ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠠᠯᠪᠠᠨ ᠪᠢᠴᠢᠭ
2026 ᠣᠨ᠎ᠤ ᠤᠢ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠨ ᠤᠨᠲᠠᠷᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ᠋
ᠨᠡᠢᠲᠡᠯᠡᠭᠰᠡᠨ ᠴᠠᠭ᠄ 2026-07-10

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲᠧᠷᠢᠶᠠᠯ

ᠥᠪᠥᠷ ᠵᠠᠰᠠᠭ ᠲᠠᠷᠬᠠᠭᠠᠭᠰᠠᠨ 〔2026〕 8 ᠳ᠋ᠤᠭᠠᠷ ᠲᠣᠭᠠᠲᠤ

 

2026 ᠣᠨ᠎ᠤ ᠤᠢ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠨ ᠤᠨᠲᠠᠷᠠᠭᠠᠬᠤ ᠲᠤᠬᠠᠢ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ᠋

 

ᠡᠯ᠎ᠡ ᠠᠢᠮᠠᠭ᠎ᠤᠨ ᠵᠠᠬᠢᠷᠭ᠎ᠠ᠂ ᠬᠤᠳᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠤᠨ ᠨᠢᠭᠡᠴᠢ᠎ᠳᠤ᠄ 

ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠎ᠦᠨ ᠬᠦᠨᠳᠦ ᠶᠡᠬᠡ ᠭᠠᠯ ᠲᠦᠢᠮᠡᠷ᠎ᠤᠨ ᠲᠦᠭᠰᠢᠭᠦᠷᠢ᠎ᠶᠢ ᠪᠥᠬᠥ ᠬᠦᠴᠦᠨ᠎ᠢᠶᠡᠷ᠎ᠢᠶᠡᠨ ᠰᠡᠷᠭᠡᠢᠯᠡᠨ ᠠᠷᠢᠯᠭᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠪᠠ ᠠᠮᠢ ᠠᠬᠤᠢ᠎ᠶᠢᠨ ᠠᠮᠤᠷ ᠲᠦᠪᠰᠢᠨ᠎ᠢ ᠪᠠᠲᠤᠯᠠᠬᠤ᠎ᠶᠢᠨ ᠲᠤᠰᠠᠳᠠ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠰᠢᠭᠤᠢ᠎ᠶᠢᠨ ᠬᠠᠤᠯᠢ》᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》᠂ 《ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠨ ᠤᠨᠲᠠᠷᠠᠭᠠᠬᠤ ᠳᠦᠷᠢᠮ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠦᠨᠳᠦᠰᠦᠯᠡᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭ᠍ᠲᠠᠷᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠳᠣᠣᠷᠠᠬᠢ ᠮᠡᠲᠦ ᠵᠠᠷᠯᠢᠭ᠋᠎ᠢ ᠨᠡᠢᠲᠡᠯᠡᠪᠡ᠃ 

ᠨᠢᠭᠡ᠂ ᠭᠠᠯ ᠰᠡᠷᠭᠡᠢᠯᠡᠬᠦ ᠬᠤᠭᠤᠴᠠᠭ᠎ᠠ ᠪᠠ ᠭᠠᠯ ᠰᠡᠷᠭᠡᠢᠯᠡᠬᠦ ᠣᠷᠣᠨ᠎ᠢ ᠬᠤᠪᠢᠶᠠᠷᠢᠯᠠᠨ ᠲᠣᠭᠲᠠᠭᠠᠬᠤ ᠠᠵᠢᠯ᠎ᠢ ᠲᠣᠳᠣᠷᠬᠠᠢᠯᠠᠨ᠎ᠠ

ᠪᠥᠬᠥ ᠣᠷᠣᠨ᠎ᠤ ᠭᠠᠯ ᠰᠡᠷᠭᠡᠢᠯᠡᠬᠦ ᠬᠤᠭᠤᠴᠠᠭ᠎ᠠ ᠨᠢ 3 ᠳ᠋ᠤᠭᠠᠷ ᠰᠠᠷ᠎ᠠ᠎ᠶᠢᠨ 15᠎ᠤ ᠡᠳᠦᠷ᠎ᠡᠴᠡ 6 ᠳ᠋ᠤᠭᠠᠷ ᠰᠠᠷ᠎ᠠ᠎ᠶᠢᠨ 15᠎ᠤ ᠡᠳᠦᠷ᠂ 9 ᠳ᠋ᠦ᠍ᠭᠡᠷ ᠰᠠᠷ᠎ᠠ᠎ᠶᠢᠨ 15᠎ᠤ ᠡᠳᠦᠷ᠎ᠡᠴᠡ 11 ᠳ᠋ᠦ᠍ᠭᠡᠷ ᠰᠠᠷ᠎ᠠ᠎ᠶᠢᠨ 15᠎ᠤ ᠡᠳᠦᠷ ᠪᠣᠯᠣᠨ᠎ᠠ᠂ ᠡᠭᠦᠨ᠎ᠳᠦ ᠤᠯᠠᠭᠠᠨᠴᠠᠪ ᠬᠣᠲᠠ᠎ᠠᠴᠠ ᠪᠠᠷᠠᠭᠤᠨᠰᠢᠬᠢ ᠭᠠᠵᠠᠷ ᠣᠷᠣᠨ ᠪᠣᠯ ᠲᠣᠰ ᠵᠢᠯ᠎ᠦᠨ 9 ᠳ᠋ᠦ᠍ᠭᠡᠷ ᠰᠠᠷ᠎ᠠ᠎ᠶᠢᠨ 15᠎ᠤ ᠡᠳᠦᠷ᠎ᠡᠴᠡ ᠳᠠᠷᠠᠭ᠎ᠠ ᠵᠢᠯ᠎ᠦᠨ 6 ᠳ᠋ᠤᠭᠠᠷ ᠰᠠᠷ᠎ᠠ᠎ᠶᠢᠨ 15᠎ᠤ ᠡᠳᠦᠷ ᠪᠣᠯᠣᠨ᠎ᠠ᠂ ᠶᠡᠬᠡ ᠬᠢᠩᠭᠠᠨ ᠳᠠᠪᠠᠭ᠎ᠠ᠎ᠶᠢᠨ ᠰᠢᠭᠤᠢᠲᠤ ᠣᠷᠣᠨ ᠪᠣᠯ 4 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ 10 ᠳ᠋ᠤᠭᠠᠷ ᠰᠠᠷ᠎ᠠ᠎ᠶᠢᠨ 31᠎ᠦ ᠡᠳᠦᠷ ᠪᠣᠯᠣᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭᠠᠨ᠎ᠤ ᠣᠷᠣᠨ᠎ᠦ ᠪᠡᠨ ᠤᠢ ᠰᠢᠭᠤᠢ᠎ᠶᠢᠨ ᠪᠠᠢᠳᠠᠯ᠂ ᠨᠡᠢᠭᠡᠮ᠎ᠤᠨ ᠪᠠᠢᠳᠠᠯ᠂ ᠴᠠᠭ ᠠᠭᠤᠷ ᠪᠠ ᠭᠠᠯ ᠲᠦᠢᠮᠡᠷ ᠡᠭᠦᠰᠬᠦ ᠵᠢᠮ᠎ᠡ ᠶᠣᠰᠣ᠌᠎ᠶᠢ ᠦᠨᠳᠦᠰᠦᠯᠡᠨ᠂ ᠭᠠᠯ ᠰᠡᠷᠭᠡᠢᠯᠡᠬᠦ ᠣᠷᠣᠨ᠎ᠢ ᠰᠢᠨᠵᠢᠯᠡᠬᠦ ᠤᠬᠠᠭᠠᠨᠴᠢ᠎ᠪᠠᠷ ᠬᠤᠪᠢᠶᠠᠷᠢᠯᠠᠨ ᠲᠣᠭᠲᠠᠭᠠᠵᠤ᠂ ᠭᠠᠯ ᠰᠡᠷᠭᠡᠢᠯᠡᠬᠦ ᠬᠤᠭᠤᠴᠠᠭ᠎ᠠ᠎ᠶᠢ ᠤᠷᠢᠳᠴᠢᠯᠠᠨ ᠡᠬᠢᠯᠡᠭᠦᠯᠬᠦ ᠪᠤᠶᠤ ᠬᠣᠢᠰᠢᠯᠠᠭᠤᠯᠤᠨ ᠳᠠᠭᠤᠰᠬᠠᠬᠤ᠎ᠶᠢᠨ ᠬᠠᠮᠲᠤ ᠨᠡᠢᠭᠡᠮ᠎ᠳᠤ ᠨᠡᠢᠲᠡᠯᠡᠬᠦ ᠬᠡᠷᠡᠭᠲᠡᠢ᠃ 

ᠬᠣᠶᠠᠷ᠂ ᠭᠠᠯ᠎ᠤᠨ ᠢᠷᠡᠯᠲᠡ᠎ᠶᠢ ᠬᠠᠮᠢᠶᠠᠷᠤᠨ ᠡᠵᠡᠮᠳᠡᠬᠦ᠎ᠪᠡᠨ ᠴᠢᠩᠳᠠᠯᠠᠨ᠎ᠠ

ᠬᠦᠨᠳᠦ ᠶᠡᠬᠡ ᠳᠠᠯᠳᠠ ᠬᠡᠮ᠎ᠢ ᠬᠥᠳᠡᠯᠦᠩᠭᠦᠢ᠎ᠪᠡᠷ ᠠᠷᠢᠯᠭᠠᠬᠤ᠂ ᠲᠣᠭᠲᠠᠭᠠᠯ᠎ᠡᠴᠡ ᠵᠥᠷᠢᠴᠡᠨ ᠭᠠᠯ ᠬᠡᠷᠡᠭᠯᠡᠬᠦ᠎ᠶᠢ ᠪᠠᠢᠴᠠᠭᠠᠨ ᠰᠢᠢᠳᠪᠦᠷᠢᠯᠡᠬᠦ᠂ 《ᠣᠶ ᠰᠢᠭᠤᠢ ᠪᠠ ᠴᠠᠬᠢᠯᠭᠠᠨ ᠬᠦᠴᠦᠨ᠎ᠦ ᠠᠮᠤᠷ ᠲᠦᠪᠰᠢᠨ᠎ᠢ ᠬᠠᠮᠲᠤ᠎ᠪᠡᠷ ᠪᠠᠲᠤᠯᠠᠬᠤ》 ᠵᠡᠷᠭᠡ ᠲᠤᠰᠬᠠᠢ ᠠᠵᠢᠯᠯᠠᠭᠠᠨ᠎ᠢ ᠭᠦᠨᠵᠡᠭᠡᠢ ᠠᠬᠢᠭᠤᠯᠤᠨ᠎ᠠ᠃ 《ᠬᠠᠩᠰᠢ》᠂ 《ᠲᠠᠪᠤᠨ ᠰᠠᠷ᠎ᠠ᠎ᠶᠢᠨ ᠨᠢᠭᠡᠨ》᠂ 《ᠤᠯᠤᠰ᠎ᠤᠨ ᠪᠠᠶᠠᠷ》 ᠵᠡᠷᠭᠡ ᠴᠢᠬᠤᠯᠠ ᠴᠠᠭ ᠬᠤᠭᠤᠴᠠᠭ᠎ᠠ᠂ ᠢᠷᠭᠡᠨ᠎ᠦ ᠬᠡᠷᠡᠭ᠎ᠦᠨ ᠦᠢᠯᠡ ᠠᠵᠢᠯᠯᠠᠭᠠᠨ᠎ᠤ ᠴᠢᠳᠠᠪᠤᠷᠢ ᠦᠭᠡᠢ ᠬᠥᠮᠥᠨ ᠪᠠ ᠢᠷᠭᠡᠨ᠎ᠦ ᠬᠡᠷᠡᠭ᠎ᠤᠨ ᠦᠢᠯᠡ ᠠᠵᠢᠯᠯᠠᠭᠠᠨ᠎ᠤ ᠴᠢᠳᠠᠪᠤᠷᠢ ᠨᠢ ᠬᠢᠵᠠᠭᠠᠷᠲᠠᠢ ᠬᠥᠮᠥᠨ ᠵᠡᠷᠭᠡ ᠭᠣᠣᠯᠳᠠᠯᠭ᠎ᠠ ᠪᠣᠯᠬᠤ ᠬᠥᠮᠥᠰ ᠵᠢᠴᠢ ᠦᠢᠯᠡᠳᠪᠦᠷᠢ ᠠᠭᠤᠷᠬᠠᠢ ᠨᠡᠭᠡᠭᠡᠨ ᠮᠠᠯᠲᠠᠬᠤ᠂ ᠰᠠᠯᠬᠢᠨ ᠬᠦᠴᠦᠨ᠎ᠦ ᠴᠠᠬᠢᠯᠭᠠᠨ᠂ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ ᠵᠡᠷᠭᠡ ᠴᠢᠬᠤᠯᠠ ᠶᠡᠬᠡ ᠢᠨᠵᠧᠨᠧᠷᠢᠩ᠎ᠢ ᠴᠢᠩᠭ᠎ᠠ ᠠᠩᠬᠠᠷᠴᠤ᠂ ᠲᠠᠬᠢᠯᠭ᠎ᠠ᠂ ᠲᠠᠷᠢᠶᠠᠯᠠᠩ᠂ ᠪᠠᠷᠢᠯᠭ᠎ᠠ᠎ᠳᠤ ᠭᠠᠯ ᠬᠡᠷᠡᠭᠯᠡᠬᠦ ᠵᠡᠷᠭᠡ ᠬᠡᠭᠡᠷ᠎ᠡ ᠭᠠᠳᠠᠭ᠎ᠠ ᠭᠠᠯ ᠬᠡᠷᠡᠭᠯᠡᠬᠦ᠎ᠶᠢ ᠴᠢᠩᠭ᠎ᠠ ᠬᠠᠮᠢᠶᠠᠷᠤᠨ ᠡᠵᠡᠮᠳᠡᠵᠦ᠂ ᠮᠡᠳᠡᠭᠦᠯᠦᠨ ᠳᠠᠩᠰᠠᠯᠠᠭᠤᠯᠬᠤ᠂ ᠮᠡᠳᠡᠭᠦᠯᠦᠨ ᠬᠢᠨᠠᠭᠤᠯᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ᠎ᠦᠨ ᠭᠠᠯ᠎ᠤᠨ ᠠᠶᠤᠯ᠎ᠤᠨ ᠲᠠᠰ ᠨᠢ ᠭᠤᠷᠪᠠᠳᠤᠭᠠᠷ ᠳᠡᠰ ᠵᠢᠴᠢ ᠲᠡᠭᠦᠨ᠎ᠠᠴᠠ ᠳᠡᠭᠡᠭᠰᠢ ᠪᠣᠯᠬᠤ ᠦᠶ᠎ᠡ᠎ᠳᠦ᠂ ᠠᠭᠤᠯᠠᠨ᠎ᠳᠤ ᠭᠠᠷᠬᠤ ᠣᠶ ᠰᠢᠭᠤᠢ᠎ᠳᠤ ᠣᠷᠣᠬᠤ ᠬᠣᠷᠢᠭ᠎ᠠ ᠪᠣᠭᠣᠮᠲᠠ᠎ᠳᠠᠬᠢ ᠪᠠᠢᠴᠠᠭᠠᠯᠲᠠ᠂ ᠲᠣᠨᠣᠭ ᠲᠥᠬᠦᠭᠡᠷᠦᠮᠵᠢ᠎ᠪᠡᠨ ᠠᠪᠴᠤ ᠲᠣᠭᠣᠷᠢᠨ ᠬᠠᠮᠠᠭᠠᠯᠠᠬᠤ ᠤᠳᠠᠭ᠎ᠠ ᠳᠠᠷᠠᠭ᠎ᠠ᠎ᠪᠠᠨ ᠨᠢᠭ᠍ᠲᠠᠷᠠᠭᠤᠯᠤᠨ᠂ ᠭᠠᠯ ᠰᠡᠷᠭᠡᠢᠯᠡᠬᠦ ᠣᠷᠣᠨ᠎ᠳᠤ ᠣᠷᠣᠬᠤ ᠬᠥᠮᠥᠨ ᠬᠠᠷ᠎ᠠ᠂ ᠲᠡᠷᠭᠡ ᠬᠥᠰᠬᠡ᠎ᠳᠦ 《ᠬᠥᠮᠥᠨ ᠪᠦᠬᠦᠨ᠎ᠢ ᠵᠠᠪᠠᠯ ᠪᠠᠢᠴᠠᠭᠠᠨ ᠦᠵᠡᠬᠦ᠂ ᠲᠡᠷᠭᠡ ᠪᠣᠯᠭᠠᠨ᠎ᠢ ᠵᠠᠪᠠᠯ ᠬᠠᠷᠭᠤᠭᠤᠯᠤᠨ ᠪᠠᠢᠴᠠᠭᠠᠬᠤ》᠎ᠶᠢ ᠬᠡᠷᠡᠭᠵᠢᠭᠦᠯᠵᠦ᠂ ᠭᠠᠯ᠎ᠤᠨ ᠴᠣᠭ᠂ ᠨᠣᠴᠣᠮᠠᠲᠠᠭᠠᠢ ᠳᠡᠯᠪᠡᠷᠡᠮᠡᠲᠡᠭᠡᠢ ᠡᠳ᠋ ᠪᠣᠳᠠᠰ᠎ᠢ ᠠᠪᠴᠤ ᠣᠷᠣᠬᠤ᠎ᠶᠢ ᠴᠢᠩᠭ᠎ᠠ ᠴᠠᠭᠠᠵᠠᠯᠠᠨ᠎ᠠ; ᠭᠠᠯ᠎ᠤᠨ ᠠᠶᠤᠯ᠎ᠤᠨ ᠲᠠᠰ ᠨᠢ ᠬᠣᠶᠠᠳᠤᠭᠠᠷ ᠳᠡᠰ ᠵᠢᠴᠢ ᠲᠡᠭᠦᠨ᠎ᠠᠴᠠ ᠳᠡᠭᠡᠭᠰᠢ ᠪᠣᠯᠬᠤ ᠦᠶ᠎ᠡ᠎ᠳᠦ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠭᠠᠯ ᠴᠠᠭᠠᠵᠠᠯᠠᠬᠤ ᠵᠠᠷᠯᠢᠭ᠋ ᠨᠡᠢᠲᠡᠯᠡᠵᠦ᠂ ᠠᠭᠤᠯᠠ᠎ᠶᠢ ᠪᠢᠲᠡᠭᠦᠮᠵᠢᠯᠡᠨ ᠣᠶ ᠰᠢᠭᠤᠢ᠎ᠶᠢ ᠪᠢᠲᠡᠭᠦᠮᠵᠢᠯᠡᠵᠦ ᠬᠠᠮᠢᠶᠠᠷᠤᠨ ᠡᠵᠡᠮᠳᠡᠬᠦ᠎ᠶᠢ ᠬᠡᠷᠡᠭᠵᠢᠭᠦᠯᠵᠦ᠂ ᠠᠯᠢᠪᠠ ᠬᠡᠭᠡᠷ᠎ᠡ ᠭᠠᠳᠠᠭ᠎ᠠ ᠭᠠᠯ ᠬᠡᠷᠡᠭᠯᠡᠬᠦ᠎ᠶᠢ ᠴᠢᠩᠭ᠎ᠠ ᠴᠠᠭᠠᠵᠠᠯᠠᠨ᠂ ᠬᠠᠮᠢᠶ᠎ᠠ ᠨᠠᠮᠢᠶ᠎ᠠ ᠦᠭᠡᠢ ᠬᠥᠮᠥᠨ ᠬᠠᠷ᠎ᠠ᠂ ᠲᠡᠷᠭᠡ ᠬᠥᠰᠬᠡ᠎ᠶᠢᠨ ᠭᠠᠯ ᠰᠡᠷᠭᠡᠢᠯᠡᠬᠦ ᠣᠷᠣᠨ᠎ᠳᠦ ᠣᠷᠣᠬᠤ᠎ᠶᠢ ᠴᠢᠩᠭ᠎ᠠ ᠴᠠᠭᠠᠵᠠᠯᠠᠬᠤ ᠬᠡᠷᠡᠭᠲᠡᠢ᠃ 

