《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠠᠢᠰᠢᠩ ᠭᠠᠵᠠᠷ ᠬᠥᠷᠥᠩᠭᠡ᠎ᠶᠢᠨ ᠵᠠᠬ᠎ᠠ ᠳᠡᠯᠭᠡᠭᠦᠷ᠎ᠢ ᠬᠦᠴᠦᠯᠡᠨ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ᠎ᠨᠦᠭᠦᠳ》᠎ᠲᠦ ᠵᠠᠬ᠎ᠠ ᠳᠡᠯᠭᠡᠭᠦᠷ᠎ᠦᠨ ᠬᠡᠷᠡᠭᠴᠡᠭᠡ᠎ᠶᠢ ᠬᠥᠭᠵᠢᠭᠡᠬᠦ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠪᠡᠷ ᠳᠡᠮᠵᠢᠬᠦ᠂ ᠭᠡᠷ ᠪᠠᠢᠰᠢᠩ᠎ᠤᠨ ᠬᠡᠷᠡᠭᠯᠡᠭᠡ᠎ᠶᠢ ᠠᠬᠢᠭᠤᠯᠬᠤ᠂ ᠦᠯᠡᠳᠡᠭᠡᠯ ᠲᠠᠸᠠᠷ᠎ᠤᠨ ᠣᠷᠣᠨ ᠰᠠᠭᠤᠴᠠ᠎ᠶᠢ ᠬᠦᠢᠯᠭᠡᠭᠡᠯᠡᠬᠦ᠂ ᠭᠡᠷ ᠪᠠᠢᠰᠢᠩ ᠭᠠᠵᠠᠷ ᠬᠥᠷᠥᠩᠭᠡ᠎ᠶᠢᠨ ᠨᠡᠭᠡᠭᠡᠯᠲᠡ᠎ᠶᠢ ᠰᠢᠯᠢᠳᠡᠭᠵᠢᠭᠦᠯᠬᠦ ᠵᠡᠷᠭᠡ ᠲᠠᠯ᠎ᠠ᠎ᠶᠢᠨ ᠲᠣᠭᠣᠷᠢᠨ᠎ᠳᠤ 11 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠪᠠ᠃
ᠨᠢᠭᠡ᠂ ᠵᠠᠬ᠎ᠠ ᠳᠡᠯᠭᠡᠭᠦᠷ᠎ᠦᠨ ᠬᠡᠷᠡᠭᠴᠡᠭᠡ᠎ᠶᠢ ᠬᠥᠭᠵᠢᠭᠡᠬᠦ ᠲᠠᠯ᠎ᠠ᠎ᠪᠠᠷ᠃ ᠬᠣᠲᠠ᠎ᠶᠢᠨ ᠪᠠᠢᠳᠠᠯ᠎ᠳᠦ ᠨᠢ ᠲᠣᠬᠢᠷᠠᠭᠤᠯᠤᠨ ᠲᠥᠷᠥ᠎ᠶᠢᠨ ᠪᠣᠳᠣᠯᠭ᠎ᠠ ᠬᠡᠷᠡᠭᠵᠢᠭᠦᠯᠬᠦ᠎ᠶᠢ ᠪᠠᠷᠢᠮᠲᠠᠯᠠᠵᠤ᠂ ᠡᠯ᠎ᠡ ᠭᠠᠵᠠᠷ ᠣᠷᠣᠨ᠎ᠤ ᠪᠡᠯᠡ ᠮᠥᠩᠭᠥ ᠲᠣᠬᠢᠷᠠᠭᠤᠯᠵᠤ ᠪᠠᠢᠭᠠᠳ ᠰᠢᠨ᠎ᠡ᠎ᠪᠡᠷ ᠪᠠᠢᠭᠤᠯᠤᠭᠰᠠᠨ ᠲᠠᠸᠠᠷ᠎ᠤᠨ ᠣᠷᠣᠨ ᠰᠠᠭᠤᠴᠠ ᠬᠤᠳᠠᠯᠳᠤᠨ ᠠᠪᠬᠤ ᠬᠥᠮᠥᠰ᠎ᠲᠦ ᠭᠡᠷ ᠪᠠᠢᠰᠢᠩ ᠬᠤᠳᠠᠯᠳᠤᠨ ᠠᠪᠬᠤ ᠨᠡᠮᠡᠭᠦᠷᠢ ᠣᠯᠭᠣᠬᠤ᠎ᠶᠢ ᠵᠣᠷᠢᠭ᠍ᠵᠢᠭᠤᠯᠤᠨ᠂ ᠭᠡᠷ ᠪᠠᠢᠰᠢᠩ᠎ᠤᠨ ᠪᠣᠷᠤᠯᠠᠭᠤᠯᠭ᠎ᠠ᠎ᠶᠢ ᠠᠬᠢᠭᠤᠯᠬᠤ ᠠᠵᠢᠯᠯᠠᠭ᠎ᠠ ᠪᠠ ᠭᠡᠷ ᠪᠠᠢᠰᠢᠩ᠎ᠤᠨ ᠠᠵᠤ ᠠᠬᠤᠢᠯᠠᠯ᠎ᠤᠨ ᠪᠦᠯᠬᠦᠮ ᠨᠡᠢᠲᠡ᠎ᠪᠡᠷ ᠬᠤᠳᠠᠯᠳᠤᠨ ᠠᠪᠬᠤ᠎ᠶᠢ ᠨᠢ ᠣᠨᠣᠴᠠᠲᠠᠢ ᠵᠣᠯᠭᠠᠭᠤᠯᠬᠤ ᠠᠵᠢᠯᠯᠠᠭ᠎ᠠ᠎ᠶᠢ ᠢᠳᠡᠪᠬᠢᠲᠡᠢ ᠡᠷᠭᠢᠯᠡᠵᠦ᠂ ᠣᠷᠣᠨ ᠰᠠᠭᠤᠴᠠ ᠬᠢᠭᠡᠳ ᠭᠡᠷ᠎ᠦᠨ ᠬᠡᠷᠡᠭᠰᠡᠯ ᠭᠡᠷ᠎ᠦᠨ ᠴᠠᠬᠢᠯᠭᠠᠨ ᠬᠡᠷᠡᠭᠯᠡᠭᠦᠷ ᠵᠡᠷᠭᠡ ᠬᠣᠯᠪᠣᠭᠳᠠᠬᠤ ᠬᠡᠷᠡᠭᠯᠡᠭᠡ᠎ᠶᠢ ᠪᠠᠢᠩᠭᠤᠰᠢᠭᠤᠯᠤᠨ ᠬᠣᠯᠪᠤᠭᠠᠯᠠᠨ ᠪᠣᠷᠣᠯᠠᠭᠤᠯᠬᠤ᠎ᠶᠢ ᠨᠢ ᠠᠬᠢᠭᠤᠯᠵᠤ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠨ᠂ ᠵᠠᠬ᠎ᠠ ᠳᠡᠯᠭᠡᠭᠦᠷ᠎ᠦᠨ ᠢᠲᠡᠭᠡᠯ ᠵᠣᠷᠢᠭ᠋᠎ᠢ ᠬᠥᠪᠴᠢᠯᠡᠵᠦ᠂ ᠣᠯᠠᠨ ᠲᠦᠮᠡᠨ᠎ᠦ ᠵᠦᠢ ᠵᠣᠬᠢᠰᠲᠠᠢ ᠭᠡᠷ ᠪᠠᠢᠰᠢᠩ ᠬᠤᠳᠠᠯᠳᠤᠨ ᠠᠪᠬᠤ ᠬᠡᠷᠡᠭᠴᠡᠭᠡ᠎ᠶᠢ ᠬᠠᠩᠭᠠᠨ᠎ᠠ᠃
ᠬᠣᠶᠠᠷ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠳᠡᠮᠵᠢᠯᠭᠡ᠎ᠶᠢᠨ ᠲᠠᠯ᠎ᠠ᠎ᠪᠠᠷ᠃ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠪᠡᠷ ᠣᠷᠣᠨ ᠰᠠᠭᠤᠴᠠ᠎ᠶᠢᠨ ᠬᠡᠷᠡᠭᠯᠡᠭᠡ᠎ᠶᠢ ᠨᠢ ᠳᠡᠮᠵᠢᠬᠦ ᠢᠳᠡᠪᠬᠢᠲᠡᠢ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠤᠯᠠᠨ ᠲᠦᠮᠡᠨ᠎ᠦ ᠭᠡᠷ ᠪᠠᠢᠰᠢᠩ ᠬᠤᠳᠠᠯᠳᠤᠨ ᠠᠪᠬᠤ ᠪᠡᠯᠡ ᠮᠥᠩᠭᠥᠨ᠎ᠦ ᠳᠠᠷᠤᠭᠠᠰᠤ᠎ᠶᠢ ᠨᠢ ᠬᠥᠩᠭᠡᠷᠡᠭᠦᠯᠦᠨ᠎ᠡ᠃ ᠡᠯ᠎ᠡ ᠭᠠᠵᠠᠷ ᠣᠷᠣᠨ᠎ᠤ ᠪᠤᠲᠠᠲᠠᠢ ᠲᠠᠢ᠎ᠪᠠᠨ ᠤᠶᠠᠯᠳᠤᠭᠤᠯᠤᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠵᠢᠭᠡᠯᠡᠯᠭᠡ᠎ᠶᠢᠨ ᠬᠠᠮᠤᠭ᠎ᠤᠨ ᠥᠨᠳᠥᠷ ᠲᠣᠭ᠎ᠠ ᠬᠡᠮᠵᠢᠶ᠎ᠡ᠎ᠪᠡᠨ ᠳᠡᠭᠡᠭᠰᠢᠯᠡᠭᠦᠯᠬᠦ᠎ᠶᠢ ᠳᠡᠮᠵᠢᠵᠦ᠂ ᠭᠤᠶᠤᠴᠢᠯᠠᠭ᠍ᠴᠢ᠎ᠶᠢᠨ ᠭᠡᠷ ᠪᠦᠯᠢ᠎ᠶᠢᠨ ᠵᠢᠭᠡᠯᠡᠯᠭᠡ᠎ᠶᠢᠨ ᠲᠣᠭ᠎ᠠ ᠬᠡᠮᠵᠢᠶ᠎ᠡ᠎ᠶᠢ ᠨᠢ ᠳᠠᠩᠰᠠᠨ᠎ᠳᠠᠬᠢ ᠦᠯᠡᠳᠡᠪᠦᠷᠢ᠎ᠳᠦ ᠬᠢᠵᠠᠭᠠᠷᠯᠠᠭᠳᠠᠬᠤ ᠦᠭᠡᠢ ᠪᠣᠯᠭᠠᠨ᠎ᠠ᠃ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠵᠢᠭᠡᠯᠡᠯᠭᠡ᠎ᠶᠢᠨ ᠢᠵᠢ ᠲᠣᠭᠠᠨ᠎ᠤ ᠮᠠᠭᠠᠳᠯᠠᠨ ᠲᠣᠭᠲᠠᠭᠠᠬᠤ ᠬᠡᠪᠴᠢᠶ᠎ᠡ᠎ᠶᠢ ᠰᠢᠯᠢᠳᠡᠭᠵᠢᠭᠦᠯᠵᠦ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠵᠢᠭᠡᠯᠡᠯᠭᠡ ᠪᠠ ᠬᠤᠳᠠᠯᠳᠤᠭᠠᠨ᠎ᠤ ᠪᠠᠩᠬᠢ ᠯᠤᠭ᠎ᠠ᠎ᠶᠢᠨ 《ᠬᠠᠮ ᠵᠢᠭᠡᠯᠡᠯᠭᠡ》᠎ᠶᠢᠨ ᠠᠩᠬ᠎ᠠ ᠲᠤᠰᠢᠶᠠᠬᠤ ᠮᠥᠩᠭᠥᠨ᠎ᠦ ᠬᠠᠮᠤᠭ᠎ᠤᠨ ᠳᠣᠣᠷ᠎ᠠ ᠬᠠᠷᠢᠴᠠᠯ᠎ᠢ ᠪᠠᠭᠤᠷᠠᠭᠤᠯᠤᠨ᠎ᠠ᠃ ᠠᠮᠢᠳᠤᠯᠢᠭ᠋᠎ᠢᠶᠠᠷ ᠠᠵᠢᠯ ᠣᠯᠣᠭᠰᠠᠳ᠎ᠤᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠬᠡᠷᠡᠭᠯᠡᠬᠦ ᠡᠷᠬᠡ ᠠᠰᠢᠭ᠋᠎ᠢ ᠲᠣᠳᠣᠷᠬᠠᠢ ᠪᠣᠯᠭᠠᠨ᠎ᠠ᠃ ᠵᠠᠰᠠᠵᠤ ᠴᠢᠮᠡᠬᠦ ᠵᠠᠷᠤᠳᠠᠯ᠂ ᠠᠳᠠᠯ ᠠᠬᠤᠢ᠎ᠶᠢᠨ ᠦᠢᠯᠡᠴᠢᠯᠡᠭᠡᠨ᠎ᠦ ᠵᠠᠷᠤᠳᠠᠯ ᠵᠡᠷᠭᠡ᠎ᠶᠢ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠭᠠᠷᠭᠠᠨ ᠠᠪᠬᠤ ᠬᠡᠪᠴᠢᠶᠡᠨ᠎ᠳᠦ ᠣᠷᠣᠭᠤᠯᠤᠨ᠎ᠠ᠃ ᠪᠣᠳᠠᠲᠠᠢ ᠲᠥᠷᠥ᠎ᠶᠢᠨ ᠪᠣᠳᠣᠯᠭ᠎ᠠ᠎ᠶᠢ ᠡᠯ᠎ᠡ ᠠᠢᠮᠠᠭ ᠬᠣᠲᠠ᠎ᠶᠢᠨ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠬᠠᠮᠢᠶᠠᠷᠤᠯᠲᠠ᠎ᠶᠢᠨ ᠵᠥᠪᠯᠡᠯ ᠲᠣᠰ ᠭᠠᠵᠠᠷ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠰᠤᠳᠤᠯᠵᠤ ᠲᠣᠭᠲᠠᠭᠠᠨ᠎ᠠ᠃
ᠭᠤᠷᠪᠠ᠂ ᠭᠡᠷ ᠪᠠᠢᠰᠢᠩ᠎ᠤᠨ ᠬᠡᠷᠡᠭᠯᠡᠭᠡ᠎ᠶᠢ ᠠᠬᠢᠭᠤᠯᠬᠤ ᠲᠠᠯ᠎ᠠ᠎ᠪᠠᠷ᠃ ᠰᠠᠭᠤᠭᠠᠯᠢ ᠠᠷᠠᠳ᠎ᠤᠨ 《ᠬᠠᠭᠤᠴᠢᠨ᠎ᠢᠶᠠᠨ ᠬᠤᠳᠠᠯᠳᠤᠵᠤ ᠰᠢᠨ᠎ᠡ᠎ᠶᠢ ᠬᠤᠳᠠᠯᠳᠤᠨ ᠠᠪᠬᠤ》᠎ᠶᠢ ᠨᠢ ᠳᠡᠮᠵᠢᠵᠦ᠂ ᠭᠠᠢᠯᠢ ᠲᠠᠲᠠᠪᠤᠷᠢ᠎ᠶᠢᠨ ᠬᠠᠷᠠᠭᠠᠯᠵᠠᠯ ᠦᠵᠡᠭᠦᠯᠬᠦ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠂ ᠰᠠᠭᠤᠭᠠᠯᠢ ᠠᠷᠠᠳ᠎ᠤᠨ ᠭᠡᠷ ᠪᠠᠢᠰᠢᠩ᠎ᠢᠶᠠᠨ ᠰᠣᠯᠢᠬᠤ᠎ᠶᠢ ᠵᠣᠷᠢᠭ᠍ᠵᠢᠭᠤᠯᠵᠤ᠂ ᠣᠯᠠᠨ ᠲᠦᠮᠡᠨ᠎ᠦ ᠣᠷᠣᠨ ᠰᠠᠭᠤᠴᠠ ᠰᠣᠯᠢᠵᠤ ᠬᠤᠳᠠᠯᠳᠤᠨ ᠠᠪᠬᠤ ᠠᠷᠠᠯᠵᠢᠶᠠᠨ᠎ᠤ ᠥᠪᠡᠷ᠎ᠦᠨ ᠥᠷᠲᠡᠭ᠎ᠢ ᠨᠢ ᠬᠥᠩᠭᠡᠷᠡᠭᠦᠯᠦᠨ᠎ᠡ᠃ ᠭᠡᠷ ᠪᠠᠢᠰᠢᠩ ᠬᠤᠳᠠᠯᠳᠤᠨ ᠠᠪᠬᠤ ᠦᠢᠯᠡᠴᠢᠯᠡᠭᠡ᠎ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠠᠷ ᠳᠠᠮᠵᠢᠭ᠍ᠰᠠᠨ ᠭᠡᠷ ᠪᠠᠢᠰᠢᠩ᠎ᠳᠦ 《ᠳᠠᠨᠵᠢᠯᠠᠵᠤ ᠡᠷᠦᠬᠡ ᠰᠢᠯᠵᠢᠭᠦᠯᠬᠦ》 ᠬᠡᠪ ᠵᠠᠭᠪᠤᠷ᠎ᠢ ᠬᠡᠷᠡᠭᠵᠢᠭᠦᠯᠦᠨ᠂ ᠭᠠᠷ ᠳᠠᠮᠵᠢᠭ᠍ᠰᠠᠨ ᠭᠡᠷ ᠪᠠᠢᠰᠢᠩ᠎ᠤᠨ ᠭᠦᠢᠯᠭᠡᠭᠡᠨ᠎ᠦ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠦᠨ᠎ᠡ᠃ ᠡᠯ᠎ᠡ ᠭᠠᠵᠠᠷ ᠣᠷᠣᠨ᠎ᠢ ᠵᠣᠷᠢᠭ᠍ᠵᠢᠭᠤᠯᠵᠤ ᠪᠠᠢᠭᠠᠳ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠦ᠎ᠪᠡᠨ ᠲᠣᠬᠢᠷᠠᠭᠤᠯᠤᠨ ᠴᠢᠳᠠᠪᠤᠷᠢᠲᠠᠳ᠎ᠤᠨ ᠭᠡᠷ ᠪᠠᠢᠰᠢᠩ ᠬᠤᠳᠠᠯᠳᠤᠨ ᠠᠪᠬᠤ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠤᠨ᠂ 《ᠴᠢᠳᠠᠪᠤᠷᠢᠲᠠᠳ᠎ᠤᠨ ᠭᠡᠷ ᠪᠠᠢᠰᠢᠩ ᠬᠤᠳᠠᠯᠳᠤᠨ ᠠᠪᠬᠤ ᠪᠢᠯᠧᠲ》᠎ᠢ ᠰᠦᠪᠡᠭᠴᠢᠯᠡᠨ ᠬᠡᠷᠡᠭᠵᠢᠭᠦᠯᠵᠦ᠂ ᠴᠢᠳᠠᠪᠤᠷᠢᠲᠠᠳ᠎ᠤᠨ ᠠᠮᠤᠷ ᠵᠢᠮᠤᠷ ᠠᠵᠤ ᠲᠥᠷᠥᠬᠦ ᠥᠪᠡᠷ᠎ᠦᠨ ᠥᠷᠲᠡᠭ᠎ᠢ ᠨᠢ ᠪᠠᠭᠤᠷᠠᠭᠤᠯᠤᠨ᠎ᠠ᠃
ᠳᠥᠷᠪᠡ᠂ ᠦᠯᠡᠳᠡᠭᠡᠯ ᠲᠠᠸᠠᠷ᠎ᠤᠨ ᠭᠡᠷ ᠪᠠᠢᠰᠢᠩ᠎ᠢ ᠬᠦᠢᠯᠭᠡᠭᠡᠯᠡᠬᠦ ᠲᠠᠯ᠎ᠠ᠎ᠪᠠᠷ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢ ᠬᠣᠲᠠ᠎ᠶᠢᠨ ᠰᠢᠨᠡᠴᠢᠯᠡᠯᠲᠡ ᠯᠤᠭᠡ ᠤᠶᠠᠯᠳᠤᠭᠤᠯᠬᠤ᠎ᠪᠠᠨ ᠴᠢᠩᠭᠠᠳᠬᠠᠵᠤ᠂ ᠣᠯᠠᠨ ᠡᠰᠢᠵᠢᠭᠰᠡᠨ ᠠᠷᠭ᠎ᠠ ᠮᠠᠶᠢᠭ᠋᠎ᠢᠶᠠᠷ ᠬᠠᠳᠠᠭᠠᠯᠠᠭᠳᠠᠵᠤ ᠪᠠᠢᠭ᠎ᠠ ᠲᠠᠸᠠᠷ᠎ᠤᠨ ᠭᠡᠷ ᠪᠠᠢᠰᠢᠩ᠎ᠢᠶᠠᠨ ᠬᠤᠳᠠᠯᠳᠤᠨ ᠭᠠᠷᠭᠠᠬᠤ᠎ᠶᠢ ᠰᠦᠪᠡᠭᠴᠢᠯᠡᠵᠦ᠂ ᠡᠯ᠎ᠡ ᠭᠠᠵᠠᠷ ᠣᠷᠣᠨ᠎ᠤ ᠦᠯᠡᠳᠡᠭᠡᠯ ᠲᠠᠸᠠᠷ᠎ᠤᠨ ᠭᠡᠷ ᠪᠠᠢᠰᠢᠩ᠎ᠢ ᠬᠤᠳᠠᠯᠳᠤᠨ ᠠᠪᠴᠤ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠂ ᠵᠠᠯᠠᠭᠤᠴᠤᠳ᠎ᠤᠨ ᠨᠡᠶ᠋ᠢᠲᠡ᠎ᠶᠢᠨ ᠪᠠᠢᠷᠢ᠂ ᠠᠵᠢᠯᠲᠠᠨ ᠠᠵᠢᠯᠴᠢᠨ᠎ᠤ ᠪᠠᠢᠷᠢ ᠵᠡᠷᠭᠡ᠎ᠳᠦ ᠬᠡᠷᠡᠭᠯᠡᠬᠦ᠎ᠶᠢ ᠳᠡᠮᠵᠢᠨ᠎ᠡ᠃ ᠭᠡᠷ ᠪᠠᠢᠰᠢᠩ ᠲᠠᠲᠠᠪᠤᠷᠢᠯᠠᠬᠤ᠎ᠳᠤ᠎ᠪᠠᠨ᠂ ᠪᠡᠯᠡᠨ ᠭᠡᠷ ᠪᠠᠢᠰᠢᠩ᠎ᠢ ᠲᠥᠪᠬᠢᠨᠡᠭᠦᠯᠬᠦ᠎ᠳᠦ ᠬᠡᠷᠡᠭᠯᠡᠬᠦ᠎ᠶᠢ ᠤᠷᠢᠳ᠎ᠢᠶᠠᠷ ᠬᠡᠷᠡᠭᠵᠢᠭᠦᠯᠵᠦ᠂ ᠭᠡᠷ ᠪᠠᠢᠰᠢᠩ ᠬᠤᠳᠠᠯᠳᠤᠨ ᠠᠪᠬᠤ ᠪᠢᠯᠧᠲ᠎ᠢ ᠨᠢ ᠲᠥᠪᠬᠢᠨᠡᠭᠦᠯᠬᠦ᠎ᠳᠦ ᠬᠡᠷᠡᠭᠯᠡᠬᠦ᠎ᠶᠢ ᠰᠦᠪᠡᠭᠴᠢᠯᠡᠨ ᠬᠡᠷᠡᠭᠵᠢᠭᠦᠯᠵᠦ᠂ ᠭᠡᠷ ᠪᠠᠢᠰᠢᠩ ᠬᠤᠳᠠᠯᠳᠤᠨ ᠠᠪᠬᠤ ᠪᠢᠯᠧᠲ᠎ᠢ ᠨᠢᠭᠡ ᠬᠣᠲᠠ᠎ᠳᠤ᠎ᠪᠠᠨ ᠨᠡᠢᠳᠡᠮ ᠬᠡᠷᠡᠭᠯᠡᠵᠦ ᠪᠣᠯᠭᠠᠬᠤ᠎ᠪᠠᠷ ᠵᠣᠷᠢᠭ᠍ᠵᠢᠭᠤᠯᠤᠨ᠎ᠠ᠃ ᠨᠥᠬᠥᠴᠡᠯ᠎ᠳᠦ ᠲᠣᠬᠢᠷᠠᠬᠤ ᠬᠤᠳᠠᠯᠳᠤᠭ᠎ᠠ᠂ ᠠᠯᠪᠠᠨ᠎ᠳᠦ ᠬᠡᠷᠡᠭᠯᠡᠬᠦ ᠭᠡᠷ ᠪᠠᠢᠰᠢᠩ᠎ᠢ ᠲᠦᠷᠢᠶᠡᠰᠦᠨ ᠣᠷᠣᠨ ᠰᠠᠭᠤᠴᠠ ᠪᠣᠯᠭᠠᠨ ᠥᠭᠡᠷᠡᠴᠢᠯᠡᠨ ᠪᠠᠶ᠋ᠢᠭᠤᠯᠬᠤ᠎ᠶᠢ ᠨᠢ ᠵᠥᠪᠰᠢᠶᠡᠷᠡᠵᠦ᠂ ᠤᠰᠤ᠂ ᠴᠠᠬᠢᠯᠭᠠᠨ᠂ ᠰᠢᠲᠠᠮᠠᠬᠠᠢ ᠬᠡᠢ᠎ᠶᠢᠨ ᠦᠨ᠎ᠡ᠎ᠶᠢ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢᠨ ᠶᠣᠰᠣᠭᠠᠷ ᠬᠡᠷᠡᠭᠵᠢᠭᠦᠯᠵᠦ᠂ ᠬᠠᠳᠠᠭᠠᠯᠠᠭᠳᠠᠵᠤ ᠪᠠᠢᠭ᠎ᠠ ᠬᠤᠳᠠᠯᠳᠤᠭᠠᠨᠦ ᠪᠠᠷᠢᠯᠭ᠎ᠠ ᠵᠦᠢᠯᠡᠰ᠎ᠢ ᠲᠦᠷᠭᠡᠳᠭᠡᠨ ᠰᠢᠢᠳᠪᠦᠷᠢᠯᠡᠨ᠎ᠡ᠃
