ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠲᠣᠷᠭᠠᠨ ᠬᠠᠷᠠᠭ᠎ᠠ   -   ᠰᠤᠷᠪᠤᠯᠵᠢᠯᠠᠭ᠎ᠠ
ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠤᠨ ᠲᠡᠦᠬᠡ᠎ᠶᠢᠨ ᠬᠡᠷᠡᠯ ᠰᠠᠴᠤᠷᠠᠩᠭᠤᠶ ᠰᠢᠨ᠎ᠡ ᠠᠮᠵᠢᠯᠳᠠ ᠵᠢ ᠴᠢᠷᠮᠠᠶ᠋ᠢᠨ ᠡᠭᠦᠳᠰᠦᠭᠡᠢ
ᠨᠡᠢᠲᠡᠯᠡᠭᠰᠡᠨ ᠴᠠᠭ᠄ 2026-07-10

— ᠶᠡᠷᠦᠩᠬᠡᠢ ᠱᠦᠵᠢ ᠰᠢ᠎ᠵᠢᠨ᠎ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ

 


7 ᠰᠠᠷ᠎ᠠ᠎ᠶᠢᠨ 1 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠶᠠᠪᠤᠭᠳᠠᠵᠤ᠂ ᠶᠡᠷᠦᠩᠬᠡᠶ ᠱᠦᠵᠢ ᠰᠢ᠎ᠵᠢᠨ᠎ᠫᠢᠩ 《7·1 ᠤ᠋ ᠭᠠᠪᠢᠶᠠᠨ ᠲᠡᠮᠳᠡᠭ》 ᠬᠦᠷᠲᠡᠭᠰᠡᠳ ᠲᠤ᠌ ᠭᠠᠪᠢᠶᠠᠨ ᠲᠡᠮᠳᠡᠭ ᠣᠯᠭᠣᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠡᠨᠡ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠭᠤᠤ ᠶᠡᠬᠡ ᠢᠷᠠᠭᠤ ᠠᠯᠳᠠᠷ ᠮᠥᠨ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠢ᠌ᠴᠢᠯᠠᠨ ᠠᠤᠭ᠎ᠠ ᠬᠠᠷᠠᠯᠲᠠ ᠵᠦᠭ ᠡᠷᠡᠯᠬᠡᠭᠯᠡᠨ ᠤᠷᠤᠭᠰᠢᠯᠠᠬᠤ ᠲᠡᠦᠬᠡᠨ ᠴᠠᠭ ᠮᠥᠴᠡ ᠮᠥᠨ᠃

ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠨᠢ 105 ᠵᠢᠯ᠎ᠦᠨ ᠲᠤᠷᠰᠢᠬᠢ ᠳᠤᠮᠳᠠᠳᠤ ᠤᠯᠤᠰ᠎ᠤᠨ ᠡᠪ ᠬᠠᠮᠲᠤ᠌ ᠨᠠᠮ ᠠᠷᠠᠳ ᠲᠦᠮᠡᠨ᠎ᠢ ᠤᠳᠤᠷᠢᠳᠤᠨ ᠶᠠᠪᠤᠵᠤ ᠢᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠂ ᠡᠭᠦᠳᠦᠨ ᠪᠦᠲᠦᠭᠡᠭᠰᠡᠨ ᠠᠭᠤᠤ ᠶᠡᠬᠡ ᠠᠮᠵᠢᠯᠲᠠ ᠪᠦᠲᠦᠮᠵᠢ᠎ᠶᠢ ᠪᠦᠬᠦ᠌ ᠲᠠᠯ᠎ᠠ᠎ᠪᠠᠷ ᠡᠷᠭᠢᠴᠡᠭᠦᠯᠦᠨ ᠳ᠋ᠦᠩᠨᠡᠵᠦ᠍᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠠᠰᠤᠷᠠᠯᠳᠠ ᠦᠭᠡᠢ ᠪᠤᠢ ᠪᠤᠯᠭᠠᠭᠰᠠᠨ ᠭᠡᠷᠡᠯ ᠰᠠᠴᠤᠷᠠᠩᠭᠤᠢ 《ᠵᠢᠷᠭᠤᠭᠠᠨ ᠢᠮᠠᠭᠲᠠ》 ᠵᠢᠨ ᠰᠢᠯᠢᠳᠡᠭ ᠴᠢᠨᠠᠷ᠎ᠢ ᠭᠦᠨᠵᠡᠭᠡᠢ ᠢᠯᠡᠷᠡᠭᠦᠯᠵᠦ᠍᠂ ᠰᠢᠨ᠎ᠡ ᠠᠶᠠᠨ ᠳ᠋ᠤ ᠪᠦᠬᠦ᠌ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠬᠦ᠌᠎ᠳᠦ 《ᠲᠠᠪᠤᠨ ᠡᠷᠬᠡᠪᠰᠢ》 ᠵᠢᠨ ᠲᠣᠳᠣᠷᠬᠠᠢ ᠱᠠᠭᠠᠷᠳᠠᠯᠭ᠎ᠠ᠎ᠶᠢ ᠳᠤᠷᠠᠳᠴᠠᠢ᠃ ᠡᠨᠡ ᠪᠣᠯ ᠮᠠᠷᠺᠰ᠎ᠤᠨ ᠦᠵᠡᠯ᠎ᠦᠨ ᠴᠢᠬᠤᠯᠠ ᠲᠤᠯᠭᠤᠷ ᠪᠢᠴᠢᠭ ᠪᠣᠯᠤᠨ᠎ᠠ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠭᠣᠣᠯ ᠡᠭᠦᠷᠭᠡ᠎ᠶᠢ ᠪᠡᠶᠡᠯᠡᠭᠦᠯᠬᠦ᠌᠎ᠳᠦ ᠴᠢᠭᠯᠡᠯ᠎ᠢ ᠤᠯᠠᠮ ᠨᠢᠭᠡ ᠠᠯᠬᠤᠮ ᠳᠤᠳᠤᠷᠬᠠᠢ ᠵᠢᠭᠠᠵᠤ᠂ ᠵᠢᠷᠤᠮᠯᠠᠯ ᠬᠠᠩᠭᠠᠭᠰᠠᠨ ᠪᠠᠢᠨ᠎ᠠ᠃

《ᠪᠦᠬᠦ᠌ ᠨᠠᠮ᠎ᠤᠨ ᠨᠥᠬᠥᠳ ᠡᠷᠬᠡᠪᠰᠢ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠡᠷᠬᠡᠪᠰᠢ ᠳᠠᠷᠤᠤ ᠬᠢᠴᠢᠶᠡᠩᠭᠦᠢ ᠪᠠᠶ᠋ᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠡᠷᠬᠡᠪᠰᠢ ᠵᠣᠷᠢᠭᠲᠠᠢ ᠲᠡᠮᠡᠴᠡᠵᠦ᠍᠂ ᠴᠢᠳᠠᠮᠠᠭᠠᠢ ᠲᠡᠮᠡᠴᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠴᠢᠩᠭ᠎ᠠ ᠲᠦᠰᠢᠭᠯᠡᠨ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠶᠠᠨ ᠳ᠋ᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠵᠤ᠂ ᠲᠡᠦᠬᠡ᠎ᠶᠢᠨ ᠭᠡᠷᠡᠯ  ᠰᠠᠴᠤᠷᠠᠩᠭᠤᠢ  ᠰᠢᠨ᠎ᠡ  ᠠᠮᠵᠢᠯᠲᠠ᠎ᠶᠢ ᠴᠢᠷᠮᠠᠶ᠋ᠢᠨ ᠡᠭᠦᠳᠬᠦ᠌ ᠬᠡᠷᠡᠭᠲᠡᠢ》!

ᠶᠡᠷᠦᠩᠬᠡᠢ ᠱᠦᠵᠢ ᠰᠢ᠎ᠵᠢᠨ᠎ᠫᠢᠩ᠎ᠦᠨ ᠡᠨᠡ ᠬᠦ᠌ ᠠᠭᠤᠤ ᠶᠡᠬᠡ ᠤᠷᠢᠶᠠᠯᠠᠭ᠎ᠠ ᠨᠢ ᠲᠡᠦᠬᠡ᠂ ᠪᠣᠳᠠᠲᠤ᠌ ᠠᠬᠤᠢ ᠪᠠ ᠢᠷᠡᠭᠡᠳᠦᠢ᠎ᠶᠢ ᠬᠣᠯᠪᠣᠵᠤ᠂ ᠪᠦᠬᠦ᠌ ᠡᠪ ᠬᠠᠮᠲᠤ᠌ ᠨᠠᠮ᠎ᠤᠨ ᠭᠡᠰᠢᠭᠦᠨ᠎ᠦ ᠰᠡᠳᠬᠢᠯ᠎ᠳᠦ  ᠴᠤᠤᠷᠢᠶᠠᠲᠤᠪᠠ᠃

ᠪᠢᠴᠢᠬᠠᠨ ᠤᠯᠠᠭᠠᠨ ᠣᠩᠭᠣᠴᠠ ᠪᠠᠢᠭᠰᠠᠨ ᠡᠴᠡ ᠳᠤᠮᠳᠠᠳᠤ ᠤᠯᠤᠰ ᠢ᠋ ᠤᠳᠤᠷᠢᠳᠤᠨ ᠯᠠᠪᠳᠠᠭᠤᠨ ᠵᠢᠡᠷ ᠬᠤᠯᠠ ᠠᠶᠠᠯᠠᠬᠤ ᠥᠨᠳᠥᠷ ᠰᠦᠷᠯᠢᠭ ᠬᠥᠯᠭᠡ ᠣᠩᠭᠣᠴᠠ ᠪᠤᠯᠤᠭᠰᠠᠨ ᠬᠦᠷᠲᠡᠯ᠎ᠡ᠂ ᠮᠠᠨ᠎ᠤ ᠨᠠᠮ᠎ᠤᠨ ᠶᠠᠪᠤᠵᠤ ᠥᠩᠭᠡᠷᠡᠭᠰᠡᠨ 105 ᠵᠢᠯ᠎ᠦᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶᠢ ᠡᠷᠭᠢᠴᠡᠭᠦᠯᠬᠦᠶ᠎ᠡ᠂ ᠬᠡᠴᠢᠨᠡᠨ ᠬᠠᠲᠠᠭᠤᠵᠢᠯᠲᠠᠢ᠂ ᠬᠡᠴᠢᠨᠡᠨ ᠠᠭᠤᠤ ᠶᠡᠬᠡ ᠠᠵᠢ!

