ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠲᠦᠷᠦ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭᠠᠨ᠎ᠤ ᠡᠷᠬᠡ᠎ᠶᠢᠨ ᠲᠣᠳᠣᠷᠬᠠᠢ ᠬᠠᠭᠤᠳᠠᠰᠤᠨ᠎ᠳᠤ ᠦᠯᠡᠳᠡᠭᠡᠬᠦ ᠭᠠᠷᠴᠠᠭ (2026 ᠣᠨ᠎ᠤ ᠬᠡᠪᠯᠡᠯ) ᠪᠠ ᠬᠦᠴᠦᠨ ᠦᠭᠡᠢ ᠪᠣᠯᠭᠠᠬᠤ ᠳᠣᠷᠣᠭ᠍ᠰᠢ ᠪᠠᠭᠤᠯᠭᠠᠬᠤ ᠭᠠᠷᠴᠠᠭ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠦᠨ ᠲᠥᠷᠥ᠍᠎ᠶᠢᠨ ᠪᠣᠳᠣᠯᠭ᠎ᠠ᠎ᠶᠢᠨ ᠲᠠᠢᠯᠤᠮᠵᠢ
ᠨᠡᠢᠲᠡᠯᠡᠭᠰᠡᠨ ᠴᠠᠭ᠄ 2026-07-10

2026 ᠣᠨ᠎ᠤ 5 ᠳ᠋ᠤᠭᠠᠷ ᠰᠠᠷ᠎ᠠ᠎ᠶᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 12 ᠳ᠋ᠤᠭᠠᠷ ᠤᠳᠠᠭᠠᠨ᠎ᠤ ᠪᠠᠢᠩᠭᠤ᠎ᠶᠢᠨ ᠬᠤᠷᠠᠯᠳᠤᠭᠠᠨ᠎ᠢᠶᠠᠷ ᠬᠢᠨᠠᠨ ᠵᠥᠪᠯᠡᠭᠦᠯᠵᠦ ᠪᠠᠲᠤᠯᠠᠭᠠᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠷ᠎ᠡ᠎ᠪᠡᠷ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭᠠᠨ᠎ᠤ ᠡᠷᠬᠡ᠎ᠶᠢᠨ ᠲᠣᠳᠣᠷᠬᠠᠢ ᠬᠠᠭᠤᠳᠠᠰᠤᠨ᠎ᠳᠤ ᠦᠯᠡᠳᠡᠭᠡᠬᠦ ᠭᠠᠷᠴᠠᠭ (2026 ᠣᠨ᠎ᠤ ᠬᠡᠪᠯᠡᠯ) ᠪᠠ ᠬᠦᠴᠦᠨ ᠦᠭᠡᠢ ᠪᠣᠯᠭᠠᠬᠤ ᠳᠣᠷᠣᠭ᠍ᠰᠢ ᠪᠠᠭᠤᠯᠭᠠᠬᠤ ᠭᠠᠷᠴᠠᠭ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠳᠣᠷᠣᠭ᠍ᠰᠢ 《ᠲᠣᠳᠣᠷᠬᠠᠢ ᠬᠠᠭᠤᠳᠠᠰᠤ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠵᠠᠢ᠂ 《ᠲᠣᠳᠣᠷᠬᠠᠢ ᠬᠠᠭᠤᠳᠠᠰᠤ》᠎ᠶᠢᠨ ᠬᠠᠮᠢᠶ᠎ᠠ ᠪᠦᠬᠦᠢ ᠠᠭᠤᠯᠭ᠎ᠠ᠎ᠶᠢ ᠨᠡᠢᠭᠡᠮ ᠨᠡᠢᠲᠡ᠎ᠶᠢᠨ ᠬᠢᠨ᠎ᠳᠦ ᠥᠷᠭᠡᠨ᠎ᠢᠶᠡᠷ ᠮᠡᠳᠡᠭᠦᠯᠬᠦ ᠪᠠ ᠵᠥᠪ᠎ᠢᠶᠡᠷ ᠣᠢᠯᠠᠭᠠᠭᠤᠯᠬᠤ᠎ᠳᠤ ᠳᠦᠭᠦᠮᠯᠡᠬᠦ᠎ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠢᠯᠤᠮᠵᠢ ᠬᠢᠪᠡ᠃ 

ᠨᠢᠭᠡ᠂ 《ᠲᠣᠳᠣᠷᠬᠠᠢ ᠬᠠᠭᠤᠳᠠᠰᠤ》᠎ᠶᠢ ᠡᠮᠬᠢᠯᠡᠨ ᠳᠢᠭᠯᠡᠬᠦ᠎ᠳᠤ ᠶᠠᠮᠠᠷ ᠶᠠᠮᠠᠷ ᠶᠠᠪᠤᠴᠠ ᠪᠠᠢᠬᠤ ᠪᠣᠶ? 

