ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠲᠣᠷᠭᠠᠨ ᠬᠠᠷᠠᠭ᠎ᠠ   -   ᠰᠤᠷᠪᠤᠯᠵᠢᠯᠠᠭ᠎ᠠ
ᠲᠦᠷᠦᠯ ᠲᠡᠮᠳᠡᠭ ᠤ᠋ᠨ ᠬᠦᠴᠦᠨ
ᠨᠡᠢᠲᠡᠯᠡᠭᠰᠡᠨ ᠴᠠᠭ᠄ 2026-02-28

ᠥᠪᠥᠷ ᠮᠣᠩᠭᠣᠯ᠎ᠤᠨ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ᠂ ᠨᠠᠰᠤᠨ᠎ᠳᠤ ᠦᠯᠦ᠍ ᠬᠦᠷᠦᠭ᠌ᠰᠡᠳ᠎ᠦᠨ ᠪᠠᠢᠴᠠᠭᠠᠬᠤ ᠠᠵᠢᠯ  ᠢᠯᠡ ᠲᠣᠳᠣ ᠲᠦᠷᠦᠯ ᠲᠡᠮᠳᠡᠭ᠎ᠦᠨ ᠬᠦᠴᠦᠨ᠎ᠢᠶᠡᠷ ᠵᠢᠡᠨ  ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠬᠠᠮᠠᠭᠠᠯᠠᠬᠤ ᠬᠠᠤᠯᠢ ᠪᠡᠷ ᠵᠠᠰᠠᠬᠤ ᠬᠠᠯᠬᠠᠪᠴᠢ᠎ᠶ᠋ᠢ ᠴᠣᠭ᠍ᠴᠠᠯᠠᠨ᠎ᠠ᠃ ᠡᠨᠡ ᠬᠦ᠌ ᠲᠦᠷᠦᠯ ᠲᠡᠮᠳᠡᠭ ᠤ᠋ᠨ  ᠭᠣᠣᠯᠳᠠᠯᠭ᠎ᠠ ᠨᠢ ᠲᠠᠯ᠎ᠠ ᠨᠤᠳᠤᠬ ᠤ᠋ᠨ ᠪᠠᠢᠴᠠᠭᠠᠬᠤ ᠠᠵᠢᠯ᠎ᠤᠨ ᠣᠨᠴᠠᠯᠢᠭ᠎ᠢ ᠨᠠᠰᠤᠨ᠎ᠳᠤ ᠦᠯᠦ᠍ ᠬᠦᠷᠦᠭ᠌ᠰᠡᠳ᠎ᠦᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭᠠᠯᠠᠬᠤ᠎ᠲᠠᠶ ᠭᠦᠨᠵᠡᠭᠡᠢ ᠠᠭᠤᠰᠤᠯᠴᠠᠭᠤᠯᠵᠤ ᠂ ᠣᠷᠣᠨ ᠪᠦᠰᠡ᠎ᠶ᠋ᠢᠨ ᠤᠨᠴᠠᠯᠢᠭ ᠪᠠ ᠲᠤᠰᠭᠠᠢ ᠮᠡᠷᠭᠡᠵᠢᠯ᠎ᠦᠨ ᠨᠥᠯᠥᠭᠡᠯᠡᠬᠦ᠌ ᠬᠦᠴᠦᠨ᠎ᠲᠡᠶ ᠠᠵᠢᠯ᠎ᠤᠨ ᠱᠢᠰᠲ᠋ᠧᠮ᠎ᠢ ᠪᠦᠷᠢᠯᠳᠦᠭᠦᠯᠬᠦ᠌᠎ᠳᠦ ᠣᠷᠣᠱᠢᠨ᠎ᠠ᠃

