ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠪᠠᠶ᠋ᠢᠭᠤᠯᠬᠤ᠎ᠶᠢᠨ ᠬᠡᠷᠡᠭᠵᠢᠭᠦᠯᠬᠦ ᠲᠥᠰᠥᠯ》 (ᠳᠣᠷᠣᠭ᠍ᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠪᠠ)᠎ᠶᠢ ᠳᠠᠷᠤᠮᠠᠯᠯᠠᠨ ᠶᠠᠪᠤᠭᠤᠯᠪᠠ᠂ ᠡᠲᠦᠭᠡ ᠳᠣᠣᠷᠠᠬᠢ ᠮᠡᠲᠦ ᠲᠠᠢᠯᠤᠮᠵᠢ ᠬᠢᠶ᠎ᠡ᠃
ᠨᠢᠭᠡ᠂ ᠭᠣᠣᠯ ᠠᠭᠤᠯᠭ᠎ᠠ
《ᠬᠡᠷᠡᠭᠵᠢᠭᠦᠯᠬᠦ ᠲᠥᠰᠥᠯ》᠎ᠤᠨ ᠠᠭᠤᠯᠭ᠎ᠠ᠎ᠶᠢ ᠭᠤᠷᠪᠠᠨ ᠬᠡᠰᠡᠭ᠎ᠲᠦ ᠬᠤᠪᠢᠶᠠᠪᠠ᠃
ᠨᠢᠭᠡᠳᠦᠭᠡᠷ ᠬᠡᠰᠡᠭ ᠶᠡᠷᠦᠩᠬᠡᠢ ᠱᠠᠭᠠᠷᠳᠠᠯᠭ᠎ᠠ᠎ᠳᠤ ᠠᠵᠢᠯ᠎ᠤᠨ ᠬᠠᠷᠠᠯᠲᠠ᠎ᠶᠢ ᠳᠤᠷᠠᠳᠤᠨ ᠭᠠᠷᠭᠠᠪᠠ
ᠲᠤᠬᠠᠢᠯᠠᠪᠠᠯ ᠄ ᠡᠯ᠎ᠡ ᠭᠠᠵᠠᠷ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠢᠷᠢ ᠲᠦᠪᠰᠢᠨ᠂ ᠰᠠᠭᠤᠷᠢ ᠮᠥᠩᠭᠥᠨ᠎ᠦ ᠲᠤᠯᠭᠠᠭᠤᠷᠢᠯᠠᠬᠤ ᠴᠢᠳᠠᠪᠤᠷᠢ᠂ ᠣᠯᠠᠨ ᠲᠦᠮᠡᠨ᠎ᠦ ᠦᠨᠳᠦᠰᠦᠨ ᠪᠠᠲᠤᠯᠠᠭ᠎ᠠ᠎ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠳᠦᠷᠢᠮ᠎ᠦᠨ ᠪᠠᠢᠭᠤᠯᠤᠯᠲᠠ᠎ᠶᠢ ᠠᠯᠬᠤᠮ ᠪᠦᠯᠦᠭ ᠬᠤᠪᠢᠶᠠᠵᠤ ᠠᠬᠢᠭᠤᠯᠤᠨ᠎ᠠ᠃ 3 ᠵᠢᠯ᠎ᠦᠨ ᠬᠤᠭᠤᠴᠠᠭ᠎ᠠ᠎ᠶᠢ ᠬᠡᠷᠡᠭᠯᠡᠵᠦ ᠪᠠᠢᠭᠠᠳ ᠮᠠᠨ᠎ᠤ ᠣᠷᠣᠨ᠎ᠤ ᠪᠣᠳᠠᠲᠠᠢ᠎ᠳᠤ ᠲᠣᠬᠢᠷᠠᠭᠰᠠᠨ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠪᠠᠢᠭᠤᠯᠵᠤ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ᠎ᠳᠦ ᠨᠡᠢᠳᠡᠮ ᠬᠠᠮᠤᠷᠬᠤ᠎ᠶᠢ ᠪᠡᠶᠡᠯᠡᠭᠦᠯᠬᠦ᠎ᠪᠡᠷ ᠲᠥᠯᠥᠪᠯᠡᠪᠡ᠃ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠨᠢᠭᠡᠨᠲᠡ ᠪᠠᠢᠭᠤᠯᠤᠭᠰᠠᠨ ᠬᠥᠬᠡᠬᠣᠲᠠ᠂ ᠦᠬᠠᠢ ᠬᠣᠲᠠ ᠪᠠ ᠮᠠᠨᠵᠤᠤᠷ ᠬᠣᠲᠠ ᠨᠢ 2028 ᠣᠨ᠎ᠤ ᠰᠡᠭᠦᠯᠴᠢ᠎ᠡᠴᠡ ᠡᠮᠦᠨ᠎ᠡ 《ᠬᠡᠷᠡᠭᠵᠢᠭᠦᠯᠬᠦ ᠲᠥᠰᠥᠯ》᠎ᠤᠨ ᠱᠠᠭᠠᠷᠳᠠᠯᠭ᠎ᠠ ᠶᠣᠰᠣᠭᠠᠷ ᠲᠣᠭᠲᠠᠭᠤᠨ᠎ᠢᠶᠠᠷ ᠰᠢᠯᠵᠢᠭᠦᠯᠬᠦ᠎ᠶᠢ ᠪᠡᠶᠡᠯᠡᠭᠦᠯᠦᠨ᠎ᠡ᠃
ᠬᠣᠶᠠᠳᠤᠭᠠᠷ ᠬᠡᠰᠡᠭ ᠭᠣᠣᠯ ᠡᠭᠦᠷᠭᠡ᠎ᠶᠢ ᠵᠢᠷᠭᠤᠭᠠᠨ ᠲᠠᠯ᠎ᠠ᠎ᠪᠠᠷ ᠪᠦᠷᠢᠯᠳᠦᠭᠦᠯᠪᠡ
ᠨᠢᠭᠡ᠎ᠳᠦ ᠬᠤᠳᠠ ᠬᠥᠳᠡᠭᠡ᠎ᠶᠢ ᠨᠢᠭᠡᠳᠦᠯᠲᠡᠢ ᠲᠥᠯᠥᠪᠯᠡᠭᠰᠡᠨ ᠤᠷᠳᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠪᠠᠢᠭᠤᠯᠤᠨ᠎ᠠ᠃
《ᠭᠤᠷᠪᠠ᠎ᠶᠢ ᠨᠢᠭᠡᠳᠦᠯᠲᠡᠢ ᠪᠠᠢᠯᠭᠠᠬᠤ》᠎ᠶᠢ ᠲᠣᠳᠣᠷᠬᠠᠢᠯᠠᠵᠠᠢ᠂ ᠲᠤᠬᠠᠢᠯᠠᠪᠠᠯ ᠦᠨᠳᠦᠰᠦᠨ ᠳᠦᠷᠢᠮ᠎ᠢ ᠨᠢᠭᠡᠳᠦᠯᠲᠡᠢ ᠲᠣᠭᠲᠠᠭᠠᠵᠤ᠂ ᠳᠦᠷᠢᠮ᠎ᠦᠨ ᠬᠠᠮᠤᠷᠬᠤ ᠬᠡᠪᠴᠢᠶ᠎ᠡ᠎ᠶᠢ ᠨᠢᠭᠡᠲᠦᠯᠲᠡᠢ ᠪᠠᠢᠯᠭᠠᠵᠤ᠂ ᠰᠠᠭᠤᠷᠢ ᠮᠥᠩᠭᠥ᠎ᠶᠢ ᠨᠢᠭᠡᠳᠦᠯᠲᠡᠢ ᠲᠥᠯᠥᠪᠯᠡᠬᠦ ᠲᠠᠰ ᠳᠠᠪᠬᠤᠷᠭ᠎ᠠ᠎ᠶᠢ ᠨᠢ ᠨᠢᠭᠡᠲᠦᠯᠲᠡᠢ ᠪᠠᠢᠯᠭᠠᠨ᠎ᠠ᠃
ᠬᠣᠶᠠᠷ᠎ᠲᠤ ᠬᠥᠳᠡᠯᠦᠩᠭᠦᠢ ᠪᠥᠭᠡᠳ ᠲᠡᠩᠴᠡᠭᠦᠷᠢᠲᠡᠢ ᠪᠡᠯᠡ ᠴᠤᠭᠯᠠᠭᠤᠯᠬᠤ ᠠᠵᠢᠯᠯᠠᠭᠠᠨ᠎ᠤ ᠲᠣᠭᠲᠠᠴᠠ᠎ᠶᠢ ᠪᠠᠢᠭᠤᠯᠤᠨ᠎ᠠ᠃
ᠪᠡᠯᠡ ᠴᠤᠭᠯᠠᠭᠤᠯᠬᠤ᠎ᠳᠦ ᠲᠣᠭᠲᠠᠪᠤᠷᠢᠲᠠᠢ ᠪᠥᠭᠡᠳ ᠦᠷᠭᠦᠯᠵᠢᠯᠡᠬᠦᠢᠴᠡ ᠠᠷᠭ᠎ᠠ ᠵᠠᠮ᠎ᠢ ᠪᠠᠢᠭᠤᠯᠵᠤ᠂ ᠨᠢᠭᠡᠴᠢ᠎ᠶᠢᠨ ᠠᠵᠢᠯᠲᠠᠨ ᠠᠵᠢᠯᠴᠢᠨ᠂ ᠠᠵᠢᠯ᠎ᠠᠴᠠ᠎ᠪᠠᠨ ᠠᠮᠠᠷᠠᠭᠰᠠᠳ᠂ ᠠᠮᠢᠳᠤᠯᠢᠭ᠋᠎ᠢᠶᠠᠷ ᠠᠵᠢᠯ ᠣᠯᠣᠭᠰᠠᠳ᠂ ᠠᠵᠢᠯ ᠣᠯᠣᠭᠠᠳᠤᠢ ᠬᠣᠲᠠ ᠬᠥᠳᠡᠭᠡ᠎ᠶᠢᠨ ᠰᠠᠭᠤᠭᠠᠯᠢ ᠠᠷᠠᠳ ᠵᠡᠷᠭᠡ᠎ᠳᠦ ᠪᠡᠯᠡ ᠴᠤᠭᠯᠠᠭᠤᠯᠬᠤ ᠪᠠᠷᠢᠮᠵᠢᠶ᠎ᠠ᠎ᠶᠢ ᠲᠣᠭᠲᠠᠭᠠᠨ᠎ᠠ ᠭᠡᠵᠦ ᠳᠤᠷᠠᠳᠤᠨ ᠭᠠᠷᠭᠠᠪᠠ᠃
ᠭᠤᠷᠪᠠ᠎ᠳᠤ ᠡᠷᠬᠡ ᠲᠡᠭᠰᠢ ᠪᠥᠭᠡᠳ ᠲᠣᠬᠢᠷᠠᠮᠵᠢᠲᠠᠢ ᠬᠠᠷᠠᠭᠠᠯᠵᠠᠯ᠎ᠤᠨ ᠪᠠᠲᠤᠯᠠᠭ᠎ᠠ᠎ᠶᠢᠨ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠦᠨ᠎ᠡ᠃