ᠭᠤᠷᠪᠠ᠂ ᠡᠯ᠎ᠡ ᠲᠠᠯ᠎ᠠ᠎ᠶᠢᠨ ᠬᠢᠨ᠎ᠦ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ ᠴᠢᠩᠭᠠᠳᠬᠠᠨ᠎ᠠ

ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ 《ᠭᠤᠷᠪᠠ᠎ᠶᠢ ᠬᠠᠮᠢᠶᠠᠷᠬᠤ᠎ᠳᠤ ᠭᠤᠷᠪᠠᠨ ᠡᠷᠬᠡᠪᠰᠢ᠎ᠶᠢ ᠭᠦᠢᠴᠡᠳᠬᠡᠬᠦ》 ᠱᠠᠭᠠᠷᠳᠠᠯᠭ᠎ᠠ ᠶᠣᠰᠣᠭᠠᠷ᠂ ᠬᠠᠷᠢᠶ᠎ᠠ ᠭᠠᠵᠠᠷ᠎ᠤᠨ ᠬᠠᠮᠢᠶᠠᠷᠬᠤ ᠬᠠᠷᠢᠭᠤᠴᠠᠯᠭ᠎ᠠ᠂ ᠠᠵᠢᠯ ᠲᠥᠷᠥᠯ᠎ᠦᠨ ᠬᠢᠨᠠᠵᠤ ᠬᠠᠮᠢᠶᠠᠷᠬᠤ ᠬᠠᠷᠢᠭᠤᠴᠠᠯᠭ᠎ᠠ ᠪᠠ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠭᠦᠢᠴᠡᠳ ᠪᠣᠳᠠᠲᠠᠢᠵᠢᠭᠤᠯᠤᠨ ᠴᠢᠩᠭᠠᠳᠬᠠᠵᠤ᠂ ᠣᠶ ᠰᠢᠭᠤᠢ᠎ᠶᠢᠨ ᠳᠠᠷᠤᠭ᠎ᠠ᠎ᠶᠢᠨ ᠳᠦᠷᠢᠮ᠎ᠦᠨ ᠰᠢᠯᠭᠠᠨ ᠬᠢᠨᠠᠯᠲᠠ᠂ ᠲᠣᠣᠷᠯᠢᠭ᠍ᠵᠢᠭᠤᠯᠤᠭᠰᠠᠨ ᠬᠠᠮᠢᠶᠠᠷᠤᠯᠲᠠ ᠵᠡᠷᠭᠡ ᠳᠦᠷᠢᠮ ᠲᠣᠭᠲᠠᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠲᠣᠰ ᠣᠷᠣᠨ ᠪᠦᠰᠡ᠂ ᠲᠣᠰ ᠬᠦᠷᠢᠶ᠎ᠡ ᠴᠠᠷᠠᠭᠠᠨ᠎ᠳᠡᠬᠢ ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ ᠰᠡᠷᠭᠡᠢᠯᠡᠨ ᠤᠨᠲᠠᠷᠠᠭᠠᠬᠤ ᠠᠵᠢᠯ᠎ᠢ ᠨᠢᠭᠡᠳᠦᠯᠲᠡᠢ ᠲᠥᠯᠥᠪᠯᠡᠨ ᠪᠠᠢᠷᠢᠯᠠᠭᠤᠯᠵᠤ᠂ ᠰᠢᠮᠳᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠤᠳ 《ᠶᠡᠷᠦᠩᠬᠡᠢᠯᠡᠨ ᠰᠡᠷᠭᠡᠢᠯᠡᠬᠦ᠂ ᠲᠤᠰᠬᠠᠢ ᠮᠡᠷᠭᠡᠵᠢᠯ᠎ᠢᠶᠡᠷ ᠠᠪᠤᠷᠠᠬᠤ᠂ ᠨᠢᠭᠡᠳᠦᠯᠲᠡᠢ ᠲᠥᠯᠥᠪᠯᠡᠬᠦ᠎ᠶᠢ ᠠᠳᠬᠤᠬᠤ》 ᠡᠭᠦᠷᠭᠡ ᠬᠠᠷᠢᠭᠤᠴᠠᠯᠭ᠎ᠠ᠎ᠪᠡᠨ ᠭᠦᠢᠴᠡᠳᠬᠡᠵᠦ᠂ ᠤᠢ ᠰᠢᠭᠤᠢ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠦᠳ 《ᠲᠤᠰᠬᠠᠢ ᠮᠡᠷᠭᠡᠵᠢᠯ᠎ᠢᠶᠡᠷ ᠰᠡᠷᠭᠡᠢᠯᠡᠬᠦ᠂ ᠡᠷᠲᠡ᠎ᠡᠴᠡ ᠠᠪᠤᠷᠠᠬᠤ᠂ ᠠᠵᠢᠯ ᠲᠥᠷᠥᠯ᠎ᠢ ᠠᠳᠬᠤᠬᠤ》 ᠡᠭᠦᠷᠭᠡ ᠬᠠᠷᠢᠭᠤᠴᠠᠯᠭ᠎ᠠ᠎ᠪᠡᠨ ᠭᠦᠢᠴᠡᠳᠬᠡᠵᠦ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠨᠤᠭᠤᠳ 《ᠭᠠᠯ ᠲᠦᠢᠮᠡᠷ᠎ᠤᠨ ᠬᠡᠷᠡᠭ᠎ᠢ ᠢᠯᠡᠷᠡᠭᠦᠯᠬᠦ᠂ ᠠᠮᠤᠷ᠎ᠢ ᠬᠠᠮᠠᠭᠠᠯᠠᠬᠤ᠂ ᠬᠠᠮᠵᠢᠯᠴᠠᠨ ᠰᠡᠷᠭᠡᠢᠯᠡᠬᠦ》 ᠡᠭᠦᠷᠭᠡ ᠬᠠᠷᠢᠭᠤᠴᠠᠯᠭ᠎ᠠ᠎ᠪᠡᠨ ᠭᠦᠢᠴᠡᠳᠬᠡᠵᠦ᠂ ᠭᠠᠯ ᠰᠡᠷᠭᠡᠢᠯᠡᠨ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠤᠳ 《ᠤᠷᠢᠳ᠎ᠢᠶᠠᠷ ᠰᠡᠷᠭᠡᠢᠯᠡᠬᠦ᠂ ᠲᠤᠰᠬᠠᠢ ᠮᠡᠷᠭᠡᠵᠢᠯ᠎ᠢᠶᠡᠷ ᠠᠪᠤᠷᠠᠬᠤ᠂ ᠬᠣᠯᠪᠤᠭᠠᠯᠠᠨ ᠪᠣᠯᠪᠠᠰᠤᠷᠠᠭᠤᠯᠬᠤ᠎ᠶᠢ ᠠᠳᠬᠤᠬᠤ》 ᠡᠭᠦᠷᠭᠡ ᠬᠠᠷᠢᠭᠤᠴᠠᠯᠭ᠎ᠠ᠎ᠪᠡᠨ ᠭᠦᠢᠴᠡᠳᠬᠡᠵᠦ᠂ ᠪᠤᠰᠤᠳ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠲᠤᠰ ᠲᠤᠰ᠎ᠤᠨ᠎ᠢᠶᠡᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠤᠨ᠂ ᠬᠥᠷᠰᠢ ᠵᠡᠷᠭᠡᠯᠡᠳᠡᠭᠡ ᠭᠠᠵᠠᠷ ᠣᠷᠣᠨ᠎ᠨᠤᠭᠤᠳ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠵᠥᠪᠯᠡᠯᠴᠡᠭᠡᠷ ᠲᠣᠭᠲᠠᠵᠤ᠂ ᠤᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ ᠨᠡᠢᠯᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ 