ᠴᠢᠰᠤᠲᠤ᠌ ᠪᠠᠶ᠋ᠢᠯᠳᠤᠭᠠᠨ᠎ᠬᠢᠵᠤ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠢᠯᠠᠯᠲᠠ᠎ᠶᠢ ᠲᠡᠮᠡᠴᠡᠨ ᠣᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡ᠎ᠶᠢᠨ ᠰᠢᠨ᠎ᠡ ᠴᠠᠭ ᠦᠶ᠎ᠡ᠎ᠶᠢ ᠨᠡᠭᠡᠭᠡᠪᠡ; ᠥᠪᠡᠷ᠎ᠦᠨ ᠬᠦᠴᠦᠨ ᠳ᠋ᠡᠭᠡᠨ ᠲᠦᠰᠢᠭᠯᠡᠨ ᠨᠡᠶ᠋ᠢᠭᠡᠮ ᠵᠢᠷᠤᠮ ᠤ᠋ᠨ ᠬᠤᠪᠢᠰᠬᠠᠯ᠎ᠢ ᠪᠡᠶᠡᠯᠡᠭᠦᠯᠵᠦ᠍᠂ ᠨᠡᠶ᠋ᠢᠭᠡᠮ ᠵᠢᠷᠤᠮ ᠤ᠋ᠨ ᠪᠦᠲᠦᠭᠡᠨ ᠪᠠᠶ᠋ᠢᠭᠤᠯᠤᠯᠲᠠ᠎ᠶᠢ ᠠᠬᠢᠭᠤᠯᠤᠨ᠂ ᠶᠠᠳᠠᠭᠤ ᠬᠣᠭᠣᠰᠣᠨ᠂ ᠬᠥᠮᠦᠨ ᠠᠮᠠ ᠣᠯᠠᠨᠲᠠᠶ ᠳᠣᠷᠣᠨᠠᠳᠠᠬᠢᠨ᠎ᠤ ᠲᠣᠮᠣ ᠤᠯᠤᠰ ᠨᠡᠶ᠋ᠢᠭᠡᠮ ᠵᠢᠷᠤᠮᠲᠤ᠌ ᠨᠡᠶ᠋ᠢᠭᠡᠮ ᠳ᠋ᠤ ᠠᠯᠬᠤᠨ ᠤᠷᠤᠭᠰᠠᠨ ᠠᠭᠤᠤ ᠶᠡᠬᠡ ᠦᠰᠦᠷᠦᠯᠲᠡ᠎ᠶᠢ ᠪᠡᠶᠡᠯᠡᠭᠦᠯᠪᠡ; ᠡᠷᠡᠰ ᠰᠢᠭᠤᠷᠬᠠᠢ᠎ᠪᠠᠷ ᠤᠷᠤᠭᠰᠢᠯᠠᠨ ᠲᠠᠪᠰᠢᠵᠤ ᠥᠭᠡᠷᠡᠴᠢᠯᠡᠯᠲᠡ ᠨᠡᠭᠡᠭᠡᠯᠳᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠪᠦᠳᠦᠭᠡᠨ ᠪᠠᠶ᠋ᠢᠭᠤᠯᠤᠯᠲᠠ᠎ᠶᠢᠨ ᠠᠭᠤᠤ ᠶᠡᠬᠡ ᠠᠮᠵᠢᠯᠲᠠ ᠪᠦᠲᠦᠮᠵᠢ᠎ᠶᠢ ᠡᠭᠦᠳᠦᠨ ᠪᠦᠲᠦᠭᠡᠵᠦ᠍᠂ ᠳᠤᠮᠳᠠᠳᠤ᠎ᠶᠢᠨ ᠦᠨᠳᠦᠰᠦᠲᠡᠨ ᠲᠤᠮᠤ ᠠᠯᠬᠤᠮ᠎ᠢᠶᠠᠷ ᠴᠠᠭ ᠦᠶ᠎ᠡ᠎ᠶᠢ ᠬᠥᠭᠡᠭᠡᠵᠦ᠍ ᠭᠦᠢᠴᠡᠪᠡ; ᠢᠲᠡᠭᠡᠯ ᠲᠡᠭᠦᠯᠳᠡᠷ᠎ᠢᠶᠡᠷ ᠥᠪᠡᠷ᠎ᠢ᠎ᠪᠡᠨ ᠬᠦᠴᠦᠷᠬᠡᠭᠵᠢᠭᠦᠯᠵᠦ᠍ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠰᠢᠨ᠎ᠡ ᠴᠠᠭ ᠦᠶ᠎ᠡ᠎ᠶᠢ ᠨᠡᠭᠡᠭᠡᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠬᠤᠷᠢᠬᠯᠠᠭᠳᠠᠰᠢ ᠦᠭᠡᠢ ᠰᠦᠷ ᠬᠦᠴᠦᠨ᠎ᠲᠡᠶ ᠪᠤᠯᠪᠠ᠃