ᠬᠠᠷᠠᠭᠠᠯᠵᠠᠯ ᠭᠥᠷᠳᠡᠬᠦ᠎ᠳᠦ ᠡᠬᠢᠯᠡᠵᠦ ᠲᠥᠯᠥᠬᠦ ᠪᠠᠷᠢᠮᠵᠢᠶ᠎ᠠ ᠲᠣᠭᠲᠠᠭᠠᠬᠤ ᠦᠭᠡᠢ ; ᠬᠣᠲᠠ ᠬᠥᠳᠡᠭᠡ᠎ᠶᠢᠨ ᠰᠠᠭᠤᠭᠠᠯᠢ ᠠᠷᠠᠳ ᠪᠠ ᠨᠢᠭᠡᠴᠢ᠎ᠶᠢᠨ ᠠᠵᠢᠯᠲᠠᠨ ᠠᠵᠢᠯᠴᠢᠨ᠎ᠤ ᠲᠥᠯᠥᠬᠦ ᠬᠠᠷᠢᠴᠠᠯ᠎ᠢ ᠲᠣᠰ ᠲᠣᠰ 50%᠂ 70% ᠣᠷᠴᠢᠮ᠎ᠳᠤ ᠪᠠᠢᠯᠭᠠᠨ᠎ᠠ ; ᠰᠠᠭᠤᠷᠢ ᠮᠥᠩᠭᠥᠨ᠎ᠦ ᠣᠨ᠎ᠤ ᠬᠠᠮᠤᠭ ᠥᠨᠳᠥᠷ ᠲᠥᠯᠥᠬᠦ ᠬᠢᠵᠠᠭᠠᠷ ᠲᠣᠭ᠎ᠠ᠎ᠶᠢ ᠲᠦᠷᠦᠭᠦᠦ ᠵᠢᠯ᠎ᠦᠨ ᠪᠥᠬᠥ ᠣᠷᠣᠨ᠎ᠤ ᠪᠥᠬᠥ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤᠢᠴᠠ ᠣᠷᠣᠯᠭ᠎ᠠ᠎ᠶᠢᠨ 50%᠎ᠠᠴᠠ ᠳᠡᠭᠡᠭᠰᠢ ᠪᠠᠢᠯᠭᠠᠵᠤ ᠪᠣᠯᠬᠤ ᠦᠭᠡᠢ᠃
ᠳᠥᠷᠪᠡ᠎ᠳᠦ ᠥᠨᠳᠥᠷ ᠪᠦᠲᠦᠮᠵᠢᠲᠡᠢ ᠪᠥᠭᠡᠳ ᠳᠥᠭᠥᠮ ᠳᠥᠲᠡ ᠦᠢᠯᠡᠴᠢᠯᠡᠭᠡᠨ᠎ᠦ ᠲᠤᠯᠭᠠᠭᠤᠷᠢᠯᠠᠯ᠎ᠤᠨ ᠲᠣᠭᠲᠠᠯᠴᠠᠭ᠎ᠠ᠎ᠶᠢ ᠪᠠᠢᠭᠤᠯᠤᠨ᠎ᠠ᠃
ᠰᠤᠪᠢᠯᠠᠯᠲᠠ᠎ᠶᠢᠨ ᠦᠢᠯᠡᠴᠢᠯᠡᠭᠡᠨ᠎ᠦ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠨᠡᠮᠡᠭᠳᠡᠭᠦᠯᠦᠨ᠂ ᠭᠠᠷᠲᠠᠨ ᠭᠦᠢᠴᠡᠳᠬᠡᠬᠦ ᠦᠢᠯᠡᠴᠢᠯᠡᠭᠡᠨ᠎ᠦ ᠴᠢᠳᠠᠪᠤᠷᠢ᠎ᠪᠠᠨ ᠴᠢᠩᠭᠠᠷᠠᠭᠤᠯᠤᠨ᠂ ᠮᠡᠳᠡᠭᠡ ᠵᠠᠩᠭᠢᠴᠢᠯᠠᠯᠲᠠ᠎ᠶᠢᠨ ᠪᠠᠢᠭᠤᠯᠤᠯᠲᠠ ᠬᠢᠭᠡᠳ ᠬᠡᠷᠡᠭᠯᠡᠯᠲᠡ᠎ᠶᠢ ᠵᠢᠷᠤᠮᠵᠢᠭᠤᠯᠬᠤ ᠵᠡᠷᠭᠡ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠪᠠ᠃