ᠲᠠᠪᠤ᠂ ᠭᠡᠷ ᠪᠠᠢᠰᠢᠩ ᠭᠠᠵᠠᠷ ᠬᠥᠷᠥᠩᠭᠡ᠎ᠶᠢᠨ ᠨᠡᠭᠡᠭᠡᠨ ᠠᠰᠢᠭ᠍ᠯᠠᠯᠲᠠ᠎ᠶᠢ ᠰᠢᠯᠢᠳᠡᠭᠵᠢᠭᠦᠯᠬᠦ ᠲᠠᠯ᠎ᠠ᠎ᠪᠠᠷ᠃ ᠬᠢᠨᠠᠯᠲᠠ ᠬᠠᠮᠢᠶᠠᠷᠤᠯᠲᠠ᠎ᠳᠠᠬᠢ ᠤᠷᠢᠳᠴᠢᠯᠠᠨ ᠬᠤᠳᠠᠯᠳᠤᠭᠰᠠᠨ ᠭᠡᠷ ᠪᠠᠢᠰᠢᠩ᠎ᠤᠨ ᠪᠡᠯᠡ ᠮᠥᠩᠭᠥ᠎ᠶᠢ ᠰᠠᠯᠭᠠᠨ ᠥᠭᠬᠦ᠂ 《ᠴᠠᠭᠠᠨ ᠲᠠᠩᠰᠠ》ᠪᠠᠷ᠎ᠢᠶᠠᠨ ᠪᠡᠯᠡ ᠲᠣᠬᠢᠷᠠᠭᠤᠯᠬᠤ ᠵᠡᠷᠭᠡ ᠲᠠᠯ᠎ᠠ᠎ᠪᠠᠷ ᠭᠡᠷ ᠪᠠᠢᠰᠢᠩ ᠭᠠᠵᠠᠷ ᠬᠥᠷᠥᠩᠭᠡ᠎ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ᠎ᠳᠦ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠪᠡᠨ ᠴᠢᠩᠭᠠᠷᠠᠭᠤᠯᠵᠤ᠂ ᠡᠯ᠎ᠡ ᠭᠠᠵᠠᠷ᠎ᠤᠨ ᠬᠢᠨᠢ ᠵᠣᠷᠢᠭ᠍ᠵᠢᠭᠤᠯᠵᠤ ᠪᠠᠢᠭᠠᠳ ᠪᠡᠯᠡᠨ ᠭᠡᠷ ᠪᠠᠢᠰᠢᠩ᠎ᠢᠶᠠᠨ ᠬᠤᠳᠠᠯᠳᠤᠬᠤ᠎ᠶᠢ ᠨᠢ ᠢᠳᠡᠪᠬᠢᠲᠡᠢ ᠶᠠᠪᠤᠭᠳᠠᠭᠤᠯᠤᠨ᠂ ᠪᠡᠯᠡᠨ ᠭᠡᠷ ᠪᠠᠢᠰᠢᠩ ᠬᠤᠳᠠᠯᠳᠤᠬᠤ ᠲᠥᠷᠥᠯ ᠵᠦᠢᠯ᠎ᠢ ᠤᠷᠮᠠᠰᠢᠭᠤᠯᠵᠤ ᠱᠠᠩᠨᠠᠨ᠎ᠠ᠃ ᠠᠵᠤ ᠠᠬᠤᠢᠯᠠᠯ᠎ᠤᠨ ᠡᠵᠡᠩᠨᠡᠯᠲᠡ᠎ᠶᠢᠨ ᠪᠣᠳᠠᠲᠤ ᠪᠠᠢᠳᠠᠯ᠎ᠢᠶᠠᠨ ᠦᠨᠳᠦᠰᠦᠯᠡᠵᠦ ᠪᠠᠢᠭᠠᠳ ᠨᠡᠢᠯᠡᠭᠦᠯᠵᠦ ᠳᠠᠬᠢᠨᠲᠠ ᠪᠠᠶ᠋ᠢᠭᠤᠯᠬᠤ᠂ ᠭᠤᠷᠪᠠᠳᠠᠭᠢ ᠲᠠᠯ᠎ᠠ᠎ᠶᠢᠨ ᠪᠡᠯᠡ ᠮᠥᠩᠭᠥ᠎ᠶᠢ ᠣᠷᠣᠭᠤᠯᠤᠨ ᠠᠪᠴᠢᠷᠠᠬᠤ᠂ ᠬᠤᠷᠰᠢᠨ ᠨᠡᠭᠡᠭᠡᠨ ᠬᠥᠭᠵᠢᠭᠦᠯᠬᠦ᠂ ᠬᠡᠰᠡᠭᠯᠡᠯ ᠭᠠᠵᠠᠷ᠎ᠢ ᠬᠤᠪᠢᠶᠠᠨ ᠬᠡᠰᠡᠭᠯᠡᠬᠦ ᠵᠡᠷᠭᠡ ᠬᠡᠯᠪᠡᠷᠢ᠎ᠪᠡᠷ ᠦᠯᠡᠳᠡᠭᠡᠯ ᠰᠤᠯᠠ ᠲᠠᠯᠪᠢᠵᠤ ᠪᠠᠢᠬᠤ ᠭᠠᠵᠠᠷ ᠰᠢᠷᠣᠢ᠎ᠪᠠᠨ ᠬᠦᠢᠯᠭᠡᠭᠡᠯᠡᠬᠦᠶᠢ ᠨᠢ ᠳᠡᠮᠵᠢᠵᠦ᠂ ᠭᠠᠵᠠᠷ ᠰᠢᠷᠣᠢ᠎ᠶᠢᠨ ᠠᠰᠢᠭ᠍ᠯᠠᠯᠲᠠ᠎ᠶᠢᠨ ᠨᠣᠷᠮ᠎ᠠ᠎ᠶᠢ ᠳᠡᠭᠡᠭᠰᠢᠯᠡᠭᠦᠯᠦᠨ᠎ᠡ᠃ ᠲᠥᠷᠥᠯ ᠵᠦᠢᠯ᠎ᠦᠨ ᠲᠥᠯᠥᠪᠵᠢᠭᠦᠯᠵᠦ ᠵᠢᠷᠤᠭᠯᠠᠨ ᠲᠥᠯᠥᠪᠯᠡᠬᠦ᠎ᠪᠡᠨ ᠰᠢᠯᠢᠳᠡᠭᠵᠢᠭᠦᠯᠵᠦ᠂ ᠲᠥᠯᠥᠪᠵᠢᠭᠦᠯᠭᠡ ᠵᠢᠷᠤᠭ ᠲᠥᠯᠥᠪᠯᠡᠭᠡ᠎ᠳᠦ ᠨᠡᠢᠴᠡᠭᠰᠡᠨ ᠤᠷᠢᠲᠠᠯ ᠳᠣᠣᠷ᠎ᠠ᠂ ᠭᠡᠷ ᠪᠠᠢᠰᠢᠩ ᠭᠠᠵᠠᠷ ᠬᠥᠷᠥᠩᠭᠡ᠎ᠶᠢᠨ ᠨᠡᠭᠡᠭᠡᠯᠲᠡ᠎ᠶᠢᠨ ᠠᠵᠤ ᠠᠬᠤᠢᠯᠠᠯ᠎ᠤᠨ ᠢᠵᠢ ᠪᠦᠷᠢᠳᠦᠭᠦᠯᠬᠦ ᠬᠤᠳᠠᠯᠳᠤᠭᠠᠨ᠎ᠤ ᠪᠠᠷᠢᠯᠭ᠎ᠠ᠎ᠶᠢᠨ ᠲᠠᠯᠠᠪᠠᠢ᠎ᠪᠠᠨ ᠪᠠᠭᠠᠰᠬᠠᠬᠤ᠎ᠶᠢ ᠵᠥᠪᠰᠢᠶᠡᠷᠡᠬᠦ᠎ᠶᠢᠨ ᠬᠠᠮᠲᠤ᠂ ᠣᠷᠣᠨ ᠰᠠᠭᠤᠴᠠ᠎ᠶᠢᠨ ᠲᠣᠭᠣᠷᠢᠭ᠋᠎ᠲᠠᠬᠢ ᠪᠠᠲᠤᠯᠠᠭ᠎ᠠ᠎ᠶᠢᠨ ᠴᠢᠨᠠᠷᠲᠠᠢ ᠣᠯᠠᠨ ᠨᠡᠶ᠋ᠢᠲᠡ᠎ᠶᠢᠨ ᠪᠡᠯᠡᠳᠬᠡᠮᠵᠢ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ᠂ ᠬᠠᠮᠲᠤ᠎ᠪᠠᠷ ᠭᠥᠷᠳᠡᠬᠦ ᠬᠡᠯᠪᠡᠷᠢ᠎ᠶᠢᠨ ᠪᠡᠯᠡᠳᠭᠡᠮᠵᠢ᠎ᠶᠢ ᠪᠠᠭ᠎ᠠ ᠪᠠᠭᠲᠠᠭᠠᠨ ᠪᠣᠳᠣᠬᠤ ᠪᠤᠶᠤ ᠪᠠᠭᠲᠠᠭᠠᠨ ᠪᠤᠳᠤᠬᠤ ᠦᠭᠡᠢ ᠪᠠᠢᠵᠤ᠂ ᠰᠠᠢᠵᠢᠷᠠᠭᠤᠯᠬᠤ ᠬᠡᠯᠪᠡᠷᠢ᠎ᠶᠢᠨ ᠣᠷᠣᠨ ᠰᠠᠭᠤᠴᠠ᠎ᠶᠢᠨ ᠦᠢᠯᠡᠳᠬᠦᠨ᠎ᠦ ᠬᠠᠩᠭᠠᠯᠭ᠎ᠠ᠎ᠶᠢ ᠨᠡᠮᠡᠭᠳᠡᠭᠦᠯᠦᠨ᠎ᠡ᠃