ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠲᠣᠷᠭᠠᠨ ᠬᠠᠷᠠᠭ᠎ᠠ   -   ᠰᠤᠷᠪᠤᠯᠵᠢᠯᠠᠭ᠎ᠠ
ᠪᠦᠯᠬᠦᠮᠳᠡᠨ ᠨᠢᠭᠡᠳᠴᠦ᠍ ᠢᠷᠡᠭᠡᠳᠦᠶ ᠵᠦᠭ ᠤᠷᠤᠭᠰᠢᠯᠠᠶ᠎ᠠ
ᠨᠡᠢᠲᠡᠯᠡᠭᠰᠡᠨ ᠴᠠᠭ᠄ 2026-07-10

ᠬᠦᠴᠦᠨ ᠴᠢᠳᠠᠯ ᠪᠦᠯᠬᠦᠮᠳᠡᠯ᠎ᠡᠴᠡ ᠢᠷᠡᠯᠲᠠᠢ᠂ ᠵᠣᠯ ᠵᠢᠷᠭᠠᠯ ᠲᠡᠮᠡᠴᠡᠯ᠎ᠵᠢᠡᠷ ᠳᠠᠮᠵᠢᠨ ᠪᠠᠶᠡᠯᠡᠭᠳᠡᠳᠡᠭ᠃ ᠬᠥᠬᠡᠬᠣᠲᠠ᠎ᠶᠢᠨ ᠰᠢᠨ᠎ᠡ ᠬᠤᠳᠠ ᠲᠣᠭᠣᠷᠢᠭ᠎ᠤᠨ ᠪᠦᠯᠬᠦᠮᠳᠡᠯ ᠰᠠᠭᠤᠭᠠᠯᠢ ᠠᠷᠠᠳ᠎ᠤᠨ ᠲᠣᠭᠣᠷᠢᠭ᠎ᠲᠤ᠌᠂ ᠬᠥᠷᠰᠢ ᠵᠡᠷᠭᠡᠯᠡᠳᠡᠭᠡ᠎ᠪᠡᠷ᠎ᠢᠶᠡᠨ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠵᠢᠷᠭᠠᠵᠤ᠂ ᠪᠠᠶᠠᠷ ᠬᠦᠷ᠎ᠢᠶᠡᠷ ᠪᠢᠯᠬᠠᠨ᠎ᠠ; ᠬᠢᠩᠭᠠᠨ ᠠᠶ᠋ᠢᠮᠠᠭ᠎ᠤᠨ ᠤᠯᠠᠭᠠᠨᠬᠠᠳᠠ ᠪᠠᠯᠭᠠᠰᠤᠨ᠎ᠤ ᠰᠠᠨ ᠾᠧ ᠲᠣᠰᠬᠣᠨ᠎ᠳᠤ᠂ ᠲᠣᠰᠬᠣᠨ᠎ᠤ ᠠᠷᠠᠳ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠤᠷᠤᠬᠰᠢᠯᠠᠨ᠎ᠠ; ᠠᠯᠠᠱᠠ᠎ᠶᠢᠨ ᠬᠢᠯᠢ᠎ᠶᠢᠨ ᠡᠮᠦᠨ᠎ᠡ ᠹᠷᠣᠨᠲ᠎ᠲᠤ᠌᠂ ᠴᠡᠷᠢᠭ ᠴᠠᠭᠳᠠᠭ᠎ᠠ ᠠᠷᠠᠳ ᠬᠣᠯᠪᠣᠭᠠᠯᠠᠨ ᠴᠠᠭᠳᠠᠨ ᠲᠣᠭᠣᠷᠢᠵᠤ᠂ ᠬᠢᠯᠢ ᠬᠢᠵᠠᠭᠠᠷ᠎ᠢ ᠰᠠᠬᠢᠵᠤ ᠬᠢᠯᠢ ᠬᠢᠵᠠᠭᠠᠷ᠎ᠢ ᠬᠥᠭᠵᠢᠭᠦᠯᠦᠨ ᠮᠠᠨᠳᠤᠭᠤᠯᠤᠨ᠎ᠠ ᠁ ᠥᠪᠥᠷ ᠮᠣᠩᠭᠣᠯ᠎ᠳᠤ᠂ ᠡᠨᠡ ᠪᠣᠯ ᠭᠠᠵᠠᠷ ᠪᠣᠯᠭᠠᠨ᠎ᠳᠤ ᠬᠠᠷᠠᠭᠳᠠᠵᠤ ᠪᠠᠶ᠋ᠢᠭ᠎ᠠ ᠡᠩ᠎ᠦᠨ ᠦᠵᠡᠭᠳᠡᠯ ᠪᠣᠯᠤᠨ᠎ᠠ᠂ ᠮᠥᠨ ᠴᠦ᠍ ᠪᠦᠬᠦ᠌ ᠣᠷᠣᠨ᠎ᠤ ᠠᠷᠠᠳ ᠲᠦᠮᠡᠨ᠎ᠦ ᠪᠦᠯᠬᠦᠮᠳᠡᠨ ᠲᠡᠮᠡᠴᠡᠭᠰᠡᠨ᠎ᠦ ᠦᠨᠡᠨ ᠪᠣᠳᠠᠲᠤ᠌ ᠵᠢᠷᠤᠭᠯᠠᠯ ᠪᠣᠯᠤᠨ᠎ᠠ᠃

ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠮᠤᠭ᠎ᠤᠨ ᠢᠯᠡᠷᠬᠡᠢ ᠤᠶᠤᠨ ᠰᠠᠨᠠᠭᠠᠨ᠎ᠤ ᠪᠡᠯᠭᠡ ᠲᠡᠮᠳᠡᠭ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶᠢᠨ ᠠᠭᠤᠤ ᠦᠢᠯᠡᠰ᠎ᠢ ᠡᠭᠦᠳᠦᠨ ᠪᠦᠲᠦᠭᠡᠬᠦ᠌᠎ᠳᠦ ᠵᠠᠪᠠᠯ ᠶᠠᠪᠤᠬᠤ ᠵᠠᠮ ᠮᠥᠨ᠃ ᠬᠤᠪᠢᠰᠬᠠᠯ᠎ᠤᠨ ᠴᠠᠭ ᠦᠶ᠎ᠡ᠎ᠳᠦ 《ᠲᠦᠭ ᠲᠦᠮᠡᠨ ᠠᠵᠢᠯᠴᠢᠨ ᠲᠠᠷᠢᠶᠠᠴᠢᠨ᠎ᠢ ᠤᠷᠢᠶᠠᠯᠠᠵᠤ᠂ ᠰᠡᠳᠬᠢᠯ ᠨᠢᠭᠡᠳᠦᠨ ᠠᠵᠢᠯᠯᠠᠬᠤ》 ᠡᠴᠡ ᠥᠭᠡᠷᠡᠴᠢᠯᠡᠯᠲᠡ ᠨᠡᠭᠡᠭᠡᠯᠳᠠ᠎ᠶᠢᠨ ᠡᠬᠢᠨ᠎ᠦ ᠦᠶ᠎ᠡ᠎ᠳᠦ 《ᠪᠦᠯᠬᠦᠮᠳᠡᠨ ᠨᠢᠭᠡᠳᠴᠦ᠍ ᠢᠷᠡᠭᠡᠳᠤᠢ ᠪᠡᠨ ᠪᠠᠷᠠᠯᠠᠬᠤ》 ᠵᠢ ᠤᠷᠢᠶᠠᠯᠠᠬᠰᠡᠨ ᠬᠦᠷᠲᠡᠯ᠎ᠡ᠂ ᠲᠠᠬᠢᠭᠠᠳ ᠰᠢᠨ᠎ᠡ ᠴᠠᠭ ᠦᠶ᠎ᠡ᠎ᠳᠦ ᠨᠠᠮ᠎ᠤᠨ ᠲᠤᠭ᠎ᠤᠨ ᠳᠣᠣᠷ᠎ᠠ 《ᠪᠠᠲᠤ᠌ ᠪᠡᠬᠢ ᠪᠤᠯᠤᠳ ᠲᠡᠮᠦᠷ》 ᠮᠠᠳᠤ ᠪᠦᠯᠬᠦᠮᠳᠡᠬᠦ᠌᠎ᠶᠢ ᠳᠤᠷᠠᠳᠤᠬᠰᠡᠨ ᠬᠦᠷᠲᠡᠯ᠎ᠡ᠂ ᠮᠠᠨ᠎ᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡ ᠪᠣᠯ ᠳᠠᠷᠤᠢ ᠠᠷᠠᠳ ᠲᠦᠮᠡᠨ᠎ᠢ ᠳᠠᠭᠠᠭᠤᠯᠤᠨ ᠪᠦᠯᠬᠦᠮᠳᠡᠨ ᠲᠡᠮᠡᠴᠡᠵᠦ᠍᠂ ᠲᠠᠰᠤᠷᠠᠯᠳᠠ ᠦᠭᠡᠢ ᠢᠯᠠᠯᠲᠠ ᠣᠯᠤᠭᠰᠠᠨ ᠲᠡᠦᠬᠡ ᠪᠣᠯᠤᠨ᠎ᠠ᠃ ᠬᠦᠴᠢᠷ ᠪᠡᠷᠬᠡᠰᠢᠶᠡᠯ᠎ᠢ ᠬᠡᠳᠦᠢ ᠢᠯᠠᠨ ᠳᠠᠪᠠᠬᠤ ᠲᠤᠳᠤᠮ ᠲᠡᠳᠦᠢ ᠪᠦᠯᠬᠦᠮᠳᠡᠨ ᠨᠢᠭᠡᠳᠬᠦ᠌ ᠬᠡᠷᠡᠭᠲᠡᠢ; ᠬᠦᠴᠢᠷ ᠪᠡᠷᠭᠡᠰᠢᠶᠠᠯ ᠬᠠᠷᠰᠢ ᠰᠠᠭᠠᠳ ᠤᠴᠠᠷᠠᠬᠤ ᠲᠤᠲᠤᠮ ᠠᠯᠬᠤᠮ᠎ᠢᠶᠠᠨ ᠨᠢᠭᠡᠳᠬᠡᠬᠦ᠌ ᠬᠡᠷᠡᠭᠲᠡᠶ᠃

ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ᠌ ᠤᠯᠠᠮᠵᠢᠯᠠᠯ᠎ᠲᠠᠶ ᠶᠤᠮ᠂ 《ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠪᠤᠭᠤᠲᠤ᠎ᠶᠢᠨ ᠪᠤᠯᠤᠳ ᠲᠡᠮᠤᠷ᠎ᠦᠨ ᠺᠣᠮᠫᠠᠨᠢ᠎ᠶᠢ ᠪᠦᠳᠦᠭᠡᠨ ᠪᠠᠶ᠋ᠢᠭᠤᠯᠤᠭᠰᠠᠨ》᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠠᠴᠢᠯᠡᠨ ᠲᠡᠵᠢᠭᠡᠭᠰᠡᠨ》 ᠵᠡᠷᠭᠡ ᠲᠡᠦᠬᠡ᠎ᠶᠢᠨ ᠰᠠᠶ᠋ᠢᠬᠠᠨ ᠳᠠᠭᠤᠷᠢᠰᠬᠠᠯ᠎ᠡᠴᠡ᠂ ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠳᠴᠦ᠍ ᠬᠢᠵᠢᠭ᠎ᠦᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠌᠂ ᠵᠤᠳ᠎ᠲᠠᠶ ᠲᠡᠮᠡᠴᠡᠬᠦ᠌᠂ ᠰᠢᠷᠭᠠᠯ ᠡᠯᠡᠰᠦ᠎ᠲᠡᠶ ᠲᠡᠮᠡᠴᠡᠭᠰᠡᠨ ᠴᠠᠭ ᠦᠶ᠎ᠡ᠎ᠶᠢᠨ ᠢᠷᠠᠭᠤ ᠭᠠᠶ᠋ᠢᠬᠠᠮᠰᠢᠭᠲᠤ᠌ ᠳᠠᠭᠤᠯᠠᠯ ᠬᠦᠷᠲᠡᠯ᠎ᠡ᠂ ᠲᠠᠬᠢᠭᠠᠳ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠬᠠᠮᠲᠤ᠎ᠪᠠᠷ ᠪᠠᠶᠠᠵᠢᠵᠤ᠂ ᠬᠠᠮᠲᠤ᠎ᠪᠠᠷ ᠬᠥᠭᠵᠢᠵᠦ᠍᠂ ᠬᠥᠭᠵᠢᠯ ᠮᠠᠨᠳᠤᠯ᠎ᠢ ᠠᠬᠢᠭᠤᠯᠤᠬᠰᠡᠨ ᠲᠡᠮᠡᠴᠡᠯ᠎ᠦᠨ ᠢᠷᠠᠭᠤ ᠲᠤᠤᠯᠢᠰ ᠬᠦᠷᠲᠡᠯ᠎ᠡ᠂ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ᠎ᠦᠨ ᠴᠡᠴᠡᠭ ᠭᠠᠵᠠᠷ ᠪᠣᠯᠭᠠᠨ᠎ᠳᠤ ᠳᠡᠯᠭᠡᠷᠡᠵᠦ᠍᠂ ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ᠍ ᠳᠣᠲᠣᠨᠣ ᠪᠠᠶ᠋ᠢᠬᠤ ᠦᠯᠢᠬᠡᠷ᠎ᠢ ᠲᠠᠰᠤᠷᠠᠯᠳᠠ ᠦᠭᠡᠢ ᠪᠢᠴᠢᠭᠯᠡᠵᠡᠢ᠃ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠨᠢᠭᠡ ᠰᠡᠳᠬᠢᠯ ᠨᠢᠭᠡ ᠵᠣᠷᠢᠭ᠎ᠢᠶᠠᠷ᠂ ᠥᠨᠥᠳᠦᠷ᠎ᠦᠨ ᠡᠳᠦᠷ᠎ᠡᠴᠡ ᠡᠳᠦᠷ ᠥᠭᠡᠳᠡᠯᠡᠨ ᠮᠠᠨᠳᠤᠵᠤ᠂ ᠴᠡᠴᠡᠭᠯᠡᠨ ᠬᠥᠭᠵᠢᠭᠰᠡᠨ ᠪᠠ ᠦᠵᠡᠰᠬᠦᠯᠡᠩᠲᠦ᠍ ᠰᠠᠶ᠋ᠢᠬᠠᠨ ᠬᠠᠭᠤᠳᠠᠰᠤ᠎ᠶᠢ ᠬᠠᠮᠲᠤ᠎ᠪᠠᠷ ᠵᠢᠷᠤᠭᠯᠠᠪᠠ᠃

《ᠪᠦᠯᠬᠦᠮᠳᠡᠯ ᠪᠣᠯ ᠬᠦᠴᠦᠨ᠂ ᠡᠨᠡ ᠬᠦᠴᠦᠨ ᠪᠣᠯ ᠲᠡᠮᠦᠷ᠂ ᠡᠨᠡ ᠬᠦᠴᠦᠨ ᠪᠣᠯ ᠪᠤᠯᠤᠳ ᠁》 ᠬᠠᠩᠭᠢᠨᠠᠮ᠎ᠠ ᠲᠠᠭᠤᠨ ᠲᠡᠦᠬᠡ᠂ ᠴᠠᠭ ᠤᠷᠤᠨ ᠵᠠᠢ᠎ᠶᠢ ᠲᠤᠭᠤᠯᠤᠨ᠂ ᠥᠪᠥᠷ ᠮᠣᠩᠭᠣᠯ᠎ᠤᠨ ᠬᠥᠪᠡᠭᠦᠳ ᠥᠬᠢᠳ ᠨᠢᠭᠡᠪᠦᠷᠢ᠎ᠶᠢᠨ ᠢᠲᠡᠭᠡᠯ ᠵᠣᠷᠢᠭ ᠪᠠ ᠲᠡᠮᠡᠴᠡᠯ᠎ᠦᠨ ᠵᠣᠷᠢᠭ᠎ᠢ ᠬᠥᠭᠵᠢᠭᠡᠪᠡ᠃ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠳᠤ ᠲᠡᠪᠰᠢᠬᠦᠯᠦᠭᠰᠡᠨ ᠬᠠᠮᠤᠭ᠎ᠤᠨ ᠰᠠᠢ᠌ᠨ ᠬᠦᠨᠳᠦᠳᠬᠡᠯ ᠪᠣᠯ ᠳᠠᠷᠤᠢ ᠪᠦᠯᠬᠦᠮᠳᠡᠨ ᠲᠡᠮᠡᠴᠡᠵᠦ᠍ ᠨᠡᠩ ᠰᠠᠢ᠌ᠨ ᠰᠠᠶ᠋ᠢᠬᠠᠨ ᠢᠷᠡᠭᠡᠳᠦᠢ᠎ᠶᠢ ᠴᠣᠭᠴᠠᠯᠠᠬᠤ ᠶᠠᠪᠤᠳᠠᠯ ᠪᠣᠯᠤᠨ᠎ᠠ᠃ ᠤᠷᠤᠭᠰᠢᠯᠠᠯᠲᠠ᠎ᠶᠢᠨ ᠵᠠᠮ ᠳᠡᠭᠡᠷ᠎ᠡ᠂ ᠬᠦᠴᠢᠷ ᠪᠡᠷᠭᠡᠰᠢᠶᠠᠯ ᠬᠠᠷᠰᠢ ᠰᠠᠭᠠᠳ ᠪᠤᠢ᠂ ᠪᠢᠳᠡ ᠨᠡᠩ ᠨᠢᠭᠲᠠᠷᠠᠨ ᠪᠦᠯᠬᠦᠮᠳᠡᠵᠦ᠍᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠰᠢᠨ᠎ᠡ ᠠᠶᠠᠨ᠎ᠳᠠᠭᠠᠨ ᠳᠤᠮᠳᠠᠳᠤ ᠤᠯᠤᠰ᠎ᠤᠨ ᠮᠠᠶᠢᠭ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠌ ᠬᠡᠷᠡᠭᠲᠡᠢ᠃

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号