ᠲᠦᠷᠦᠯ ᠲᠡᠮᠳᠡᠭ ᠤ᠋ᠨ ᠬᠦᠴᠦᠨ ᠨᠢ ᠣᠢᠯᠠᠭᠠᠭ᠍ᠳᠠᠬᠤᠨ᠎ᠤ ᠱᠢᠨᠡᠴᠢᠯᠡᠯᠲᠡ ᠳᠡᠭᠡᠷ᠎ᠡ ᠢᠯᠡᠷᠡᠨ᠎ᠡ᠃ ᠮᠠᠨ᠎ᠤ ᠤᠷᠤᠨ᠎ᠤ ᠡᠭᠦᠳᠦᠭᠰᠡᠨ 《ᠰᠠᠷᠠᠯᠠᠩ》 ᠵᠡᠷᠭᠡ ᠠᠯᠢ ᠤᠯᠠᠨ ᠤᠨᠴᠠᠯᠢᠬ᠍ᠳᠤ ᠲᠦᠷᠦᠯ ᠲᠡᠮᠳᠡᠭ ᠨᠢ ᠵᠥᠪᠬᠡᠨ ᠨᠢᠭᠡ ᠨᠡᠷᠡᠢᠳᠦᠯ ᠲᠡᠳᠦᠢ ᠪᠢᠰᠢ ᠂ ᠬᠠᠷᠢᠨ ᠪᠠᠢᠴᠠᠭᠠᠬᠤ ᠠᠵᠢᠯ᠎ᠤᠨ ᠤᠯᠠᠮᠵᠢᠯᠠᠯᠲᠤ ᠬᠡᠷᠡᠭ ᠱᠢᠢᠳᠪᠦᠷᠢᠯᠡᠬᠦ᠌᠎ᠡᠴᠡ ᠪᠦᠬᠦ᠌ ᠲᠠᠯ᠎ᠠ᠎ᠶ᠋ᠢᠨ ᠬᠠᠤᠯᠢ ᠴᠠᠭᠠᠵᠠ᠎ᠶ᠋ᠢᠨ ᠬᠠᠮᠠᠭᠠᠯᠠᠯᠲᠠ ᠲᠡᠢᠰᠢ ᠬᠡᠯᠪᠡᠷᠢ ᠪᠡᠨ ᠬᠤᠪᠢᠷᠠᠭᠤᠯᠤᠬᠰᠠᠨ ᠶᠤᠮ᠃ ᠲᠡᠷᠡ ᠨᠢ ᠬᠡᠷᠡᠭ ᠱᠢᠶ᠋ᠳᠪᠦᠷᠢᠯᠡᠬᠦ᠌ ᠨᠢ ᠲᠡᠭᠦᠰᠭᠡᠯ᠎ᠦᠨ ᠴᠡᠭ ᠪᠢᠰᠢ᠂ ᠬᠠᠷᠢᠨ ᠨᠡᠢᠭᠡᠮ᠎ᠦᠨ ᠳᠡᠮᠵᠢᠯᠭᠡ᠎ᠶ᠋ᠢᠨ ᠱᠢᠰᠲ᠋ᠧᠮ᠎ᠳᠦ ᠤᠷᠤᠯᠴᠠᠭᠤᠯᠬᠤ ᠡᠬᠢᠯᠡᠯᠲᠡ ᠮᠥᠨ ᠭᠡᠳᠡᠭ᠎ᠢ ᠬᠠᠷᠠᠭᠤᠯᠵᠤ᠂ ᠶᠠᠯ᠎ᠠ᠎ᠳᠤ ᠬᠣᠯᠪᠣᠭ᠍ᠳᠠᠭ᠍ᠰᠠᠨ ᠨᠠᠰᠤᠨ᠎ᠳᠤ ᠥᠯᠥ᠍ ᠬᠦᠷᠦᠭ᠌ᠰᠡᠳ᠎ᠢ 《ᠰᠤᠷᠭᠠᠨ ᠬᠥᠮᠦᠵᠢᠭᠦᠯᠬᠦ᠌᠂ ᠵᠠᠯᠠᠷᠠᠭᠤᠯᠤᠨ ᠤᠬᠠᠭᠠᠷᠠᠭᠤᠯᠬᠤ᠂ ᠳᠤᠰᠠᠯᠠᠨ ᠠᠪᠤᠷᠠᠬᠤ》 ᠵᠢ ᠴᠢᠬᠤᠯᠠᠴᠢᠯᠠᠵᠤ᠂ ᠤᠯᠤᠰ᠎ᠤᠨ ᠬᠠᠤᠯᠢ ᠴᠠᠭᠠᠵᠠ ᠵᠢᠨ ᠣᠢᠯᠠᠭᠠᠭ᠍ᠳᠠᠬᠤᠨ ᠪᠠ ᠬᠠᠤᠯᠢ ᠴᠠᠭᠠᠵᠠ᠎ᠶ᠋ᠢᠨ ᠬᠠᠢᠷ᠎ᠠ ᠰᠡᠳᠭᠢᠯᠭᠡ᠎ᠶ᠋ᠢ ᠤᠶᠠᠯᠳᠤᠭᠤᠯᠵᠠᠶ᠃

ᠲᠦᠷᠦᠯ ᠲᠡᠮᠳᠡᠭ ᠤ᠋ᠨ ᠦᠶ᠋ᠯᠡᠳᠦᠯᠭᠡ᠎ᠨᠢ ᠱᠢᠰᠲ᠋ᠧᠮᠵᠢᠭ᠌ᠰᠡᠨ ᠬᠠᠮᠠᠭᠠᠯᠠᠯᠳᠠ ᠵᠢᠨ ᠲᠤᠤᠷ᠎ᠢ ᠨᠢᠬᠳᠠ ᠰᠦᠯᠵᠢᠵᠦ᠂ 《ᠬᠠᠤᠯᠢ᠎ᠪᠠᠷ ᠵᠠᠰᠠᠬᠤ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ》 ᠎ᠶ᠋ᠢ ᠪᠦᠷᠬᠦᠬᠦᠯᠬᠦ ᠪᠡᠷ ᠲᠠᠮᠵᠢᠨ᠂ ᠪᠠᠢᠴᠠᠭᠠᠬᠤ ᠲᠤᠱᠢᠶᠠᠯᠲᠠᠨ ᠬᠠᠤᠯᠢ᠎ᠪᠠᠷ ᠵᠠᠰᠠᠬᠤ ᠳᠡᠳ᠋ ᠵᠠᠬᠢᠷᠤᠯ ᠪᠣᠯᠬᠤ᠎ᠶ᠋ᠢ ᠪᠠᠢᠩᠭᠤᠵᠢᠭᠤᠯᠤᠨ ᠠᠬᠢᠭᠤᠯᠵᠦ᠂ ᠬᠠᠤᠯᠢ ᠪᠡᠷ ᠵᠠᠰᠠᠬᠤ ᠦᠷ᠎ᠡ᠎ᠶ᠋ᠢ ᠲᠠᠯ᠎ᠠ ᠨᠤᠲᠤᠭ᠎ᠤᠨ ᠰᠤᠷᠤᠭ᠍ᠴᠢᠳ᠎ᠤᠨ ᠰᠡᠳᠭᠢᠯ᠎ᠳᠦ ᠰᠠᠴᠤᠪᠠ᠃  ᠡᠭᠦᠨ᠎ᠦ ᠬᠠᠮᠲᠤ᠂ ᠨᠡᠢᠭᠡᠮ᠎ᠦᠨ ᠵᠠᠰᠠᠯᠲᠠ᠎ᠲᠠᠢ  ᠭᠦᠨᠵᠡᠭᠡᠢ ᠠᠭᠤᠰᠤᠯᠴᠠᠭᠤᠯᠵᠤ᠂ ᠰᠤᠷᠭᠠᠭᠤᠯᠢ᠂ ᠰᠦᠯᠵᠢᠢ᠎ᠡ ᠵᠡᠷᠭᠡ ᠬᠦᠷᠢᠶ᠎ᠡ ᠴᠠᠷᠠᠭ᠎ᠠ᠎ᠳᠦ ᠴᠢᠭ᠌ᠯᠡᠭᠦᠯᠦᠨ᠂ ᠪᠠᠢᠴᠠᠭᠠᠬᠤ ᠰᠠᠨᠠᠭᠤᠯᠭ᠎ᠠ᠎ᠪᠠᠷ ᠡᠭᠦᠷᠭᠡ ᠴᠢᠳᠠᠪᠬᠢᠳᠦ ᠰᠠᠯᠠᠭ᠎ᠠ ᠮᠥᠴᠢᠷ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠱᠠᠯᠠᠪᠳᠠᠭᠤᠯᠵᠤ᠂ ᠡᠬᠢ ᠡᠭᠦᠰᠦᠯ᠎ᠡᠴᠡ ᠨᠢ ᠵᠠᠰᠠᠬᠤ᠎ᠶ᠋ᠢ ᠠᠬᠢᠭᠤᠯᠵᠠᠢ᠃

ᠲᠦᠷᠦᠯ ᠲᠡᠮᠳᠡᠭ᠎ᠦᠨ ᠬᠦᠴᠦᠨ ᠵᠢᠡᠷ ᠲᠤᠰᠭᠠᠢ ᠮᠡᠷᠭᠡᠵᠢᠯ ᠬᠢᠬᠡᠳ  ᠬᠠᠮᠵᠢᠯᠴᠠᠭᠠᠨ᠎ᠤ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ ᠥᠪᠥᠷ ᠮᠣᠩᠭᠣᠯ᠎ᠤᠨ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠠᠵᠢᠯ ᠤ᠋ᠨ  ᠰᠠᠯᠠᠭ᠎ᠠ ᠮᠥᠴᠢᠷ᠎ᠤᠨ ᠬᠢᠨ ᠨᠠᠰᠤᠨ᠎ᠳᠤ ᠥᠯᠥ᠍ ᠬᠦᠷᠦᠭ᠌ᠰᠡᠳ᠎ᠦᠨ ᠪᠡᠶ᠎ᠡ ᠰᠡᠳᠭᠢᠯ᠎ᠦᠨ ᠣᠨᠴᠠᠯᠢᠭ᠎ᠲᠤ ᠨᠡᠢᠴᠡᠭ᠌ᠰᠡᠨ ᠬᠡᠷᠡᠭ ᠱᠢᠶ᠋ᠳᠪᠦᠷᠢᠯᠡᠬᠦ᠌ ᠲᠣᠭ᠍ᠲᠠᠴᠠ᠎ᠶ᠋ᠢ ᠢᠳᠡᠪᠬᠢᠲᠡᠶ ᠰᠦᠪᠡᠭ᠌ᠴᠢᠯᠡᠵᠦ᠍᠂ ᠡᠮᠡᠭ᠌ᠲᠡᠢᠴᠦᠳ᠎ᠦᠨ ᠬᠣᠯᠪᠣᠭ᠎ᠠ᠂ ᠰᠤᠷᠭᠠᠨ ᠬᠥᠮᠦᠵᠢᠯ᠂ ᠠᠷᠠᠳ᠎ᠤᠨ ᠶᠠᠪᠤᠳᠠᠯ ᠵᠡᠷᠭᠡ ᠣᠯᠠᠨ ᠲᠠᠯ᠎ᠠ᠎ᠶ᠋ᠢᠨ ᠬᠦᠴᠦᠨ᠎ᠢ ᠪᠦᠲᠦᠮᠵᠢᠲᠡᠶ ᠲᠠᠢᠴᠢᠯᠠᠨ ᠬᠦᠳᠡᠯᠬᠡᠵᠦ᠂ ᠨᠡᠢᠭᠡᠮ᠎ᠦᠨ ᠡᠬᠢ ᠪᠠᠶᠠᠯᠢᠭ᠎ᠢ ᠡᠮᠬᠢᠯᠡᠨ ᠨᠡᠢᠯᠡᠬᠦᠯᠪᠡ᠃

