ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠲᠦᠷᠦ᠎ᠶᠢᠨ ᠪᠣᠳᠣᠯᠭ᠎ᠠ᠎ᠶᠢᠨ ᠲᠠᠶ᠋ᠢᠯᠤᠮᠵᠢ
ᠭᠡᠷ᠂ ᠲᠡᠷᠭᠡ᠂ ᠣᠷᠣᠯᠭ᠎ᠠ᠂ ᠠᠮᠠᠷᠠᠯᠲᠠ ᠲᠠᠢ ᠴᠢᠨᠢ ᠬᠣᠯᠪᠣᠭᠳᠠᠨ᠎ᠠ᠂ ᠢᠷᠡᠬᠦ 5 ᠵᠢᠯ᠎ᠳᠦ ᠡᠲᠡᠭᠡᠷ ᠬᠤᠪᠢᠷᠠᠯᠲᠠ ᠭᠠᠷᠤᠨ᠎ᠠ!
ᠨᠡᠢᠲᠡᠯᠡᠭᠰᠡᠨ ᠴᠠᠭ᠄ 2026-07-15

ᠲᠥᠷᠥ᠎ᠶᠢᠨ ᠶᠠᠪᠤᠳᠠᠯ᠎ᠤᠨ ᠬᠣᠷᠢᠶ᠎ᠠ ᠲᠦᠷᠦᠭᠦᠬᠡᠨ 《ᠬᠡᠷᠡᠭᠯᠡᠭᠡ᠎ᠶᠢ ᠥᠷᠭᠡᠳᠬᠡᠬᠦ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ》᠎ᠶᠢ ᠴᠣᠬᠣᠯᠠᠪᠤᠷᠢᠯᠠᠨ ᠵᠥᠪᠰᠢᠶᠡᠷᠡᠪᠡ᠃ ᠢᠷᠡᠬᠦ 5 ᠵᠢᠯ᠎ᠳᠦ᠂ ᠠᠷᠠᠳ ᠣᠯᠠᠨ᠎ᠤ ᠠᠩᠬᠠᠷᠴᠤ ᠪᠠᠢᠭ᠎ᠠ ᠭᠡᠷ᠂ ᠲᠡᠷᠭᠡ᠂ ᠣᠷᠣᠯᠭ᠎ᠠ᠂ ᠠᠮᠠᠷᠠᠯᠲᠠ᠎ᠳᠤ ᠶᠠᠮᠠᠷ ᠶᠠᠮᠠᠷ ᠬᠤᠪᠢᠷᠠᠯᠲᠠ ᠭᠠᠷᠬᠤ ᠪᠤᠢ? ᠬᠠᠮᠲᠤ᠎ᠪᠠᠷ ᠦᠵᠡᠵᠡᠭᠡᠶ᠎ᠡ —

ᠣᠷᠣᠨ ᠰᠠᠭᠤᠴᠠ

ᠣᠷᠣᠨ ᠰᠠᠭᠤᠴᠠ᠎ᠶᠢᠨ ᠬᠡᠷᠡᠭᠯᠡᠭᠡ᠎ᠶᠢᠨ ᠬᠡᠷᠡᠭᠴᠡᠭᠡ᠎ᠶᠢ ᠨᠡᠩ ᠰᠠᠢᠲᠤᠷ ᠬᠠᠩᠭᠠᠵᠤ᠂ ᠪᠠᠲᠤᠯᠠᠭ᠎ᠠ᠎ᠶᠢᠨ ᠴᠢᠨᠠᠷᠲᠠᠢ ᠣᠷᠣᠨ ᠰᠠᠭᠤᠴᠠ᠎ᠶᠢᠨ ᠬᠠᠩᠭᠠᠯᠭ᠎ᠠ᠎ᠶᠢ ᠰᠢᠯᠢᠳᠡᠭᠵᠢᠭᠦᠯᠦᠨ᠂ ᠬᠤᠳᠠ᠎ᠶᠢᠨ ᠪᠠᠢᠳᠠᠯ᠎ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠢᠭᠠᠳ ᠰᠠᠢᠵᠢᠷᠠᠭᠤᠯᠬᠤ ᠴᠢᠨᠠᠷᠲᠠᠢ ᠣᠷᠣᠨ ᠰᠠᠭᠤᠴᠠ᠎ᠶᠢᠨ ᠬᠠᠩᠭᠠᠯᠭ᠎ᠠ᠎ᠶᠢ ᠨᠡᠮᠡᠭᠳᠡᠭᠦᠯᠵᠦ᠂ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠬᠥᠭᠵᠢᠭᠦᠯᠦᠨ᠎ᠡ᠃

