ᠡᠪᠦᠯ ᠤᠨ ᠠᠮᠠᠷᠠᠯᠲᠠᠳ᠋ᠤ ᠥᠪᠥᠷ ᠮᠣᠩᠭᠣᠯᠤᠨ ᠠᠵᠤ ᠦᠢᠯᠡᠳᠪᠦᠷᠢᠶᠢᠨ ᠶᠡᠬᠡ ᠰᠤᠷᠭᠠᠭᠤᠯᠢᠶᠢᠨ ᠲᠧᠭᠨᠢᠭ ᠤ᠋ᠨ ᠤᠬᠠᠭᠠᠨᠤ ᠳᠡᠭᠡᠳᠦ ᠰᠤᠷᠭᠠᠭᠤᠯᠢ ᠨᠢ ᠶᠡᠬᠡ ᠳᠡᠭᠡᠳᠦ ᠰᠤᠷᠭᠠᠭᠤᠯᠢᠶᠢᠨ ᠡᠬᠢ ᠪᠠᠶᠠᠯᠢᠭ᠋ᠤᠨ ᠳᠠᠪᠠᠭᠤᠯᠢᠭ ᠵᠢᠡᠨ ᠭᠦᠢᠴᠡᠳ ᠪᠠᠳᠠᠷᠠᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳᠲᠤ 《ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ ᠬᠦᠰᠡᠯ ᠵᠡᠭᠦᠳᠦᠪᠡᠨ ᠲᠡᠷᠭᠡᠯᠰᠢᠭᠦᠯᠬᠦ ·ᠡᠪᠦᠯ ᠦᠨ ᠠᠮᠠᠷᠠᠯᠲᠠ ᠳᠤ ᠴᠢᠳᠠᠪᠤᠷᠢ ᠣᠯᠭᠣᠬᠤ》 ᠭᠣᠣᠯ ᠰᠡᠳᠦᠪᠲᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠦ᠂ ᠥᠪᠥᠷ ᠮᠣᠩᠭᠣᠯᠤᠨ ᠠᠵᠤ ᠦᠢᠯᠡᠳᠪᠦᠷᠢᠶᠢᠨ ᠶᠡᠬᠡ ᠰᠤᠷᠭᠠᠭᠤᠯᠢᠶᠢᠨ ᠬᠠᠷᠢᠶᠠᠲᠤ ᠪᠠᠭ᠎ᠠ ᠰᠤᠷᠭᠠᠭᠤᠯᠢ᠂ ᠴᠢᠩ ᠱᠠᠨ ᠪᠠᠭ᠎ᠠ ᠰᠤᠷᠭᠠᠭᠤᠯᠢ ᠵᠡᠷᠭᠡ 10 ᠭᠠᠷᠤᠢ ᠰᠤᠷᠭᠠᠭᠤᠯᠢ ᠶᠢᠨ 200 ᠭᠠᠷᠤᠢ ᠳᠤᠮᠳᠠᠳᠤ ᠪᠠᠭ᠎ᠠ ᠰᠤᠷᠭᠠᠭᠤᠯᠢᠶᠢᠨ ᠰᠣᠷᠣᠭ᠍ᠴᠢᠶᠢ ᠶᠡᠬᠡ ᠰᠤᠷᠭᠠᠭᠤᠯᠢ ᠶᠢᠨ ᠲᠤᠷᠰᠢᠯᠲᠠᠶᠢᠨ ᠲᠠᠰᠤᠭ ᠲᠤ ᠢᠷᠡᠬᠦᠯᠵᠦ᠂ ᠪᠡᠶᠡᠴᠢᠯᠡᠨ ᠣᠷᠣᠯᠴᠠᠬᠤ ᠪᠠ ᠭᠠᠷ ᠬᠥᠳᠡᠯᠦᠨ ᠦᠢᠯᠡᠳᠦᠯᠭᠡᠵᠢᠭᠦᠯᠬᠦ ᠳᠤᠮᠳᠠ ᠰᠢᠨᠵᠢᠯᠡᠬᠦ ᠤᠬᠠᠭᠠᠨ ᠤ ᠨᠢᠭᠤᠴᠠᠶᠢ ᠣᠢᠯᠠᠭᠠᠭᠤᠯᠵᠤ᠂ ᠬᠠᠢᠨ ᠰᠦᠪᠡᠭᠴᠢᠯᠡᠬᠦ ᠬᠠᠯᠠᠭᠤᠨ ᠰᠡᠳᠬᠢᠯᠭᠡᠶᠢ ᠨᠢ ᠬᠥᠭᠵᠢᠭᠡᠵᠡᠢ᠃
