ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠢᠯᠡ ᠵᠠᠰᠠᠭ  -   ᠲᠦᠷᠦ᠎ᠶᠢᠨ ᠪᠣᠳᠣᠯᠭ᠎ᠠ᠎ᠶᠢᠨ ᠲᠠᠶ᠋ᠢᠯᠤᠮᠵᠢ
ᠰᠤᠷᠭᠠᠨ ᠬᠥᠮᠦᠵᠢᠯ᠎ᠦᠨ ᠶᠠᠮᠤᠨ ᠰᠢᠨ᠎ᠡ ᠲᠤᠰᠬᠠᠢ ᠮᠡᠷᠭᠡᠵᠢᠯ᠎ᠢ 27 ᠨᠡᠮᠡᠨ ᠲᠣᠬᠢᠷᠠᠭᠤᠯᠵᠤ᠂ ᠢᠷᠡᠬᠦ ᠵᠢᠯ᠎ᠡᠴᠡ ᠰᠣᠷᠣᠭ᠍ᠴᠢ ᠡᠯᠰᠡᠨ᠎ᠡ
ᠨᠡᠢᠲᠡᠯᠡᠭᠰᠡᠨ ᠴᠠᠭ᠄ 2026-07-23

7 ᠳ᠋ᠤᠭᠠᠷ ᠰᠠᠷ᠎ᠠ᠎ᠶᠢᠨ 16᠎ᠤ ᠡᠳᠦᠷ᠂ ᠰᠤᠷᠭᠠᠨ ᠬᠥᠮᠦᠵᠢᠯ᠎ᠦᠨ ᠶᠠᠮᠤᠨ ᠰᠢᠨ᠎ᠡ᠎ᠪᠡᠷ ᠨᠡᠮᠡᠵᠦ ᠨᠥᠬᠥᠪᠦᠷᠢᠯᠡᠭᠰᠡᠨ 27 ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠦᠨᠳᠦᠰᠦᠨ ᠠᠩᠭᠢ ᠪᠠ ᠲᠤᠰᠬᠠᠢ ᠮᠡᠷᠭᠡᠵᠢᠯ᠎ᠦᠨ ᠠᠩᠭᠢ᠎ᠶᠢᠨ ᠲᠤᠰᠬᠠᠢ ᠮᠡᠷᠭᠡᠵᠢᠯ᠎ᠢ ᠨᠡᠢᠲᠡᠯᠡᠪᠡ᠂ ᠲᠣᠰ ᠤᠳᠠᠭᠠᠨ᠎ᠤ ᠲᠤᠰᠬᠠᠢ ᠮᠡᠷᠭᠡᠵᠢᠯ᠎ᠦᠨ ᠭᠠᠷᠴᠠᠭ᠎ᠲᠤ ᠨᠡᠮᠡᠵᠦ ᠨᠥᠬᠥᠪᠦᠷᠢᠯᠡᠭᠰᠡᠨ ᠨᠢ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠥᠲᠥᠯᠪᠦᠷᠢ ᠪᠠ 《ᠰᠤᠷᠭᠠᠨ ᠬᠥᠮᠦᠵᠢᠯ᠎ᠦᠨ ᠬᠥᠭᠵᠢᠯᠲᠡ᠎ᠶᠢᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠦᠪᠵᠢᠭᠦᠯᠭᠡ》᠎ᠶᠢᠨ ᠪᠠᠢᠷᠢᠯᠠᠭᠤᠯᠤᠯᠲᠠ ᠯᠤᠭ᠎ᠠ ᠨᠢᠭ᠍ᠲᠠ ᠤᠶᠠᠯᠳᠤᠭᠤᠯᠵᠤ᠂ ᠳ᠋ᠢᠭᠢᠲ ᠠᠵᠤ ᠠᠬᠤᠢ᠂ ᠳᠣᠣᠷ᠎ᠠ ᠠᠭᠠᠷ᠎ᠤᠨ ᠠᠵᠤ ᠠᠬᠤᠢ᠂ ᠵᠣᠬᠢᠶᠠᠮᠠᠯ ᠣᠶᠣᠨ᠂ ᠳᠡᠭᠡᠳᠦ ᠲᠠᠰ᠎ᠤᠨ ᠲᠣᠨᠣᠭ ᠲᠥᠬᠦᠭᠡᠷᠦᠮᠵᠢ᠂ ᠬᠣᠲᠠ᠎ᠶᠢᠨ ᠰᠢᠨᠡᠴᠢᠯᠡᠯᠲᠡ ᠵᠢᠴᠢ ᠠᠷᠠᠳ᠎ᠤᠨ ᠠᠮᠢᠳᠤᠷᠠᠯ᠎ᠳᠤ ᠳᠤᠲᠠᠭᠳᠠᠵᠤ ᠪᠠᠢᠭ᠎ᠠ ᠵᠡᠷᠭᠡ ᠬᠦᠷᠢᠶᠡᠨ᠎ᠳᠡᠬᠢ ᠲᠤᠰᠬᠠᠢ ᠮᠡᠷᠭᠡᠵᠢᠯ᠎ᠦᠳ᠎ᠢ ᠭᠣᠣᠯᠳᠠᠯᠭ᠎ᠠ᠎ᠲᠠᠢ ᠨᠡᠮᠡᠨ ᠲᠣᠬᠢᠷᠠᠭᠤᠯᠪᠠ᠃ ᠡᠭᠦᠨ᠎ᠳᠦ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠲᠤᠰᠬᠠᠢ ᠮᠡᠷᠭᠡᠵᠢᠯ 9᠂ ᠠᠵᠢᠯ ᠮᠡᠷᠭᠡᠵᠢᠯ᠎ᠦᠨ ᠦᠨᠳᠦᠰᠦᠨ ᠠᠩᠭᠢ᠎ᠶᠢᠨ ᠲᠤᠰᠬᠠᠢ ᠮᠡᠷᠭᠡᠵᠢᠯ 18 ᠪᠠᠢᠵᠤ᠂ ᠲᠤᠰᠬᠠᠢ ᠮᠡᠷᠭᠡᠵᠢᠯ᠎ᠦᠨ 14 ᠶᠡᠬᠡ ᠲᠥᠷᠥᠯ᠂ ᠲᠤᠰᠬᠠᠢ ᠮᠡᠷᠭᠡᠵᠢᠯ᠎ᠦᠨ 20 ᠲᠥᠷᠥᠯ᠎ᠳᠦ ᠬᠣᠯᠪᠣᠭᠳᠠᠨ᠎ᠠ᠃

ᠰᠢᠨ᠎ᠡ᠎ᠪᠡᠷ ᠨᠡᠮᠡᠭᠰᠡᠨ ᠲᠤᠰᠬᠠᠢ ᠮᠡᠷᠭᠡᠵᠢᠯ ᠨᠢ 2027 ᠣᠨ᠎ᠠᠴᠠ ᠡᠬᠢᠯᠡᠨ ᠰᠣᠷᠣᠭ᠍ᠴᠢ ᠡᠯᠰᠡᠨ᠎ᠡ 

ᠶᠠᠮᠠᠷ ᠶᠠᠮᠠᠷ ᠲᠤᠰᠬᠠᠢ ᠮᠡᠷᠭᠡᠵᠢᠯ ᠪᠠᠢᠬᠤ ᠪᠤᠢ ? ᠬᠠᠮᠲᠤ᠎ᠪᠠᠷ ᠦᠵᠡᠵᠡᠭᠡᠶ᠎ᠡ —

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号