ᠳᠥᠷᠪᠡ᠂ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠦᠨ᠎ᠡ 

ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠵᠢᠴᠢ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠨ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠠᠮᠤᠷ ᠲᠦᠪᠰᠢᠨ᠎ᠢᠶᠠᠷ ᠠᠶᠤᠯ᠎ᠠᠴᠠ ᠵᠠᠢᠯᠠᠬᠤ ᠶᠡᠷᠦ᠎ᠶᠢᠨ ᠮᠡᠳᠡᠯᠭᠡ᠎ᠶᠢ ᠥᠷᠭᠡᠨ᠎ᠢᠶᠡᠷ ᠤᠬᠠᠭᠤᠯᠵᠤ᠂ 《ᠲᠠᠪᠤᠨ ᠭᠦᠨᠵᠡᠭᠡᠢᠷᠡᠬᠦ》 (ᠠᠵᠤ ᠠᠬᠤᠢᠯᠠᠯ᠂ ᠬᠥᠳᠡᠭᠡ ᠲᠣᠰᠬᠣᠨ᠂ ᠨᠡᠢᠭᠡᠮ ᠲᠣᠭᠣᠷᠢᠭ᠋᠂ ᠰᠤᠷᠭᠠᠭᠤᠯᠢ᠂ ᠭᠡᠷ ᠪᠦᠯᠢ᠎ᠳᠦ ᠭᠦᠨᠵᠡᠭᠡᠢᠷᠡᠬᠦ) ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠪᠠᠢᠩᠭᠤᠰᠢᠭᠤᠯᠤᠨ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠭᠤᠯᠭ᠎ᠠ᠎ᠶᠢ ᠲᠣᠰᠬᠣᠨ᠎ᠤ ᠳᠦᠷᠢᠮ ᠠᠷᠠᠳ᠎ᠤᠨ ᠭᠡᠷ᠎ᠡ᠂ ᠰᠠᠭᠤᠭᠠᠯᠢ ᠠᠷᠠᠳ᠎ᠤᠨ ᠨᠡᠶ᠋ᠢᠲᠡ᠎ᠶᠢᠨ ᠭᠡᠷ᠎ᠡ᠎ᠳᠦ ᠣᠷᠣᠭᠤᠯᠬᠤ᠎ᠶᠢ ᠠᠬᠢᠭᠤᠯᠵᠤ᠂ ᠳᠦᠷᠢᠮ᠎ᠠᠴᠠ ᠵᠥᠷᠢᠴᠡᠨ ᠭᠠᠯ ᠬᠡᠷᠡᠭᠯᠡᠬᠦ᠎ᠶᠢ ᠢᠯᠡᠴᠢᠯᠡᠨ ᠮᠡᠳᠡᠭᠦᠯᠵᠦ ᠬᠥᠬᠢᠭᠦᠯᠦᠨ ᠱᠠᠩᠨᠠᠬᠤ ᠲᠣᠭᠲᠠᠴᠠ᠎ᠶᠢ ᠪᠠᠢᠭᠤᠯᠤᠨ᠂ ᠳᠦᠷᠢᠮ᠎ᠠᠴᠠ ᠵᠥᠷᠢᠴᠡᠨ ᠭᠠᠯ ᠬᠡᠷᠡᠭᠯᠡᠬᠦ ᠦᠶ᠋ᠯᠡ ᠠᠵᠢᠯᠯᠠᠭ᠎ᠠ᠎ᠶᠢ ᠣᠯᠠᠨ ᠲᠦᠮᠡᠨ᠎ᠦ ᠢᠳᠡᠪᠬᠢᠲᠡᠢ ᠢᠯᠡᠴᠢᠯᠡᠨ ᠮᠡᠳᠡᠭᠦᠯᠬᠦ᠎ᠶᠢ ᠨᠢ ᠵᠣᠷᠢᠭ᠍ᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ 《ᠣᠯᠠᠨ᠎ᠢᠶᠠᠷ᠎ᠢᠶᠠᠨ ᠰᠡᠷᠭᠡᠢᠯᠡᠵᠦ ᠣᠯᠠᠨ᠎ᠢᠶᠠᠷ᠎ᠢᠶᠠᠨ ᠵᠠᠰᠠᠬᠤ᠂ ᠪᠥᠬᠥ ᠠᠷᠠᠳ᠎ᠢᠶᠠᠷ᠎ᠢᠶᠠᠨ ᠣᠷᠣᠯᠴᠠᠬᠤ》 ᠪᠠᠢᠷᠢᠰᠢᠯ᠎ᠢ ᠪᠣᠢ ᠪᠣᠯᠭᠠᠬᠤ ᠬᠡᠷᠡᠭᠲᠡᠢ᠃ 

ᠲᠠᠪᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠠᠵᠢᠯ᠎ᠢ ᠴᠢᠩᠭᠠᠷᠠᠭᠤᠯᠤᠨ᠎ᠠ

ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠭᠠᠯ ᠰᠡᠷᠭᠡᠢᠯᠡᠬᠦ ᠬᠤᠭᠤᠴᠠᠭᠠᠨ᠎ᠳᠦ 24 ᠴᠠᠭ᠎ᠢᠶᠠᠷ ᠵᠢᠵᠢᠭᠦᠷᠯᠡᠨ ᠰᠠᠬᠢᠬᠤ᠂ ᠤᠳᠤᠷᠢᠳᠤᠯᠭ᠎ᠠ ᠡᠭᠡᠯᠵᠢ ᠳᠠᠭᠠᠭᠤᠯᠬᠤ ᠵᠢᠴᠢ ᠭᠣᠣᠯᠳᠠᠯᠭ᠎ᠠ᠎ᠲᠠᠢ ᠴᠠᠭ ᠬᠤᠭᠤᠴᠠᠭᠠᠨ᠎ᠤ 《ᠡᠳᠦᠷ᠎ᠤᠨ ᠮᠡᠳᠡᠭᠦᠯᠦᠯᠲᠡ》᠂ 《ᠭᠠᠯ ᠲᠦᠢᠮᠡᠷ ᠦᠭᠡᠢ ᠴᠦ᠍ ᠮᠡᠳᠡᠭᠦᠯᠬᠦ》 ᠳᠦᠷᠢᠮ᠎ᠢ ᠬᠡᠷᠡᠭᠵᠢᠭᠦᠯᠵᠦ᠂ ᠭᠠᠯ ᠲᠦᠢᠮᠡᠷ᠎ᠤᠨ ᠠᠶᠤᠯ᠎ᠤᠨ ᠲᠡᠰ ᠬᠤᠪᠢᠶᠠᠬᠤ ᠪᠠᠷᠢᠮᠵᠢᠶ᠎ᠠ᠎ᠶᠢ ᠴᠢᠩᠭ᠎ᠠ ᠬᠡᠷᠡᠭᠵᠢᠭᠦᠯᠵᠦ᠂ ᠭᠠᠯ ᠲᠦᠢᠮᠡᠷ᠎ᠤᠨ ᠪᠠᠢᠳᠠᠯ᠎ᠤᠨ ᠮᠡᠳᠡᠭᠡ ᠵᠠᠩᠭᠢ᠎ᠶᠢ ᠮᠡᠳᠡᠭᠦᠯᠦᠨ ᠬᠦᠷᠭᠡᠬᠦ᠎ᠶᠢ ᠵᠢᠷᠤᠮᠵᠢᠭᠤᠯᠤᠨ᠂ ᠡᠯ᠎ᠡ ᠵᠦᠢᠯ᠎ᠤᠨ ᠵᠠᠷᠯᠢᠭ᠋᠎ᠤᠨ ᠰᠠᠭᠠᠳ ᠦᠭᠡᠢ ᠨᠡᠪᠲᠡᠷᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠲᠥᠷᠥᠯ᠎ᠤᠨ ᠲᠤᠰᠬᠠᠢ ᠭᠠᠯ ᠲᠦᠢᠮᠡᠷ ᠤᠨᠲᠠᠷᠠᠭᠠᠬᠤ ᠡᠩᠨᠡᠭᠡ ᠪᠠ ᠠᠭᠠᠷ᠎ᠤᠨ ᠠᠶᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠨᠢ ᠭᠠᠯ᠎ᠤᠨ ᠠᠶᠤᠯ ᠶᠡᠬᠡᠲᠡᠢ ᠴᠠᠭ ᠬᠤᠭᠤᠴᠠᠭᠠᠨ᠎ᠳᠤ ᠤᠷᠢᠳ᠎ᠢᠶᠠᠷ ᠪᠠᠢᠷᠢᠯᠠᠭᠤᠯᠤᠨ ᠰᠡᠷᠭᠡᠢᠯᠡᠵᠦ᠂ ᠤᠷᠢᠳᠴᠢᠯᠠᠨ ᠬᠦᠷᠴᠦ ᠠᠵᠢᠯᠯᠠᠬᠤ᠎ᠪᠡᠷ ᠪᠡᠯᠡᠳᠬᠡᠬᠦ ᠬᠡᠷᠡᠭᠲᠡᠢ᠃ ᠭᠣᠣᠯᠳᠠᠯᠭ᠎ᠠ᠎ᠲᠠᠢ ᠣᠷᠣᠨ ᠬᠡᠪᠴᠢᠶᠡᠨ᠎ᠳᠤ ᠭᠠᠯ ᠤᠨᠲᠠᠷᠠᠭᠠᠬᠤ ᠡᠳ᠋ ᠪᠠᠷᠠᠭ᠎ᠠ᠎ᠶᠢ ᠤᠷᠢᠳᠴᠢᠯᠠᠨ ᠨᠥᠭᠡᠴᠡᠯᠡᠵᠦ᠂ ᠴᠠᠭ ᠲᠤᠬᠠᠢ᠎ᠳᠤ ᠨᠢ ᠲᠣᠬᠢᠷᠠᠭᠤᠯᠤᠨ ᠭᠠᠷᠭᠠᠵᠤ ᠳᠡᠢᠯᠬᠦ᠂ ᠬᠡᠷᠡᠭᠯᠡᠵᠦ ᠳᠡᠶ᠋ᠢᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠤᠨ ᠨᠢᠭᠡᠳᠦᠭᠡᠷ ᠹᠷᠣᠨᠲ᠎ᠤᠨ ᠭᠠᠯ ᠤᠨᠲᠠᠷᠠᠭᠠᠬᠤ ᠠᠵᠢᠯ᠎ᠳᠤ ᠬᠠᠷᠢᠶ᠎ᠠ ᠭᠠᠵᠠᠷ᠎ᠤᠨ ᠵᠢᠯᠣᠭᠣᠳᠤᠯᠭ᠎ᠠ᠂ ᠲᠤᠰᠬᠠᠢ ᠵᠢᠯᠣᠭᠣᠳᠤᠯᠭ᠎ᠠ ᠪᠠ ᠠᠮᠤᠷ ᠲᠦᠪᠰᠢᠨ᠎ᠦ ᠵᠢᠯᠣᠭᠣᠳᠤᠯᠭ᠎ᠠ ᠵᠡᠷᠭᠡ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠤᠨ᠂ ᠭᠠᠯ ᠤᠨᠲᠠᠷᠠᠭᠠᠬᠤ ᠠᠵᠢᠯ᠎ᠢ ᠰᠢᠨᠵᠢᠯᠡᠬᠦ ᠤᠬᠠᠭᠠᠨᠴᠢ ᠠᠮᠤᠷ ᠲᠦᠪᠰᠢᠨ᠎ᠢᠶᠡᠷ ᠵᠣᠬᠢᠶᠠᠨ ᠪᠠᠢᠭᠤᠯᠵᠤ᠂ ᠠᠷᠠᠳ ᠣᠯᠠᠨ ᠪᠠ ᠭᠠᠯ ᠤᠨᠲᠠᠷᠠᠭᠠᠬᠤ ᠬᠥᠮᠥᠰ᠎ᠦᠨ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ 