ᠭᠡᠷ ᠪᠠᠢᠰᠢᠩ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠠᠮᠤᠷ ᠲᠦᠪᠰᠢᠨ ᠲᠠᠭᠠᠯᠠᠮᠵᠢᠲᠠᠢ ᠪᠣᠬᠢᠷᠲᠤᠯ ᠦᠭᠡᠢ ᠣᠶᠤᠨᠲᠤ 《ᠰᠠᠢᠨ ᠭᠡᠷ ᠪᠠᠢᠰᠢᠩ》᠎ᠢ ᠪᠠᠢᠭᠤᠯᠤᠨ᠎ᠠ᠃

ᠬᠤᠳᠠ᠎ᠶᠢᠨ ᠳᠤᠮᠳᠠᠬᠢ ᠲᠣᠰᠬᠣᠨ᠂ ᠨᠤᠷᠠᠬᠤ ᠠᠶᠤᠯᠲᠠᠢ ᠬᠠᠭᠤᠴᠢᠷᠠᠭᠰᠠᠨ ᠭᠡᠷ ᠪᠠᠢᠰᠢᠩ ᠪᠠ ᠬᠤᠳᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠣᠷᠢᠭ᠋᠎ᠢ ᠰᠢᠨᠡᠳᠬᠡᠨ ᠪᠠᠢᠭᠤᠯᠬᠤ᠎ᠪᠠᠨ ᠯᠠᠪᠳᠠᠭᠤᠨ᠎ᠢᠶᠠᠷ ᠠᠬᠢᠭᠤᠯᠵᠤ᠂ ᠰᠠᠭᠤᠭᠠᠯᠢ ᠠᠷᠠᠳ᠎ᠤᠨ ᠪᠡᠶ᠎ᠡ᠎ᠪᠡᠨ ᠳᠠᠭᠠᠭᠠᠵᠤ ᠰᠢᠨᠡᠴᠢᠯᠡᠬᠦ᠎ᠶᠢ ᠲᠡᠮᠵᠢᠵᠤ᠂ ᠬᠠᠭᠤᠴᠢᠨ ᠭᠡᠷ ᠪᠠᠢᠰᠢᠩ᠎ᠢ ᠨᠠᠰᠤᠵᠢᠯ᠎ᠳᠤ ᠲᠣᠬᠢᠷᠠᠭᠤᠯᠤᠨ ᠰᠢᠨᠡᠳᠬᠡᠵᠦ ᠪᠠᠢᠭᠤᠯᠬᠤ ᠪᠠ ᠣᠶᠤᠨᠴᠢᠯᠠᠨ ᠲᠡᠰ ᠳᠡᠪᠰᠢᠭᠦᠯᠬᠦ᠎ᠶᠢ ᠲᠡᠮᠵᠢᠨ᠎ᠠ᠃ 

ᠠᠳᠠᠯ ᠠᠬᠤᠢ᠎ᠶᠢᠨ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠠᠵᠢᠯᠯᠠᠭᠠᠨ᠎ᠢ ᠬᠡᠷᠡᠭᠵᠢᠭᠦᠯᠵᠦ᠂ ᠠᠳᠠᠯ ᠠᠬᠤᠢ᠎ᠶᠢᠨ ᠦᠢᠯᠡᠴᠢᠯᠡᠭᠡᠨ᠎ᠦ ᠠᠭᠤᠯᠭ᠎ᠠ᠎ᠶᠢ ᠥᠷᠭᠡᠳᠬᠡᠨ᠎ᠡ᠃

ᠮᠠᠰᠢᠨ ᠲᠡᠷᠭᠡ

ᠪᠦᠬᠦ ᠤᠯᠤᠰ᠎ᠤᠨ ᠬᠡᠪᠴᠢᠶᠡᠨ᠎ᠳᠦ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ᠎ᠶᠢ 4000 ᠲᠦᠮᠡ ᠣᠷᠴᠢᠮ ᠪᠠᠢᠭᠤᠯᠵᠤ᠂ 1 ᠳ᠋ᠦᠩᠰᠢᠭᠤᠷ ᠭᠠᠷᠤᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ᠎ᠦ ᠴᠠᠬᠢᠯᠭᠠᠨ ᠴᠡᠨᠡᠭᠯᠡᠬᠦ ᠬᠡᠷᠡᠭᠴᠡᠭᠡ᠎ᠶᠢ ᠲᠤᠯᠭᠠᠭᠤᠷᠢᠯᠠᠬᠤ ᠴᠠᠬᠢᠯᠭᠠᠨ ᠴᠡᠨᠡᠭᠯᠡᠬᠦ ᠦᠢᠯᠡᠴᠢᠯᠡᠭᠡᠨ᠎ᠦ ᠴᠢᠳᠠᠪᠤᠷᠢ᠎ᠶᠢ ᠪᠤᠢ ᠪᠣᠯᠭᠠᠨ᠎ᠠ᠂ ᠡᠭᠦᠨ᠎ᠳᠦ ᠤᠯᠠᠨ ᠨᠡᠶ᠋ᠢᠲᠡ᠎ᠶᠢᠨ ᠴᠡᠨᠡᠭᠯᠡᠬᠦ ᠱᠣᠩ᠎ᠢ 900 ᠲᠦᠮᠡ ᠣᠷᠴᠢᠮ᠎ᠳᠤ ᠬᠦᠷᠦᠭᠦᠯᠦᠨ᠎ᠡ᠃

ᠭᠠᠷ ᠳᠠᠮᠵᠢᠭ᠍ᠰᠠᠨ ᠮᠠᠰᠢᠨ ᠲᠡᠷᠭᠡᠨ᠎ᠦ ᠭᠦᠢᠯᠭᠡᠭᠡᠨ᠎ᠢ ᠠᠬᠢᠭᠤᠯᠵᠤ᠂ ᠮᠠᠰᠢᠨ ᠲᠡᠷᠭᠡ ᠥᠭᠡᠷᠡᠴᠢᠯᠡᠨ ᠤᠭᠰᠠᠷᠠᠬᠤ᠂ ᠲᠦᠷᠢᠶᠡᠰᠦᠯᠡᠬᠦ᠂ ᠤᠷᠤᠯᠳᠤᠭᠠᠨ᠎ᠤ ᠶᠠᠪᠤᠳᠠᠯ ᠵᠢᠴᠢ ᠭᠡᠷᠲᠦ ᠲᠡᠷᠭᠡ᠎ᠪᠡᠷ ᠬᠡᠭᠡᠷ᠎ᠡ ᠪᠠᠭᠤᠳᠠᠯᠯᠠᠬᠤ ᠵᠡᠷᠭᠡ ᠮᠠᠰᠢᠨ ᠲᠡᠷᠭᠡᠨ᠎ᠦ ᠰᠡᠭᠦᠯᠴᠢ ᠵᠠᠬ᠎ᠠ ᠳᠡᠯᠭᠡᠭᠦᠷ᠎ᠦᠨ ᠬᠡᠷᠡᠭᠯᠡᠭᠡ᠎ᠶᠢ ᠥᠷᠭᠡᠳᠬᠡᠨ᠎ᠡ᠃

ᠮᠠᠰᠢᠨ ᠲᠡᠷᠭᠡ ᠰᠡᠯᠪᠢᠨ ᠵᠠᠰᠠᠬᠤ ᠪᠠ ᠥᠭᠡᠷᠡᠴᠢᠯᠡᠨ ᠤᠭᠰᠠᠷᠠᠬᠤ ᠬᠠᠮᠢᠶᠠᠷᠤᠯᠲᠠ᠎ᠶᠢ ᠲᠡᠭᠦᠯᠳᠡᠷᠵᠢᠭᠦᠯᠦᠨ᠎ᠡ᠃ ᠰᠢᠨ᠎ᠡ ᠡᠨᠧᠷᠭᠢ᠎ᠶᠢᠨ ᠮᠠᠰᠢᠨ ᠲᠡᠷᠭᠡ ᠰᠡᠯᠪᠢᠨ ᠵᠠᠰᠠᠬᠤ ᠮᠡᠷᠭᠡᠵᠢᠯ᠎ᠦᠨ ᠪᠠᠷᠢᠮᠵᠢᠶ᠎ᠠ ᠲᠣᠭᠲᠠᠯᠴᠠᠭᠠᠨ᠎ᠤ ᠪᠠᠢᠭᠤᠯᠤᠯᠲᠠ᠎ᠶᠢ ᠲᠦᠷᠭᠡᠳᠬᠡᠨ᠎ᠡ᠃

ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠵᠡᠷᠭᠡ ᠳᠡᠰ᠂ ᠣᠨᠴᠠᠯᠢᠭ᠋᠎ᠢᠶᠠᠷ ᠲᠣᠪᠣᠢᠮ᠎ᠠ ᠪᠠᠢᠳᠠᠭ ᠬᠤᠪᠢ᠎ᠶᠢᠨ ᠮᠠᠰᠢᠨ ᠲᠡᠷᠭᠡ ᠪᠤᠶᠤ ᠵᠢᠭᠤᠯᠴᠢᠯᠠᠨ ᠰᠠᠭᠤᠬᠤ ᠲᠡᠷᠭᠡ ᠵᠡᠷᠭᠡ᠎ᠶᠢᠨ ᠬᠡᠭᠡᠷ᠎ᠡ ᠪᠠᠭᠤᠳᠠᠯᠯᠠᠬᠤ ᠭᠠᠵᠠᠷ ᠪᠠᠶ᠋ᠢᠭᠤᠯᠬᠤ᠎ᠶᠢ ᠳᠡᠮᠵᠢᠨ᠎ᠡ᠃ ᠬᠡᠭᠡᠷ᠎ᠡ ᠪᠠᠭᠤᠳᠠᠯᠯᠠᠬᠤ ᠭᠠᠵᠠᠷ᠎ᠤᠨ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠲᠡᠭᠦᠯᠳᠡᠷᠵᠢᠭᠦᠯᠵᠦ᠂ ᠣᠷᠴᠢᠨ ᠲᠣᠭᠣᠷᠢᠨ᠎ᠤ ᠠᠷᠢᠭᠤᠨ ᠴᠡᠪᠡᠷ ᠵᠡᠷᠭᠡ ᠬᠠᠮᠢᠶ᠎ᠠ ᠪᠦᠬᠦᠢ ᠪᠡᠯᠡᠳᠬᠡᠮᠵᠢ᠎ᠶᠢ ᠪᠦᠷᠢᠨ ᠲᠣᠬᠢᠷᠠᠭᠤᠯᠤᠨ᠂ ᠵᠢᠭᠤᠯᠴᠢᠯᠠᠭ᠍ᠴᠢᠳ᠎ᠤᠨ ᠦᠶ᠋ᠯᠡ ᠠᠵᠢᠯᠯᠠᠭ᠎ᠠ᠎ᠶᠢ ᠵᠢᠷᠤᠮᠵᠢᠭᠤᠯᠤᠨ᠎ᠠ᠃

ᠣᠷᠣᠯᠭ᠎ᠠ

ᠡᠯᠧᠮᠧᠨ᠋ᠲ᠎ᠢᠶᠡᠷ ᠬᠤᠪᠢᠶᠠᠷᠢᠯᠠᠬᠤ ᠲᠦᠷᠦ᠎ᠶᠢᠨ ᠪᠣᠳᠣᠯᠭ᠎ᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠢᠯᠡᠭᠦᠦ ᠬᠥᠳᠡᠯᠮᠦᠷᠢᠯᠡᠭᠰᠡᠳ ᠢᠯᠡᠭᠦᠦ ᠣᠯᠬᠤ᠂ ᠮᠡᠷᠭᠡᠵᠢᠯ ᠥᠨᠳᠥᠷ ᠬᠥᠮᠥᠰ ᠢᠯᠡᠭᠦᠦ ᠣᠯᠬᠤ᠂ ᠰᠢᠨ᠎ᠡ᠎ᠶᠢ ᠡᠭᠦᠳᠦᠭᠴᠢᠳ ᠢᠯᠡᠭᠦᠦ ᠣᠯᠬᠤ᠎ᠶᠢ ᠠᠬᠢᠭᠤᠯᠤᠨ᠎ᠠ᠃

