ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠲᠦᠷᠦ᠎ᠶᠢᠨ ᠪᠣᠳᠣᠯᠭ᠎ᠠ᠎ᠶᠢᠨ ᠲᠠᠶ᠋ᠢᠯᠤᠮᠵᠢ
ᠢᠷᠡᠭᠡᠳᠦᠢ᠎ᠶᠢᠨ 5 ᠵᠢᠯ᠎ᠳᠦ᠂ ᠲᠠᠨ᠎ᠤ ᠬᠣᠲᠠ᠎ᠳᠤ ᠡᠲᠡᠭᠡᠷ ᠰᠢᠨ᠎ᠡ ᠬᠤᠪᠢᠷᠠᠯᠲᠠ᠎ᠲᠠᠢ ᠪᠣᠯᠬᠤ ᠪᠣᠯᠣᠨ᠎ᠠ !
ᠨᠡᠢᠲᠡᠯᠡᠭᠰᠡᠨ ᠴᠠᠭ᠄ 2026-06-04

ᠲᠥᠷᠥ᠎ᠶᠢᠨ ᠶᠠᠪᠤᠳᠠᠯ᠎ᠤᠨ ᠬᠣᠷᠢᠶ᠎ᠠ ᠣᠷᠴᠢᠮᠬᠠᠨ 《ᠬᠣᠲᠠ᠎ᠶᠢᠨ ᠰᠢᠨᠡᠴᠢᠯᠡᠯᠲᠡ᠎ᠶᠢᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ》᠎ᠶᠢ ᠳᠠᠷᠤᠮᠠᠯᠯᠠᠨ ᠶᠠᠪᠤᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠬᠣᠲᠠ᠎ᠶᠢᠨ ᠰᠢᠨᠡᠴᠢᠯᠡᠯᠲᠡ᠎ᠶᠢᠨ ᠠᠵᠢᠯ᠎ᠤᠨ ᠬᠠᠷᠠᠯᠲᠠ ᠭᠦᠢᠴᠡᠳᠬᠡᠯ ᠲᠣᠭ᠎ᠠ᠂ ᠭᠣᠣᠯᠳᠠᠯᠭ᠎ᠠ ᠪᠣᠯᠬᠤ ᠡᠭᠦᠷᠭᠡ᠂ ᠴᠢᠬᠤᠯᠠ ᠶᠡᠬᠡ ᠢᠨᠵᠧᠨᠧᠷᠢᠩ ᠪᠠ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠳᠣᠷᠬᠠᠢ ᠲᠣᠭᠲᠠᠭᠠᠵᠠᠢ᠃ ᠢᠷᠡᠭᠡᠳᠦᠢ᠎ᠶᠢᠨ 5 ᠵᠢᠯ᠎ᠳᠦ᠂ ᠲᠠᠨ᠎ᠤ ᠬᠣᠲᠠ᠎ᠳᠤ ᠶᠠᠮᠠᠷ ᠶᠠᠮᠠᠷ ᠬᠤᠪᠢᠷᠠᠯᠲᠠ ᠭᠠᠷᠬᠤ ᠪᠣᠶ? ᠬᠠᠮᠲᠤ᠎ᠪᠠᠷ ᠦᠵᠡᠵᠡᠭᠡᠶ᠎ᠡ— 

《ᠰᠠᠢᠨ ᠭᠡᠷ ᠪᠠᠢᠰᠢᠩ》᠎ᠢ ᠪᠠᠢᠭᠤᠯᠵᠤ᠂ ᠠᠰᠠᠷ᠎ᠤᠨ ᠳᠠᠪᠬᠤᠷᠯᠢᠭ᠋᠎ᠤᠨ ᠠᠳᠠᠷ᠎ᠢ ᠳᠡᠭᠡᠭᠰᠢ ᠲᠠᠯᠪᠢᠵᠤ᠂ ᠲᠠᠭᠤ ᠬᠥᠨᠳᠡᠢᠷᠡᠭᠦᠯᠬᠦ ᠴᠢᠳᠠᠮᠵᠢ᠎ᠶᠢ ᠳᠡᠭᠡᠭᠰᠢᠯᠡᠭᠦᠯᠦᠨ᠎ᠡ 

ᠬᠣᠲᠠ ᠪᠠᠯᠭᠠᠰᠤᠨ᠎ᠤ 11.5 ᠲᠦᠮᠡᠨ ᠬᠠᠭᠤᠴᠢᠨ ᠰᠠᠭᠤᠭᠠᠯᠢ ᠲᠣᠭᠣᠷᠢᠭ᠎ᠤᠨ ᠥᠭᠡᠷᠡᠴᠢᠯᠡᠨ ᠰᠢᠨᠡᠳᠬᠡᠬᠦ ᠠᠵᠢᠯ᠎ᠢ ᠰᠢᠨ᠎ᠡ᠎ᠪᠡᠷ ᠡᠬᠢᠯᠡᠭᠦᠯᠦᠨ᠎ᠡ 

ᠨᠤᠷᠠᠬᠤ ᠠᠶᠤᠯᠲᠠᠢ ᠬᠠᠭᠤᠴᠢᠨ ᠭᠡᠷ ᠪᠠᠢᠰᠢᠩ᠎ᠢ ᠥᠭᠡᠷᠡᠴᠢᠯᠡᠨ ᠰᠢᠨᠡᠳᠬᠡᠬᠦ ᠠᠵᠢᠯ᠎ᠢ ᠡᠮᠬᠢ ᠵᠢᠷᠤᠮ᠎ᠲᠠᠢ ᠠᠬᠢᠭᠤᠯᠤᠨ᠎ᠠ 