ᠰᠢᠨ᠎ᠡ ᠴᠠᠭ ᠦᠶ᠎ᠡ᠎ᠡᠴᠡ ᠨᠠᠭᠠᠰᠢ ᠢᠯᠠᠩᠭᠤᠶ᠎ᠠ ᠥᠩᠭᠡᠷᠡᠭᠰᠡᠨ 5 ᠵᠢᠯ᠎ᠦᠨ ᠲᠤᠷᠰᠢ᠂ ᠨᠠᠷᠢᠨ ᠪᠤᠳᠤᠯᠢᠶᠠᠨᠲᠠᠢ ᠳᠡᠯᠡᠬᠡᠢ᠎ᠶᠢᠨ ᠪᠠᠶ᠋ᠢᠳᠠᠯ ᠪᠣᠯᠤᠨ ᠪᠡᠷᠬᠡ ᠬᠠᠲᠠᠭᠤᠵᠢᠯᠲᠠᠢ ᠬᠦᠨᠳᠦ ᠨᠦᠰᠡᠷ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ᠎ᠶᠢᠨ ᠡᠮᠦᠨ᠎ᠡ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠢᠨ ᠵᠠᠭᠤᠨ᠎ᠤ ᠬᠢᠵᠢᠭ᠎ᠦᠨ ᠪᠠᠶ᠋ᠢᠳᠠᠯ᠎ᠤᠨ ᠬᠦᠨᠳᠦ ᠨᠣᠴᠢᠲᠠᠢ ᠳᠠᠭᠠᠷᠢᠯᠳᠠ ᠪᠣᠯᠤᠨ ᠠᠯᠢ ᠤᠯᠠᠨ ᠬᠦᠨᠳᠦ ᠶᠡᠬᠡ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠮᠠᠨ᠎ᠤ ᠤᠯᠤᠰ᠎ᠤᠨ ᠠᠵᠤ ᠠᠬᠤᠢ᠎ᠶᠢᠨ ᠪᠣᠳᠠᠲᠤ᠌ ᠬᠦᠴᠦᠨ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠳᠠᠲᠤ᠌ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠣᠳᠠᠲᠤ᠌ ᠬᠦᠴᠦᠨ᠂ ᠤᠯᠤᠰ᠎ᠤᠨ ᠶᠡᠷᠦᠩᠬᠡᠢ ᠬᠦᠴᠦᠨ ᠰᠢᠨ᠎ᠡ ᠳᠡᠭᠲᠡᠷ᠎ᠲᠦ᠍ ᠭᠠᠷᠴᠤ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠢᠳᠡᠷᠡᠭᠦᠨ ᠠᠯᠬᠤᠭ᠎ᠠ᠎ᠶᠢ ᠠᠯᠬᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠵᠢᠨ ᠰᠢᠨ᠎ᠡ ᠠᠶᠠᠨ ᠰᠠᠢ᠌ᠨ ᠰᠠᠶ᠋ᠢᠬᠠᠨ ᠡᠬᠢᠯᠡᠯᠲᠡ᠎ᠲᠡᠶ ᠪᠣᠯᠵᠠᠢ᠃

ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶ᠋ᠢᠵᠤ ᠴᠢᠳᠠᠬᠤ ᠦᠭᠡᠢ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠᠶ᠋ᠢᠵᠤ ᠴᠢᠳᠠᠬᠤ ᠦᠭᠡᠢ ᠭᠡᠳᠡᠭ᠎ᠢ ᠲᠡᠦᠬᠡ ᠮᠠᠷᠭᠤᠰᠢ ᠦᠭᠡᠢ ᠭᠡᠷᠡᠴᠢᠯᠡᠭᠰᠡᠨ ᠪᠠᠶ᠋ᠢᠨ᠎ᠠ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠰᠣᠩᠭᠣᠪᠠ᠃ ᠮᠠᠨ᠎ᠤ ᠨᠠᠮ ᠪᠣᠯ ᠠᠭᠤᠤ ᠶᠡᠬᠡ ᠢᠷᠠᠭᠤ ᠠᠯᠳᠠᠷ ᠲᠠᠢ ᠵᠥᠪ ᠣᠨᠣᠪᠴᠢᠲᠠᠢ  ᠨᠡᠷ᠎ᠡ ᠨᠢᠳᠡᠷ᠎ᠲᠡᠬᠡᠨ ᠪᠦᠷᠢᠮᠦᠰᠦᠨ ᠨᠡᠶ᠋ᠢᠴᠡᠭᠰᠡᠨ ᠨᠠᠮ ᠮᠥᠨ᠃

ᠰᠢᠨ᠎ᠡ ᠴᠠᠭ ᠦᠶ᠎ᠡ᠎ᠶᠢᠨ ᠠᠭᠤᠤ ᠶᠡᠬᠡ ᠬᠤᠪᠢᠰᠤᠯᠲᠠ᠎ᠶᠢ ᠪᠡᠶ᠎ᠡ᠎ᠪᠡᠷ᠎ᠢᠶᠡᠨ ᠥᠩᠭᠡᠷᠡᠭᠦᠯᠵᠦ᠍᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠠᠶᠤᠯ ᠲᠦᠭᠰᠢᠭᠦᠷᠢ᠎ᠶᠢ ᠢᠯᠠᠨ ᠳᠠᠪᠠᠵᠤ᠂ ᠥᠷᠢᠰᠥᠯᠳᠦᠭᠡᠨ᠎ᠢ ᠤᠭᠲᠤᠬᠤ ᠰᠦᠷ ᠳᠠᠯᠠᠶ᠋ᠢᠴᠠᠲᠠᠢ ᠦᠢᠯᠡᠳᠦᠯᠭᠡ᠎ᠶᠢ ᠭᠡᠷᠡᠴᠢᠯᠡᠪᠡ᠂ ᠪᠢᠳᠡ ᠪᠦᠷ ᠤᠯᠤᠯᠲᠠ ᠲᠦᠷᠦᠭᠳᠡᠯ᠎ᠲᠡᠶ ᠪᠠᠶ᠋ᠢᠵᠤ᠂ ᠳᠡᠭᠡᠳᠦ ᠬᠡᠮᠵᠢᠶᠡᠨ᠎ᠦ ᠬᠠᠮᠲᠤ᠎ᠶᠢᠨ ᠲᠠᠨᠢᠯᠲᠠ᠎ᠲᠠᠶ ᠪᠣᠯᠪᠠ᠄ 《ᠬᠣᠶᠠᠷ᠎ᠢ ᠲᠣᠭᠲᠠᠭᠠᠭᠰᠠᠨ》 ᠪᠣᠯ ᠪᠢᠳᠡᠨ᠎ᠦ ᠠᠯᠢᠪᠠ ᠲᠣᠭᠲᠠᠭᠠᠯᠲᠦ ᠪᠤᠰᠤ ᠴᠢᠨᠠᠷ᠎ᠢ ᠠᠷᠭᠠᠴᠡᠭᠠᠬᠤ ᠬᠠᠮᠤᠭ᠎ᠤᠨ ᠶᠡᠬᠡ ᠲᠣᠭᠲᠠᠭᠠᠯᠲᠤ᠌ ᠴᠢᠨᠠᠷ᠂ ᠬᠠᠮᠤᠭ᠎ᠤᠨ ᠶᠡᠬᠡ ᠢᠳᠡᠭᠡᠯ ᠵᠤᠷᠢᠭ᠂ ᠬᠠᠮᠤᠭ᠎ᠤᠨ ᠶᠡᠬᠡ ᠪᠠᠲᠤᠯᠠᠭ᠎ᠠ ᠮᠥᠨ᠂ ᠰᠢᠨ᠎ᠡ ᠴᠠᠭ ᠦᠶ᠎ᠡ᠎ᠶᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠬᠢᠴᠠ᠎ᠶᠢ ᠠᠬᠢᠭᠤᠯᠬᠤ᠎ᠳᠤ ᠰᠢ᠌ᠳᠪᠦᠷᠢᠯᠡᠭᠴᠢ ᠠᠴᠢ ᠬᠣᠯᠪᠣᠭᠳᠠᠯ᠎ᠲᠠᠶ ᠶᠤᠮ᠃

ᠨᠠᠮ᠎ᠤᠨ ᠴᠥᠬᠥᠷᠡᠰᠢ ᠦᠭᠡᠢ ᠲᠡᠮᠡᠴᠡᠯ ᠢᠯᠠᠩᠭᠤᠶ᠎ᠠ ᠰᠢᠨ᠎ᠡ ᠴᠠᠭ ᠦᠶ᠎ᠡ᠎ᠶᠢᠨ ᠠᠭᠤᠤ ᠶᠡᠬᠡ ᠠᠮᠵᠢᠯᠲᠠ ᠪᠦᠲᠦᠮᠵᠢ ᠨᠢ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠠᠲᠤ᠌ ᠪᠡᠬᠢ ᠰᠠᠭᠤᠷᠢ᠎ᠶᠢ ᠲᠠᠯᠪᠢᠵᠤ ᠥᠭᠴᠡᠢ᠂ ᠨᠠᠮ᠎ᠡᠴᠡ ᠠᠷᠠᠳ ᠲᠦᠮᠡᠨ᠎ᠢ ᠳᠠᠭᠠᠭᠤᠯᠤᠨ ᠨᠡᠭᠡᠭᠡᠭᠰᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠵᠠᠮ ᠪᠣᠯ ᠬᠦᠰᠡᠯ ᠵᠡᠭᠦᠳᠦ᠎ᠪᠡᠨ ᠳᠡᠷᠭᠡᠯᠰᠢᠬᠦᠯᠬᠦ ᠰᠠᠷᠠᠭᠤᠯ ᠳᠠᠷᠳᠠᠩ ᠵᠠᠮ ᠮᠥᠨ᠂ ᠨᠠᠮ᠎ᠤᠨ ᠰᠢᠯᠢᠳᠡᠭ ᠴᠢᠨᠠᠷ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠶᠠᠭᠠᠬᠢᠭᠠᠳ ᠳᠡᠢᠯᠦᠭᠰᠡᠨ ᠵᠠᠩᠭᠢᠯᠠᠭ᠎ᠠ᠎ᠶᠢᠨ ᠨᠢᠭᠤᠴᠠ ᠨᠣᠮᠧᠷ ᠮᠥᠨ᠃

ᠥᠨᠥᠳᠦᠷ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠤᠷᠢᠳᠤ ᠡᠮᠦᠨ᠎ᠡ ᠪᠠᠶ᠋ᠢᠭ᠎ᠠ ᠦᠭᠡᠢ ᠭᠡᠭᠡᠨ ᠰᠠᠷᠠᠭᠤᠯ ᠢᠷᠡᠭᠡᠳᠦᠢ᠎ᠲᠡᠶ ᠪᠤᠯᠵᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠠᠷᠠᠳ ᠲᠦᠮᠡᠨ᠎ᠢ ᠳᠠᠭᠠᠭᠤᠯᠤᠨ ᠲᠤᠮᠤ ᠠᠯᠬᠤᠮ᠎ᠢᠶᠠᠷ ᠨᠡᠶ᠋ᠢᠭᠡᠮ ᠵᠢᠷᠤᠮᠲᠤ᠌ ᠣᠳᠣᠬᠢᠴᠢᠯᠠᠭᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠠᠭᠠᠨ ᠤᠷᠤᠭᠰᠢᠯᠠᠵᠤ ᠪᠠᠶ᠋ᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌᠎ᠳᠦ᠂ ᠪᠦᠬᠦ᠌ ᠳᠤᠮᠳᠠᠳᠤ ᠤᠯᠤᠰ᠎ᠤᠨ ᠡᠪ ᠬᠠᠮᠲᠤᠴᠤᠳ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠍᠂ ᠴᠠᠭ ᠦᠶ᠎ᠡ ᠪᠠ ᠠᠷᠠᠳ ᠲᠦᠮᠡᠨ᠎ᠳᠦ ᠦᠯᠦ᠍ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠲᠠ ᠦᠭᠡᠢ ᠡᠭᠦᠳᠬᠦ᠌᠎ᠵᠢ ᠱᠠᠭᠠᠷᠳᠠᠵᠤ ᠪᠤᠢ᠃

ᠣᠳᠣᠬᠠᠨ᠎ᠳᠤ᠂ ᠮᠠᠨ᠎ᠤ ᠤᠯᠤᠰ᠎ᠤᠨ ᠬᠥᠭᠵᠢᠯᠲᠡ ᠨᠢᠭᠡᠨᠲᠡ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶᠢᠨ ᠴᠠᠭ ᠦᠶ᠎ᠡ᠎ᠳᠦ ᠣᠷᠣᠪᠠ᠃ 2035 ᠣᠨ ᠪᠣᠯᠬᠤ᠎ᠳᠤ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ᠍᠂ ᠲᠤᠰ ᠵᠠᠭᠤᠨ᠎ᠤ ᠳᠤᠮᠳᠠᠴᠢ ᠦᠶ᠎ᠡ ᠪᠣᠯᠬᠤ᠎ᠳᠤ ᠨᠡᠶ᠋ᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠶ᠋ᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢ ᠪᠡᠶᠡᠯᠡᠭᠦᠯᠬᠦ᠌᠎ᠳᠦ᠂ ᠵᠠᠮ ᠮᠠᠨ᠎ᠤ ᠬᠦᠯ ᠳᠣᠣᠷ᠎ᠠ ᠦᠷᠭᠦᠯᠵᠢᠯᠡᠵᠦ᠍᠂ ᠲᠡᠦᠬᠡ ᠪᠢᠳᠡᠨ᠎ᠦ ᠭᠠᠷ᠎ᠲᠤ᠌ ᠪᠢᠴᠢᠭᠯᠡᠭᠳᠡᠬᠦ ᠪᠣᠯᠤᠨ᠎ᠠ᠃

ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠬᠦ᠌ ᠬᠡᠷᠡᠭᠲᠡᠶ᠃ ᠤᠷᠤᠭᠰᠢᠯᠠᠯᠲᠠ᠎ᠶᠢᠨ ᠵᠠᠮ ᠳᠡᠭᠡᠷ᠎ᠡ᠂ ᠵᠠᠮ ᠬᠤᠪᠢᠷᠠᠬᠤ ᠦᠭᠡᠢ᠂ ᠵᠣᠷᠢᠭ ᠬᠤᠪᠢᠷᠠᠬᠤ ᠦᠭᠡᠢ ᠪᠠᠶ᠋ᠢᠬᠤ᠎ᠶᠢ ᠪᠠᠷᠢᠮᠲᠠᠯᠠᠵᠤ᠂ ᠨᠠᠮ᠎ᠤᠨ ᠰᠢᠯᠢᠳᠡᠭ ᠴᠢᠨᠠᠷ᠎ᠢ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠪᠡᠯ᠂ ᠨᠠᠮ ᠡᠭᠦᠷᠢᠳᠡ ᠴᠢᠨᠠᠷ ᠬᠤᠪᠢᠷᠠᠬᠤ ᠦᠭᠡᠢ ᠦᠨᠭᠭᠡ ᠬᠤᠪᠢᠷᠠᠬᠤ ᠦᠭᠡᠢ ᠰᠤᠷᠳᠠᠯ ᠬᠤᠪᠢᠷᠠᠬᠤ ᠦᠭᠡᠢ ᠪᠠᠢᠬᠤ᠎ᠵᠢ ᠪᠠᠲᠤᠯᠠᠵᠤ᠂ ᠢᠮᠠᠭᠲᠠ ᠬᠦᠴᠦᠷᠬᠡᠭ ᠶᠡᠬᠡ ᠪᠦᠲᠦᠭᠡᠯᠴᠢ ᠬᠦᠴᠦᠨ ᠨᠢᠭᠲᠠᠷᠠᠯ᠎ᠤᠨ ᠬᠦᠴᠦᠨ ᠲᠠᠢ᠌ᠴᠢᠨ ᠬᠦᠴᠦᠨ᠎ᠲᠡᠶ ᠪᠠᠶ᠋ᠢᠵᠤ᠂ ᠠᠷᠠᠳ ᠲᠦᠮᠡᠨ᠎ᠢ ᠳᠠᠭᠠᠭᠤᠯᠤᠨ ᠤᠯᠤᠰ᠎ᠤᠨ ᠬᠥᠭᠵᠢᠯᠲᠡ ᠲᠠᠪᠰᠢᠯᠳᠠ᠎ᠶᠢᠨ ᠬᠤᠪᠢ ᠵᠠᠶᠠᠭ᠎ᠠ᠎ᠶᠢ ᠥᠪᠡᠷ᠎ᠦᠨ ᠭᠠᠷ᠎ᠲᠠᠭᠠᠨ ᠪᠠᠲᠤ᠌ ᠡᠵᠡᠮᠳᠡᠵᠦ᠍ ᠴᠢᠳᠠᠨ᠎ᠠ᠃

