ᠤᠬᠠᠭᠤᠯᠭ᠎ᠠ ᠬᠥᠮᠦᠵᠢᠯ ᠠᠮᠢᠳᠤᠯᠢᠭ᠋ ᠳᠦᠷᠰᠦᠯᠢᠭ ᠶᠠᠪᠤᠭᠳᠠᠵᠤ᠂ ᠤᠨᠤᠯ᠎ᠤᠨ ᠰᠤᠳᠤᠯᠭᠠᠨ ᠭᠦᠨᠵᠡᠭᠡᠢᠷᠡᠨ ᠪᠣᠳᠠᠲᠠᠢᠵᠢᠵᠤ᠂ ᠦᠢᠯᠡᠳᠦᠯᠭᠡ᠎ᠶᠢᠨ ᠵᠢᠭ᠍ᠰᠠᠭᠠᠯ᠎ᠤᠨ ᠭᠠᠵᠠᠷ ᠰᠢᠨ᠎ᠡ ᠭᠡᠷᠡᠯ ᠭᠢᠯᠪᠠᠭ᠎ᠠ ᠰᠠᠴᠤᠷᠠᠭᠤᠯᠤᠨ᠎ᠠ ᠁ ᠥᠪᠥᠷ ᠮᠣᠩᠭᠣᠯ ᠠᠯᠢ ᠤᠯᠠᠨ ᠪᠣᠳᠠᠲᠠᠢ᠎ᠶᠢ ᠡᠷᠬᠢᠮᠯᠡᠨ ᠰᠢᠨ᠎ᠡ᠎ᠶᠢ ᠡᠭᠦᠳᠦᠭᠰᠡᠨ᠂ ᠣᠨᠣᠴᠠᠲᠠᠢ ᠪᠦᠲᠦᠮᠵᠢᠲᠡᠢ ᠠᠷᠭ᠎ᠠ ᠬᠡᠮᠵᠢᠶ᠎ᠡ ᠪᠡᠷ ᠳᠠᠮᠵᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠤ᠂ ᠦᠨᠳᠦᠰᠦᠲᠡᠨ ᠨᠦᠭᠦᠳ᠎ᠦᠨ ᠠᠷᠠᠳ ᠲᠦᠮᠡᠨ᠎ᠢ ᠨᠢᠭᠡ ᠭᠡᠷ᠎ᠪᠦᠯᠢ ᠵᠢᠨ ᠬᠢᠨ ᠮᠡᠳᠦ ᠳᠣᠲᠣᠨᠤᠰᠤᠭ ᠪᠣᠯᠭᠠᠪᠠ᠃
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠦᠨ ᠰᠠᠭᠤᠷᠢ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠤᠶᠤᠨ ᠰᠠᠨᠠᠭᠠᠨ᠎ᠤ ᠬᠦᠴᠦᠨ᠎ᠦ ᠰᠦᠭ ᠰᠦᠨᠡᠰᠦ ᠮᠥᠨ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠮᠥᠨ᠃ ᠥᠪᠥᠷ ᠮᠣᠩᠭᠣᠯ ᠡᠨᠡᠬᠦ ᠭᠣᠣᠯ ᠰᠢᠵᠢᠮ᠎ᠢ ᠪᠠᠲᠤ ᠡᠵᠡᠮᠳᠡᠵᠦ᠂ ᠠᠴᠢᠶᠠᠯᠠᠪᠤᠷᠢ᠎ᠶᠢ ᠲᠠᠰᠤᠷᠠᠯᠲᠠ ᠦᠭᠡᠢ ᠰᠢᠨᠡᠴᠢᠯᠡᠵᠦ᠂ ᠬᠡᠯᠪᠡᠷᠢ᠎ᠶᠢ ᠪᠠᠶᠠᠯᠢᠭ᠍ᠵᠢᠭᠤᠯᠵᠤ᠂ ᠠᠭᠤᠯᠤᠭᠳᠠᠬᠤᠨ᠎ᠢ ᠭᠦᠨᠵᠡᠭᠡᠢᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠦᠨᠳᠦᠰᠦᠲᠡᠨ ᠨᠤᠭᠦᠳ᠎ᠦᠨ ᠠᠷᠠᠳ ᠲᠦᠮᠡᠨ ᠰᠡᠳᠬᠢᠯ ᠨᠢᠭᠡᠳᠦᠨ᠂ ᠵᠣᠷᠢᠭ᠋ ᠰᠠᠨᠠᠭ᠎ᠠ ᠬᠠᠷᠢᠯᠴᠠᠨ ᠲᠦᠰᠢᠯᠴᠡᠬᠦ ᠪᠤᠯᠪᠠ᠃