ᠲᠠᠪᠤ᠎ᠳᠤ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠠᠵᠢᠯᠯᠠᠭᠠᠨ᠎ᠤ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢ ᠪᠠᠢᠭᠤᠯᠤᠨ᠎ᠠ᠃
ᠴᠢᠳᠠᠪᠤᠷᠢ᠎ᠪᠠᠨ ᠠᠯᠳᠠᠭᠰᠠᠨ ᠵᠡᠷᠭᠡ ᠳᠡᠰ᠎ᠢ ᠦᠨᠡᠯᠡᠨ ᠵᠢᠱ᠌ᠢᠬᠦ᠂ ᠰᠤᠪᠢᠯᠠᠯᠲᠠ᠎ᠶᠢᠨ ᠦᠢᠯᠡᠴᠢᠯᠡᠭᠡ᠂ ᠰᠠᠭᠤᠷᠢ ᠮᠥᠩᠭᠥᠨ᠎ᠦ ᠲᠥᠰᠥᠪ ᠵᠡᠷᠭᠡ ᠲᠠᠯ᠎ᠠ᠎ᠪᠠᠷ ᠬᠢ ᠬᠠᠮᠢᠶᠠᠷᠤᠯᠲᠠ᠎ᠪᠠᠨ ᠴᠢᠩᠭᠠᠳᠬᠠᠨ᠎ᠠ᠃
ᠵᠢᠷᠭᠤᠭ᠎ᠠ᠎ᠳᠤ ᠨᠢᠭ᠍ᠲᠠ ᠴᠢᠩᠭ᠎ᠠ ᠪᠥᠭᠡᠳ ᠪᠦᠲᠦᠮᠵᠢᠲᠡᠶ ᠰᠠᠭᠤᠷᠢ ᠮᠥᠩᠭᠥᠨ᠎ᠦ ᠬᠢᠨᠠᠯᠲᠠ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢ ᠪᠠᠢᠭᠤᠯᠤᠨ᠎ᠠ᠃
ᠰᠠᠭᠤᠷᠢ ᠮᠥᠩᠭᠥᠨ᠎ᠦ ᠬᠢᠨᠠᠨ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠬᠢᠨᠠᠨ ᠬᠠᠮᠢᠶᠠᠷᠤᠯᠲᠠ᠎ᠶᠢᠨ ᠠᠷᠭ᠎ᠠ ᠮᠠᠶᠢᠭ᠋᠎ᠲᠦ ᠰᠢᠨ᠎ᠡ᠎ᠶᠢ ᠡᠭᠦᠳᠴᠦ᠂ ᠠᠶᠤᠯ ᠲᠦᠭᠰᠢᠭᠦᠷᠢ᠎ᠶᠢᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃
ᠭᠤᠷᠪᠠᠳᠤᠭᠠᠷ ᠬᠡᠰᠡᠭ ᠵᠣᠬᠢᠶᠠᠨ ᠪᠠᠢᠭᠤᠯᠵᠤ ᠬᠡᠷᠡᠭᠵᠢᠭᠦᠯᠬᠦ᠎ᠳᠦ ᠭᠣᠣᠯᠳᠠᠭᠤ ᠵᠣᠬᠢᠶᠠᠨ ᠪᠠᠢᠭᠤᠯᠵᠤ ᠤᠳᠤᠷᠢᠳᠬᠤ ᠪᠠ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠎ᠶᠢ ᠰᠠᠢᠲᠤᠷ ᠬᠢᠬᠦ ᠵᠡᠷᠭᠡ ᠠᠭᠤᠯᠭ᠎ᠠ᠎ᠶᠢ ᠴᠢᠬᠤᠯᠠᠴᠢᠯᠠᠪᠠ᠃