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠡᠷᠬᠡ᠎ᠶᠢᠨ ᠲᠣᠳᠣᠷᠬᠠᠢ ᠬᠠᠭᠤᠳᠠᠰᠤ᠎ᠶᠢᠨ ᠬᠠᠮᠢᠶᠠᠷᠤᠯᠲᠠ᠎ᠶᠢᠨ ᠠᠷᠭ᠎ᠠ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ᠋ 275 ᠳ᠋ᠤᠭᠠᠷ ᠲᠣᠭᠠᠲᠤ) ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠲᠣᠰ ᠱᠠᠲᠤᠨ᠎ᠤ ᠡᠯ᠎ᠡ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ ᠪᠠᠢᠭᠠᠳ ᠵᠠᠰᠠᠭ ᠵᠠᠬᠢᠷᠭᠠᠨ᠎ᠤ ᠡᠷᠬᠡ᠎ᠶᠢᠨ ᠲᠣᠳᠣᠷᠬᠠᠢ ᠬᠠᠭᠤᠳᠠᠰᠤ᠎ᠳᠦ ᠲᠥᠪᠯᠡᠷᠡᠭᠦᠯᠦᠨ ᠲᠣᠬᠢᠷᠠᠭᠤᠯᠤᠯᠲᠠ ᠬᠢᠵᠡᠢ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠡᠷᠭᠡ᠎ᠶᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ᠂ ᠲᠠᠢᠯᠪᠤᠷᠢ ᠬᠢᠬᠦ ᠪᠠᠢᠳᠠᠯ᠎ᠢ ᠦᠨᠳᠦᠰᠦᠯᠡᠨ᠂ ᠠᠵᠤ ᠠᠬᠤᠢᠯᠠᠯ᠂ ᠤᠯᠠᠨ ᠲᠦᠮᠡᠨ ᠵᠡᠷᠭᠡ᠎ᠳᠦ ᠬᠠᠨᠳᠤᠭᠤᠯᠤᠨ ᠬᠡᠷᠡᠭᠵᠢᠭᠦᠯᠬᠦ 65 ᠰᠠᠯᠠᠭ᠎ᠠ ᠮᠥᠴᠢᠷ᠎ᠦᠨ ᠵᠠᠰᠠᠭ ᠵᠠᠬᠢᠷᠭᠠᠨ᠎ᠤ ᠭᠠᠳᠠᠨᠠᠬᠢ ᠡᠷᠬᠡ᠎ᠶᠢᠨ ᠵᠦᠢᠯᠡᠰ᠎ᠢ ᠬᠤᠷᠢᠶᠠᠩᠭᠤᠢᠯᠠᠨ ᠡᠮᠬᠢᠯᠡᠪᠡ᠃ ᠤᠯᠠᠨ ᠡᠭᠡᠯᠵᠢ᠎ᠶᠢᠨ ᠳᠠᠬᠢᠨᠳᠠ ᠬᠢᠨᠠᠬᠤ᠂ ᠨᠡᠪᠲᠡᠷᠡᠯᠴᠡᠵᠦ ᠬᠢᠨᠠᠨ ᠬᠠᠷᠭᠤᠭᠤᠯᠬᠤ᠂ ᠰᠠᠨᠠᠯ ᠬᠤᠷᠢᠶᠠᠬᠤ᠂  ᠤᠷᠢᠳᠠᠴᠢ ᠬᠢᠨᠠᠨ ᠪᠠᠢᠴᠠᠭᠠᠬᠤ᠂ ᠦᠨᠡᠯᠡᠨ ᠵᠢᠱ᠌ᠢᠵᠦ ᠨᠤᠲᠠᠯᠠᠬᠤ᠂ ᠵᠠᠰᠠᠭ᠎ᠤᠨ ᠣᠷᠳᠣᠨ ᠬᠢᠨᠠᠨ ᠲᠣᠭᠲᠠᠭᠠᠬᠤ ᠵᠡᠷᠭᠡ ᠴᠢᠬᠤᠯᠠ ᠪᠦᠬᠦᠢ ᠳᠠᠷᠠᠭᠠᠯᠠᠯ᠎ᠢ ᠪᠡᠶᠡᠯᠡᠭᠦᠯᠦᠭᠰᠡᠨ᠎ᠦ ᠲᠠᠷᠠᠭ᠎ᠠ 《ᠲᠣᠳᠣᠷᠬᠠᠢ ᠬᠠᠭᠤᠳᠠᠰᠤ》᠎ᠶᠢ ᠪᠦᠷᠢᠯᠳᠦᠭᠦᠯᠵᠦ᠂ ᠵᠠᠰᠠᠭ ᠵᠠᠬᠢᠷᠭᠠᠨ᠎ᠤ ᠡᠷᠬᠡ᠎ᠶᠢᠨ 1888 ᠵᠦᠢᠯᠡᠰ᠎ᠢ ᠬᠠᠤᠯᠢ ᠶᠣᠰᠣᠭᠠᠷ ᠦᠯᠡᠳᠡᠭᠡᠵᠦ᠂ 29 ᠵᠦᠢᠯ᠎ᠢ ᠨᠢ ᠬᠦᠴᠦᠨ ᠦᠭᠡᠢ ᠪᠣᠯᠭᠠᠵᠤ᠂ 19 ᠵᠦᠢᠯ᠎ᠢ ᠨᠢ ᠳᠣᠷᠣᠭ᠍ᠰᠢ ᠪᠠᠭᠤᠯᠭᠠᠪᠠ᠃ 

ᠬᠣᠶᠠᠷ᠂ 《ᠲᠣᠳᠣᠷᠬᠠᠢ ᠬᠠᠭᠤᠳᠠᠰᠤ》᠎ᠳᠤ ᠭᠣᠣᠯᠳᠠᠭᠤ ᠶᠠᠮᠠᠷ ᠶᠠᠮᠠᠷ ᠠᠭᠤᠯᠭ᠎ᠠ᠎ᠶᠢ ᠪᠠᠭᠲᠠᠭᠠᠬᠤ ᠪᠤᠢ? 