ᠬᠣᠲᠠ᠎ᠶᠢᠨ ᠳᠤᠮᠳᠠᠬᠢ ᠲᠣᠰᠬᠣᠨ᠎ᠢ ᠰᠢᠨᠡᠳᠬᠡᠨ ᠥᠭᠡᠷᠡᠴᠢᠯᠡᠬᠦ ᠠᠵᠢᠯ᠎ᠢ ᠯᠠᠪᠳᠠᠭᠤᠨ᠎ᠢᠶᠠᠷ ᠠᠬᠢᠭᠤᠯᠤᠨ᠎ᠠ 

ᠠᠳᠠᠯ ᠠᠬᠤᠢ᠎ᠶᠢᠨ ᠦᠢᠯᠡᠴᠢᠯᠡᠭᠡᠨ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠠᠳᠠᠯ ᠠᠬᠤᠢ᠎ᠶᠢᠨ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠰᠠᠢᠵᠢᠷᠠᠭᠤᠯᠤᠨ᠎ᠠ 

ᠬᠣᠲᠠ᠎ᠶᠢᠨ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠥᠭᠡᠷᠡᠴᠢᠯᠡᠨ ᠰᠢᠨᠡᠳᠬᠡᠬᠦ᠎ᠶᠢ ᠨᠢ ᠴᠢᠩᠭᠠᠳᠬᠠᠵᠤ᠂ ᠰᠢᠲᠠᠮᠠᠬᠠᠢ ᠬᠡᠢ ᠳᠠᠮᠵᠢᠭᠤᠯᠬᠤ ᠂ ᠤᠰᠤ ᠬᠠᠩᠭᠠᠬᠤ ᠂ ᠤᠰᠤ ᠵᠠᠯᠠᠬᠤ ᠂ ᠪᠣᠬᠢᠷ ᠤᠰᠤ ᠭᠠᠳᠠᠭᠰᠢᠯᠠᠭᠤᠯᠬᠤ ᠂ ᠢᠯᠴᠢ ᠳᠠᠮᠵᠢᠭᠤᠯᠬᠤ ᠵᠡᠷᠭᠡ ᠬᠠᠭᠤᠴᠢᠨ ᠬᠣᠭᠣᠯᠠᠢ ᠭᠤᠤᠷᠰᠤ᠎ᠶᠢ ᠰᠢᠨᠡᠳᠬᠡᠨ ᠥᠭᠡᠷᠡᠴᠢᠯᠡᠬᠦ᠎ᠶᠢ ᠨᠢ ᠲᠦᠷᠭᠡᠳᠬᠡᠨ ᠬᠡᠷᠡᠭᠵᠢᠭᠦᠯᠦᠨ᠎ᠡ

ᠴᠢᠳᠠᠮᠵᠢ᠎ᠪᠠᠷ ᠪᠦᠷᠢᠨ ᠪᠦᠲᠦᠨ ᠨᠡᠢᠭᠡᠮ ᠲᠣᠭᠣᠷᠢᠭ᠎ᠢ᠋ ᠪᠠᠢᠭᠤᠯᠵᠤ᠂ ᠨᠡᠢᠭᠡᠮ ᠲᠣᠭᠣᠷᠢᠭ᠋᠎ᠤᠨ ᠦᠨᠳᠦᠰᠦᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠪᠡᠯᠡᠳᠬᠡᠮᠵᠢ᠎ᠶᠢ ᠲᠡᠭᠦᠯᠳᠡᠷᠵᠢᠭᠦᠯᠦᠨ᠎ᠡ 

ᠬᠠᠭᠤᠴᠢᠨ ᠵᠡᠭᠡᠯᠢ ᠲᠣᠭᠣᠷᠢᠭ ᠪᠠ ᠦᠢᠯᠡᠳᠪᠦᠷᠢ᠎ᠶᠢᠨ ᠲᠣᠭᠣᠷᠢᠭ᠋᠎ᠢ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠨ᠂ ᠰᠠᠭᠤᠷᠢ ᠪᠡᠯᠡᠳᠬᠡᠮᠵᠢ ᠪᠠ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠦᠷᠢᠯᠡᠨ᠎ᠡ 

ᠬᠣᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠰᠠᠢᠵᠢᠷᠠᠭᠤᠯᠤᠨ᠎ᠠ 

ᠬᠣᠲᠠ ᠪᠠᠯᠭᠠᠰᠤᠨ᠎ᠤ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠳᠣᠭᠲᠠᠯᠴᠠᠭ᠎ᠠ᠎ᠶᠢ ᠲᠡᠭᠦᠯᠳᠡᠷᠵᠢᠭᠦᠯᠦᠨ᠎ᠡ  

ᠬᠤᠳᠠ᠎ᠶᠢᠨ ᠠᠮᠢ ᠠᠬᠤᠢ᠎ᠶᠢᠨ ᠰᠢᠰᠲᠧᠮ᠎ᠢ ᠰᠡᠷᠭᠦᠭᠡᠨ᠎ᠡ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号