ᠬᠥᠳᠡᠯᠮᠦᠷᠢᠴᠢᠳ᠎ᠦᠨ ᠴᠠᠯᠢᠩ᠎ᠢ ᠲᠣᠭᠲᠠᠭᠠᠬᠤ᠂ ᠵᠦᠢ ᠵᠣᠬᠢᠰᠲᠠᠢ ᠨᠡᠮᠡᠭᠳᠡᠭᠦᠯᠬᠦ᠂ ᠣᠯᠭᠣᠬᠤ ᠪᠠᠲᠤᠯᠠᠭ᠎ᠠ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠎ᠡ᠃

ᠨᠠᠭᠠᠲᠤ ᠵᠠᠬ᠎ᠠ᠎ᠶᠢᠨ ᠴᠠᠯᠢᠩ᠎ᠤᠨ ᠪᠠᠷᠢᠮᠵᠢᠶ᠎ᠠ᠎ᠶᠢ ᠲᠣᠬᠢᠷᠠᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠨᠠᠭᠠᠲᠤ ᠵᠠᠬ᠎ᠠ᠎ᠶᠢᠨ ᠴᠠᠯᠢᠩ᠎ᠤᠨ ᠪᠠᠷᠢᠮᠵᠢᠶ᠎ᠠ᠎ᠶᠢ ᠯᠠᠪᠳᠠᠭᠤᠨ᠎ᠢᠶᠠᠷ ᠳᠡᠭᠡᠭᠰᠢᠯᠡᠭᠦᠯᠦᠨ᠂ ᠠᠵᠤ ᠠᠬᠤᠢᠯᠠᠯ᠎ᠤᠨ ᠴᠠᠯᠢᠩ᠎ᠤᠨ ᠬᠤᠪᠢᠶᠠᠷᠢᠯᠠᠯᠲᠠ᠎ᠶᠢᠨ ᠬᠣᠷᠸ᠎ᠠ ᠵᠢᠯᠣᠭᠣᠳᠤᠯᠭ᠎ᠠ᠎ᠶᠢ ᠴᠢᠩᠭᠠᠳᠬᠠᠨ᠎ᠠ᠃

ᠵᠢᠵᠢᠭ ᠪᠢᠴᠢᠯ ᠠᠵᠤ ᠠᠬᠤᠢᠯᠠᠯ ᠪᠠ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠭᠡ᠎ᠶᠢᠨ ᠡᠵᠡᠩᠨᠡᠯᠲᠡ᠎ᠶᠢᠨ ᠣᠷᠴᠢᠨ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠤᠨ᠎ᠠ᠃

ᠭᠡᠷ ᠪᠠᠢᠰᠢᠩ ᠭᠠᠵᠠᠷ ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠵᠤ᠂ ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠲᠣᠭᠲᠠᠭᠤᠨ᠎ᠤ ᠳᠤᠮᠳᠠ ᠰᠠᠢᠵᠢᠷᠠᠬᠤ ᠬᠥᠭᠵᠢᠯᠲᠡ᠎ᠶᠢᠨ ᠬᠠᠨᠳᠤᠰᠢ᠎ᠶᠢ ᠦᠷᠭᠦᠯᠵᠢᠯᠡᠨ ᠪᠡᠬᠢᠵᠢᠭᠦᠯᠵᠦ᠂ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠡᠳ᠋ ᠬᠥᠷᠥᠩᠭᠡ᠎ᠶᠢᠨ ᠴᠢᠨᠠᠷᠲᠠᠢ ᠣᠷᠣᠯᠭ᠎ᠠ᠎ᠶᠢ ᠣᠯᠠᠨ ᠠᠷᠭ᠎ᠠ ᠵᠠᠮ᠎ᠢᠶᠠᠷ ᠨᠡᠮᠡᠭᠳᠡᠭᠦᠯᠦᠨ᠎ᠡ᠃