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠳᠤ ᠨᠢᠳᠦᠨ᠎ᠳᠦ ᠦᠵᠡᠭᠳᠡᠵᠦ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ ᠮᠥᠷᠲᠡᠭᠡᠨ ᠪᠠᠰᠠ ᠶᠡᠬᠡ ᠬᠡᠮᠵᠢᠶᠡᠨ᠎ᠦ 《ᠵᠦᠭᠡᠯᠡᠨ ᠪᠤᠷᠤᠭᠠᠨ ᠳᠦᠮᠡᠨ ᠪᠤᠳᠠᠰ᠎ᠢ ᠤᠮᠳᠠᠯᠠᠬᠤ》ᠶᠠᠪᠤᠳᠠᠯ᠎ᠢ ᠬᠢᠬᠦ ᠬᠡᠷᠡᠭᠲᠡᠢ᠃ ᠰᠤᠷᠭᠠᠭᠤᠯᠢ᠎ᠶᠢᠨ ᠬᠦᠷᠢᠶᠡᠨ᠎ᠳᠡᠬᠢ ᠪᠠᠶᠠᠯᠢᠭ᠋ ᠪᠥᠭᠡᠳ ᠠᠮᠢᠳᠤᠯᠢᠭ᠋ ᠠᠭᠤᠰᠤᠯᠴᠠᠬᠤ ᠮᠠᠶᠢᠭ᠋᠎ᠤᠨ ᠰᠤᠷᠭᠠᠨ ᠬᠥᠮᠦᠵᠢᠯ ᠨᠢ ᠵᠠᠪᠰᠠᠷᠳᠠᠯ᠎ᠢ ᠠᠷᠢᠯᠭᠠᠨ᠂ ᠭᠡᠷ ᠪᠦᠯᠢ ᠪᠠ ᠰᠤᠷᠭᠠᠭᠤᠯᠢ ᠬᠠᠮᠲᠤᠷᠠᠨ ᠬᠥᠳᠡᠯᠦᠯᠴᠡᠬᠦ᠎ᠶᠢ ᠪᠡᠶᠡᠯᠡᠭᠦᠯᠪᠡ; ᠳᠡᠭᠡᠳᠦ ᠰᠤᠷᠭᠠᠭᠤᠯᠢ᠎ᠶᠢᠨ ᠬᠢᠭᠰᠡᠨ ᠬᠠᠮᠢᠶ᠎ᠠ ᠪᠦᠬᠦᠢ ᠣᠨᠣᠯ᠎ᠤᠨ ᠰᠤᠳᠤᠯᠭᠠᠨ ᠨᠢ ᠳᠤᠭᠠᠴᠢᠯᠠᠯᠳᠠ ᠤᠶᠤᠨᠴᠢᠯᠠᠯᠳᠠ᠎ᠶᠢᠨ ᠮᠡᠷᠭᠡᠵᠢᠯ᠎ᠢ ᠬᠡᠷᠡᠭᠯᠡᠵᠦ᠂ ᠰᠢᠨ᠎ᠡ ᠮᠡᠷᠭᠡᠵᠢᠯ᠎ᠢ ᠬᠡᠷᠡᠭᠯᠡᠨ ᠣᠨᠣᠯ᠎ᠤᠨ ᠬᠡᠷᠡᠭᠯᠡᠯᠲᠡ᠎ᠶᠢ ᠲᠦᠷᠭᠡᠳᠬᠡᠪᠡ; ᠥᠪᠡᠷᠮᠢᠴᠡ ᠣᠨᠴᠠᠯᠢᠭ᠋᠎ᠢᠶᠠᠷ ᠢᠯᠡ ᠲᠣᠳᠣ᠌ ᠰᠣᠶᠣᠯ᠎ᠤᠨ ᠦᠵᠡᠭᠦᠯᠭᠡ᠎ᠶᠢᠨ ᠣᠷᠳᠣᠨ᠂ ᠦᠵᠡᠭᠦᠯᠭᠡ᠎ᠶᠢᠨ ᠪᠣᠳᠠᠰ᠎ᠤᠨ ᠦᠯᠢᠭᠡᠷ ᠢᠶᠡᠷ ᠦᠨᠳᠦᠰᠦᠲᠡᠨ᠎ᠦ ᠪᠦᠯᠬᠦᠮᠳᠡᠯ᠎ᠦᠨ ᠶᠡᠬᠡ ᠬᠢᠴᠢᠶᠡᠯ᠎ᠦᠨ ᠲᠠᠩᠬᠢᠮ᠎ᠢ ᠪᠠᠢᠭᠤᠯᠪᠠ ᠁ ᠥᠪᠥᠷ ᠮᠣᠩᠭᠣᠯ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠬᠤᠵᠤ᠂ ᠨᠠᠷᠢᠯᠢᠭ᠋ ᠬᠢᠵᠦ᠂ ᠬᠠᠢᠷ᠎ᠠ ᠰᠡᠳᠬᠢᠯᠭᠡ᠎ᠶᠢᠨ ᠬᠠᠮᠲᠤ᠎ᠶᠢᠨ ᠴᠤᠤᠷᠢᠶᠠᠳᠤᠯᠢ ᠬᠥᠭᠵᠢᠭᠡᠵᠦ᠂ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠰᠡᠳᠬᠢᠯ ᠵᠢᠷᠦᠬᠡᠨ᠎ᠳᠡᠭᠡᠨ ᠰᠢᠩᠭᠡᠭᠡᠵᠦ᠂ ᠦᠢᠯᠡ ᠠᠵᠢᠯᠯᠠᠭ᠎ᠠ᠎ᠳᠠᠭᠠᠨ ᠢᠯᠡᠷᠡᠭᠦᠯᠬᠦ ᠤᠬᠠᠮᠰᠠᠷᠲᠤ ᠠᠵᠢᠯᠯᠠᠭ᠎ᠠ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠢᠷ᠎ᠠ ᠰᠡᠳᠬᠢᠯᠭᠡ᠎ᠶᠢ ᠨᠡᠩ ᠵᠤᠵᠠᠭᠠᠳᠬᠠᠵᠠᠢ᠃
ᠣᠯᠠᠨ᠎ᠤ ᠬᠦᠴᠦᠨ ᠳ᠋ᠦ ᠤᠪᠤᠭ᠎ᠠ ᠪᠤᠰᠴᠤ᠂ ᠰᠡᠳᠬᠢᠯ ᠨᠢᠭᠡᠳᠪᠡᠯ ᠪᠡᠷᠭᠡ ᠶᠠᠪᠤᠳᠠᠯ ᠠᠯᠠᠭ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ᠂ ᠣᠮᠣᠭ ᠲᠡᠭᠦᠯᠳᠡᠷ᠎ᠢᠶᠡᠷ ᠶᠣᠰᠣ᠌ ᠶᠠᠷᠢᠬᠤ᠎ᠪᠠᠷ ᠪᠠᠷᠠᠬᠤ ᠦᠭᠡᠢ᠂ ᠪᠠᠰᠠ ᠵᠦᠭᠡᠯᠡᠨ ᠪᠤᠷᠤᠭᠠᠨ ᠳᠦᠮᠡᠨ ᠪᠤᠳᠠᠰ᠎ᠢ ᠤᠮᠳᠠᠯᠠᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠡᠯ᠎ᠡ ᠵᠦᠢᠯ᠎ᠦᠨ ᠤᠬᠠᠭᠤᠯᠭ᠎ᠠ᠎ᠶᠢᠨ ᠠᠴᠢᠶᠠᠯᠠᠪᠤᠷᠢ ᠪᠣᠯᠣᠨ ᠦᠯᠢᠭᠡᠷ ᠵᠢᠱ᠌ᠢᠶ᠎ᠡ᠎ᠶᠢ ᠡᠭᠦᠳᠦᠨ ᠪᠠᠶ᠋ᠢᠭᠤᠯᠬᠤ ᠠᠷᠭ᠎ᠠ ᠬᠡᠮᠵᠢᠶ᠎ᠡ᠎ᠶᠢ ᠲᠠᠰᠤᠷᠠᠯᠲᠠ ᠦᠭᠡᠢ ᠰᠢᠨᠡᠴᠢᠯᠡᠵᠦ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ᠎ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠡᠩ ᠨᠢᠭ᠍ᠲᠠ ᠬᠣᠯᠪᠣᠵᠤ᠂ ᠨᠢᠭᠡ ᠴᠣᠭᠴᠠ ᠪᠣᠯᠭᠠᠨ ᠠᠭᠤᠰᠤᠯᠴᠠᠭᠤᠯᠵᠤ᠂ ᠨᠡᠩ ᠬᠦᠴᠦᠷᠬᠡᠭ᠂ ᠨᠡᠩ ᠭᠦᠨ ᠭᠦᠨᠵᠡᠭᠡᠢ᠂ ᠨᠡᠩ ᠤᠳᠠᠭᠠᠨ ᠳᠠᠭᠠᠭᠠᠮᠠᠭᠠᠢ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭ᠍ᠲᠠᠷᠠᠭᠤᠯᠬᠤ ᠬᠡᠷᠡᠭᠲᠡᠢ