ᠲᠦᠷᠦᠯ ᠲᠡᠮᠳᠡᠭ᠎ᠦᠨ ᠭᠣᠣᠯᠯᠠᠬᠤ ᠦᠨ᠎ᠡ ᠥᠷᠲᠡᠭ ᠨᠢ ᠲᠡᠭᠦᠨ᠎ᠦ ᠰᠣᠶᠣᠯ᠎ᠤᠨ ᠨᠡᠪᠴᠢᠯᠳᠡ ᠳ᠋ᠸ᠋ ᠪᠤᠶ᠃ ᠲᠡᠷᠡ᠎ᠨᠢ ᠥᠪᠥᠷ ᠮᠣᠩᠭᠣᠯ᠎ᠤᠨ ᠣᠯᠠᠨ ᠡᠱᠢᠲᠦ ᠠᠭᠤᠰᠤᠯᠴᠠᠯ᠎ᠤᠨ ᠰᠣᠶᠣᠯ᠎ᠤᠨ ᠬᠥᠷᠥᠰᠥ᠍ ᠱᠢᠷᠣᠶ᠎ᠳᠤ ᠦᠨᠳᠦᠰᠦᠯᠡᠵᠦ᠍᠂ ᠤᠶᠠᠨ ᠬᠠᠲᠠᠨ᠂ ᠪᠠᠭ᠍ᠲᠠᠭᠠᠮᠵᠢᠲᠠᠶ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠵᠣᠷᠢᠭ ᠰᠠᠨᠠᠭ᠎ᠠ ᠵᠢ ᠨᠠᠰᠤᠨ ᠳ᠋ᠸ᠋ ᠦᠯᠦ ᠬᠦᠷᠦᠭᠰᠡᠳ ᠤ᠋ᠨ ᠪᠠᠢᠴᠠᠭᠠᠬᠤ ᠠᠵᠢᠯ ᠳ᠋ᠸ᠋ ᠠᠭᠤᠰᠤᠯᠴᠠᠭᠤᠯᠵᠤ᠂ ᠬᠠᠤᠯᠢ ᠪᠡᠷ ᠵᠠᠰᠠᠬᠤ ᠬᠥᠮᠦᠵᠢᠯ᠎ᠢ ᠣᠯᠠᠨ ᠲᠦᠮᠡᠨ᠎ᠲᠡᠶ ᠨᠠᠩ ᠣᠢᠷᠠᠲᠤᠭᠤᠯᠵᠤ᠂ ᠬᠠᠪᠰᠤᠷᠤᠨ ᠳᠡᠮᠵᠢᠵᠦ ᠰᠤᠷᠭᠠᠨ ᠬᠦᠮᠦᠵᠢᠬᠦᠯᠬᠦ ᠠᠷᠭ᠎ᠠ ᠬᠡᠮᠵᠢᠶ᠎ᠡ᠎ᠶ᠋ᠢ ᠬᠥᠮᠦᠰ᠎ᠦᠨ ᠰᠡᠳᠭᠢᠯ᠎ᠳᠦ ᠬᠦᠨ ᠬᠠᠳᠠᠩᠰᠢᠭᠤᠯᠵᠠᠢ᠃ ᠡᠨᠡ ᠨᠢ ᠬᠠᠤᠯᠢ ᠴᠠᠭᠠᠵᠠ᠎ᠶ᠋ᠢᠨ ᠵᠦᠢᠯ ᠵᠤᠷᠪᠤᠰ᠎ᠤᠨ ᠬᠡᠷᠡᠭ᠌ᠵᠢᠭᠦᠯᠦᠯᠲᠡ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠨᠢᠭᠡ ᠵᠦᠢᠯ᠎ᠦᠨ ᠬᠠᠤᠯᠢ᠎ᠪᠠᠷ ᠵᠠᠰᠠᠬᠤ ᠰᠣᠶᠣᠯ᠎ᠢ ᠪᠤᠢᠵᠢᠭᠤᠯᠵᠤ ᠪᠠᠢᠭ᠎ᠠ ᠶᠠᠪᠤᠳᠠᠯ ᠪᠤᠯᠤᠨ᠎ᠠ᠃

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号