《ᠲᠣᠳᠣᠷᠬᠠᠢ ᠬᠠᠭᠤᠳᠠᠰᠤ》᠎ᠶᠢ ᠬᠣᠶᠠᠷ ᠬᠡᠰᠡᠭ᠎ᠲᠦ ᠬᠤᠪᠢᠶᠠᠪᠠ᠃ 

ᠨᠢᠭᠡᠳᠦᠭᠡᠷ ᠬᠡᠰᠡᠭ ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭᠠᠨ᠎ᠤ ᠡᠷᠬᠡ᠎ᠶᠢᠨ ᠲᠣᠳᠣᠷᠬᠠᠢ ᠬᠠᠭᠤᠳᠠᠰᠤᠨ᠎ᠳᠤ ᠦᠯᠡᠳᠡᠭᠡᠬᠦ ᠭᠠᠷᠴᠠᠭ (2026 ᠣᠨ᠎ᠤ ᠬᠡᠪᠯᠡᠯ)》 ᠪᠣᠯᠣᠨ᠎ᠠ᠂ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 65 ᠰᠠᠯᠠᠭ᠎ᠠ ᠮᠥᠴᠢᠷ᠎ᠦᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠎ᠤᠨ ᠲᠣᠭᠲᠠᠭᠠᠯ ᠶᠣᠰᠣᠭᠠᠷ ᠦᠯᠡᠳᠡᠭᠡᠭᠰᠡᠨ ᠵᠠᠰᠠᠭ ᠵᠠᠬᠢᠷᠭᠠᠨ᠎ᠤ ᠡᠷᠬᠡ᠎ᠶᠢᠨ 1888 ᠵᠦᠢᠯᠡᠰ ᠪᠣᠯᠣᠨ᠎ᠠ᠃ ᠵᠢᠭ᠍ᠰᠠᠭᠠᠭᠰᠠᠨ ᠵᠠᠰᠠᠭ ᠵᠠᠬᠢᠷᠭᠠᠨ᠎ᠤ ᠡᠷᠬᠡ᠎ᠶᠢᠨ ᠲᠥᠷᠥᠯ ᠬᠡᠯᠪᠡᠷᠢ᠎ᠳᠦ ᠵᠠᠰᠠᠭ ᠵᠠᠬᠢᠷᠭᠠᠨ᠎ᠤ ᠵᠥᠪᠰᠢᠶᠡᠷᠡᠯ᠂ ᠵᠠᠰᠠᠭ ᠵᠠᠬᠢᠷᠭᠠᠨ᠎ᠤ ᠨᠤᠲᠠᠯᠠᠯᠲᠠ᠂ ᠵᠠᠰᠠᠭ ᠵᠠᠬᠢᠷᠭᠠᠨ᠎ᠤ ᠲᠠᠰᠤᠯᠤᠯᠲᠠ᠂ ᠵᠠᠰᠠᠭ ᠵᠠᠬᠢᠷᠭᠠᠨ᠎ᠤ ᠲᠥᠯᠥᠪᠦᠷᠢ᠂ ᠵᠠᠰᠠᠭ ᠵᠠᠬᠢᠷᠭᠠᠨ᠎ᠤ ᠱᠠᠩᠨᠠᠯ᠂ ᠵᠠᠰᠠᠭ ᠵᠠᠬᠢᠷᠭᠠᠨ᠎ᠤ ᠳᠠᠩᠰᠠᠯᠠᠯᠲᠠ᠂ ᠵᠠᠰᠠᠭ ᠵᠠᠬᠢᠷᠭᠠᠨ᠎ᠤ ᠪᠠᠢᠴᠠᠭᠠᠯᠲᠠ᠂ ᠵᠠᠰᠠᠭ ᠵᠠᠬᠢᠷᠭᠠᠨ᠎ᠤ ᠲᠣᠷᠭᠠᠭᠤᠯᠢ ᠰᠢᠢᠳᠬᠡᠯ᠂ ᠵᠠᠰᠠᠭ ᠵᠠᠬᠢᠷᠭᠠᠨ᠎ᠤ ᠠᠯᠪᠠᠳᠠᠯᠭ᠎ᠠ᠂ ᠵᠠᠰᠠᠭ ᠵᠠᠬᠢᠷᠭᠠᠨ᠎ᠤ ᠲᠠᠲᠠᠪᠤᠷᠢᠯᠠᠯᠲᠠ᠂ ᠪᠤᠰᠤᠳ ᠵᠠᠰᠠᠭ ᠵᠠᠬᠢᠷᠭᠠᠨ᠎ᠤ ᠡᠷᠬᠡ (ᠭᠤᠶᠤᠴᠢᠯᠠᠯ᠎ᠤᠨ ᠲᠥᠷᠥᠯ᠎ᠢᠶᠠᠷ)᠂ ᠪᠤᠰᠤᠳ ᠵᠠᠰᠠᠭ ᠵᠠᠬᠢᠷᠭᠠᠨ᠎ᠤ ᠡᠷᠬᠡ (ᠡᠷᠬᠡ ᠲᠤᠰᠢᠶᠠᠯ᠎ᠤᠨ ᠲᠥᠷᠥᠯ᠎ᠢᠶᠡᠷ) ᠵᠡᠷᠭᠡ 12 ᠵᠦᠢᠯ᠎ᠦᠨ ᠲᠥᠷᠥᠯ ᠬᠡᠯᠪᠡᠷᠢ ᠪᠠᠭᠲᠠᠨ᠎ᠠ᠃ 

ᠬᠣᠶᠠᠳᠤᠭᠠᠷ ᠬᠡᠰᠡᠭ ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭᠠᠨ᠎ᠤ ᠡᠷᠬᠡ᠎ᠶᠢᠨ ᠲᠣᠳᠣᠷᠬᠠᠢ ᠬᠠᠭᠤᠳᠠᠰᠤ᠎ᠶᠢᠨ ᠬᠦᠴᠦᠨ ᠦᠭᠡᠢ ᠪᠣᠯᠭᠠᠬᠤ ᠳᠣᠷᠣᠭ᠍ᠰᠢ ᠪᠠᠭᠤᠯᠭᠠᠬᠤ ᠭᠠᠷᠴᠠᠭ》 ᠪᠣᠯᠣᠨ᠎ᠠ᠂ ᠡᠭᠦᠨ᠎ᠳᠦ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠡᠷᠭᠡ 9 ᠰᠠᠯᠠᠭ᠎ᠠ ᠮᠥᠴᠢᠷ᠎ᠦᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠎ᠤᠨ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ᠂ ᠲᠠᠢᠯᠪᠤᠷᠢ ᠬᠢᠬᠦ ᠪᠠᠢᠳᠠᠯ᠎ᠢ ᠦᠨᠳᠦᠰᠦᠯᠡᠨ ᠲᠣᠬᠢᠷᠠᠭᠤᠯᠵᠤ ᠬᠦᠴᠦᠨ ᠦᠭᠡᠢ ᠪᠣᠯᠭᠠᠬᠤ ᠵᠠᠰᠠᠭ ᠵᠠᠬᠢᠷᠭᠠᠨ᠎ᠤ ᠡᠷᠬᠡ᠎ᠶᠢᠨ 29 ᠵᠦᠢᠯᠡᠰ ᠵᠢᠴᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠵᠡᠷᠭᠡ 6 ᠰᠠᠯᠠᠭ᠎ᠠ ᠮᠥᠴᠢᠷ᠎ᠦᠨ ᠬᠠᠤᠯᠢ ᠶᠣᠰᠣᠭᠠᠷ ᠳᠣᠣᠷᠠᠳᠤ ᠱᠠᠲᠤᠨ᠎ᠤ ᠰᠠᠯᠠᠭ᠎ᠠ ᠮᠥᠴᠢᠷ᠎ᠲᠦ ᠳᠣᠷᠣᠭ᠍ᠰᠢ ᠪᠠᠭᠤᠯᠭᠠᠵᠤ ᠬᠡᠷᠡᠭᠵᠢᠭᠦᠯᠬᠦ ᠵᠠᠰᠠᠭ ᠵᠠᠬᠢᠷᠭᠠᠨ᠎ᠤ ᠡᠷᠬᠡ᠎ᠶᠢᠨ 19 ᠵᠦᠢᠯᠡᠰ ᠪᠣᠯᠣᠨ᠎ᠠ᠃ 

ᠭᠤᠷᠪᠠ᠂ 《ᠲᠣᠳᠣᠷᠬᠠᠢ ᠬᠠᠭᠤᠳᠠᠰᠤ》 ᠨᠢ ᠶᠠᠮᠠᠷ ᠶᠠᠮᠠᠷ ᠭᠢᠯᠠᠰ ᠴᠡᠭ ᠲᠠᠢ ᠪᠤᠢ?

ᠭᠢᠯᠠᠰ ᠴᠡᠭ 1 

《ᠲᠣᠳᠣᠷᠬᠠᠢ ᠬᠠᠭᠤᠳᠠᠰᠤ》 ᠪᠣᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠡᠷᠬᠡ᠎ᠶᠢᠨ ᠲᠣᠳᠣᠷᠬᠠᠢ ᠬᠠᠭᠤᠳᠠᠰᠤ᠎ᠶᠢᠨ ᠬᠠᠮᠢᠶᠠᠷᠤᠯᠲᠠ᠎ᠶᠢᠨ ᠠᠷᠭ᠎ᠠ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ᠋ 275 ᠳ᠋ᠤᠭᠠᠷ ᠲᠣᠭᠠᠲᠤ)᠎ᠶᠢ ᠬᠦᠴᠦᠨ᠎ᠲᠠᠢ ᠪᠣᠯᠭᠠᠵᠤ ᠬᠡᠷᠡᠭᠵᠢᠭᠦᠯᠦᠭᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠥᠷᠨᠢᠭᠦᠯᠦᠭᠰᠡᠨ ᠵᠠᠰᠠᠭ ᠵᠠᠬᠢᠷᠭᠠᠨ᠎ᠤ ᠡᠷᠬᠡ᠎ᠶᠢᠨ ᠲᠣᠳᠣᠷᠬᠠᠢ ᠬᠠᠭᠤᠳᠠᠰᠤ᠎ᠶᠢ ᠲᠥᠪᠯᠡᠷᠡᠭᠦᠯᠦᠨ ᠵᠢᠷᠤᠮᠵᠢᠭᠤᠯᠵᠤ ᠲᠣᠬᠢᠷᠠᠭᠤᠯᠬᠤ ᠠᠩᠬᠠᠳᠤᠭᠠᠷ ᠡᠭᠡᠯᠵᠢ᠎ᠶᠢᠨ ᠠᠵᠢᠯ ᠪᠣᠯᠣᠨ᠎ᠠ᠃ ᠲᠣᠰ ᠡᠭᠡᠯᠵᠢ᠎ᠶᠢᠨ ᠲᠣᠬᠢᠷᠠᠭᠤᠯᠤᠯᠲᠠ ᠨᠢ ᠡᠷᠬᠡ ᠬᠠᠷᠢᠭᠤᠴᠠᠯᠭ᠎ᠠ᠎ᠶᠢᠨ ᠵᠠᠭᠠᠭ ᠬᠢᠵᠠᠭᠠᠷ᠎ᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠡᠮᠬᠢᠯᠡᠨ ᠲᠢᠭᠯᠡᠬᠦ ᠪᠠᠷᠢᠮᠵᠢᠶ᠎ᠠ᠎ᠶᠢ ᠨᠢᠭᠡᠳᠦᠯᠲᠡᠢ ᠪᠣᠯᠭᠠᠨ᠂ ᠪᠠᠷᠢᠮᠵᠢᠶᠠᠵᠢᠭᠤᠯᠤᠭᠰᠠᠨ ᠠᠵᠢᠯ᠎ᠤᠨ ᠠᠷᠭ᠎ᠠ ᠬᠡᠯᠪᠡᠷᠢ᠎ᠶᠢ ᠪᠣᠶ ᠪᠣᠯᠭᠠᠵᠤ᠂ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋)᠎ᠤ ᠵᠠᠰᠠᠭ ᠵᠠᠬᠢᠷᠭᠠᠨ᠎ᠤ ᠡᠷᠬᠡ᠎ᠶᠢᠨ ᠲᠣᠳᠣᠷᠬᠠᠢ ᠬᠠᠭᠤᠳᠠᠰᠤ᠎ᠶᠢᠨ ᠬᠠᠮᠢᠶᠠᠷᠤᠯᠲᠠ᠎ᠶᠢᠨ ᠠᠵᠢᠯ᠎ᠢ ᠵᠢᠷᠤᠮᠵᠢᠭᠤᠨ ᠥᠷᠨᠢᠭᠦᠯᠬᠦ᠎ᠳᠦ ᠲᠣᠳᠣᠷᠬᠠᠢ ᠵᠢᠯᠣᠭᠣᠳᠤᠯᠭ᠎ᠠ ᠪᠠ ᠪᠣᠳᠠᠲᠠᠢ ᠪᠣᠯᠪᠠᠰᠤᠷᠠᠯ᠎ᠤᠨ ᠵᠢᠷᠤᠮᠯᠠᠯ ᠬᠠᠩᠭᠠᠵᠠᠢ᠃ 

