵᠤ ᠥᠨᠳᠥᠷ ᠬᠢᠷᠢ ᠲᠦᠪᠰᠢᠨ ᠪᠦᠬᠦᠢ ᠳᠦᠷᠢᠮ᠎ᠦᠨ ᠬᠡᠯᠪᠡᠷᠢᠲᠦ ᠨᠡᠭᠡᠭᠡᠯᠲᠡ᠎ᠶᠢᠨ ᠲᠤᠷᠰᠢᠯᠲᠠ᠎ᠶᠢᠨ ᠴᠡᠭ᠎ᠤᠨ ᠠᠷᠭ᠎ᠠ ᠬᠡᠮᠵᠢᠶ᠎ᠡ᠎ᠶᠢ ᠳᠠᠭᠤᠷᠢᠶᠠᠵᠤ ᠳᠡᠯᠭᠡᠷᠡᠭᠦᠯᠦᠨ᠎ᠡ᠃ ᠨᠡᠩ ᠤᠯᠠᠨ ᠥᠭᠡᠷᠡᠴᠢᠯᠡᠯᠲᠡ᠎ᠶᠢᠨ ᠡᠵᠡ ᠮᠡᠳᠡᠬᠦ ᠡᠷᠬᠡ᠎ᠶᠢ ᠡᠯ᠎ᠡ ᠲᠦᠷᠦᠯ᠎ᠦᠨ ᠨᠡᠭᠡᠭᠡᠯᠲᠡ᠎ᠶᠢᠨ ᠲᠠᠪᠴᠠᠩ᠎ᠳᠤ ᠪᠠᠭᠤᠯᠭᠠᠬᠤ᠎ᠶᠢ ᠰᠦᠪᠡᠭᠴᠢᠯᠡᠵᠦ᠂ ᠳᠦᠷᠢᠮ᠎ᠦᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠬᠢᠯᠢ᠎ᠶᠢᠨ ᠪᠣᠭᠣᠮᠲᠠ᠎ᠶᠢᠨ ᠬᠠᠮᠢᠶᠠᠷᠤᠯᠲᠠ᠎ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠬᠥᠬᠡᠬᠣᠲᠠ ᠪᠣᠭᠣᠮᠲᠠ᠂ ᠮᠠᠨᠵᠤᠤᠷ ᠪᠣᠭᠣᠮᠲᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

26. ᠬᠢᠯᠢ ᠠᠯᠤᠰᠯᠠᠭᠰᠠᠨ ᠠᠷᠠᠯᠵᠢᠶᠠᠨ᠎ᠤ ᠲᠦᠳᠡᠴᠢᠯᠡᠯᠲᠡ᠎ᠶᠢ ᠠᠬᠢᠭᠤᠯᠬᠤ ᠲᠤᠰᠬᠠᠢ ᠠᠵᠢᠯᠯᠠᠭᠠᠨ᠎ᠢ ᠥᠷᠨᠢᠭᠦᠯᠵᠦ᠂ ᠬᠢᠨᠠᠨ ᠬᠠᠮᠢᠶᠠᠷᠬᠤ ᠠᠷᠭ᠎ᠠ ᠮᠠᠶᠢᠭ᠋ ᠪᠠ ᠪᠠᠷᠠᠭᠠᠨ᠎ᠤ ᠪᠣᠭᠣᠮᠲᠠ᠎ᠪᠠᠷ ᠥᠩᠭᠡᠷᠡᠬᠦ ᠵᠠᠭᠪᠤᠷ᠎ᠢ ᠰᠢᠯᠢᠳᠡᠭᠵᠢᠭᠦᠯᠦᠨ᠎ᠡ ᠃ ᠳᠤᠮᠳᠠᠳᠤ ᠤᠯᠤᠰ (ᠥᠪᠥᠷ ᠮᠣᠩᠭᠣᠯ)᠎ᠤᠨ ᠣᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠣᠪᠴᠢ》᠎ᠶᠢᠨ ᠴᠢᠳᠠᠮᠵᠢ᠎ᠶᠢ ᠲᠡᠭᠦᠯᠳᠡᠷᠵᠢᠭᠦᠯᠵᠦ᠂ ᠣᠷᠣᠨ ᠨᠤᠲᠤᠭ᠎ᠤᠨ ᠣᠨᠴᠠᠯᠢᠭ᠋᠎ᠲᠠᠢ ᠬᠡᠷᠡᠭᠯᠡᠭᠡᠨ᠎ᠦ ᠠᠬᠤᠢ ᠪᠠᠢᠳᠠᠯ᠎ᠢ ᠪᠠᠶᠠᠯᠢᠭ᠍ᠵᠢᠭᠤᠯᠤᠨ᠎ᠠ ᠃ ᠦᠢᠯᠡᠰ ᠴᠣᠭᠴᠠᠯᠠᠬᠤ ᠠᠵᠤ ᠠᠬᠤᠢᠯᠠᠯ ᠬᠢᠭᠡᠳ ᠬᠢᠯᠢ ᠠᠯᠤᠰᠯᠠᠭᠰᠠᠨ ᠠᠷᠠᠯᠵᠢᠶᠠᠨ᠎ᠤ ᠡᠬᠢ ᠪᠠᠶᠠᠯᠢᠭ᠋᠎ᠢ ᠵᠠᠯᠭᠠᠯᠳᠤᠭᠤᠯᠬᠤ ᠲᠣᠭᠲᠠᠴᠠ᠎ᠶᠢ ᠪᠠᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠬᠢᠯᠢ᠎ᠶᠢᠨ ᠪᠣᠭᠣᠮᠲᠠ᠎ᠶᠢᠨ ᠬᠠᠮᠢᠶᠠᠷᠤᠯᠲᠠ᠎ᠶᠢᠨ ᠠᠯᠪᠠᠨ ᠭᠡᠷ᠂ ᠬᠥᠬᠡᠬᠣᠲᠠ ᠪᠣᠭᠣᠮᠲᠠ᠂ ᠮᠠᠨᠵᠤᠤᠷ ᠪᠣᠭᠣᠮᠲᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

27. ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠭᠰᠠᠨ ᠠᠵᠤ ᠠᠬᠤᠢᠯᠠᠯ᠎ᠤᠨ ᠢᠷᠭᠡᠨ᠎ᠦ ᠬᠠᠷᠠᠭᠠᠯᠵᠠᠯ᠎ᠢ ᠪᠠᠲᠤᠯᠠᠵᠤ᠂ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶᠢᠨ ᠡᠷᠬᠡ ᠠᠰᠢᠭ᠋᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠤᠨ᠂ ᠡᠳ᠋᠎ᠦᠨ ᠵᠠᠰᠠᠭ ᠭᠠᠢᠯᠢ᠎ᠶᠢᠨ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠬᠢᠵᠦ ᠡᠵᠡᠩᠨᠡᠨ ᠠᠵᠢᠯᠯᠠᠭᠤᠯᠬᠤ ᠳᠦᠭᠦᠮ ᠳᠥᠲᠡᠴᠢᠯᠡᠭᠰᠡᠨ ᠬᠡᠮᠵᠢᠶ᠎ᠡ᠎ᠶᠢ ᠳᠡᠭᠡᠭ᠌ᠰᠢᠯᠠᠭᠦᠯᠦᠨ᠎ᠡ ᠃ ᠭᠠᠳᠠᠭᠠᠳᠤ ᠪᠡᠯᠡ᠎ᠶᠢᠨ ᠠᠵᠤ ᠠᠬᠤᠢᠯᠠᠯ᠎ᠤᠨ ᠬᠢᠯᠢ᠎ᠶᠢᠨ ᠳᠣᠲᠣᠷ᠎ᠠ ᠳᠠᠬᠢᠨᠲᠠ ᠪᠡᠯᠡ ᠣᠷᠣᠭᠤᠯᠬᠤ᠎ᠶᠢ ᠵᠣᠷᠢᠭ᠍ᠵᠢᠭᠤᠯᠬᠤ ᠤᠯᠤᠰ᠎ᠤᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠢᠳᠡᠪᠬᠢᠲᠡᠢ᠎ᠪᠡᠷ ᠨᠠᠢᠳᠠᠪᠤᠷᠢᠵᠢᠭᠤᠯᠵᠤ᠂ ᠴᠢᠨᠠᠷ ᠰᠠᠢᠲᠠᠢ ᠭᠠᠳᠠᠭᠠᠳᠤ ᠪᠡᠯᠡ᠎ᠶᠢᠨ ᠲᠦᠷᠦᠯ ᠵᠦᠢᠯ ᠲᠠᠢ ᠰᠠᠨᠠᠭᠠᠴᠢᠯᠠᠭ᠎ᠠ ᠲᠠᠢ᠎ᠪᠠᠷ ᠵᠠᠯᠭᠠᠯᠳᠤᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠡᠳ᠋᠎ᠦᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠥᠪᠥᠷ ᠮᠣᠩᠭᠣᠯ᠎ᠤᠨ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠦᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ) 

ᠳᠥᠷᠪᠡ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠬᠢᠷᠢ ᠲᠦᠪᠰᠢᠨ᠎ᠢ ᠰᠢᠰᠲᠧᠮ᠎ᠲᠠᠢ᠎ᠪᠠᠷ ᠳᠡᠭᠡᠭᠰᠢᠯᠡᠭᠦᠯᠦᠨ᠎ᠡ

28. ᠪᠠᠢᠩᠭᠤᠰᠢᠭᠤᠯᠤᠭᠰᠠᠨ 《ᠪᠢᠴᠢᠯ ᠥᠭᠡᠷᠡᠴᠢᠯᠡᠯᠲᠡ》᠎ᠶᠢᠨ ᠲᠤᠰᠬᠠᠢ ᠠᠵᠢᠯᠯᠠᠭᠠᠨ᠎ᠢ ᠬᠡᠷᠡᠭᠵᠢᠭᠦᠯᠵᠦ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠲᠤᠰᠬᠠᠭᠰᠠᠨ ᠲᠣᠪᠣᠢᠮ᠎ᠠ ᠠᠰᠠᠭᠤᠳᠠᠯ᠎ᠳᠤ ᠴᠢᠭᠯᠡᠭᠦᠯᠦᠨ᠂ ᠵᠢᠵᠢᠭ ᠵᠦᠢᠯᠡᠰ᠎ᠡᠴᠡ ᠭᠠᠷᠳᠠᠵᠤ 《ᠪᠢᠴᠢᠯ ᠥᠭᠡᠷᠡᠴᠢᠯᠡᠯᠲᠡ》᠎ᠶᠢᠨ ᠵᠦᠢᠯᠡᠰ᠎ᠦᠨ ᠲᠣᠳᠣᠷᠬᠠᠢ ᠬᠠᠭᠤᠳᠠᠰᠤ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠡᠮᠬᠢᠯᠡᠨ ᠳᠢᠭᠯᠡᠬᠦ᠎ᠶᠢᠨ ᠬᠠᠮᠲᠤ ᠰᠢᠢᠳᠪᠦᠷᠢᠯᠡᠬᠦ᠎ᠶᠢ ᠠᠬᠢᠭᠤᠯᠵᠤ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠲᠥᠷᠥᠭᠳᠡᠯ᠎ᠢ ᠰᠠᠢᠵᠢᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠬᠠᠷᠢᠭᠤᠴᠠᠨ᠎ᠠ)

29. ᠥᠪᠡᠷᠮᠢᠴᠡ ᠣᠨᠴᠠᠯᠢᠭ᠋ ᠪᠦᠬᠦᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠲᠤᠰᠬᠠᠢ ᠵᠦᠢᠯ᠎ᠦᠨ ᠪᠦᠲᠦᠭᠡᠨ ᠪᠠᠢᠭᠤᠯᠤᠯᠲᠠ᠎ᠶᠢ ᠬᠡᠷᠡᠭᠵᠢᠭᠦᠯᠵᠦ᠂ ᠣᠨ᠎ᠢᠶᠠᠷ ᠲᠡᠷᠢᠭᠦᠨ᠎ᠦ ᠭᠠᠵᠠᠷ ᠣᠷᠣᠨ᠎ᠤ ᠲᠤᠷᠰᠢᠯᠭᠠᠲᠤ ᠠᠷᠭ᠎ᠠ ᠬᠢᠳᠡᠯ᠎ᠢ ᠡᠮᠬᠢᠯᠡᠨ ᠳᠢᠭᠯᠡᠵᠦ᠂ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠢ ᠵᠣᠬᠢᠶᠠᠨ ᠪᠠᠢᠭᠤᠯᠤᠨ 《ᠵᠠᠷᠯᠠᠯ ᠨᠡᠢᠲᠡᠯᠡᠵᠦ ᠬᠣᠰᠢᠭᠤᠷᠠᠨ ᠠᠵᠢᠯᠯᠠᠭᠤᠯᠬᠤ》 ᠠᠷᠭ᠎ᠠ ᠮᠠᠶᠢᠭ᠋᠎ᠢᠶᠠᠷ ᠳᠠᠮᠵᠢᠭᠤᠯᠤᠨ ᠥᠭᠡᠷᠡᠴᠢᠯᠡᠯᠲᠡ᠎ᠶᠢᠨ ᠵᠦᠢᠯᠡᠰ᠎ᠢ ᠰᠠᠨᠠᠭᠠᠴᠢᠯᠠᠭ᠎ᠠ ᠎ᠠᠴᠠ᠎ᠪᠠᠨ ᠲᠠᠨᠢᠵᠤ ᠠᠪᠤᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠥᠭᠡᠷᠡᠴᠢᠯᠡᠯᠲᠡ᠎ᠶᠢ ᠣᠷᠣᠨ ᠨᠤᠲᠤᠭ᠎ᠤᠨ ᠪᠣᠳᠠᠲᠠᠢ᠎ᠲᠠᠢ᠎ᠪᠠᠨ ᠨᠢᠭ᠍ᠲᠠ ᠤᠶᠠᠯᠳᠤᠭᠤᠯᠬᠤ᠎ᠶᠢ ᠠᠬᠢᠭᠤᠯᠤᠨ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠥᠪᠡᠷᠮᠢᠴᠡ ᠣᠨᠴᠠᠯᠢᠭ᠋ ᠪᠦᠬᠦᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠬᠥᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠬᠠᠷᠢᠭᠤᠴᠠᠨ᠎ᠠ)

30. ᠠᠵᠤ ᠦᠢᠯᠡᠰ᠎ᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠲᠤᠰᠬᠠᠢ ᠵᠦᠢᠯ᠎ᠦᠨ ᠥᠭᠡᠷᠡᠴᠢᠯᠡᠯᠲᠡ᠎ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠭᠣᠣᠯᠳᠠᠯᠭ᠎ᠠ ᠪᠣᠯᠬᠣ᠌ ᠠᠵᠤ ᠦᠢᠯᠡᠰ᠎ᠦᠨ ᠬᠡᠯᠬᠢᠶ᠎ᠡ᠎ᠶᠢᠨ ᠲᠦᠷᠦᠭᠦᠯᠡᠬᠦ ᠰᠠᠯᠠᠭ᠎ᠠ ᠮᠥᠴᠢᠷ᠎ᠡᠴᠡ ᠬᠠᠷᠢᠭᠤᠴᠠᠵᠤ᠂ ᠡᠯ᠎ᠡ ᠲᠥᠷᠥᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠠᠵᠤ ᠦᠢᠯᠡᠰ᠎ᠦᠨ ᠬᠡᠯᠬᠢᠶ᠎ᠡ᠎ᠪᠡᠷ ᠡᠮᠬᠢᠯᠡᠨ ᠲᠡᠭᠦᠯᠳᠡᠷᠵᠢᠭᠦᠯᠵᠦ᠂ ᠭᠤᠶᠤᠴᠢᠯᠠᠨ ᠮᠡᠳᠡᠭᠦᠯᠬᠦ ᠨᠥᠬᠥᠴᠡᠯ᠂ ᠴᠤᠪᠤᠷᠠᠯ ᠵᠡᠷᠭᠡ ᠠᠭᠤᠯᠭ᠎ᠠ᠎ᠶᠢ ᠨᠠᠷᠢᠯᠢᠭ᠍ᠵᠢᠭᠤᠯᠤᠨ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠪᠡᠶᠡᠯᠡᠭᠦᠯᠬᠦ ᠦᠢᠯᠡᠴᠢᠯᠡᠭᠡ᠎ᠶᠢ ᠰᠢᠯᠢᠳᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠶᠢ ᠠᠵᠤ ᠦᠢᠯᠡᠰ᠎ᠦᠨ ᠴᠢᠨᠠᠷ ᠰᠠᠢᠲᠠᠢ ᠬᠥᠭᠵᠢᠬᠦ ᠯᠦ᠍ᠭᠡ ᠬᠣᠷᠰᠢᠨ ᠬᠥᠳᠡᠯᠦᠯᠴᠡᠬᠦ᠎ᠶᠢ ᠠᠬᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠭᠣᠣᠯᠳᠠᠯᠭ᠎ᠠ ᠪᠣᠯᠬᠣ᠌ ᠠᠵᠤ ᠦᠢᠯᠡᠰ᠎ᠦᠨ ᠬᠡᠯᠬᠢᠶ᠎ᠡ᠎ᠶᠢᠨ ᠲᠦᠷᠦᠭᠦᠯᠡᠬᠦ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

31. ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ 《ᠰᠡᠷᠡᠭᠳᠡᠯ ᠦᠭᠡᠢ᠎ᠪᠡᠷ ᠬᠢᠨᠠᠨ ᠰᠢᠨᠵᠢᠬᠦ》 ᠭᠦᠢᠴᠡᠳᠬᠡᠯ ᠲᠣᠭ᠎ᠠ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠡᠯ᠎ᠡ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ ᠪᠥᠬᠥ ᠣᠷᠣᠨ᠎ᠤ ᠨᠢᠭᠡ ᠴᠣᠭᠴᠠᠵᠢᠭ᠍ᠰᠠᠨ ᠵᠠᠰᠠᠭ᠎ᠤᠨ ᠶᠠᠪᠤᠳᠠᠯ᠎ᠤᠨ ᠲᠣᠮᠣ᠌ ᠳ᠋ᠠᠢᠲ᠋ᠠ᠎ᠶᠢᠨ ᠰᠢᠰᠲᠧᠮ᠎ᠳᠦ ᠲᠦᠰᠢᠭᠯᠡᠨ ᠭᠦᠢᠴᠡᠳᠬᠡᠯ ᠲᠣᠭ᠎ᠠ᠎ᠶᠢᠨ ᠳ᠋ᠠᠢᠲ᠋ᠠ᠎ᠶᠢ ᠴᠠᠭ ᠲᠤᠬᠠᠢ᠎ᠳᠤ ᠨᠢ ᠬᠠᠮᠲᠤ ᠪᠠᠷ ᠭᠥᠷᠳᠡᠵᠦ᠂ ᠳ᠋ᠠᠢᠲ᠋ᠠ᠎ᠶᠢ ᠰᠦᠯᠵᠢᠶ᠎ᠡ᠎ᠪᠠᠷ ᠲᠠᠲᠠᠵᠤ ᠠᠪᠬᠤ ᠪᠠ 《ᠰᠡᠷᠡᠭᠳᠡᠯ ᠦᠭᠡᠢ᠎ᠪᠠᠷ ᠬᠢᠨᠠᠨ ᠰᠢᠨᠵᠢᠬᠦ》᠎ᠶᠢ ᠥᠷᠨᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠡᠯ᠎ᠡ ᠲᠤᠬᠠᠢᠯᠠᠭᠰᠠᠨ ᠠᠵᠢᠯ᠎ᠤᠨ ᠰᠢᠰᠲᠧᠮ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

32. ᠠᠰᠠᠭᠤᠳᠠᠯ᠎ᠢ ᠰᠢᠢᠳᠪᠦᠷᠢᠯᠡᠬᠦ ᠪᠥᠬᠥ ᠴᠤᠪᠤᠷᠠᠯ᠎ᠤᠨ ᠦᠢᠯᠡᠴᠢᠯᠡᠭᠡ᠎ᠶᠢ ᠴᠢᠩᠭᠠᠷᠠᠭᠤᠯᠤᠨ᠂ ᠠᠵᠤ ᠠᠬᠤᠢᠯᠠᠯ᠎ᠤᠨ ᠬᠠᠨᠤᠮᠵᠢ᠎ᠶᠢᠨ ᠬᠡᠮᠵᠢᠶ᠎ᠡ᠎ᠪᠡᠷ ᠰᠢᠢᠳᠪᠦᠷᠢᠯᠡᠵᠦ ᠳᠠᠭᠤᠰᠬᠠᠬᠤ ᠡᠰᠡᠬᠦ᠎ᠶᠢᠨ ᠭᠣᠣᠯ ᠪᠠᠷᠢᠮᠵᠢᠶ᠎ᠠ ᠪᠣᠯᠭᠠᠨ ᠲᠣᠬᠢᠷᠠᠭᠤᠯᠵᠤ ᠭᠦᠢᠴᠡᠳᠬᠡᠬᠦ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠭᠣᠣᠯᠳᠠᠯᠭ᠎ᠠ ᠪᠣᠯᠬᠣ᠌ ᠪᠡᠷᠬᠡ ᠠᠰᠠᠭᠤᠳᠠᠯ᠎ᠢ ᠰᠠᠯᠠᠭ᠎ᠠ ᠮᠥᠴᠢᠷ ᠠᠯᠤᠰᠯᠠᠨ᠂ ᠱᠠᠲᠤ ᠳᠠᠪᠬᠤᠷᠭ᠎ᠠ ᠠᠯᠤᠰᠯᠠᠨ ᠵᠥᠪᠳᠡᠯᠴᠡᠨ ᠵᠣᠬᠢᠴᠠᠭᠤᠯᠬᠤ ᠲᠣᠭᠲᠠᠴᠠ ᠪᠠ ᠲᠡᠰ ᠳᠡᠪᠰᠢᠭᠦᠯᠦᠨ ᠰᠢᠢᠳᠪᠦᠷᠢᠯᠡᠬᠦ ᠲᠣᠭᠲᠠᠴᠠ᠎ᠶᠢ ᠲᠡᠭᠦᠯᠳᠡᠷᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠡᠴᠡ ᠡᠵᠡᠩᠨᠡᠭᠰᠡᠨ ᠠᠵᠤ ᠠᠬᠤᠢ᠎ᠶᠢᠨ ᠬᠥᠭᠵᠢᠯᠲᠡ᠎ᠶᠢᠨ ᠦᠢᠯᠡᠴᠢᠯᠡᠭᠡᠨ᠎ᠦ ᠲᠣᠪᠴᠢᠶ᠎ᠠ ᠬᠠᠷᠢᠭᠤᠴᠠᠨ᠎ᠠ)