ᠨᠠᠮ ᠮᠠᠨᠳᠤᠪᠠᠯ ᠰᠠᠶᠢ ᠤᠯᠤᠰ ᠬᠦᠴᠦᠷᠬᠡᠭᠵᠢᠵᠦ᠍ ᠴᠢᠳᠠᠨ᠎ᠠ᠃ ᠰᠢ᠎ᠵᠢᠨ᠎ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠵᠢᠯᠣᠭᠣᠳᠣᠯᠭ᠎ᠠ ᠨᠢ ᠵᠠᠭᠤᠨ ᠵᠢᠯ᠎ᠦᠨ ᠲᠤᠷᠰᠢᠬᠢ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠰᠢᠨ᠎ᠡ ᠠᠬᠤᠶ ᠪᠠᠶ᠋ᠢᠳᠠᠯ᠎ᠢ ᠲᠠᠰᠤᠷᠠᠯᠲᠠ ᠥᠬᠡᠶ ᠨᠡᠭᠡᠭᠡᠵᠦ᠍᠂ ᠨᠠᠮ᠎ᠢ ᠬᠦᠴᠦᠷᠬᠡᠭᠵᠢᠭᠦᠯᠵᠦ᠍ ᠤᠯᠤᠰ᠎ᠢᠶᠠᠨ ᠬᠦᠴᠦᠷᠬᠡᠭᠵᠢᠭᠦᠯᠬᠦ᠌᠎ᠳᠦ ᠴᠢᠬᠤᠯᠠ ᠶᠡᠬᠡ ᠪᠣᠳᠠᠲᠤ᠌ ᠠᠴᠢ ᠬᠣᠯᠪᠣᠭᠳᠠᠯ ᠪᠠ ᠠᠯᠤᠰ ᠬᠡᠲᠦ᠎ᠶᠢᠨ ᠵᠢᠯᠣᠭᠣᠳᠬᠤ ᠠᠴᠢ ᠬᠣᠯᠪᠣᠭᠳᠠᠯ᠎ᠲᠠᠶ ᠶᠤᠮ᠃

ᠢᠲᠡᠭᠡᠯ ᠵᠣᠷᠢᠭ᠎ᠢᠶᠠᠨ ᠪᠠᠲᠤᠳᠬᠠᠵᠤ᠂ ᠴᠥᠬᠥᠷᠡᠰᠢ ᠦᠭᠡᠢ ᠲᠡᠮᠡᠴᠡᠬᠦ᠌ ᠬᠡᠷᠡᠭᠲᠡᠢ᠃ ᠤᠷᠤᠭᠰᠢᠯᠠᠯᠲᠠ᠎ᠶᠢᠨ ᠵᠠᠮ ᠳᠡᠭᠡᠷ᠎ᠡ᠂ ᠶᠡᠬᠡ ᠰᠠᠯᠬᠢ ᠰᠢᠷᠦᠭᠦᠨ ᠳᠠᠪᠠᠯᠭᠠᠨ ᠪᠠᠶ᠋ᠢᠭᠰᠠᠨ ᠴᠤ᠌ ᠲᠡᠷᠡ᠂ ᠲᠤᠭᠰᠢᠨ ᠳᠠᠪᠠᠯᠭᠠᠨ ᠰᠢᠷᠦᠭᠦᠨ ᠳᠤᠯᠭᠢᠶᠠᠨ ᠪᠠᠶ᠋ᠢᠭᠰᠠᠨ ᠴᠤ᠌ ᠲᠡᠷᠡ᠂ ᠶᠡᠷᠦᠩᠬᠡᠢ ᠱᠦᠵᠢ ᠰᠢ᠎ᠵᠢᠨ᠎ᠫᠢᠩ ᠴᠢᠭᠯᠡᠯ᠎ᠢ ᠡᠵᠡᠮᠳᠡᠨ ᠠᠶᠠᠯᠠᠯ᠎ᠢ ᠵᠠᠮᠴᠢᠯᠠᠵᠦ᠂ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠲᠠᠢ ᠪᠠᠢᠬᠰᠠᠨ ᠡᠴᠡ᠂ ᠪᠦᠬᠦ᠌ ᠨᠠᠮ᠎ᠢᠶᠠᠷ᠎ᠢᠶᠠᠨ ᠲᠤᠭᠲᠠᠭᠰᠠᠨ ᠵᠤᠷᠢᠯᠲᠠ᠎ᠲᠠᠶ ᠪᠤᠯᠵᠤ᠂ ᠠᠷᠠᠳ ᠲᠦᠮᠡᠨ ᠲᠦᠰᠢᠭ ᠲᠤᠯᠭᠠᠭᠤᠷᠢ᠎ᠲᠠᠶ ᠪᠤᠯᠵᠤ᠂ ᠪᠢᠳᠠ ᠴᠠᠭ ᠦᠶ᠎ᠡ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠵᠦ᠍᠂ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌᠎ᠳᠤ ᠪᠠᠲᠤ᠌ ᠴᠢᠩᠭ᠎ᠠ ᠪᠠᠲᠤᠯᠠᠭ᠎ᠠ᠎ᠲᠠᠶ ᠪᠣᠯᠵᠠᠢ᠃