ᠭᠢᠯᠠᠰ ᠴᠡᠭ 2 

ᠲᠣᠳᠣᠷᠬᠠᠢ ᠬᠠᠭᠤᠳᠠᠰᠤ᠎ᠶᠢ ᠡᠮᠬᠢᠯᠡᠨ ᠲᠢᠭᠯᠡᠭᠰᠡᠨ᠎ᠦ ᠬᠠᠮᠲᠤ ᠵᠠᠰᠠᠭ᠎ᠢ ᠴᠣᠮᠬᠠᠳᠬᠠᠨ ᠡᠷᠬᠡ᠎ᠶᠢ ᠳᠣᠷᠣᠭ᠍ᠰᠢ ᠪᠠᠭᠤᠯᠭᠠᠬᠤ᠎ᠪᠡᠨ ᠠᠬᠢᠭᠤᠯᠵᠠᠢ᠃ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠠᠬᠢ 《ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠦᠢᠯᠡᠰ᠎ᠤᠨ ᠬᠠᠰᠤᠵᠤ ᠪᠣᠯᠬᠤ᠎ᠶᠢ ᠨᠢ ᠬᠠᠰᠤᠬᠤ᠂ ᠳᠣᠷᠣᠭ᠍ᠰᠢ ᠪᠠᠭᠤᠯᠭᠠᠬᠤ ᠶᠣᠰᠣᠲᠠᠢ᠎ᠶᠢ ᠨᠢ ᠳᠣᠷᠣᠭ᠍ᠰᠢ ᠪᠠᠭᠤᠯᠭᠠᠬᠤ᠂ ᠤᠷᠢᠳ᠎ᠢᠶᠠᠷ ᠬᠠᠰᠤᠵᠤ ᠳᠠᠷᠠᠭ᠎ᠠ ᠨᠢ ᠳᠣᠷᠣᠭ᠍ᠰᠢ ᠪᠠᠭᠤᠯᠭᠠᠬᠤ᠂ ᠰᠦᠯᠵᠢᠶ᠎ᠡ᠎ᠪᠡᠷ ᠭᠦᠢᠴᠡᠳᠬᠡᠬᠦ᠎ᠶᠢ ᠠᠬᠢᠭᠤᠯᠬᠤ》 ᠱᠠᠭᠠᠷᠳᠠᠯᠭ᠎ᠠ ᠶᠣᠰᠣᠭᠠᠷ᠂ ᠲᠣᠳᠣᠷᠬᠠᠢ ᠬᠠᠭᠤᠳᠠᠰᠤ᠎ᠶᠢ ᠡᠮᠬᠢᠯᠡᠬᠦ ᠶᠠᠪᠤᠴᠠ᠎ᠳᠤ ᠡᠯ᠎ᠡ ᠰᠠᠯᠠᠭ᠎ᠠ ᠮᠥᠴᠢᠷ᠎ᠦᠨ ᠲᠣᠰ ᠱᠠᠲᠤᠨ᠎ᠤ ᠡᠷᠬᠡ᠎ᠶᠢᠨ ᠬᠡᠪᠴᠢᠶ᠎ᠡ᠎ᠳᠦ ᠬᠠᠤᠯᠢ ᠶᠣᠰᠣᠭᠠᠷ ᠲᠣᠬᠢᠷᠠᠭᠤᠯᠤᠯᠲᠠ ᠬᠢᠵᠦ ᠬᠦᠴᠦᠨ ᠦᠭᠡᠢ ᠪᠣᠯᠭᠠᠬᠤ ᠪᠤᠶᠤ ᠳᠣᠷᠣᠭ᠍ᠰᠢ ᠪᠠᠭᠤᠯᠭᠠᠬᠤ᠎ᠶᠢ ᠨᠢ ᠠᠬᠢᠭᠤᠯᠵᠠᠢ᠃ ᠬᠦᠴᠦᠨ ᠦᠭᠡᠢ ᠪᠣᠯᠭᠠᠬᠤ᠂ ᠳᠣᠷᠣᠭ᠍ᠰᠢ ᠪᠠᠭᠤᠯᠭᠠᠬᠤ ᠵᠦᠢᠯᠡᠰ᠎ᠲᠦ᠂ ᠵᠢᠭᠠᠨ ᠵᠢᠯᠣᠭᠣᠳᠴᠤ ᠵᠠᠯᠭᠠᠨ ᠵᠣᠯᠭᠠᠭᠤᠯᠬᠤ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠵᠦ᠂ ᠪᠦᠲᠦᠮᠵᠢᠲᠡᠶ ᠵᠣᠯᠭᠠᠭᠤᠯᠬᠤ᠎ᠶᠢ ᠦᠨᠡᠨ ᠬᠦ᠌ ᠪᠠᠲᠤᠯᠠᠪᠠ; ᠦᠯᠡᠳᠡᠭᠡᠬᠦ ᠵᠦᠢᠯᠡᠰ᠎ᠲᠦ᠂ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ᠎ᠦ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠳᠡᠭᠡᠭᠰᠢᠯᠡᠭᠦᠯᠵᠡᠢ᠃ 

