ᠨᠢᠭᠡ᠂ ᠨᠡᠢᠲᠡᠯᠡᠭᠰᠡᠨ ᠠᠬᠤᠢ ᠪᠠᠢᠳᠠᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠥᠩᠭᠥᠨ ᠭᠦᠢᠯᠭᠡᠭᠡᠨ᠎ᠢᠶᠡᠷ ᠪᠣᠳᠠᠲᠤ ᠴᠣᠭᠴᠠ᠎ᠶᠢᠨ ᠠᠵᠤ ᠠᠬᠤᠢ᠎ᠳᠤ ᠦᠢᠯᠡᠴᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠤᠰᠠᠳᠠ᠂ ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠮᠥᠩᠭᠥᠨ ᠭᠦᠢᠯᠭᠡᠭᠡᠨ᠎ᠢᠶᠡᠷ ᠪᠣᠳᠠᠲᠤ ᠴᠣᠭᠴᠠ᠎ᠶᠢᠨ ᠠᠵᠤ ᠠᠬᠤᠢ᠎ᠶᠢ ᠳᠡᠮᠵᠢᠬᠦ ᠠᠷᠪᠠᠨ ᠵᠦᠢᠯ᠎ᠦᠨ ᠠᠷᠭ᠎ᠠ ᠬᠡᠮᠵᠢᠶ᠎ᠡ(2026 ᠣᠨ)》 (ᠳᠣᠷᠣᠭ᠍ᠰᠢ 《ᠮᠥᠩᠭᠥᠨ ᠭᠦᠢᠯᠭᠡᠭᠡᠨ᠎ᠦ ᠠᠷᠪᠠᠨ ᠵᠦᠢᠯ》 ᠭᠡᠵᠦ ᠲᠣᠪᠴᠢᠯᠠᠪᠠ)᠎ᠶᠢ ᠳᠠᠷᠤᠮᠠᠯᠯᠠᠨ ᠶᠠᠪᠤᠭᠤᠯᠪᠠ᠃
ᠬᠣᠶᠠᠷ᠂ ᠭᠣᠣᠯ ᠠᠭᠤᠯᠭ᠎ᠠ
《ᠮᠥᠩᠭᠥᠨ ᠭᠦᠢᠯᠭᠡᠭᠡᠨ᠎ᠦ ᠠᠷᠪᠠᠨ ᠵᠦᠢᠯ》 ᠨᠢ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠂ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ ᠮᠥᠩᠭᠥᠨ ᠭᠦᠢᠯᠭᠡᠭᠡ᠂ ᠳᠠᠪᠠᠭᠤᠯᠢᠭ᠋ ᠪᠦᠬᠦᠢ ᠣᠨᠴᠠᠯᠢᠭ᠍ᠲᠤ ᠠᠵᠤ ᠦᠢᠯᠡᠰ᠂ ᠣᠨ᠎ᠤ ᠭᠣᠣᠯᠳᠠᠯᠭ᠎ᠠ ᠪᠣᠯᠬᠤ ᠡᠭᠦᠷᠭᠡ ᠵᠡᠷᠭᠡ 5 ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ 10 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃
(ᠨᠢᠭᠡ)ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠲᠠᠯ᠎ᠠ᠎ᠪᠠᠷ᠂ ᠡᠨᠡ ᠵᠢᠯ᠎ᠦᠨ 4 ᠳ᠋ᠦ᠍ᠭᠡᠷ ᠰᠠᠷ᠎ᠠ᠎ᠳᠤ ᠵᠥᠪᠰᠢᠶᠡᠷᠡᠭᠳᠡᠭᠰᠡᠨ ᠳᠤᠮᠳᠠᠳᠤ ᠤᠯᠤᠰ(ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠣᠭᠣᠷᠢᠨ᠎ᠳᠤ᠂ ᠮᠥᠩᠭᠥᠨ ᠭᠦᠢᠯᠭᠡᠭᠡᠨ᠎ᠦ ᠥᠭᠡᠷᠡᠴᠢᠯᠡᠯᠲᠡ ᠰᠢᠨᠡᠴᠢᠯᠡᠯᠲᠡ᠎ᠶᠢᠨ ᠬᠡᠷᠡᠭᠵᠢᠭᠦᠯᠬᠦ ᠲᠥᠰᠥᠯ᠎ᠢ ᠲᠣᠭᠲᠠᠭᠠᠵᠤ᠂ ᠮᠥᠩᠭᠥᠨ ᠭᠦᠢᠯᠭᠡᠭᠡᠨ᠎ᠦ ᠰᠢᠨ᠎ᠡ ᠡᠭᠦᠳᠦᠯᠲᠡ᠎ᠪᠡᠷ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ᠃
(ᠬᠣᠶᠠᠷ)ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠠᠵᠤ ᠦᠢᠯᠡᠰ ᠯᠦ᠍ᠭᠡ ᠨᠢᠭ᠍ᠲᠠ ᠤᠶᠠᠯᠳᠤᠭᠤᠯᠤᠨ᠂ ᠡᠯᠡᠰᠦ ᠭᠣᠪᠢ ᠴᠥᠯ᠎ᠦᠨ ᠲᠣᠮᠣ᠌ ᠰᠠᠭᠤᠷᠢᠨ᠎ᠳᠤ ᠮᠢᠩᠭᠠᠨ ᠳ᠋ᠦᠩᠰᠢᠭᠤᠷ᠎ᠤᠨ ᠢᠲᠡᠭᠡᠮᠵᠢ ᠣᠯᠭᠣᠬᠤ ᠠᠵᠢᠯᠯᠠᠭ᠎ᠠ᠎ᠨᠢ ᠥᠷᠨᠢᠭᠦᠯᠬᠦ᠂ ᠡᠨᠧᠷᠭᠢ᠎ᠶᠢᠨ ᠲᠥᠷᠥᠯ᠎ᠦᠨ ᠠᠵᠤ ᠠᠬᠤᠢᠯᠠᠯ᠎ᠳᠤ ᠰᠢᠨ᠎ᠡ᠎ᠪᠡᠷ ᠣᠯᠭᠣᠬᠤ ᠢᠲᠡᠭᠡᠮᠵᠢ᠎ᠶᠢ 500 