ᠵᠢᠷᠭᠤᠭ᠎ᠠ᠂ ᠬᠠᠷᠢᠭᠤᠴᠠᠯᠭ᠎ᠠ ᠨᠡᠬᠡᠮᠵᠢᠯᠡᠬᠦ᠎ᠶᠢ ᠴᠢᠩᠳᠠᠯᠠᠨ᠎ᠠ

ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠭᠠᠯ ᠲᠦᠢᠮᠡᠷ᠎ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠭᠠᠯ ᠰᠡᠷᠭᠡᠢᠯᠡᠬᠦ ᠣᠷᠣᠨ᠎ᠳᠤ ᠬᠡᠭᠡᠷ᠎ᠡ ᠭᠠᠳᠠᠭ᠎ᠠ ᠲᠠᠮᠠᠬᠢ ᠲᠠᠲᠠᠬᠤ᠂ ᠴᠠᠭᠠᠰᠤ ᠰᠢᠲᠠᠭᠠᠵᠤ ᠲᠠᠬᠢᠯᠭ᠎ᠠ ᠬᠢᠬᠦ᠂ ᠠᠲᠠᠷ ᠰᠢᠲᠠᠭᠠᠵᠤ ᠭᠤᠤᠷᠰᠤ ᠰᠢᠲᠠᠭᠠᠬᠤ ᠵᠡᠷᠭᠡ ᠲᠣᠭᠲᠠᠭᠠᠯ᠎ᠠᠴᠠ ᠵᠥᠷᠢᠴᠡᠨ ᠭᠠᠯ ᠬᠡᠷᠡᠭᠯᠡᠬᠦ ᠥᠢᠯᠡ ᠠᠵᠢᠯᠯᠠᠭ᠎ᠠ᠎ᠳᠤ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠥᠭᠴᠦ᠂ ᠬᠡᠷᠡᠭ ᠭᠠᠷᠭᠠᠭ᠍ᠴᠢᠳ᠎ᠠᠴᠠ ᠬᠠᠤᠯᠢ ᠴᠠᠭᠠᠵᠠ᠎ᠶᠢᠨ ᠬᠠᠷᠢᠭᠤᠴᠠᠯᠭ᠎ᠠ᠎ᠶᠢ ᠴᠢᠩᠭ᠎ᠠ ᠨᠡᠬᠡᠮᠵᠢᠯᠡᠵᠦ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶᠢ ᠴᠠᠭ ᠲᠤᠬᠠᠢ᠎ᠳᠤ ᠨᠢ ᠨᠡᠢᠭᠡᠮ᠎ᠳᠤ ᠮᠡᠳᠡᠭᠡᠯᠡᠵᠦ ᠢᠯᠡᠷᠡᠭᠦᠯᠦᠨ ᠨᠡᠢᠲᠡᠯᠡᠬᠦ ᠬᠡᠷᠡᠭᠲᠡᠢ᠃ ᠠᠵᠢᠯ᠎ᠤᠨ ᠳᠤᠮᠳᠠᠬᠢ ᠬᠠᠷᠢᠭᠤᠴᠠᠯᠭ᠎ᠠ᠎ᠪᠡᠨ ᠨᠠᠢᠳᠠᠪᠤᠷᠢᠵᠢᠭᠤᠯᠤᠭᠰᠠᠨ ᠦᠭᠡᠢ᠂ ᠠᠷᠭ᠎ᠠ ᠬᠡᠮᠵᠢᠶ᠎ᠡ᠎ᠶᠢ ᠪᠣᠳᠠᠲᠠᠢᠵᠢᠭᠤᠯᠤᠭᠰᠠᠨ ᠦᠭᠡᠢ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠭᠰᠠᠨ᠎ᠢᠶᠡᠷ ᠬᠦᠴᠦᠨ ᠮᠡᠬᠦᠰ᠂ ᠭᠠᠯ᠎ᠢ ᠴᠠᠭ ᠲᠤᠬᠠᠢ᠎ᠳᠤ ᠨᠢ ᠤᠨᠲᠠᠷᠠᠭᠠᠭᠰᠠᠨ ᠦᠭᠡᠢ ᠵᠡᠷᠭᠡ ᠡᠴᠡ ᠪᠣᠯᠵᠤ ᠣᠶ ᠰᠢᠭᠤᠢ ᠨᠤᠲᠤᠭ ᠪᠡᠯᠴᠢᠭᠡᠷ᠎ᠦᠨ ᠬᠦᠨᠳᠦ ᠣᠨᠴᠠ ᠶᠡᠬᠡ ᠭᠠᠯ ᠲᠦᠢᠮᠡᠷ᠎ᠢ ᠡᠭᠦᠰᠬᠡᠭᠰᠡᠨ ᠪᠤᠶᠤ ᠬᠥᠮᠥᠨ ᠬᠠᠷ᠎ᠠ ᠡᠨᠳᠡᠵᠦ ᠰᠢᠷᠬᠠᠲᠤᠭᠰᠠᠨ ᠪᠠᠢᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠶᠢᠨ ᠶᠣᠰᠣᠭᠠᠷ ᠬᠠᠮᠢᠶ᠎ᠠ ᠪᠦᠬᠦᠢ ᠨᠢᠭᠡᠴᠢ ᠪᠠ ᠠᠵᠢᠯᠲᠠᠨ᠎ᠤ ᠬᠠᠷᠢᠭᠤᠴᠠᠯᠭ᠎ᠠ᠎ᠶᠢ ᠴᠢᠩᠭ᠎ᠠ ᠨᠡᠬᠡᠮᠵᠢᠯᠡᠬᠦ ᠬᠡᠷᠡᠭᠲᠡᠢ᠃ 

ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠦᠨ ᠪᠠᠢᠳᠠᠯ᠎ᠢ ᠣᠯᠵᠤ ᠮᠡᠳᠡᠪᠡᠯ᠂ ᠳᠠᠷᠤᠢᠬᠠᠨ ᠣᠶ ᠰᠢᠭᠤᠢ ᠨᠤᠲᠤᠭ ᠪᠡᠯᠴᠢᠭᠡᠷ᠎ᠦᠨ ᠭᠠᠯ ᠲᠦᠢᠮᠡᠷ᠎ᠢ ᠮᠡᠳᠡᠭᠦᠯᠬᠦ ᠤᠲᠠᠰᠤ 12119᠎ᠳᠦ ᠤᠲᠠᠰᠤᠳᠠᠵᠤ ᠲᠦᠭᠰᠢᠭᠦᠷᠢ᠎ᠶᠢ ᠮᠡᠳᠡᠭᠦᠯᠬᠦ ᠬᠡᠷᠡᠭᠲᠡᠢ᠃ 

 

2026 ᠣᠨ᠎ᠤ 3 ᠳ᠋ᠤᠭᠠᠷ ᠰᠠᠷ᠎ᠠ᠎ᠶᠢᠨ 11᠎ᠦ ᠡᠳᠦᠷ    

(ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)

 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2026 ᠣᠨ᠎ᠤ 3 ᠳ᠋ᠤᠭᠠᠷ ᠰᠠᠷ᠎ᠠ᠎ᠶᠢᠨ 12᠎ᠤᠨ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号