ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠭᠤᠷᠪᠠᠳᠤᠭᠠᠷ ᠪᠦᠯᠦᠭ᠎ᠲᠦ 《ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠬᠤ》᠎ᠪᠠᠷ ᠲᠤᠰᠬᠠᠢ ᠪᠦᠯᠦᠭ ᠪᠣᠯᠭᠠᠨ ᠪᠢᠴᠢᠪᠡ᠃ ᠣᠯᠠᠨ ᠲᠤᠰᠬᠠᠢ ᠮᠡᠷᠭᠡᠵᠢᠯᠲᠡᠳ ᠰᠣᠷᠪᠤᠯᠵᠢᠯᠠᠭ᠎ᠠ ᠬᠦᠯᠢᠶᠡᠬᠦ᠎ᠳᠦ᠎ᠪᠡᠨ ᠵᠠᠳᠠᠯᠤᠭᠰᠠᠨ᠎ᠢᠶᠠᠷ᠂ ᠡᠨᠡ ᠨᠢ ᠰᠢᠨ᠎ᠡ ᠴᠠᠭ ᠦᠶ᠎ᠡ ᠳ᠋ᠠᠬᠢ ᠦᠨᠳᠦᠰᠦᠲᠡᠨ᠎ᠦ ᠲᠤᠬᠠᠢ ᠠᠵᠢᠯ᠎ᠤᠨ ᠦᠢᠯᠡᠳᠦᠯᠭᠡ᠎ᠶᠢᠨ ᠬᠠᠤᠯᠢᠵᠢᠯ᠎ᠤᠨ ᠨᠢᠭ᠍ᠲᠠᠷᠠᠭᠤᠯᠤᠯ ᠪᠣᠯᠪᠠᠰᠤᠷᠠᠭᠤᠯᠤᠯ ᠪᠠᠢᠵᠤ᠂ ᠣᠳᠣᠬᠠᠨ᠎ᠤ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠶᠡᠬᠡ ᠨᠡᠭᠦᠳᠡᠯ᠂ ᠶᠡᠬᠡ ᠠᠭᠤᠰᠤᠯᠴᠠᠯ᠎ᠤᠨ ᠰᠢᠨ᠎ᠡ ᠣᠨᠴᠠᠯᠢᠭ᠋᠎ᠲᠤ ᠬᠠᠷᠢᠭᠤᠯᠲᠠ ᠥᠭᠴᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠨᠡᠢᠭᠡᠮ᠎ᠦᠨ ᠰᠠᠭᠤᠷᠢ᠎ᠶᠢ ᠤᠯᠠᠮ ᠨᠢᠭᠡ ᠠᠯᠬᠤᠮ ᠪᠡᠬᠢᠵᠢᠭᠦᠯᠬᠦ ᠪᠣᠯᠣᠨ᠎ᠠ ᠭᠡᠵᠡᠢ᠃
ᠲᠡᠦᠬᠡ᠎ᠶᠢᠨ ᠵᠢᠮ᠎ᠡ ᠶᠣᠰᠣ᠌ ᠬᠢᠭᠡᠳ ᠪᠣᠳᠠᠲᠤ ᠪᠠᠢᠳᠠᠯ᠎ᠤᠨ ᠬᠠᠨᠳᠤᠰᠢ᠎ᠳᠤ ᠬᠠᠷᠢᠭᠤᠯᠲᠠ ᠥᠭᠴᠡᠢ
ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭᠠᠨ᠎ᠤ ᠬᠦᠷᠢᠶᠡᠯᠡᠩ᠎ᠦᠨ ᠵᠠᠬᠢᠷᠤᠯ ᠳ᠋ᠤᠸᠠᠠ ᠴᠸᠩ ᠷᠦᠩ᠎ᠤᠨ ᠢᠯᠡᠷᠬᠡᠢᠯᠡᠭᠰᠡᠨ᠎ᠢᠶᠡᠷ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ᠎ᠡᠴᠡ ᠨᠠᠭᠠᠰᠢ᠂ ᠮᠠᠨ᠎ᠤ ᠤᠯᠤᠰ ᠳᠣᠣᠷ᠎ᠠ ᠰᠢᠯᠵᠢᠯᠲᠡ᠎ᠶᠢᠨ ᠴᠢᠨᠠᠷᠲᠠᠢ ᠣᠷᠣᠨ ᠨᠤᠲᠤᠭ᠎ᠤᠨ ᠳᠤᠮᠳᠠᠳᠤ ᠤᠯᠤᠰ᠎ᠠᠴᠠ᠎ᠪᠠᠨ ᠳᠡᠭᠡᠳᠦ ᠰᠢᠯᠵᠢᠯᠲᠡ᠎ᠶᠢᠨ ᠴᠢᠨᠠᠷᠲᠠᠢ ᠨᠡᠭᠦᠳᠡᠯ᠎ᠦᠨ ᠳᠤᠮᠳᠠᠳᠤ ᠤᠯᠤᠰ ᠵᠦᠭ ᠰᠢᠯᠵᠢᠬᠦ ᠬᠤᠪᠢᠷᠠᠯᠲᠠ᠎ᠶᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢᠨ ᠬᠡᠮᠵᠢᠶ᠎ᠡ ᠢᠯᠡᠳᠲᠡ ᠳᠡᠭᠡᠭᠰᠢᠯᠡᠨ᠂ ᠬᠡᠳᠦᠨ ᠮᠢᠩᠭᠠᠨ ᠵᠢᠯ᠎ᠦᠨ ᠲᠡᠦᠬᠡᠨ ᠳ᠋ᠠᠬᠢ ᠦᠨᠳᠦᠰᠦᠲᠡᠨ᠎ᠦ ᠬᠥᠮᠥᠨ ᠠᠮᠠ᠎ᠶᠢᠨ ᠨᠡᠭᠦᠳᠡᠯ ᠪᠠ ᠠᠭᠤᠰᠤᠯᠴᠠᠯ᠎ᠤᠨ ᠲᠠᠪᠤᠳᠤᠭᠠᠷ ᠤᠳᠠᠭᠠᠨ᠎ᠤ ᠥᠷᠨᠢᠯᠲᠡ᠎ᠳᠦ ᠣᠷᠣᠭᠰᠠᠨ ᠪᠠᠢᠨ᠎ᠠ᠃ ᠡᠨᠡ ᠬᠦ᠌ ᠶᠠᠪᠤᠴᠠ᠎ᠳᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠣᠭᠣᠷᠣᠨᠳᠣᠬᠢ ᠶᠠᠪᠤᠯᠴᠠᠭᠠᠨ᠎ᠤ ᠠᠷᠭ᠎ᠠ ᠬᠡᠯᠪᠡᠷᠢ ᠴᠦ᠍ ᠢᠯᠡᠷᠬᠡᠢ ᠬᠤᠪᠢᠷᠠᠯᠲᠠ ᠭᠠᠷᠴᠠᠢ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠳᠤ ᠲᠤᠰᠬᠠᠢ ᠪᠦᠯᠦᠭ᠎ᠢᠶᠠᠷ 《ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠤᠨ᠎ᠠ》 ᠭᠡᠵᠦ ᠲᠣᠭᠲᠠᠭᠠᠵᠤ᠂ ᠦᠨᠳᠦᠰᠦᠲᠡᠨ᠎ᠨᠦᠭᠦᠳ᠎ᠦᠨ ᠬᠥᠮᠥᠨ ᠠᠮᠠ᠎ᠶᠢᠨ ᠶᠡᠬᠡ ᠨᠡᠭᠦᠳᠡᠯ᠂ ᠶᠡᠬᠡ ᠠᠭᠤᠰᠤᠯᠴᠠᠯ᠎ᠤᠨ ᠴᠠᠭ ᠦᠶ᠎ᠡ᠎ᠳᠦ ᠤᠯᠤᠰ᠎ᠤᠨ ᠨᠡᠢᠭᠡᠮ᠎ᠦᠨ ᠤᠶᠠᠯᠳᠤᠨ ᠠᠭᠤᠰᠤᠯᠴᠠᠬᠤ᠎ᠶᠢ ᠠᠬᠢᠭᠤᠯᠵᠤ᠂ ᠬᠠᠮᠲᠤ᠎ᠪᠠᠷ ᠪᠦᠯᠬᠦᠮᠳᠡᠨ ᠳᠠᠪᠰᠢᠬᠤ᠎ᠶᠢ ᠠᠬᠢᠭᠤᠯᠬᠤ ᠳᠦᠷᠢᠮ᠎ᠦᠨ ᠤᠬᠠᠮᠰᠠᠷ᠎ᠢ ᠢᠯᠡᠷᠡᠭᠦᠯᠦᠨ᠂ ᠮᠠᠨ᠎ᠤ ᠤᠯᠤᠰ᠎ᠤᠨ ᠬᠥᠮᠥᠨ ᠠᠮᠠ᠎ᠶᠢᠨ ᠨᠡᠭᠦᠳᠡᠯ᠂ ᠨᠡᠢᠭᠡᠮ᠎ᠦᠨ ᠠᠵᠢᠯ᠎ᠤᠨ ᠬᠤᠪᠢᠶᠠᠷᠢᠯᠠᠯ ᠪᠠ ᠣᠷᠣᠨ ᠪᠦᠰᠡ᠎ᠶᠢᠨ ᠨᠡᠪᠲᠡᠷᠡᠯᠴᠡᠭᠡ ᠲᠠᠰᠤᠷᠠᠯᠲᠠ ᠦᠭᠡᠢ ᠭᠦᠨᠵᠡᠭᠡᠢᠷᠡᠵᠦ ᠪᠠᠢᠭ᠎ᠠ ᠪᠣᠳᠠᠲᠤ ᠪᠠᠢᠳᠠᠯ᠎ᠤᠨ ᠬᠠᠨᠳᠤᠰᠢ᠎ᠳᠤ ᠬᠠᠷᠢᠭᠤᠯᠲᠠ ᠥᠭᠭᠦᠭᠰᠡᠨ ᠪᠥᠭᠡᠳ ᠳᠦᠷᠢᠮ᠎ᠦᠨ ᠲᠣᠬᠢᠷᠠᠭᠤᠯᠤᠯᠲᠠ᠎ᠪᠠᠷ ᠳᠠᠮᠵᠢᠭᠤᠯᠤᠨ ᠡᠢᠮᠦᠷᠬᠦᠦ ᠰᠢᠯᠵᠢᠯᠲᠡ᠎ᠶᠢ ᠨᠡᠢᠭᠡᠮ᠎ᠦᠨ ᠶᠠᠪᠤᠯᠴᠠᠭ᠎ᠠ ᠪᠠ ᠬᠠᠮᠲᠤ᠎ᠶᠢᠨ ᠬᠥᠭᠵᠢᠯᠲᠡ ᠪᠣᠯᠭᠠᠨ ᠤᠯᠠᠷᠢᠭᠤᠯᠬᠤ᠎ᠶᠢ ᠬᠥᠲᠥᠯᠥᠨ ᠵᠢᠯᠣᠭᠣᠳᠪᠠ᠃
ᠵᠦᠩ ᠨᠠᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠲᠦᠷᠪᠡᠨ ᠶᠠᠮᠤᠨ ᠵᠥᠪᠯᠡᠯ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭᠠᠨ᠎ᠤ ᠰᠠᠭᠤᠷᠢᠨ ᠭᠠᠵᠠᠷ᠎ᠤᠨ ᠫᠷᠤᠹᠸᠰᠰᠤᠷ᠂ ᠬᠠᠤᠯᠢ᠎ᠶᠢᠨ ᠤᠬᠠᠭᠠᠨ᠎ᠤ ᠳᠡᠭᠡᠳᠦ ᠰᠤᠷᠭᠠᠭᠤᠯᠢ᠎ᠶᠢᠨ ᠵᠠᠬᠢᠷᠤᠯ ᠫᠠᠨ ᠬᠣᠩ ᠰᠢᠶᠠᠩ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠪᠣᠯ ᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠤᠯᠠᠷᠢᠨ ᠬᠤᠪᠢᠰᠬᠤ ᠬᠥᠭᠵᠢᠯᠲᠡ᠎ᠶᠢᠨ ᠴᠢᠬᠤᠯᠠ ᠣᠨᠴᠠᠯᠢᠭ᠋ ᠪᠠᠢᠵᠤ᠂ ᠳᠤᠮᠳᠠᠳᠤ᠎ᠶᠢᠨ ᠦᠨᠳᠦᠰᠦᠲᠡᠨ᠎ᠢ ᠲᠠᠷᠠᠬᠠᠢ ᠪᠤᠲᠠᠷᠬᠠᠢ ᠪᠠᠢᠭᠰᠠᠨ᠎ᠠᠴᠠ ᠨᠢ ᠨᠢᠭᠲᠠᠷᠠᠭᠤᠯᠵᠤ᠂ ᠤᠯᠠᠨ ᠡᠰᠢᠵᠢᠯ ᠪᠠᠢᠭᠰᠠᠨ ᠡᠴᠡ ᠨᠢ ᠨᠢᠭᠡ ᠴᠣᠭᠴᠠᠵᠢᠭᠤᠯᠵᠤ᠂ ᠥᠩᠭᠡᠷᠡᠭᠰᠡᠨ᠎ᠡᠴᠡ ᠤᠳᠤ ᠪᠣᠯᠲᠠᠯ᠎ᠠ ᠵᠠᠮᠨᠠᠭᠤᠯᠵᠤ᠂ ᠲᠡᠦᠬᠡ᠎ᠡᠴᠡ ᠢᠷᠡᠭᠡᠳᠦᠢ ᠲᠡᠢᠰᠢ ᠤᠷᠤᠭᠰᠢᠯᠠᠭᠤᠯᠪᠠ᠃ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠬᠤ᠎ᠶᠢ ᠬᠠᠤᠯᠢ ᠴᠠᠭᠠᠵᠠ᠎ᠳᠤ ᠪᠢᠴᠢᠵᠦ ᠣᠷᠣᠭᠤᠯᠤᠭᠰᠠᠨ ᠶᠠᠪᠤᠳᠠᠯ ᠨᠢ ᠳᠤᠮᠳᠠᠳᠤ᠎ᠶᠢᠨ ᠦᠨᠳᠦᠰᠦᠲᠡᠨ᠎ᠦ ᠤᠯᠠᠷᠢᠨ ᠬᠤᠪᠢᠰᠤᠯᠲᠠ᠎ᠶᠢᠨ ᠵᠢᠮ᠎ᠡ ᠶᠣᠰᠣ᠌ ᠯᠤᠭ᠎ᠠ ᠳᠡᠭᠡᠳᠦ ᠬᠡᠮᠵᠢᠶ᠎ᠡ᠎ᠪᠡᠷ ᠨᠡᠢᠴᠡᠬᠦ ᠮᠥᠷᠲᠡᠭᠡᠨ ᠪᠠᠰᠠ ᠴᠦ᠍ ᠰᠢᠨ᠎ᠡ ᠴᠠᠭ ᠦᠶ᠎ᠡ ᠳ᠋ᠠᠬᠢ ᠦᠨᠳᠦᠰᠦᠲᠡᠨ᠎ᠦ ᠲᠤᠬᠠᠢ ᠠᠵᠢᠯ᠎ᠤᠨ ᠦᠢᠯᠡᠳᠦᠯᠭᠡ᠎ᠶᠢᠨ ᠬᠠᠤᠯᠢᠵᠢᠯ᠎ᠤᠨ ᠨᠢᠭᠲᠠᠷᠠᠭᠤᠯᠤᠯ ᠪᠣᠯᠪᠠᠰᠤᠷᠠᠭᠤᠯᠤᠯ ᠪᠠᠢᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠶᠢᠨ ᠪᠠᠲᠤ ᠪᠡᠬᠢ ᠳᠦᠷᠢᠮ᠎ᠦᠨ ᠰᠠᠭᠤᠷᠢ᠎ᠶᠢ ᠪᠡᠬᠢᠵᠢᠭᠦᠯᠵᠠᠢ ᠭᠡᠵᠦ ᠵᠢᠭᠠᠵᠤ ᠭᠠᠷᠭᠠᠪᠠ᠃
ᠤᠶᠠᠯᠳᠤᠨ ᠠᠭᠤᠰᠤᠯᠴᠠᠬᠤ ᠨᠡᠢᠭᠡᠮ᠎ᠦᠨ ᠰᠠᠭᠤᠷᠢ᠎ᠶᠢ ᠪᠡᠬᠢᠵᠢᠭᠦᠯᠵᠠᠢ
《ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠬᠤ》᠎ᠪᠠᠷ ᠰᠡᠳᠦᠪᠯᠡᠭᠰᠡᠨ ᠭᠤᠷᠪᠠᠳᠤᠭᠠᠷ ᠪᠦᠯᠦᠭ᠎ᠲᠦ ᠨᠡᠢ᠍ᠢᠳᠡ ᠠᠷᠪᠠᠨ ᠵᠤᠷᠪᠤᠰ ᠠᠭᠤᠯᠭ᠎ᠠ᠎ᠲᠠᠢ ᠪᠠᠢᠵᠤ᠂ ᠨᠡᠢᠭᠡᠮ ᠲᠣᠭᠣᠷᠢᠭ᠋᠎ᠤᠨ ᠪᠦᠲᠦᠭᠡᠨ ᠪᠠᠢᠭᠤᠯᠤᠯᠲᠠ᠂ ᠬᠥᠮᠥᠨ ᠠᠮᠠ᠎ᠶᠢᠨ ᠨᠡᠭᠦᠳᠡᠯ᠂ ᠰᠤᠷᠭᠠᠨ ᠬᠥᠮᠦᠵᠢᠯ᠎ᠦᠨ ᠰᠣᠯᠢᠯᠴᠠᠭ᠎ᠠ᠂ ᠰᠣᠶᠣᠯ᠎ᠤᠨ ᠠᠵᠢᠯᠯᠠᠭ᠎ᠠ ᠵᠡᠷᠭᠡ ᠤᠯᠠᠨ ᠬᠦᠷᠢᠶᠡᠨ᠎ᠳᠦ ᠬᠣᠯᠪᠣᠭᠳᠠᠨ᠎ᠠ᠃
ᠫᠠᠨ ᠬᠣᠩ ᠰᠢᠶᠠᠩ᠎ᠤᠨ ᠵᠠᠳᠠᠯᠤᠭᠰᠠᠨ᠎ᠢᠶᠠᠷ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠨᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠬᠤ᠎ᠪᠡᠷ ᠲᠣᠰ ᠬᠠᠤᠯᠢ᠎ᠶᠢᠨ᠎ᠢᠶᠡᠨ ᠭᠣᠣᠯ ᠡᠭᠦᠷᠭᠡ᠎ᠶᠢᠨ ᠨᠢᠭᠡ ᠪᠣᠯᠭᠠᠵᠤ᠂ ᠦᠨᠳᠦᠰᠦᠲᠡᠨ᠎ᠨᠦᠭᠦᠳ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠪᠦᠲᠦᠴᠡ ᠪᠠ ᠨᠡᠢᠭᠡᠮ᠎ᠦᠨ ᠨᠥᠬᠥᠴᠡᠯ᠎ᠢ ᠡᠭᠦᠳᠬᠦ ᠦᠨᠳᠦᠰᠦᠨ ᠠᠷᠭ᠎ᠠ ᠬᠡᠮᠵᠢᠶ᠎ᠡ᠎ᠶᠢ ᠲᠣᠭᠲᠠᠭᠠᠵᠤ᠂ 《ᠰᠢᠬᠢᠳᠭᠡᠯᠲᠦ ᠮᠠᠶᠢᠭ᠋᠎ᠤᠨ ᠨᠡᠢᠭᠡᠮ ᠲᠣᠭᠣᠷᠢᠭ᠋》᠎ᠢ《ᠰᠢᠬᠢᠳᠭᠡᠯᠲᠦ ᠮᠠᠶᠢᠭ᠋᠎ᠤᠨ ᠨᠡᠢᠭᠡᠮ》 ᠲᠡᠢᠰᠢ ᠬᠤᠪᠢᠷᠠᠭᠤᠯᠬᠤ᠎ᠶᠢ ᠠᠬᠢᠭᠤᠯᠤᠨ᠎ᠠ᠃ ᠡᠢᠮᠦᠷᠬᠦᠦ ᠤᠶᠠᠯᠳᠤᠵᠤ ᠠᠭᠤᠰᠤᠯᠴᠠᠭᠰᠠᠨ ᠳᠦᠷᠢᠮ᠎ᠦᠨ ᠲᠣᠬᠢᠷᠠᠭᠤᠯᠤᠯᠲᠠ ᠨᠢ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠭᠦᠨᠵᠡᠭᠡᠢᠷᠡᠭᠦᠯᠬᠦ᠎ᠳᠦ ᠦᠢᠯᠡᠳᠦᠯᠭᠡ᠎ᠶᠢᠨ ᠣᠷᠣᠨ ᠵᠠᠢ ᠬᠠᠩᠭᠠᠭᠰᠠᠨ ᠮᠥᠷᠲᠡᠭᠡᠨ ᠬᠥᠭᠵᠢᠵᠦ ᠬᠠᠮᠲᠤ᠎ᠪᠠᠷ ᠪᠠᠶᠠᠵᠢᠬᠤ᠎ᠳᠤ ᠪᠦᠯᠬᠦᠮᠳᠡᠯ᠎ᠦᠨ ᠵᠣᠷᠢᠭ᠋ ᠰᠠᠨᠠᠭ᠎ᠠ ᠪᠠ ᠴᠢᠷᠮᠠᠢᠨ ᠲᠡᠮᠡᠴᠡᠬᠦ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠶᠡᠬᠡ ᠪᠦᠯᠬᠦᠮᠳᠡᠯ ᠪᠠ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠨᠡᠢᠭᠡᠮ᠎ᠦᠨ ᠰᠠᠭᠤᠷᠢ᠎ᠶᠢ ᠪᠡᠬᠢᠵᠢᠭᠦᠯᠪᠡ᠃
ᠳ᠋ᠤᠸᠠᠠ ᠴᠧᠩ ᠷᠦᠩ ᠲᠠᠢᠯᠪᠤᠷᠢᠯᠠᠭᠰᠠᠨ᠎ᠢᠶᠠᠷ᠂ 《ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠬᠤ》 ᠲᠤᠰᠬᠠᠢ ᠪᠦᠯᠦᠭ᠎ᠢ ᠰᠢᠯᠵᠢᠯᠲᠡ᠎ᠶᠢᠨ ᠪᠠᠢᠷᠢᠨ᠎ᠳᠤ ᠲᠠᠯᠪᠢᠭᠰᠠᠨ ᠶᠠᠪᠤᠳᠠᠯ ᠨᠢ ᠲᠡᠭᠦᠨ᠎ᠦ ᠬᠠᠤᠯᠢ ᠵᠦᠢ᠎ᠶᠢᠨ ᠲᠠᠯ᠎ᠠ᠎ᠪᠠᠷ ᠣᠶᠤᠨ ᠰᠠᠨᠠᠭᠠᠨ᠎ᠤ ᠮᠡᠳᠡᠷᠡᠮᠵᠢ᠎ᠠᠴᠠ ᠨᠡᠢᠭᠡᠮ᠎ᠦᠨ ᠦᠢᠯᠡᠳᠦᠯᠭᠡ᠎ᠳᠦ ᠰᠢᠯᠵᠢᠬᠦ ᠴᠢᠬᠤᠯᠠ ᠬᠥᠭᠥᠷᠭᠡ᠎ᠶᠢᠨ ᠦᠢᠯᠡᠳᠦᠯ᠎ᠢ ᠡᠭᠦᠷᠭᠡᠯᠡᠵᠦ ᠪᠠᠢᠬᠤ᠎ᠶᠢ ᠬᠠᠷᠠᠭᠤᠯᠵᠤ ᠪᠠᠢᠨ᠎ᠠ᠃ ᠭᠠᠭᠴᠠ ᠬᠦ᠌ ᠪᠣᠳᠠᠲᠤ ᠠᠮᠢᠳᠤᠷᠠᠯ᠎ᠤᠨ ᠳᠤᠮᠳᠠ ᠨᠡᠢᠭᠡᠮ᠎ᠦᠨ ᠲᠣᠭᠲᠠᠭᠤᠨ ᠬᠠᠷᠢᠯᠴᠠᠭ᠎ᠠ᠎ᠶᠢ ᠪᠦᠷᠢᠯᠳᠦᠭᠦᠯᠪᠡᠯ ᠰᠠᠶᠢ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠣᠢᠯᠠᠭᠠᠯᠴᠠᠯ ᠪᠠ ᠢᠲᠡᠭᠡᠯ᠎ᠢ ᠲᠠᠰᠤᠷᠠᠯᠲᠠ ᠦᠭᠡᠢ ᠬᠤᠷᠠᠮᠳᠤᠭᠤᠯᠵᠤ ᠴᠢᠳᠠᠨ᠎ᠠ᠃ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ ᠨᠢ ᠦᠨᠳᠦᠰᠦᠲᠡᠨ᠎ᠨᠦᠭᠦᠳ᠎ᠦᠨ ᠨᠡᠭᠦᠳᠡᠯ ᠣᠯᠠᠨ ᠲᠦᠮᠡᠨ᠎ᠦ ᠰᠠᠭᠤᠷᠢ ᠪᠣᠯᠬᠤ 《ᠠᠮᠤᠷ ᠵᠢᠮᠤᠷ ᠠᠵᠤ ᠲᠦᠷᠦᠭᠦ》 ᠡᠴᠡ ᠭᠦᠨ ᠳᠠᠪᠬᠤᠷᠭ᠎ᠠ᠎ᠶᠢᠨ 《ᠨᠡᠢᠭᠡᠮ᠎ᠦᠨ ᠠᠭᠤᠰᠤᠯᠴᠠᠯ》 ᠬᠦᠷᠲᠡᠯᠡᠬᠢ ᠪᠣᠳᠠᠲᠤ ᠬᠡᠷᠡᠭᠴᠡᠭᠡ᠎ᠳᠦ ᠵᠣᠬᠢᠴᠠᠵᠤ᠂ ᠵᠦᠢᠯ ᠵᠤᠷᠪᠤᠰ᠎ᠤᠳ ᠨᠢ 《ᠠᠮᠢᠳᠤᠷᠠᠯ᠎ᠤᠨ ᠣᠷᠣᠨ ᠵᠠᠢ — ᠳᠦᠷᠢᠮ᠎ᠦᠨ ᠦᠢᠯᠡᠴᠢᠯᠡᠭᠡ — ᠨᠡᠢᠭᠡᠮ᠎ᠦᠨ ᠶᠠᠪᠤᠯᠴᠠᠭ᠎ᠠ — ᠰᠣᠶᠣᠯ᠎ᠤᠨ ᠢᠵᠢᠯᠰᠢᠯ — ᠰᠦᠯᠵᠢᠶᠡᠨ᠎ᠦ ᠵᠠᠰᠠᠯᠲᠠ》ᠵᠢᠨ ᠲᠡᠰ ᠳᠠᠷᠠᠭᠠᠯᠠᠯ᠎ᠢᠶᠠᠷ ᠠᠭᠠᠵᠢᠮ᠎ᠢᠶᠠᠷ ᠳᠡᠯᠭᠡᠭᠳᠡᠵᠦ᠂ ᠳᠦᠷᠢᠮ᠎ᠦᠨ ᠪᠢᠲᠡᠭᠦᠦ ᠴᠠᠭᠠᠷᠢᠭ᠋᠎ᠢ ᠪᠠᠢᠭᠤᠯᠵᠤ᠂ ᠤᠯᠠᠨ ᠬᠡᠮᠵᠢᠯᠲᠦ ᠣᠷᠣᠨ ᠵᠠᠢ᠎ᠶᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠱᠠᠲᠤ ᠳᠠᠷᠠᠭᠠᠯᠠᠨ ᠠᠬᠢᠭᠤᠯᠵᠠᠢ᠃
ᠪᠠᠷᠠᠭᠤᠨ ᠬᠣᠢᠲᠤ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠶᠡᠬᠡ ᠰᠤᠷᠭᠠᠭᠤᠯᠢ᠎ᠶᠢᠨ ᠬᠠᠤᠯᠢᠵᠢᠯ ᠬᠢᠭᠡᠳ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠰᠤᠳᠤᠯᠭᠠᠨ᠎ᠤ ᠲᠥᠪ᠎ᠦᠨ ᠴᠠᠩ ᠠᠨ ᠫᠷᠤᠹᠸᠰᠰᠤᠷ ᠢᠯᠡᠷᠬᠡᠢᠯᠡᠭᠰᠡᠨ᠎ᠢᠶᠡᠷ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠨᠡᠢᠭᠡᠮ᠎ᠦᠨ ᠠᠮᠢᠳᠤᠷᠠᠯ ᠳᠤᠮᠳᠠᠬᠢ ᠨᠢᠭ᠍ᠲᠠ ᠬᠠᠷᠢᠯᠴᠠᠭ᠎ᠠ᠎ᠶᠢᠨ ᠥᠷᠭᠡᠴᠡ ᠪᠠ ᠭᠦᠨᠴᠡ ᠨᠢ ᠤᠷᠢᠳ ᠡᠮᠦᠨ᠎ᠡ ᠭᠠᠷᠤᠭ᠎ᠠ ᠦᠭᠡᠢ ᠪᠠᠢᠵᠤ᠂ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ ᠬᠢᠭᠡᠳ ᠪᠦᠬᠦ ᠤᠯᠤᠰ᠎ᠤᠨ ᠪᠤᠰᠤᠳ ᠭᠠᠵᠠᠷ ᠣᠷᠣᠨ᠎ᠤ ᠬᠠᠷᠢᠯᠴᠠᠭ᠎ᠠ ᠴᠤ᠌ ᠲᠠᠰᠤᠷᠠᠯᠲᠠ ᠦᠭᠡᠢ ᠭᠦᠨᠵᠡᠭᠡᠢᠷᠡᠵᠦ ᠪᠠᠢᠨ᠎ᠠ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ ᠨᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠬᠤ᠎ᠳᠦ ᠬᠠᠤᠯᠢᠵᠢᠯ᠎ᠤᠨ ᠪᠠᠲᠤᠯᠠᠭ᠎ᠠ᠎ᠶᠢᠨ ᠲᠣᠭᠲᠠᠴᠠ᠎ᠶᠢ ᠬᠦᠴᠦᠯᠡᠨ ᠪᠦᠷᠢᠨᠰᠢᠭᠦᠯᠵᠦ᠂ ᠬᠠᠤᠯᠢ ᠴᠠᠭᠠᠵᠠ᠎ᠶᠢᠨ ᠠᠷᠭ᠎ᠠ ᠪᠠᠷᠢᠯ᠎ᠢᠶᠠᠷ ᠳᠠᠮᠵᠢᠭᠤᠯᠤᠨ ᠹᠢᠽᠢᠺ᠎ᠦᠨ ᠣᠷᠣᠨ ᠵᠠᠢ᠂ ᠰᠦᠯᠵᠢᠶᠡᠨ᠎ᠦ ᠣᠷᠣᠨ ᠵᠠᠢ᠂ ᠤᠶᠤᠨ ᠰᠠᠨᠠᠭᠠᠨ᠎ᠤ ᠣᠷᠣᠨ ᠵᠠᠢ ᠵᠡᠷᠭᠡ ᠳᠠᠪᠬᠤᠷᠭ᠎ᠠ᠎ᠳᠤ ᠦᠨᠳᠦᠰᠦᠲᠡᠨ᠎ᠨᠦᠭᠦᠳ᠎ᠢ ᠥᠷᠭᠡᠨ᠎ᠢᠶᠠᠷ ᠶᠠᠪᠤᠯᠴᠠᠭᠤᠯᠵᠤ᠂ ᠪᠦᠬᠦ ᠲᠠᠯ᠎ᠠ᠎ᠪᠠᠷ ᠰᠣᠯᠢᠯᠴᠠᠭᠤᠯᠵᠤ᠂ ᠭᠦᠨᠵᠡᠭᠡᠢ᠎ᠪᠠᠷ ᠠᠭᠤᠰᠤᠯᠴᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠨᠡᠢᠭᠡᠮ᠎ᠦᠨ ᠪᠦᠲᠦᠴᠡ᠎ᠶᠢᠨ ᠰᠠᠭᠤᠷᠢ᠎ᠶᠢ ᠤᠯᠠᠮ ᠨᠢᠭᠡ ᠠᠯᠬᠤᠮ ᠪᠡᠬᠢᠵᠢᠭᠦᠯᠬᠦ ᠪᠣᠯᠣᠨ᠎ᠠ᠃