ᠳᠠᠭᠤᠷᠢᠶᠠᠮᠠᠯ ᠰᠢᠪᠠᠭᠤ ᠠᠯᠠᠭᠠᠨ ᠡᠴᠡ ᠳᠡᠭᠳᠡᠨ ᠨᠢᠰᠬᠦ᠂ 3D ᠳᠠᠷᠤᠮᠠᠯᠯᠠᠬᠤ ᠮᠠᠰᠢᠨ ᠵᠢᠡᠷ ᠪᠦᠲᠦᠭᠡᠯᠴᠢ ᠰᠡᠳᠬᠢᠮᠵᠢᠪᠡᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠁ ᠲᠧᠭᠨᠢᠭᠤᠨ ᠤᠬᠠᠭᠠᠨ ᠤ ᠳᠡᠭᠡᠳᠦ ᠰᠤᠷᠭᠠᠭᠤᠯᠢ ᠶᠢᠨ ᠰᠢᠨᠵᠢᠯᠡᠭᠡᠨᠦ ᠰᠠᠯᠠᠭᠠᠶᠢᠨ ᠳᠠᠪᠠᠭᠤᠯᠢᠭ᠋ ᠪᠣᠯᠣᠨ ᠲᠤᠷᠰᠢᠯᠲᠠᠶᠢᠨ ᠡᠬᠢ ᠪᠠᠶᠠᠯᠢᠭ᠋ ᠲᠤ ᠲᠦᠰᠢᠭᠯᠡᠨ᠂ ᠲᠤᠰ ᠤᠳᠠᠭ᠎ᠠᠶᠢᠨ ᠠᠵᠢᠯᠯᠠᠭᠠᠳ᠋ᠠᠭᠠᠨ ᠰᠢᠨᠵᠢᠯᠡᠬᠦ ᠤᠬᠠᠭᠠᠨ ᠢ᠋ ᠲᠦᠬᠡᠮᠡᠯᠵᠢᠬᠦᠯᠬᠦ ᠬᠢᠴᠢᠶᠡᠯ ᠵᠢᠡᠨ ᠰᠢᠰᠲᠧᠮ ᠳᠠᠢ ᠰᠠᠢᠬᠠᠨ ᠪᠡᠯᠡᠳᠬᠡᠵᠡᠢ᠃ ᠨᠠᠮ ᠤᠨ ᠭᠡᠰᠢᠭᠦᠨ ᠪᠠᠭ᠍ᠰᠢ ᠶᠢᠨ ᠳᠠᠭᠠᠭᠤᠯᠭ᠎ᠠ ᠵᠢᠴᠢ ᠣᠶᠤᠲᠠᠨ ᠰᠠᠢᠨ ᠳᠤᠷᠠᠴᠤᠤᠯ ᠡᠴᠡ ᠬᠡᠦᠬᠡᠳᠦᠳᠢ ᠵᠢᠯᠣᠭᠣᠳᠤᠨ ᠯᠦ᠍ ᠪᠡᠨ ᠤᠨᠢᠰᠤ ᠵᠢ ᠤᠭᠰᠠᠷᠠᠬᠤ᠂ ᠳᠠᠭᠤᠷᠢᠶᠠᠮᠠᠯ ᠰᠢᠪᠠᠭᠤᠨᠤ ᠵᠠᠭᠪᠤᠷᠢ ᠡᠵᠡᠮᠳᠡᠬᠦ ᠵᠡᠷᠭᠡ ᠮᠡᠳᠡᠯᠭᠡᠶᠢᠨ ᠴᠢᠨᠠᠷ᠂ ᠰᠣᠨᠢᠷᠬᠠᠯᠲᠤ ᠴᠢᠨᠠᠷ᠂ ᠠᠵᠢᠯᠯᠠᠭᠠᠨ ᠤ ᠴᠢᠨᠠᠷ ᠢ ᠨᠢᠭᠡ ᠴᠣᠭᠴᠠᠵᠢᠭᠤᠯᠤᠭᠰᠠᠨ ᠬᠢᠴᠢᠶᠡᠯ ᠨᠢ ᠰᠤᠷᠤᠭᠴᠢᠳ ᠲᠤ᠌ ᠬᠡᠢᠰᠪᠦᠷᠢ ᠰᠢᠨᠵᠢᠯᠡᠬᠦ ᠤᠬᠠᠭᠠᠨ ᠤ ᠤᠨᠤᠯ ᠢ᠋ ᠠᠮᠢᠳᠤᠯᠢᠭ᠋ ᠦᠢᠯᠡᠳᠦᠯᠭᠡ ᠪᠡᠷ ᠤᠢᠯᠠᠭᠠᠭᠤᠯᠵᠠᠢ᠃
《ᠦᠩᠭᠡᠷᠡᠭᠰᠡᠨ ᠳ᠋ᠤ ᠪᠢᠴᠢᠬᠠᠨ ᠰᠢᠪᠠᠭᠤ ᠨᠢᠰᠴᠦ ᠴᠢᠳᠠᠬᠤ ᠶ᠋ᠢ ᠮᠡᠳᠡᠳᠡᠭ ᠪᠠᠢᠭᠰᠠᠨ ᠪᠤᠯ ᠥᠨᠥᠳᠥᠷ ᠪᠠᠭ᠍ᠰᠢ ᠶ᠋ᠢᠨ ᠲᠠᠢᠯᠪᠤᠷᠢᠯᠠᠭᠰᠠᠨ ᠵᠢᠭᠦᠷ ᠪᠣᠯᠣᠨ ᠠᠭᠠᠷᠤᠨ ᠤᠷᠤᠰᠬᠠᠯᠤᠨ ᠬᠠᠷᠢᠴᠠᠭ᠎ᠠ ᠪᠠᠷ ᠲᠠᠭᠤᠷᠢᠶᠠᠮᠠᠯ ᠰᠢᠪᠠᠭᠤ ᠶ᠋ᠢ ᠨᠢᠰᠬᠡᠵᠦ ᠴᠢᠳᠠᠵᠠᠢ᠂ ᠦᠨᠡᠬᠡᠷ ᠭᠠᠢᠬᠠᠮᠰᠢᠭ᠍ᠲᠠᠢ ᠰᠠᠨᠠᠭᠳᠠᠯ᠎ᠠ》 ᠭᠡᠵᠦ ᠴᠢᠩ ᠱᠠᠨ ᠪᠠᠭ᠎ᠠ ᠰᠤᠷᠭᠠᠭᠤᠯᠢ ᠶ᠋ᠢᠨ ᠭᠤᠷᠪᠠᠳᠤᠭᠠᠷ ᠣᠨᠤ ᠰᠤᠷᠤᠭ᠍ᠴᠢ ᠯᠢᠦ ᠲᠢᠶᠠᠨ ᠢ ᠪᠠᠶᠠᠷᠳᠠᠢᠬᠠᠨ ᠶᠠᠷᠢᠵᠤ ᠪᠠᠢᠯ᠎ᠠ᠃ ᠠᠵᠢᠯᠯᠠᠭ᠎ᠠ ᠳᠤᠮᠳᠠ᠂ ᠣᠶᠤᠲᠠᠨ ᠰᠠᠢᠨ ᠳᠤᠷᠠᠴᠤᠤᠯ ᠡᠴᠡ ᠳᠤᠷᠰᠢᠯᠳᠠ ᠵᠢ ᠵᠢᠯᠤᠭᠤᠳᠴᠤ᠂ ᠳᠤᠰᠬᠠᠢ ᠮᠡᠷᠬᠡᠵᠢᠯᠤᠨ ᠮᠡᠳᠡᠯᠬᠡ ᠪᠡᠷ ᠵᠢᠡᠨ ᠰᠤᠷᠤᠭᠴᠢᠳᠤᠨ ᠮᠠᠳᠠᠭ ᠳᠠᠢ ᠠᠰᠠᠭᠤᠳᠠᠯ ᠢ ᠲᠠᠢᠯᠪᠤᠷᠢᠯᠠᠨ ᠶᠠᠷᠢᠵᠤ ᠦᠭᠴᠦ ᠪᠠᠢᠯ᠎ᠠ᠃ ᠰᠠᠢᠨ ᠳᠤᠷᠠᠴᠤᠤᠯ ᠰᠢᠤᠢ ᠵᠢᠩ᠄ 《ᠬᠡᠦᠬᠡᠳ ᠢ ᠵᠢᠯᠤᠭᠤᠳᠬᠤ ᠳᠤᠮᠳᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠤᠨ ᠠᠴᠢ ᠬᠣᠯᠪᠣᠭᠳᠠᠯᠢ ᠮᠡᠳᠡᠷᠡᠵᠦ᠂ ᠰᠣᠷᠣᠭᠰᠠᠨᠮᠡᠳᠡᠯᠬᠡ ᠪᠡᠷ ᠵᠢᠡᠨ ᠨᠡᠢᠭᠡᠮ ᠳᠦ ᠦᠢᠯᠡᠴᠢᠯᠡᠬᠦᠶᠢᠨ ᠦᠨ᠎ᠡ ᠴᠠᠨ᠎ᠠ ᠶᠢ ᠮᠡᠳᠡᠷᠡᠵᠡᠢ》 ᠬᠡᠵᠦ ᠶᠠᠷᠢᠵᠤ ᠪᠠᠢᠯ᠎ᠠ᠃
《ᠪᠢᠳᠡ ᠶᠡᠬᠡ ᠳᠡᠭᠡᠳᠦ ᠰᠤᠷᠭᠠᠭᠤᠯᠢ ᠶ᠋ᠢᠨ ᠲᠤᠷᠰᠢᠯᠲᠠ ᠶ᠋ᠢᠨ ᠲᠠᠰᠤᠭ ᠢ᠋ ᠨᠡᠭᠡᠭᠡᠯᠲᠡᠲᠠᠢ ᠪᠣᠯᠭᠠᠬᠤᠪᠠᠷ ᠳᠠᠮᠵᠢᠭᠤᠯᠤᠨ᠂ 〈ᠭᠦᠨ ᠭᠦᠨᠵᠡᠭᠡᠢ〉 ᠰᠢᠨᠵᠢᠯᠡᠬᠦ ᠤᠬᠠᠭᠠᠨ ᠤ᠋ ᠮᠡᠳᠡᠯᠬᠡ ᠵᠢ ᠬᠡᠦᠬᠡᠳᠦᠳᠦᠨ ᠣᠢᠯᠠᠭᠠᠵᠤ ᠴᠢᠳᠠᠬᠤ ᠠᠭᠤᠯᠭ᠎ᠠ ᠪᠣᠯᠭᠠᠨ ᠬᠤᠪᠢᠷᠠᠭᠤᠯᠬᠤ ᠶ᠋ᠢ ᠬᠦᠰᠡᠵᠦ ᠪᠠᠢᠨ᠎ᠠ᠃ ᠡᠢᠮᠦᠷᠬᠦᠦ ᠬᠢᠳᠡᠯ ᠨᠢ ᠵᠠᠯᠠᠭᠤᠴᠤᠳ ᠪᠠᠭᠠᠴᠤᠳᠤᠨ ᠰᠢᠨᠵᠢᠯᠡᠬᠦ ᠤᠬᠠᠭᠠᠨᠤ ᠬᠡᠪ ᠪᠣᠯᠪᠠᠰᠤᠷᠠᠯ ᠳ᠋ᠤ ᠰᠡᠩᠬᠡᠷᠡᠭᠦᠯᠦᠯ ᠪᠤᠯᠵᠤ ᠴᠢᠳᠠᠬᠤ ᠪᠡᠷ ᠪᠠᠷᠠᠬᠤ ᠦᠬᠡᠢ ᠶᠡᠬᠡ ᠳᠡᠭᠡᠳᠦ ᠰᠤᠷᠭᠠᠭᠤᠯᠢ ᠶ᠋ᠢᠨ ᠨᠡᠢᠭᠡᠮ ᠦᠨ ᠦᠢᠯᠡᠴᠢᠯᠡᠭᠡᠨ ᠦ ᠡᠭᠦᠷᠭᠡ ᠴᠢᠳᠠᠪᠤᠷᠢᠪᠠᠨ ᠭᠦᠢᠴᠡᠳᠬᠡᠬᠦ ᠦᠨᠡᠨ ᠪᠣᠳᠠᠲᠠᠢ ᠠᠵᠢᠯᠯᠠᠭ᠎ᠠ ᠪᠤᠯᠤᠨ᠎ᠠ》 ᠬᠡᠵᠦ ᠳᠤᠰ ᠠᠵᠢᠯᠯᠠᠭ᠎ᠠᠶᠢᠨ ᠬᠠᠷᠢᠭᠤᠴᠠᠯᠭᠠᠲᠠᠨ ᠳᠦ ᠶᠦᠨ ᠭᠠᠩ ᠪᠠᠭᠰᠢ ᠶᠠᠷᠢᠵᠤ ᠪᠠᠢᠯ᠎ᠠ᠃ ᠲᠣᠰ ᠤᠳᠠᠭᠠᠨᠤ ᠠᠵᠢᠯᠯᠠᠭ᠎ᠠ ᠪᠣᠯ ᠥᠪᠥᠷ ᠮᠣᠩᠭᠣᠯᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢᠶᠢᠨ《ᠨᠠᠮᠤᠨ ᠪᠠᠢᠭᠤᠯᠤᠯᠲᠠ + ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ》 ᠣᠨᠴᠠᠯᠢᠭ᠍ᠲᠤ ᠬᠥᠮᠥᠨ ᠢ᠋ ᠬᠥᠮᠥᠵᠢᠭᠦᠯᠬᠦ ᠵᠠᠭᠪᠤᠷᠢ ᠭᠦᠨᠵᠡᠭᠡᠢᠷᠡᠭᠦᠯᠬᠦ ᠴᠢᠬᠤᠯᠠ ᠦᠢᠯᠡᠳᠦᠯᠭᠡ ᠪᠣᠯᠣᠨ᠎ᠠ᠃