33. ᠡᠵᠡᠩᠨᠡᠯᠲᠡ᠎ᠶᠢᠨ ᠭᠣᠣᠯ ᠴᠣᠭᠴᠠ᠎ᠶᠢᠨ ᠲᠥᠷᠥᠭᠳᠡᠯ᠎ᠢᠶᠡᠷ ᠭᠣᠣᠯ ᠪᠣᠯᠭᠠᠵᠤ᠂ ᠡᠵᠡᠩᠨᠡᠯᠲᠡ᠎ᠶᠢᠨ ᠭᠣᠣᠯ ᠴᠣᠭᠴᠠ᠎ᠳᠤ ᠬᠣᠯᠪᠣᠭᠳᠠᠬᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠦᠨᠡᠯᠡᠨ ᠵᠢᠱ᠌ᠢᠭᠰᠡᠨ ᠦᠷ᠎ᠡ ᠳ᠋ᠦᠩ᠎ᠢ ᠬᠡᠷᠡᠭᠯᠡᠬᠦ ᠲᠣᠭᠲᠠᠴᠠ᠎ᠶᠢ ᠲᠡᠭᠦᠯᠳᠡᠷᠵᠢᠭᠦᠯᠦᠨ᠂ ᠦᠷ᠎ᠡ ᠪᠦᠲᠦᠮᠵᠢ᠎ᠪᠡᠷ ᠢᠯᠡᠷᠬᠡᠢ ᠪᠤᠰᠤ ᠲᠥᠷᠥ᠎ᠶᠢᠨ ᠪᠣᠳᠣᠯᠭ᠎ᠠ᠎ᠳᠤ ᠴᠠᠭ ᠲᠤᠬᠠᠢ᠎ᠳᠤ ᠨᠢ ᠵᠠᠰᠠᠪᠤᠷᠢ ᠣᠷᠣᠭᠤᠯᠤᠨ ᠲᠣᠬᠢᠷᠠᠭᠤᠯᠤᠯᠲᠠ ᠬᠢᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠬᠠᠷᠢᠭᠤᠴᠠᠨ᠎ᠠ)

34. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ 《ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ ᠤ᠋ᠨ ᠶᠠᠰᠤ ᠴᠢᠨᠠᠷ᠎ᠢ ᠳᠡᠭᠡᠭᠰᠢᠯᠡᠭᠦᠯᠬᠦ ᠣᠨ》᠎ᠤ ᠠᠵᠢᠯᠯᠠᠭᠠᠨ᠎ᠢ ᠭᠦᠨᠵᠡᠭᠡᠢ ᠥᠷᠨᠢᠭᠦᠯᠵᠦ᠂ ᠲᠡᠷᠢᠭᠦᠨ ᠳᠡᠰ᠎ᠦᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠪᠣᠶ ᠪᠣᠯᠭᠠᠬᠤ ᠲᠠᠯ᠎ᠠ᠎ᠪᠠᠷ ᠠᠯᠢ ᠲᠦᠷᠭᠡᠨ᠎ᠢᠶᠡᠷ ᠢᠯᠡᠳᠲᠡ ᠦᠷ᠎ᠡ ᠪᠦᠲᠦᠮᠵᠢ ᠣᠯᠬᠤ ᠬᠡᠷᠡᠭᠲᠡᠢ᠃ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠲᠣᠰ ᠲᠥᠰᠥᠯ᠎ᠦᠨ ᠡᠯ᠎ᠡ ᠵᠦᠢᠯ᠎ᠦᠨ ᠡᠭᠦᠷᠭᠡ᠎ᠶᠢ ᠬᠢᠨᠠᠮᠠᠭᠠᠢ ᠨᠠᠢᠳᠠᠪᠤᠷᠢᠵᠢᠭᠤᠯᠤᠨ᠂ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠤ ᠪᠠᠨ ᠲᠣᠬᠢᠷᠠᠭᠤᠯᠤᠨ ᠲᠣᠰ ᠭᠠᠵᠠᠷ ᠣᠷᠣᠨ᠎ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢᠶᠠᠨ ᠰᠠᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠲᠣᠰ ᠬᠦᠷᠢᠶ᠎ᠡ ᠴᠠᠷᠠᠭᠠᠨ᠎ᠳᠡᠬᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠤᠨ ᠥᠭᠡᠷᠡᠴᠢᠯᠡᠯᠲᠡ᠎ᠶᠢ ᠬᠢᠨᠠᠮᠠᠭᠠᠢ ᠠᠬᠢᠭᠤᠯᠵᠤ᠂ ᠡᠯ᠎ᠡ ᠵᠦᠢᠯ᠎ᠦᠨ ᠡᠭᠦᠷᠭᠡ᠎ᠶᠢ ᠦᠨᠡᠨ ᠬᠦ᠌ ᠨᠠᠢᠳᠠᠪᠤᠷᠢᠵᠢᠭᠤᠯᠤᠨ ᠪᠣᠳᠠᠲᠠᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠲᠦᠷᠦᠭᠦᠯᠡᠨ ᠪᠥᠬᠥ ᠣᠷᠣᠨ᠎ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠲᠦᠷᠦᠭᠦᠯᠡᠨ ᠬᠠᠷᠢᠭᠤᠴᠠᠵᠤ᠂ ᠲᠣᠰ ᠲᠥᠰᠥᠯ᠎ᠦᠨ ᠡᠯ᠎ᠡ ᠵᠦᠢᠯ᠎ᠦᠨ ᠡᠭᠦᠷᠭᠡ᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠢᠶᠠᠨ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ᠎ᠶᠢᠨ ᠬᠠᠮᠲᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠬᠢᠨᠠᠨ ᠰᠢᠨᠵᠢᠬᠦ ᠬᠡᠪᠴᠢᠶᠡᠨ᠎ᠳᠦ ᠣᠷᠣᠭᠤᠯᠵᠤ᠂ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠤᠬᠠᠭᠤᠯᠬᠤ ᠪᠠ ᠨᠠᠵᠠᠭᠠᠢ ᠲᠠᠯ᠎ᠠ᠎ᠶᠢᠨ ᠬᠡᠷᠡᠭ᠎ᠦᠨ ᠵᠢᠱ᠌ᠢᠶ᠎ᠡ᠎ᠶᠢ ᠨᠡᠪᠲᠡᠷᠡᠭᠦᠯᠦᠨ ᠮᠡᠳᠡᠭᠡᠯᠡᠬᠦ ᠠᠵᠢᠯ᠎ᠢ ᠴᠠᠭ ᠲᠤᠬᠠᠢ᠎ᠳᠤ ᠨᠢ ᠥᠷᠨᠢᠭᠦᠯᠵᠦ᠂ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ)

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ    2026 ᠣᠨ᠎ᠤ 2 ᠳ᠋ᠤᠭᠠᠷ ᠰᠠᠷ᠎ᠠ᠎ᠶᠢᠨ 1᠎ᠤ ᠡᠳᠦᠷ ᠳᠠᠷᠤᠮᠠᠯᠯᠠᠨ ᠲᠠᠷᠬᠠᠭᠠᠪᠠ    

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号