ᠭᠢᠯᠠᠰ ᠴᠡᠭ 3 

ᠪᠣᠳᠠᠲᠠᠢ ᠠᠵᠢᠯ ᠶᠠᠪᠤᠳᠠᠯ ᠭᠦᠢᠴᠡᠳᠬᠡᠬᠦ ᠪᠥᠬᠥ ᠴᠤᠪᠤᠷᠠᠯ ᠯᠤᠭ᠎ᠠ ᠨᠢᠭ᠍ᠲᠠ ᠵᠣᠯᠭᠠᠭᠤᠯᠵᠠᠢ᠃ ᠲᠣᠳᠣᠷᠬᠠᠢ ᠬᠠᠭᠤᠳᠠᠰᠤ᠎ᠶᠢ ᠡᠮᠬᠢᠯᠡᠨ ᠳᠢᠭᠯᠡᠬᠦ ᠠᠵᠢᠯ᠎ᠢᠶᠠᠨ ᠥᠷᠨᠢᠭᠦᠯᠬᠦ᠎ᠳᠤ᠂ ᠡᠯ᠎ᠡ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠯᠡᠨ ᠰᠢᠮᠳᠠᠭᠤᠯᠵᠤ ᠪᠠᠢᠭᠠᠳ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠵᠦᠢᠯᠡᠰ᠂ ᠬᠢᠨᠠᠯᠲᠠ ᠬᠠᠮᠢᠶᠠᠷᠤᠯᠲᠠ᠎ᠶᠢᠨ ᠵᠦᠢᠯᠡᠰ᠎ᠢ ᠵᠡᠷᠭᠡ᠎ᠳᠦ ᠨᠢ ᠡᠮᠬᠢᠯᠡᠨ ᠲᠢᠭᠯᠡᠭᠦᠯᠪᠡ᠃ ᠲᠣᠳᠣᠷᠬᠠᠢ ᠬᠠᠭᠤᠳᠠᠰᠤ ᠯᠤᠭ᠎ᠠ ᠵᠣᠬᠢᠴᠠᠯᠳᠤᠭᠰᠠᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠎ᠢ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠂ ᠥᠪᠥᠷ ᠮᠣᠩᠭᠣᠯ᠎ᠤᠨ 《ᠢᠨᠲᠧᠷ ᠰᠦᠯᠵᠢᠶ᠎ᠡ + ᠬᠢᠨᠠᠯᠲᠠ ᠬᠠᠮᠢᠶᠠᠷᠤᠯᠲᠠ》᠎ᠶᠢᠨ ᠰᠢᠰᠲᠧᠮ᠎ᠳᠦ ᠬᠣᠯᠪᠤᠭᠠᠯᠠᠨ ᠬᠥᠳᠡᠯᠦᠯᠴᠡᠵᠦ ᠳᠡᠯᠭᠡᠨ ᠦᠵᠡᠭᠦᠯᠵᠦ᠂ ᠢᠵᠢᠯ ᠢᠷᠡᠯᠲᠡ᠎ᠲᠠᠢ᠎ᠪᠡᠷ ᠨᠡᠢᠲᠡᠯᠡᠵᠦ᠂ ᠵᠡᠷᠭᠡ᠎ᠳᠦ ᠨᠢ ᠰᠢᠨᠡᠳᠬᠡᠬᠦ᠎ᠶᠢ ᠬᠡᠷᠡᠭᠵᠢᠭᠦᠯᠦᠨ᠎ᠡ᠃ ᠰᠦᠯᠵᠢᠶ᠎ᠡ᠎ᠪᠡᠷ ᠪᠠ ᠰᠦᠯᠵᠢᠶᠡᠨ ᠭᠠᠳᠠᠭᠤᠷᠬᠢ᠎ᠶᠢ ᠨᠢᠭᠡ ᠴᠣᠭᠴᠠᠵᠢᠭᠤᠯᠤᠨ ᠭᠦᠢᠴᠡᠳᠬᠡᠬᠦ᠎ᠶᠢ ᠠᠬᠢᠭᠤᠯᠵᠤ᠂ ᠲᠣᠳᠣᠷᠬᠠᠢ ᠬᠠᠭᠤᠳᠠᠰᠤ᠎ᠶᠢ ᠡᠮᠬᠢᠯᠡᠨ ᠳᠢᠭᠯᠡᠬᠦ ᠪᠠ ᠪᠣᠳᠠᠲᠠᠢ ᠠᠵᠢᠯ ᠶᠠᠪᠤᠳᠠᠯ ᠭᠦᠢᠴᠡᠳᠬᠡᠬᠦ ᠨᠢ ᠰᠠᠯᠤᠩᠭᠢᠷᠠᠭᠰᠠᠨ ᠠᠰᠠᠭᠤᠳᠠᠯ᠎ᠢ ᠦᠨᠡᠨ ᠬᠦ᠌ ᠰᠢᠢᠳᠪᠦᠷᠢᠯᠡᠵᠡᠢ᠃ 

