ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ ᠂ ᠡᠳ᠋᠎ᠦᠨ ᠵᠠᠰᠠᠭ᠎ᠤᠨ ᠶᠠᠮᠤᠨ ᠣᠢᠷ᠎ᠠ᠎ᠳᠤ 2026 ᠣᠨ᠎ᠤ ᠬᠡᠦᠬᠡᠳ ᠪᠣᠢᠵᠢᠭᠤᠯᠬᠤ ᠨᠡᠮᠡᠭᠦᠷᠢ ᠨᠥᠬᠥᠪᠦᠷᠢ᠎ᠶᠢᠨ ᠪᠡᠯᠡ ᠮᠥᠩᠭᠥ᠎ᠶᠢ 999 ᠳ᠋ᠦᠩᠰᠢᠭᠤᠷ ᠲᠥᠭᠥᠷᠢᠭ ᠪᠠᠭᠤᠯᠭᠠᠭᠰᠠᠨ ᠨᠢ ᠨᠢᠳᠤᠨᠤᠨ᠎ᠤ ᠬᠢ᠎ᠡᠴᠡ 10.6% ᠪᠡᠷ ᠨᠡᠮᠡᠭᠳᠡᠵᠦ ᠂ ᠡᠯ᠎ᠡ ᠭᠠᠵᠠᠷ᠎ᠤᠨ ᠨᠥᠬᠥᠴᠡᠯ᠎ᠳᠦ ᠨᠡᠢᠴᠡᠬᠦ ᠨᠢᠯᠬ᠎ᠠ ᠨᠢᠷᠠᠢ ᠬᠡᠦᠬᠡᠳ ᠲᠠᠢ ᠭᠡᠷ ᠪᠦᠯᠢ᠎ᠳᠦ ᠬᠡᠦᠬᠡᠳ ᠪᠣᠢᠵᠢᠭᠤᠯᠬᠤ ᠨᠡᠮᠡᠭᠦᠷᠢ ᠣᠯᠭᠣᠬᠤ᠎ᠶᠢ ᠳᠡᠮᠵᠢᠪᠡ ᠃ ᠵᠢᠱ᠌ᠢᠯᠲᠡ᠎ᠪᠡᠷ ᠪᠦᠬᠦ ᠵᠢᠯ᠎ᠳᠦ ᠡᠯ᠎ᠡ ᠱᠠᠲᠤᠨ᠎ᠤ ᠡᠳ᠋᠎ᠦᠨ ᠵᠠᠰᠠᠭ᠎ᠠᠴᠠ ᠪᠠᠷᠤᠭ ᠨᠡᠢ᠍ᠢᠳᠡ 1100 ᠳ᠋ᠦᠩᠰᠢᠭᠤᠷ ᠲᠥᠭᠥᠷᠢᠭ᠎ᠦᠨ ᠨᠡᠮᠡᠭᠦᠷᠢ ᠪᠡᠯᠡ ᠮᠥᠩᠭᠥ ᠲᠣᠬᠢᠷᠠᠭᠤᠯᠬᠤ ᠪᠣᠯᠣᠨ᠎ᠠ᠃
ᠣᠳᠣᠬᠠᠨ᠎ᠳᠤ ᠂ 2026 ᠣᠨ᠎ᠤ ᠬᠡᠦᠬᠡᠳ ᠪᠣᠢᠵᠢᠭᠤᠯᠬᠤ ᠨᠡᠮᠡᠭᠦᠷᠢ᠎ᠶᠢ ᠣᠯᠭᠣᠬᠤ ᠠᠵᠢᠯ ᠶᠠᠭ ᠯᠠᠪᠳᠠᠭᠤᠨ ᠪᠥᠭᠡᠳ ᠡᠮᠬᠢ ᠵᠢᠷᠤᠮ᠎ᠲᠠᠢ ᠶᠠᠪᠤᠭᠳᠠᠵᠤ ᠪᠠᠢᠨ᠎ᠠ ᠃ ᠬᠠᠮᠢᠶ᠎ᠠ ᠪᠦᠬᠦᠢ ᠬᠠᠮᠢᠶᠠᠷᠤᠯᠲᠠ᠎ᠶᠢᠨ ᠲᠣᠭᠲᠠᠭᠠᠯ᠎ᠢ ᠦᠨᠳᠦᠰᠦᠯᠡᠪᠡᠯ ᠂ ᠡᠯ᠎ᠡ ᠱᠠᠲᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ᠎ᠦᠳ ᠬᠠᠷᠢᠭᠤᠴᠠᠵᠤ ᠪᠠᠢᠭᠠᠳ ᠬᠡᠦᠬᠡᠳ ᠪᠣᠢᠵᠢᠭᠤᠯᠬᠤ ᠨᠡᠮᠡᠭᠦᠷᠢ᠎ᠶᠢ ᠬᠢᠨᠠᠨ ᠬᠠᠷᠭᠤᠭᠤᠯᠵᠤ ᠣᠯᠭᠣᠬᠤ ᠠᠵᠢᠯ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠵᠠᠷᠴᠢᠮ ᠳᠡᠭᠡᠷ᠎ᠡ᠎ᠪᠡᠨ ᠤᠯᠠᠷᠢᠯ ᠪᠦᠷᠢᠳᠦ ᠨᠠᠭᠠᠳᠤ ᠵᠠᠬ᠎ᠠ᠎ᠳᠤ᠎ᠪᠠᠨ ᠨᠢᠭᠡ ᠪᠦᠯᠦᠭ ᠪᠡᠯᠡ ᠮᠥᠩᠭᠥ᠎ᠶᠢ ᠲᠥᠪᠯᠡᠷᠡᠭᠦᠯᠦᠨ ᠣᠯᠭᠣᠨ᠎ᠠ; ᠲᠦᠷᠦᠭᠦᠸ᠋ ᠤᠯᠠᠷᠢᠯ᠎ᠳᠤ ᠬᠢᠨᠠᠨ ᠬᠠᠷᠭᠤᠭᠤᠯᠵᠤ ᠪᠠᠲᠤᠯᠠᠭᠰᠠᠨ ᠭᠤᠶᠤᠴᠢᠯᠠᠯ᠎ᠢ ᠲᠣᠰ ᠤᠯᠠᠷᠢᠯ᠎ᠤᠨ ᠰᠡᠭᠦᠯᠴᠢ᠎ᠡᠴᠡ ᠡᠮᠦᠨ᠎ᠡ ᠪᠣᠲᠠᠲᠠᠢᠵᠢᠭᠤᠯᠤᠨᠠ᠃ ᠡᠳ᠋᠎ᠦᠨ ᠵᠠᠰᠠᠭ᠎ᠤᠨ ᠶᠠᠮᠤᠨ ᠦᠷᠭᠦᠯᠵᠢᠯᠡᠨ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠯᠦ᠍ᠭᠡ ᠬᠠᠮᠲᠤᠷᠠᠨ ᠬᠡᠦᠬᠡᠳ ᠪᠣᠢᠵᠢᠭᠤᠯᠬᠤ ᠨᠡᠮᠡᠭᠦᠷᠢ᠎ᠶᠢᠨ ᠳᠦᠷᠢᠮ᠎ᠢ ᠬᠡᠷᠡᠭᠵᠢᠭᠦᠯᠬᠦ ᠠᠵᠢᠯ᠎ᠢᠶᠠᠨ ᠰᠠᠢᠲᠤᠷ ᠬᠢᠵᠦ ᠂ ᠪᠡᠯᠡ ᠮᠥᠩᠭᠥ᠎ᠶᠢᠨ ᠬᠠᠮᠢᠶᠠᠷᠤᠯᠲᠠ᠎ᠪᠠᠨ ᠴᠢᠩᠳᠠᠯᠠᠵᠤ ᠂ ᠬᠢᠨᠠᠯᠲᠠ ᠪᠠᠢᠴᠠᠭᠠᠯᠲᠠ᠎ᠪᠡᠨ ᠴᠢᠩᠭᠠᠳᠬᠠᠨ ᠂ ᠲᠥᠷᠥ᠎ᠶᠢᠨ ᠪᠣᠳᠣᠯᠭ᠎ᠠ᠎ᠶᠢᠨ ᠦᠢᠯᠡᠳᠦᠯ᠎ᠢ ᠪᠠᠳᠠᠷᠠᠭᠤᠯᠵᠤ ᠂ ᠦᠷᠡᠵᠢᠯ ᠬᠦᠩᠭᠡᠵᠢᠯ᠎ᠳᠦ ᠡᠭᠡᠯᠢᠲᠡᠢ ᠨᠡᠢᠭᠡᠮ᠎ᠦᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ ᠪᠣᠯᠣᠨ᠎ᠠ᠃