ᠠᠮᠠᠷᠠᠯᠲᠠ

ᠬᠥᠳᠡᠯᠮᠦᠷᠢ᠎ᠶᠢᠨ ᠬᠠᠤᠯᠢ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠠᠮᠠᠷᠠᠯᠲᠠ ᠪᠠ ᠠᠮᠠᠷᠠᠬᠤ ᠡᠷᠬᠡ ᠠᠰᠢᠭ᠋᠎ᠢ ᠦᠨᠡᠨ ᠬᠦ᠌ ᠪᠠᠲᠤᠯᠠᠨ᠎ᠠ᠃

《ᠠᠵᠢᠯᠲᠠᠨ ᠠᠵᠢᠯᠴᠢᠨ᠎ᠤ ᠴᠠᠯᠢᠩ᠎ᠲᠠᠢ ᠵᠢᠯ᠎ᠦᠨ ᠠᠮᠠᠷᠠᠯᠲᠠ᠎ᠶᠢᠨ ᠳᠦᠷᠢᠮ》᠎ᠳᠦ ᠵᠠᠰᠠᠪᠤᠷᠢ ᠣᠷᠣᠭᠤᠯᠬᠤ᠎ᠶᠢ ᠠᠬᠢᠭᠤᠯᠵᠤ᠂ ᠠᠵᠢᠯᠲᠠᠨ ᠠᠵᠢᠯᠴᠢᠨ᠎ᠤ ᠴᠠᠯᠢᠩ᠎ᠲᠠᠢ ᠠᠮᠠᠷᠠᠯᠲᠠ᠎ᠶᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠳᠦᠷᠢᠮ᠎ᠦᠨ ᠬᠡᠷᠡᠭᠵᠢᠭᠦᠯᠦᠯᠲᠡ᠎ᠶᠢᠨ ᠠᠯᠪᠠᠳᠠᠯᠭ᠎ᠠ᠎ᠶᠢᠨ ᠴᠢᠨᠠᠷ᠎ᠢ ᠴᠢᠩᠭᠠᠷᠠᠭᠤᠯᠤᠨ᠎ᠠ᠃

ᠨᠢᠭᠡᠴᠢ ᠪᠠ ᠠᠵᠢᠯᠲᠠᠨ ᠠᠵᠢᠯᠴᠢᠨ᠎ᠤ ᠴᠠᠯᠢᠩ᠎ᠲᠠᠢ ᠵᠢᠯ᠎ᠦᠨ ᠠᠮᠠᠷᠠᠯᠲᠠ ᠠᠪᠬᠤ᠎ᠶᠢ ᠤᠯᠠᠮᠵᠢᠯᠠᠯᠲᠤ ᠪᠠᠶᠠᠷ᠎ᠤᠨ ᠡᠳᠦᠷ᠂ ᠣᠷᠣᠨ ᠨᠤᠲᠤᠭ᠎ᠤᠨ ᠣᠨᠴᠠᠯᠢᠭᠲᠤ ᠠᠵᠢᠯᠯᠠᠭ᠎ᠠ ᠯᠤᠭ᠎ᠠ ᠤᠶᠠᠯᠳᠤᠭᠤᠯᠵᠤ᠂ ᠬᠠᠷᠢᠮᠠᠬᠠᠢ᠎ᠪᠠᠷ ᠣᠷᠭᠢᠯ ᠬᠤᠭᠤᠴᠠᠭ᠎ᠠ᠎ᠶᠢ ᠵᠥᠷᠢᠭᠦᠯᠦᠨ ᠠᠮᠠᠷᠠᠬᠤ᠎ᠶᠢ ᠲᠣᠬᠢᠷᠠᠭᠤᠯᠤᠨ᠎ᠠ᠃

ᠨᠥᠬᠥᠴᠡᠯ᠎ᠲᠠᠢ ᠭᠠᠵᠠᠷ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠬᠠᠪᠤᠷ ᠨᠠᠮᠤᠷ᠎ᠤᠨ ᠠᠮᠠᠷᠠᠯᠲᠠ ᠳᠡᠯᠭᠡᠷᠡᠭᠦᠯᠬᠦ᠎ᠶᠢ ᠨᠢ ᠳᠡᠮᠵᠢᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号