ᠭᠢᠯᠠᠰ ᠴᠡᠭ 4 

ᠰᠠᠯᠠᠭ᠎ᠠ ᠮᠥᠴᠢᠷ᠂ ᠲᠤᠬᠠᠢᠯᠠᠭᠰᠠᠨ ᠠᠵᠢᠯ᠎ᠤᠨ ᠬᠣᠶᠠᠷ ᠶᠡᠬᠡ ᠲᠠᠯ᠎ᠠ᠎ᠡᠴᠡ ᠲᠣᠳᠣᠷᠬᠠᠢ ᠬᠠᠭᠤᠳᠠᠰᠤ᠎ᠶᠢᠨ ᠡᠮᠬᠢᠯᠡᠨ ᠳᠢᠭᠯᠡᠬᠦ᠎ᠶᠢᠨ ᠬᠠᠮᠤᠷᠬᠤ ᠬᠡᠪᠴᠢᠶ᠎ᠡ᠎ᠶᠢ ᠦᠷᠭᠦᠯᠵᠢᠯᠡᠨ ᠥᠷᠭᠡᠳᠬᠡᠵᠡᠢ᠃ ᠰᠠᠯᠠᠭ᠎ᠠ ᠮᠥᠴᠢᠷ᠎ᠦᠨ ᠬᠠᠮᠤᠷᠬᠤ ᠬᠡᠪᠴᠢᠶ᠎ᠡ᠎ᠶᠢᠨ ᠲᠠᠯ᠎ᠠ᠎ᠪᠠᠷ᠂ ᠲᠣᠰ ᠡᠭᠡᠯᠵᠢ᠎ᠶᠢᠨ ᠲᠣᠳᠣᠷᠬᠠᠢ ᠬᠠᠭᠤᠳᠠᠰᠤ᠎ᠶᠢᠨ ᠡᠮᠬᠢᠯᠡᠨ ᠳᠢᠭᠯᠡᠬᠦ ᠰᠠᠯᠠᠭ᠎ᠠ ᠮᠥᠴᠢᠷ᠎ᠢ 2023 ᠣᠨ᠎ᠤ ᠬᠢ᠎ᠡᠴᠡ 25 ᠨᠡᠮᠡᠭᠳᠡᠭᠦᠯᠵᠦ᠂ ᠨᠠᠮ ᠪᠠ ᠣᠯᠠᠨ ᠲᠦᠮᠡᠨ᠎ᠦ ᠪᠥᠬᠥ ᠰᠠᠯᠠᠭ᠎ᠠ ᠮᠥᠴᠢᠷ᠂ ᠲᠥᠷᠥ᠎ᠶᠢᠨ ᠰᠢᠭᠤᠳ ᠬᠠᠮᠢᠶᠠᠷᠬᠤ ᠰᠠᠯᠠᠭ᠎ᠠ ᠮᠥᠴᠢᠷ᠎ᠦᠨ ᠨᠡᠮᠡᠵᠦ ᠣᠷᠣᠭᠤᠯᠬᠤ ᠶᠣᠰᠣᠲᠠᠢ᠎ᠶᠢ ᠨᠢ ᠪᠦᠬᠦᠨ᠎ᠢ ᠨᠡᠮᠡᠵᠦ ᠣᠷᠣᠭᠤᠯᠵᠠᠢ; ᠲᠤᠬᠠᠢᠯᠠᠭᠰᠠᠨ ᠠᠵᠢᠯ᠎ᠤᠨ ᠬᠠᠮᠤᠷᠬᠤ ᠬᠡᠪᠴᠢᠶ᠎ᠡ᠎ᠶᠢᠨ ᠲᠠᠯ᠎ᠠ᠎ᠪᠠᠷ᠂ 2023 ᠣᠨ᠎ᠠᠴᠠ ᠰᠡᠭᠦᠯᠡᠷ ᠨᠡᠢᠲᠡᠯᠡᠭᠰᠡᠨ ᠪᠠ ᠵᠠᠰᠠᠪᠤᠷᠢ ᠣᠷᠣᠭᠤᠯᠤᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠡᠷᠭᠡ ᠯᠦ᠍ᠭᠡ ᠴᠢᠩᠭ᠎ᠠ ᠬᠠᠷᠢᠴᠠᠭᠤᠯᠤᠨ᠂ ᠰᠢᠰᠲᠧᠮ᠂ ᠬᠦᠷᠢᠶ᠎ᠡ ᠴᠠᠷᠠᠭ᠎ᠠ᠎ᠪᠠᠷ ᠡᠷᠬᠡ᠎ᠶᠢᠨ ᠠᠭᠤᠯᠭ᠎ᠠ᠎ᠶᠢ ᠪᠥᠬᠥ ᠲᠠᠯ᠎ᠠ᠎ᠪᠠᠷ ᠡᠮᠬᠢᠯᠡᠨ ᠲᠢᠭᠯᠡᠵᠡᠢ᠃ ᠵᠢᠱ᠌ᠢᠶᠡᠯᠡᠪᠡᠯ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ ᠨᠢ 《ᠬᠣᠪᠣᠷ ᠰᠢᠷᠣᠢ᠎ᠶᠢᠨ ᠬᠠᠮᠢᠶᠠᠷᠤᠯᠲᠠ᠎ᠶᠢᠨ ᠳᠦᠷᠢᠮ》 《ᠰᠦᠯᠵᠢᠶᠡᠨ᠎ᠦ ᠳ᠋ᠠᠢᠲ᠋ᠠ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠳᠦᠷᠢᠮ》 ᠵᠡᠷᠭᠡ᠎ᠶᠢ ᠦᠨᠳᠦᠰᠦᠯᠡᠨ᠂ ᠬᠣᠪᠣᠷ ᠰᠢᠷᠣᠢ᠎ᠶᠢᠨ ᠬᠠᠮᠢᠶᠠᠷᠤᠯᠲᠠ᠂ ᠠᠷᠠᠳ᠎ᠤᠨ ᠬᠡᠷᠡᠭᠯᠡᠭᠡᠨ᠎ᠦ ᠵᠢᠯᠣᠭᠣᠴᠢ ᠦᠭᠡᠢ ᠠᠭᠠᠷ᠎ᠤᠨ ᠨᠢᠰᠦᠭᠦᠷ᠎ᠦᠨ ᠬᠠᠮᠢᠶᠠᠷᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠬᠦᠷᠢᠶᠡᠨ᠎ᠳᠠᠬᠢ ᠡᠭᠦᠰᠦᠮᠡᠯ ᠮᠠᠶᠢᠭ᠋᠎ᠤᠨ ᠵᠣᠬᠢᠶᠠᠮᠠᠯ ᠣᠶᠤᠨ᠂ ᠰᠦᠯᠵᠢᠶ᠎ᠡ ᠪᠠ ᠳ᠋ᠠᠢᠲ᠋ᠠ᠎ᠶᠢᠨ ᠠᠮᠤᠷ ᠲᠦᠪᠰᠢᠨ᠎ᠦ ᠬᠠᠮᠢᠶᠠᠷᠤᠯᠲᠠ ᠵᠡᠷᠭᠡ ᠲᠠᠯ᠎ᠠ᠎ᠪᠠᠷ ᠬᠢ ᠵᠠᠰᠠᠭ ᠵᠠᠬᠢᠷᠭᠠᠨ᠎ᠤ ᠡᠷᠬᠡ᠎ᠶᠢᠨ ᠵᠦᠢᠯᠡᠰ᠎ᠢ ᠰᠢᠨ᠎ᠡ᠎ᠪᠡᠷ ᠨᠡᠮᠡᠵᠦ ᠡᠮᠬᠢᠯᠡᠪᠡ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号