ᠬᠣᠶᠠᠷ᠂ ᠲᠥᠷᠥ᠎ᠶᠢᠨ ᠪᠣᠳᠣᠯᠭ᠎ᠠ᠎ᠶᠢᠨ ᠣᠨᠴᠠᠯᠢᠭ᠋
ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠦᠨ ᠪᠠᠢᠭᠤᠯᠤᠯᠲᠠ ᠨᠢ 5 ᠲᠠᠯ᠎ᠠ᠎ᠶᠢᠨ ᠣᠨᠴᠠᠯᠢᠭ᠋᠎ᠲᠠᠢ᠃
ᠨᠢᠭᠡ᠎ᠳᠦ ᠬᠤᠳᠠ ᠬᠥᠳᠡᠭᠡ᠎ᠶᠢ ᠨᠢᠭᠡᠳᠦᠯᠲᠡᠢ ᠲᠥᠯᠥᠪᠯᠡᠨ᠎ᠡ᠃
ᠠᠳᠠᠯᠢ ᠨᠢᠭᠡᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ᠎ᠤ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠨᠢᠭᠡ ᠳᠦᠷᠢᠮ᠎ᠳᠦ ᠣᠷᠣᠯᠴᠠᠵᠤ᠂ ᠬᠠᠮᠲᠤ᠎ᠪᠠᠷ ᠨᠢᠭᠡ ᠰᠠᠭᠤᠷᠢ ᠮᠥᠩᠭᠥᠨ᠎ᠦ ᠲᠠᠲᠠᠭᠠᠯ᠎ᠳᠦ ᠰᠦᠢᠳᠬᠡᠯ ᠲᠤᠰᠢᠶᠠᠵᠤ᠂ ᠴᠥᠮ ᠨᠢᠭᠡ ᠰᠠᠭᠤᠷᠢ ᠮᠥᠩᠭᠥᠨ᠎ᠦ ᠲᠠᠲᠠᠭᠠᠯ᠎ᠡᠴᠡ ᠵᠠᠷᠤᠳᠠᠯ᠎ᠢᠶᠠᠨ ᠳᠠᠩᠰᠠ ᠲᠠᠶ᠋ᠢᠯᠵᠤ᠂ ᠬᠠᠷᠠᠭᠠᠯᠵᠠᠯ ᠬᠦᠷᠲᠡᠨ᠂ ᠰᠠᠭᠤᠷᠢ ᠮᠥᠩᠭᠥ᠎ᠶᠢ ᠨᠡᠩ ᠶᠡᠬᠡ ᠬᠡᠪᠴᠢᠶᠡᠨ᠎ᠳᠦ ᠬᠠᠷᠢᠯᠴᠠᠨ ᠲᠤᠰᠠᠯᠠᠯᠴᠠᠵᠤ ᠬᠡᠷᠡᠭᠯᠡᠬᠦ᠎ᠶᠢ ᠪᠡᠶᠡᠯᠡᠭᠦᠯᠦᠨ᠎ᠡ᠃
ᠬᠣᠶᠠᠷ᠎ᠲᠤ ᠭᠣᠣᠯᠴᠢ ᠪᠥᠭᠡᠳ ᠨᠢᠭᠡᠳᠦᠯᠲᠡᠢ ᠪᠠᠢᠯᠭᠠᠨ᠎ᠠ᠃