ᠳ᠋ᠦᠩᠰᠢᠭᠤᠷ ᠲᠥᠭᠥᠷᠢᠭ᠎ᠡᠴᠡ ᠳᠣᠣᠷ᠎ᠠ ᠪᠠᠢᠯᠭᠠᠬᠤ ᠦᠭᠡᠢ᠂ ᠬᠣᠪᠣᠷ ᠰᠢᠷᠣᠢ᠎ᠶᠢᠨ ᠲᠥᠷᠥᠯ᠎ᠦᠨ ᠠᠵᠤ ᠠᠬᠤᠢᠯᠠᠯ᠎ᠤᠨ ᠪᠡᠯᠡ ᠲᠣᠬᠢᠷᠠᠭᠤᠯᠭ᠎ᠠ᠎ᠶᠢ ᠠᠳᠠᠯᠢ ᠬᠤᠭᠤᠴᠠᠭᠠᠨ᠎ᠤ ᠬᠢ᠎ᠡᠴᠡ᠎ᠪᠠᠨ 10%᠎ᠪᠡᠷ ᠨᠡᠮᠡᠭᠳᠡᠭᠦᠯᠬᠦ ᠵᠡᠷᠭᠡ ᠬᠠᠷᠠᠯᠲᠠ᠎ᠶᠢ ᠪᠡᠶᠡᠯᠡᠭᠦᠯᠬᠦ᠎ᠪᠡᠷ ᠳᠤᠷᠠᠳᠴᠤ᠂ ᠤᠯᠤᠰ᠎ᠤᠨ ᠴᠢᠬᠤᠯᠠ ᠡᠨᠧᠷᠭᠢ᠎ᠶᠢᠨ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨᠦ ᠪᠦᠲᠦᠭᠡᠨ ᠪᠠᠢᠭᠤᠯᠤᠯᠲᠠ᠎ᠳᠤ ᠪᠥᠬᠥ ᠬᠦᠴᠦᠨ᠎ᠢᠶᠡᠷ᠎ᠢᠶᠡᠨ ᠦᠢᠯᠡᠴᠢᠯᠡᠨ᠎ᠡ᠃
(ᠭᠤᠷᠪᠠ)ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠤᠨ ᠮᠥᠩᠭᠥᠨ ᠭᠦᠢᠯᠭᠡᠭᠡᠨ᠎ᠦ ᠲᠠᠯ᠎ᠠ᠎ᠪᠠᠷ᠂ ᠵᠢᠭᠡᠯᠡᠯᠭᠡ᠂ ᠳᠠᠭᠠᠳᠬᠠᠯ᠂ ᠵᠢᠭᠡᠯᠡᠯᠭᠡ᠎ᠶᠢᠨ ᠲᠡᠮᠳᠡᠭᠲᠦ᠂ ᠰᠲ᠋ᠣᠺ᠎ᠤᠨ ᠡᠷᠬᠡ᠂ ᠰᠠᠭᠤᠷᠢ ᠮᠥᠩᠭᠥ ᠵᠡᠷᠭᠡ᠎ᠶᠢᠨ ᠬᠠᠮ ᠠᠷᠭ᠎ᠠ ᠮᠠᠶᠢᠭ᠋᠎ᠢᠶᠠᠷ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠵᠢᠭᠡᠯᠡᠯᠭᠡ᠎ᠶᠢ 800 ᠳ᠋ᠦᠩᠰᠢᠭᠤᠷ ᠲᠥᠭᠥᠷᠢᠭ ᠨᠡᠮᠡᠭᠳᠡᠭᠦᠯᠬᠦ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ᠎ᠶᠢ ᠡᠭᠦᠳᠬᠦ ᠵᠢᠭᠡᠯᠡᠯᠭᠡ᠎ᠶᠢᠨ ᠲᠡᠮᠳᠡᠭᠲᠦ᠎ᠶᠢ 500 ᠳ᠋ᠦᠩᠰᠢᠭᠤᠷ ᠲᠥᠭᠥᠷᠢᠭ ᠲᠠᠷᠬᠠᠭᠠᠬᠤ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ᠎ᠶᠢ ᠡᠭᠦᠳᠬᠦ ᠪᠡᠯᠡ ᠣᠷᠣᠭᠤᠯᠤᠯᠲᠠ᠎ᠶᠢᠨ ᠳᠠᠭᠠᠯᠲᠠ ᠰᠠᠭᠤᠷᠢ ᠮᠥᠩᠭᠥ᠎ᠶᠢ 10 ᠳ᠋ᠦᠩᠰᠢᠭᠤᠷ ᠲᠥᠭᠥᠷᠢᠭ ᠲᠣᠬᠢᠷᠠᠭᠤᠯᠬᠤ ᠵᠡᠷᠭᠡ ᠬᠠᠷᠠᠯᠲᠠᠲᠤ ᠡᠭᠦᠷᠭᠡ᠎ᠶᠢ ᠳᠤᠷᠠᠳᠴᠤ᠂ ᠮᠥᠩᠭᠥᠨ ᠭᠦᠢᠯᠭᠡᠭᠡᠨ᠎ᠦ ᠠᠮᠢᠳᠤᠯᠢᠭ᠋ ᠬᠦᠴᠦᠨ᠎ᠢᠶᠡᠷ ᠰᠢᠨ᠎ᠡ᠎ᠶᠢ ᠡᠭᠦᠳᠬᠦ ᠬᠥᠳᠡᠯᠭᠡᠭᠴᠢ ᠡᠨᠧᠷᠭᠢ᠎ᠶᠢ ᠬᠥᠭᠵᠢᠭᠡᠵᠦ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠠᠵᠤ ᠠᠬᠤᠢᠯᠠᠯ᠎ᠢ ᠳᠡᠮᠵᠢᠬᠦ ᠡᠷᠴᠢᠮ᠎ᠢᠶᠠᠨ ᠦᠨᠡᠨ ᠬᠦ᠌ ᠴᠢᠩᠭᠠᠷᠠᠭᠤᠯᠤᠨ᠎ᠠ᠃
(ᠳᠥᠷᠪᠡ)ᠳᠠᠪᠠᠭᠤᠯᠢᠭ᠋ ᠪᠦᠬᠦᠢ ᠣᠨᠴᠠᠯᠢᠭ᠍ᠲᠤ ᠠᠵᠤ ᠦᠢᠯᠡᠰ᠎ᠦᠨ ᠲᠠᠯ᠎ᠠ᠎ᠪᠠᠷ᠂ ᠤᠯᠤᠰ᠎ᠤᠨ ᠮᠠᠯ ᠲᠠᠷᠢᠶᠠᠯᠠᠩ ᠤᠨ ᠭᠠᠷᠤᠯᠲᠠ᠎ᠶᠢᠨ ᠦᠢᠯᠡᠳᠪᠦᠷᠢᠯᠡᠯ᠎ᠦᠨ ᠰᠠᠭᠤᠷᠢᠨ᠎ᠢ ᠪᠠᠶ᠋ᠢᠭᠤᠯᠬᠤ᠎ᠶᠢᠨ ᠲᠣᠭᠣᠷᠢᠨ᠎ᠳᠤ᠂ ᠪᠥᠬᠥ ᠣᠷᠣᠨ᠎ᠤ ᠮᠠᠯ ᠲᠠᠷᠢᠶᠠᠯᠠᠩ᠎ᠤᠨ ᠵᠢᠭᠡᠯᠡᠯᠭᠡ᠎ᠶᠢᠨ ᠢᠲᠡᠭᠡᠮᠵᠢ᠎ᠶᠢ ᠵᠠᠭᠤᠨ ᠳ᠋ᠦᠩᠰᠢᠭᠤᠷ ᠲᠥᠭᠥᠷᠢᠭ᠎ᠡᠴᠡ ᠳᠠᠪᠠᠭᠤᠯᠬᠤ ᠬᠠᠷᠠᠯᠲᠠ᠎ᠶᠢ ᠳᠤᠷᠠᠳᠴᠤ᠂ ᠲᠠᠷᠢᠶᠠᠯᠠᠩ᠎ᠤᠨ ᠳᠠᠭᠠᠳᠬᠠᠯ᠎ᠢ ᠨᠠᠷᠢᠯᠢᠭ᠋ ᠣᠨᠣᠴᠠᠲᠠᠢ᠎ᠪᠠᠷ ᠬᠦᠯᠢᠶᠡᠨ ᠠᠪᠴᠤ ᠨᠠᠷᠢᠯᠢᠭ᠋ ᠣᠨᠣᠴᠠᠲᠠᠢ᠎ᠪᠠᠷ ᠲᠥᠯᠥᠵᠦ᠂ ᠲᠥᠯᠥᠬᠦ ᠶᠣᠰᠣᠲᠠᠢ᠎ᠶᠢ ᠨᠢ ᠪᠦᠬᠦᠨ᠎ᠢ ᠲᠥᠯᠥᠵᠦ᠂ ᠲᠥᠯᠥᠵᠦ ᠳᠡᠢᠯᠬᠦ᠎ᠶᠢ ᠨᠢ ᠲᠦᠷᠭᠡᠨ ᠲᠥᠯᠥᠬᠦ ᠬᠡᠷᠡᠭᠲᠡᠢ ᠭᠡᠵᠦ ᠱᠠᠭᠠᠷᠳᠠᠪᠠ᠃ ᠡᠨᠧᠷᠭᠢ᠎ᠶᠢᠨ ᠳᠠᠭᠠᠭᠠᠴᠠ ᠶᠡᠬᠡᠲᠡᠢ ᠠᠵᠤ ᠦᠢᠯᠡᠰ᠎ᠦᠨ ᠪᠡᠯᠡ ᠲᠣᠬᠢᠷᠠᠭᠤᠯᠭ᠎ᠠ᠎ᠶᠢᠨ ᠲᠦᠭᠵᠢᠷᠡᠯ᠎ᠳᠦ ᠴᠢᠭᠯᠡᠭᠦᠯᠦᠨ᠂ ᠥᠷᠭᠡᠨ ᠬᠡᠷᠡᠭᠴᠡᠭᠡᠨ᠎ᠦ ᠲᠠᠸᠠᠷ᠎ᠲᠤ ᠢᠲᠡᠭᠡᠮᠵᠢ᠎ᠶᠢᠨ ᠲᠡᠮᠳᠡᠭ᠎ᠦᠨ ᠵᠠᠭᠤᠨ ᠳ᠋ᠦᠩᠰᠢᠭᠤᠷ ᠲᠥᠭᠥᠷᠢᠭ᠎ᠦᠨ ᠲᠥᠯᠥᠪᠯᠡᠭᠡ᠎ᠶᠢ ᠪᠠᠢᠷᠢᠯᠠᠭᠤᠯᠪᠠ᠃
(ᠲᠠᠪᠤ) ᠣᠨ᠎ᠤ ᠭᠣᠣᠯᠳᠠᠯᠭ᠎ᠠ ᠪᠣᠯᠬᠤ ᠡᠭᠦᠷᠭᠡ᠎ᠶᠢᠨ ᠲᠠᠯ᠎ᠠ᠎ᠪᠠᠷ᠂ ᠠᠵᠤ ᠠᠬᠤᠢᠯᠠᠯ᠎ᠤᠨ ᠰᠲ᠋ᠣᠺ᠎ᠤᠨ ᠵᠠᠬ᠎ᠠ᠎ᠳᠦ ᠭᠠᠷᠬᠤ᠎ᠶᠢ ᠭᠦᠨᠵᠡᠭᠡᠢ ᠠᠬᠢᠭᠤᠯᠬᠤ 《ᠲᠢᠶᠠᠨ ᠵᠢᠶᠦ᠋ᠨ ᠲᠥᠯᠥᠪᠯᠡᠭᠡ》᠎ᠶᠢ ᠳᠤᠷᠠᠳᠴᠤ᠂ ᠵᠢᠯ᠎ᠳᠦ ᠰᠲ᠋ᠣᠺ᠎ᠤᠨ ᠵᠠᠬ᠎ᠠ᠎ᠳᠤ ᠭᠠᠷᠭᠠᠬᠤ ᠠᠵᠤ ᠠᠬᠤᠢᠯᠠᠯ᠎ᠢ 1-2 ᠨᠡᠮᠡᠭᠳᠡᠭᠦᠯᠦᠨ᠂ ᠳᠠᠩᠰᠠᠯᠠᠭᠤᠯᠤᠭᠰᠠᠨ ᠠᠵᠤ ᠠᠬᠤᠢᠯᠠᠯ᠎ᠢ ᠬᠠᠪᠰᠤᠷᠤᠨ ᠵᠢᠯᠣᠭᠣᠳᠴᠤ ᠪᠠᠢᠭᠠᠳ ᠲᠣᠭ᠎ᠠ᠎ᠶᠢ ᠨᠢ 10 ᠭᠠᠷᠤᠢ ᠪᠣᠯᠭᠠᠨ ᠦᠷᠭᠡᠳᠭᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠰᠲ᠋ᠣᠺ᠎ᠤᠨ ᠵᠠᠬ᠎ᠠ᠎ᠳᠤ ᠭᠠᠷᠭᠠᠭᠰᠠᠨ ᠠᠵᠢᠯ᠎ᠤᠨ ᠦᠷ᠎ᠡ ᠪᠦᠲᠦᠮᠵᠢ᠎ᠪᠠᠨ ᠤᠯᠠᠮ ᠨᠢᠭᠡ ᠠᠯᠬᠤᠮ ᠪᠡᠬᠢᠵᠢᠭᠦᠯᠦᠨ᠎ᠡ ᠭᠡᠵᠦ ᠲᠣᠳᠣᠷᠬᠠᠢᠯᠠᠪᠠ᠃ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠬᠠᠮᠵᠢᠯᠴᠠᠭ᠎ᠠ᠎ᠶᠢ ᠴᠢᠩᠭᠠᠳᠬᠠᠵᠤ ᠪᠠᠢᠭᠠᠳ ᠥᠷᠢ ᠰᠢᠷᠢ ᠢᠯᠭᠠᠷᠠᠭᠤᠯᠬᠤ ᠠᠵᠢᠯ᠎ᠢ ᠳᠡᠮᠵᠢᠵᠦ᠂ ᠵᠢᠭᠡᠯᠡᠵᠦ ᠪᠣᠯᠬᠤ ᠪᠦᠬᠦᠨ᠎ᠳᠦ ᠵᠢᠭᠡᠯᠡᠭᠦᠯᠬᠦ᠎ᠶᠢ ᠠᠬᠢᠭᠤᠯᠤᠨ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃
ᠭᠤᠷᠪᠠ᠂ ᠲᠥᠷᠥ᠎ᠶᠢᠨ ᠪᠣᠳᠣᠯᠭ᠎ᠠ᠎ᠶᠢᠨ ᠭᠢᠯᠠᠰ ᠴᠡᠭ
ᠨᠢᠭᠡ᠎ᠳᠦ ᠠᠰᠠᠭᠤᠳᠠᠯ᠎ᠦᠨ ᠤᠳᠤᠷᠢᠳᠤᠮᠵᠢ᠎ᠶᠢ ᠳᠣᠪᠣᠢᠯᠭᠠᠪᠠ᠃ 《ᠮᠥᠩᠭᠥᠨ ᠭᠦᠢᠯᠭᠡᠭᠡᠨ᠎ᠦ ᠠᠷᠪᠠᠨ ᠵᠦᠢᠯ》 ᠨᠢ ᠪᠠᠢᠴᠠᠭᠠᠨ ᠰᠤᠳᠤᠯᠤᠯᠲᠠ᠎ᠶᠢᠨ ᠳᠤᠮᠳᠠᠬᠢ ᠠᠵᠤ ᠠᠬᠤᠢᠯᠠᠯ᠎ᠤᠨ ᠲᠤᠰᠬᠠᠭᠰᠠᠨ ᠪᠡᠯᠡ ᠲᠣᠬᠢᠷᠠᠭᠤᠯᠭ᠎ᠠ᠎ᠶᠢᠨ ᠲᠦᠭᠵᠢᠷᠡᠯ᠎ᠦᠨ ᠴᠡᠭ ᠵᠢᠴᠢ ᠠᠢᠮᠠᠭ ᠬᠣᠲᠠ᠎ᠶᠢᠨ ᠳᠤᠷᠠᠳᠤᠭᠰᠠᠨ ᠭᠣᠣᠯᠳᠠᠯᠭ᠎ᠠ ᠪᠣᠯᠬᠤ ᠬᠦᠴᠢᠷ ᠠᠰᠠᠭᠤᠳᠠᠯ᠎ᠲᠠᠢ ᠨᠢᠭ᠍ᠲᠠ ᠤᠶᠠᠯᠳᠤᠭᠤᠯᠤᠨ᠂ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠬᠠᠨᠳᠤᠭᠤᠯᠵᠤ᠂ ᠨᠠᠷᠢᠯᠢᠭ᠋ ᠣᠨᠣᠴᠠᠲᠠᠢ᠎ᠪᠠᠷ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠨ᠂ ᠬᠠᠷᠠᠯᠲᠠ ᠵᠦᠭ᠎ᠢᠶᠡᠨ ᠬᠦᠴᠦᠯᠡᠨ ᠴᠢᠷᠮᠠᠢᠵᠤ᠂ ᠮᠥᠩᠭᠥᠨ ᠭᠦᠢᠯᠭᠡᠭᠡᠨ᠎ᠦ ᠪᠣᠳᠠᠲᠤ ᠴᠣᠭᠴᠠ᠎ᠶᠢᠨ ᠠᠵᠤ ᠠᠬᠤᠢ᠎ᠳᠤ ᠦᠢᠯᠡᠴᠢᠯᠡᠬᠦ ᠪᠣᠭᠣᠮᠢ ᠬᠢᠵᠠᠭᠠᠷᠯᠠᠯ᠎ᠢ ᠬᠦᠴᠦᠯᠡᠨ ᠰᠢᠢᠳᠪᠦᠷᠢᠯᠡᠨ᠎ᠡ᠃
ᠬᠣᠶᠠᠷ᠎ᠲᠤ ᠬᠠᠷᠠᠯᠲᠠ᠎ᠶᠢᠨ ᠤᠳᠤᠷᠢᠳᠤᠮᠵᠢ᠎ᠶᠢ ᠳᠣᠪᠣᠢᠯᠭᠠᠪᠠ᠃ 《ᠮᠥᠩᠭᠥᠨ ᠭᠦᠢᠯᠭᠡᠭᠡᠨ᠎ᠦ ᠠᠷᠪᠠᠨ ᠵᠦᠢᠯ》 ᠨᠢ ᠲᠣᠭᠲᠠᠮᠠᠯ ᠴᠢᠨᠠᠷᠲᠠᠢ ᠪᠠᠢᠷᠢᠯᠠᠭᠤᠯᠤᠭᠰᠠᠨᠤ ᠰᠠᠭᠤᠷᠢᠨ ᠳᠡᠭᠡᠷ᠎ᠡ᠂ 15 ᠲᠣᠭᠲᠠᠭᠰᠠᠨ ᠬᠡᠮᠵᠢᠶᠡᠨ᠎ᠦ ᠭᠦᠢᠴᠡᠳᠬᠡᠯ ᠲᠣᠭ᠎ᠠ᠎ᠶᠢ ᠲᠣᠬᠢᠷᠠᠭᠤᠯᠵᠤ᠂ ᠲᠥᠷᠥᠯ ᠪᠦᠷᠢ ᠨᠢ ᠲᠣᠭ᠎ᠠ ᠪᠠᠷᠢᠮᠲᠠ᠎ᠲᠠᠢ᠂ ᠲᠥᠷᠥᠯ ᠪᠦᠷᠢᠳᠦ ᠨᠢ ᠦᠨᠡᠯᠡᠯᠲᠡ ᠬᠢᠵᠦ ᠪᠣᠯᠬᠤ᠎ᠶᠢ ᠪᠡᠶᠡᠯᠡᠭᠦᠯᠦᠨ᠂ ᠡᠯ᠎ᠡ ᠲᠥᠷᠥᠯ᠎ᠦᠨ ᠭᠦᠢᠴᠡᠳᠬᠡᠯ ᠲᠣᠭ᠎ᠠ ᠪᠥᠬᠥᠨ᠎ᠢ ᠪᠠᠢᠴᠠᠭᠠᠨ ᠰᠤᠳᠤᠯᠵᠤ ᠨᠤᠲᠠᠯᠠᠬᠤ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠪᠠᠢᠳᠠᠯ᠎ᠳᠤ ᠰᠠᠭᠤᠷᠢᠯᠠᠬᠤ ᠮᠥᠷᠲᠡᠭᠡᠨ ᠪᠠᠰᠠ ᠴᠢᠩᠭ᠎ᠠ ᠱᠠᠭᠠᠷᠳᠠᠨ ᠴᠢᠷᠮᠠᠢᠨ ᠠᠵᠢᠯᠯᠠᠭᠤᠯᠵᠤ᠂ ᠬᠠᠷᠠᠯᠲᠠ᠎ᠶᠢᠨ ᠰᠢᠨᠵᠢᠯᠡᠬᠦ ᠤᠬᠠᠭᠠᠨᠴᠢ ᠪᠥᠭᠡᠳ ᠦᠢᠯᠡᠳᠦᠯ᠎ᠲᠠᠢ᠂ ᠪᠡᠶᠡᠯᠡᠭᠳᠡᠵᠦ ᠪᠣᠯᠬᠤ᠎ᠶᠢ ᠨᠢ ᠪᠠᠲᠤᠯᠠᠨ᠎ᠠ᠃