ᠬᠡᠬᠦᠳᠡᠭ ᠴᠡᠭᠡᠵᠢᠨ᠎ᠳᠡᠭᠡᠨ ᠠᠯᠤᠰ ᠬᠡᠳᠤ᠎ᠶᠢᠨ ᠬᠠᠷᠠᠯᠲᠠ᠎ᠶᠢ ᠪᠠᠭᠲᠠᠭᠠᠵᠤ᠂ ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ᠎ᠤ ᠠᠤᠭ᠎ᠠ ᠦᠢᠯᠡᠰ᠎ᠢ ᠪᠦᠲᠦᠭᠡᠬᠦ᠌᠎ᠪᠡᠷ ᠵᠣᠷᠢᠭ ᠰᠢᠭᠤᠳᠴᠤ᠌᠂ ᠦᠶ᠎ᠡ ᠦᠶ᠎ᠡ᠎ᠶᠢᠨ ᠡᠪ ᠬᠠᠮᠲᠤᠴᠤᠳ᠎ᠦᠷᠭᠦᠯᠵᠢᠯᠡᠨ ᠲᠡᠮᠡᠴᠡᠵᠦ ᠬᠥᠮᠦᠰ᠎ᠢ ᠣᠮᠣᠭᠰᠢᠭᠤᠯᠤᠮ᠎ᠠ ᠭᠡᠷᠡᠯ ᠰᠠᠴᠤᠷᠠᠩᠭᠤᠢ ᠲᠡᠦᠬᠡ᠎ᠶᠢ ᠡᠭᠦᠳᠴᠡᠢ᠃ ᠡᠷᠡᠮᠡᠬᠡᠶ᠋ᠢᠯᠡᠨ ᠤᠷᠤᠭᠰᠢᠯᠠᠬᠤ ᠰᠢᠨ᠎ᠡ ᠠᠶᠠᠨ᠎ᠳᠤ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠠᠭᠤᠤ ᠶᠡᠬᠡ ᠤᠷᠢᠶᠠᠯᠠᠭ᠎ᠠ᠎ᠶᠢ ᠴᠤᠤᠷᠢᠶᠠᠲᠤᠨ ᠲᠠᠭᠠᠵᠤ᠂ ᠵᠣᠷᠢᠭ ᠰᠢᠭᠤᠳᠤᠨ ᠡᠷᠡᠮᠡᠬᠡᠶ᠋ᠢᠯᠡᠨ ᠲᠡᠮᠡᠴᠡᠵᠦ᠍᠂ ᠮᠠᠨ᠎ᠤ ᠡᠨᠡ ᠨᠢᠭᠡ ᠦᠶ᠎ᠡ᠎ᠶᠢᠨ ᠬᠢᠨ᠎ᠳᠦ ᠬᠠᠷᠢᠶᠠᠯᠠᠭᠳᠠᠬᠤ ᠠᠮᠵᠢᠯᠲᠠ ᠪᠦᠲᠦᠮᠵᠢ ᠪᠣᠯᠤᠨ ᠢᠷᠠᠭᠤ ᠠᠯᠳᠠᠷ᠎ᠢ ᠡᠭᠦᠳᠴᠦ᠍᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠰᠡᠷᠭᠡᠭ ᠪᠥᠭᠡᠳ ᠡᠷᠡᠰ ᠪᠠᠲᠤ᠌ ᠪᠤᠯᠤᠯ᠎ᠠ —

《ᠪᠢᠳᠡ ᠶᠠᠭᠠᠬᠢᠭᠰᠠᠨ ᠴᠤ᠌ ᠣᠮᠣᠷᠬᠠᠭᠯᠠᠨ ᠪᠠᠷᠳᠠᠮᠨᠠᠵᠤ᠂ ᠤᠷᠤᠭᠰᠢᠯᠠᠬᠤ ᠦᠭᠡᠢ ᠪᠠᠶ᠋ᠢᠵᠤ ᠪᠣᠯᠬᠤ ᠦᠭᠡᠢ》᠃

《ᠴᠠᠭ ᠬᠥᠮᠦᠨ᠎ᠢ ᠬᠦᠯᠢᠶᠡᠬᠦ᠌ ᠦᠭᠡᠢ!ᠲᠡᠦᠬᠡ ᠬᠥᠮᠦᠨ᠎ᠢ ᠬᠦᠯᠢᠶᠡᠬᠦ᠌ ᠦᠭᠡᠢ》!

《ᠲᠡᠦᠬᠡ᠎ᠶᠢᠨ  ᠭᠡᠷᠡᠯ ᠰᠠᠴᠤᠷᠠᠩᠭᠤᠢ ᠰᠢᠨ᠎ᠡ ᠠᠮᠵᠢᠯᠲᠠ᠎ᠶᠢ ᠴᠢᠷᠮᠠᠶ᠋ᠢᠨ ᠡᠭᠦᠳᠦᠶ᠎ᠡ 》!

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号