《ᠪᠥᠬᠥ ᠤᠯᠤᠰ᠎ᠢᠶᠠᠷ᠎ᠢᠶᠠᠨ ᠨᠢᠭᠡ ᠬᠥᠯᠭᠡ ᠰᠢᠲᠠᠷ᠎ᠠ ᠮᠡᠲᠦ ᠪᠠᠢᠬᠤ》 ᠦᠵᠡᠯ ᠰᠠᠨᠠᠭ᠎ᠠ ᠪᠠ ᠵᠢᠷᠤᠮᠵᠢᠭᠤᠨ ᠨᠢᠭᠡᠲᠦᠯᠲᠡᠢ ᠵᠠᠷᠴᠢᠮ᠎ᠢ ᠪᠠᠷᠢᠮᠲᠠᠯᠠᠵᠤ᠂ ᠠᠳᠠᠯᠢ ᠪᠤᠰᠤ ᠨᠢᠭᠡᠳᠦᠯᠲᠡᠢ ᠲᠥᠯᠥᠪᠯᠡᠬᠦ ᠬᠡᠪᠴᠢᠶᠡᠨ᠎ᠳᠦ᠂ ᠪᠠᠲᠤᠯᠠᠭ᠎ᠠ ᠬᠦᠷᠲᠡᠬᠦ ᠡᠲᠡᠭᠡᠳ᠂ ᠲᠤᠰᠢᠶᠠᠬᠤ ᠰᠦᠢᠳᠬᠡᠯ᠎ᠦᠨ ᠨᠣᠷᠮ᠎ᠠ᠂ ᠦᠨᠡᠯᠡᠨ ᠵᠢᠱ᠌ᠢᠬᠦ ᠪᠠᠷᠢᠮᠵᠢᠶ᠎ᠠ᠂ ᠦᠢᠯᠡᠴᠢᠯᠡᠭᠡᠨ᠎ᠦ ᠲᠥᠷᠥᠯ ᠵᠦᠢᠯ ᠵᠡᠷᠭᠡ ᠲᠠᠯ᠎ᠠ᠎ᠪᠠᠷ ᠦᠨᠳᠦᠰᠦᠨ᠎ᠳᠦ᠎ᠪᠡᠨ ᠨᠢᠭᠡᠳᠦᠯᠲᠡᠢ ᠪᠠᠢᠯᠭᠠᠵᠤ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ᠎ᠤ ᠬᠣᠭᠣᠷᠣᠨᠳᠣᠬᠢ ᠰᠦᠢᠳᠬᠡᠯ ᠲᠤᠰᠢᠶᠠᠬᠤ ᠬᠠᠷᠢᠭᠤᠴᠠᠯᠭ᠎ᠠ ᠪᠠ ᠪᠠᠲᠤᠯᠠᠭ᠎ᠠ᠎ᠶᠢᠨ ᠬᠢᠷᠢ ᠲᠦᠪᠰᠢᠨ᠎ᠢᠶᠠᠨ ᠬᠠᠷᠢᠴᠠᠩᠭᠤᠢ ᠲᠡᠩᠴᠡᠭᠦᠷᠢᠲᠡᠢ ᠪᠠᠢᠯᠭᠠᠬᠤ᠎ᠶᠢ ᠠᠬᠢᠭᠤᠯᠤᠨ᠎ᠠ᠃
ᠭᠤᠷᠪᠠ᠎ᠳᠤ ᠰᠦᠢᠳᠬᠡᠯ᠎ᠤᠨ ᠨᠣᠷᠮ᠎ᠠ᠎ᠶᠢ ᠨᠢᠭᠡᠳᠦᠯᠲᠡᠢ ᠪᠠᠢᠯᠭᠠᠨ᠎ᠠ᠃
ᠨᠢᠭᠡᠳᠦᠯᠲᠡᠢ ᠰᠦᠢᠳᠬᠡᠯ᠎ᠤᠨ ᠨᠣᠷᠮ᠎ᠠ᠎ᠶᠢᠨ ᠳᠦᠷᠢᠮ᠎ᠢ ᠬᠡᠷᠡᠭᠵᠢᠭᠦᠯᠬᠦ᠎ᠶᠢᠨ ᠬᠠᠮᠲᠤ ᠬᠥᠳᠡᠯᠦᠩᠭᠦᠢ᠎ᠪᠡᠷ ᠲᠣᠬᠢᠷᠠᠭᠤᠯᠤᠯᠲᠠ ᠬᠢᠵᠦ᠂ ᠳᠠᠭᠠᠭᠠᠬᠤ ᠬᠡᠮᠵᠢᠶ᠎ᠡ᠎ᠪᠡᠷ ᠨᠢ ᠪᠡᠯᠡ ᠴᠤᠭᠯᠠᠭᠤᠯᠬᠤ ᠪᠠ ᠡᠷᠬᠡ ᠬᠠᠷᠢᠭᠤᠴᠠᠯᠭ᠎ᠠ᠎ᠶᠢ ᠠᠳᠠᠯᠢ ᠲᠡᠭᠰᠢ ᠪᠠᠢᠯᠭᠠᠬᠤ᠎ᠶᠢ ᠨᠠᠩ ᠰᠠᠢᠲᠤᠷ ᠢᠯᠡᠷᠡᠭᠦᠯᠦᠨ᠎ᠡ᠃
ᠳᠥᠷᠪᠡ᠎ᠳᠦ ᠠᠮᠤᠷ ᠲᠦᠪᠰᠢᠨ ᠪᠥᠭᠡᠳ ᠵᠢᠷᠤᠮᠵᠢᠯ ᠲᠡᠢ ᠪᠠᠢᠯᠭᠠᠨ᠎ᠠ᠃
ᠦᠢᠯᠡᠴᠢᠯᠡᠭᠡᠨ᠎ᠦ ᠦᠶ᠋ᠯᠡ ᠠᠵᠢᠯᠯᠠᠭ᠎ᠠ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ᠂ ᠳᠦᠷᠢᠮ᠎ᠦᠨ ᠠᠵᠢᠯᠯᠠᠭᠠᠨ᠎ᠤ ᠬᠠᠮᠢᠶᠠᠷᠤᠯᠲᠠ᠎ᠶᠢ ᠴᠢᠩᠭᠠᠳᠬᠠᠵᠤ᠂ ᠰᠠᠭᠤᠷᠢ ᠮᠥᠩᠭᠥᠨ᠎ᠦ ᠠᠵᠢᠯᠯᠠᠭᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃
ᠲᠠᠪᠤ᠎ᠳᠤ ᠦᠷᠭᠦᠯᠵᠢᠯᠡᠬᠦᠢᠴᠡ ᠪᠠᠢᠯᠭᠠᠨ᠎ᠠ᠃
ᠴᠢᠳᠠᠯ᠎ᠤᠨ ᠬᠢᠷᠢ᠎ᠪᠡᠷ᠎ᠢᠶᠡᠨ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠡᠷ ᠬᠢᠬᠦ᠎ᠶᠢ ᠪᠠᠷᠢᠮᠲᠠᠯᠠᠵᠤ᠂ ᠪᠠᠲᠤᠯᠠᠭ᠎ᠠ᠎ᠶᠢᠨ ᠬᠢᠷᠢ ᠲᠦᠪᠰᠢᠨ᠎ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠣᠭᠲᠠᠭᠠᠵᠤ᠂ ᠳᠦᠷᠢᠮ᠎ᠢ ᠪᠤᠲᠠᠲᠠᠢᠵᠢᠭᠤᠯᠬᠤᠢᠴᠠ᠂ ᠰᠠᠭᠤᠷᠢ ᠮᠥᠩᠭᠥᠨ᠎ᠦ ᠦᠷᠭᠦᠯᠵᠢᠯᠡᠬᠦᠢᠴᠡ ᠪᠠᠢᠬᠤ᠎ᠶᠢ ᠦᠨᠡᠨ ᠬᠦ᠌ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠦᠨᠡᠨ ᠬᠦ᠌ ᠪᠠᠲᠤᠯᠠᠨ᠎ᠠ᠃