ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠵᠡᠰᠭᠦᠯᠡᠩᠲᠦ᠍ ᠨᠣᠲᠤᠭ
ᠦᠢᠯᠡᠴᠢᠯᠡᠭᠡ
ᠲᠣᠷᠭᠠᠨ ᠬᠠᠷᠠᠭ᠎ᠠ
ᠤᠯᠠᠭ᠋ᠠᠨᠮᠥ᠋ᠴᠢᠷ
ᠤᠯᠠᠭ᠋ᠠᠨᠮᠥ᠋ᠴᠢᠷ  -   ᠤᠯᠠᠭ᠋ᠠᠨᠮᠥ᠋ᠴᠢᠷ
ᠨᠠᠭᠠᠳᠤᠮ᠎ᠤᠨ ᠡᠬᠢᠯᠡᠯᠲᠡ᠎ᠶᠢᠨ ᠶᠣᠰᠣᠯᠠᠯ᠎ᠳᠦ ᠲᠣᠭᠯᠠᠭ᠍ᠴᠢ ᠡᠯᠰᠡᠵᠦ ᠪᠠᠢᠨ᠎ᠠ
ᠨᠡᠢᠲᠡᠯᠡᠭᠰᠡᠨ ᠴᠠᠭ᠄ 2026-07-15

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ᠎ᠤ ᠲᠠᠯ᠎ᠠ ᠨᠤᠲᠤᠭ᠎ᠤᠨ ᠨᠠᠭᠠᠳᠤᠮ 7 ᠰᠠᠷ᠎ᠠ᠎ᠶᠢᠨ 18 ᠎ᠡᠴᠡ 20᠎ᠤ ᠡᠳᠦᠷ ᠪᠣᠯᠲᠠᠯ᠎ᠠ ᠰᠢᠯᠢ᠎ᠶᠢᠨ ᠭᠣᠣᠯ ᠠᠢᠮᠠᠭ᠎ᠤᠨ ᠰᠢᠯᠢᠨᠭᠬᠤᠲᠠ᠎ᠳᠦ ᠶᠠᠪᠤᠭᠳᠠᠵᠤ᠂ ᠡᠬᠢᠯᠡᠯᠲᠡ᠎ᠶᠢᠨ ᠶᠣᠰᠣᠯᠠᠯ 7 ᠰᠠᠷ᠎ᠠ᠎ᠶᠢᠨ 18᠎ᠤ ᠡᠳᠦᠷ᠎ᠦᠨ ᠦᠳᠡ᠎ᠶᠢᠨ ᠡᠮᠦᠨᠡᠬᠢ 9᠄ 30᠎ᠲᠦ ᠡᠬᠢᠯᠡᠨ᠎ᠡ᠃

ᠨᠠᠭᠠᠳᠤᠮ᠎ᠤᠨ ᠡᠬᠢᠯᠡᠯᠲᠡ᠎ᠶᠢᠨ ᠶᠣᠰᠣᠯᠠᠯ᠎ᠢ ᠤᠷᠤᠭᠰᠢᠳᠠᠢ ᠡᠷᠭᠢᠯᠡᠬᠦ᠎ᠶᠢ ᠪᠥᠬᠥ ᠬᠦᠴᠦᠨ᠎ᠢᠶᠡᠷ ᠪᠠᠲᠤᠯᠠᠬᠤ ᠵᠢᠨ ᠲᠤᠰᠠᠳᠠ᠂ ᠡᠳᠦᠭᠡ ᠨᠡᠢᠭᠡᠮ ᠨᠡᠶ᠋ᠢᠲᠡ᠎ᠡᠴᠡ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠬᠤ ᠲᠣᠭᠯᠠᠭ᠍ᠴᠢ ᠡᠯᠰᠡᠵᠦ ᠪᠠᠢᠨ᠎ᠠ᠃

ᠨᠠᠭᠠᠳᠤᠮ᠎ᠤᠨ ᠡᠬᠢᠯᠡᠯᠲᠡ᠎ᠶᠢᠨ ᠶᠣᠰᠣᠯᠠᠯ᠎ᠤᠨ ᠬᠥᠯ ᠪᠥᠮᠪᠥᠭᠡ᠎ᠶᠢᠨ ᠲᠣᠭᠯᠠᠯᠲᠠ ᠳ᠋ᠦ 200 ᠬᠦᠮᠦᠨ᠂ ᠪᠥᠵᠢᠭ᠎ᠦᠨ ᠲᠣᠭᠯᠠᠯᠲᠠ᠎ᠳᠦ 300 ᠬᠦᠮᠦᠨ᠂ ᠮᠣᠲ᠌ᠧᠯ᠎ᠦᠨ ᠲᠣᠭᠯᠠᠯᠲᠠ᠎ᠳᠦ 100 ᠬᠦᠮᠦᠨ ᠡᠯᠰᠡᠨ᠎ᠡ᠃

7 ᠰᠠᠷ᠎ᠠ᠎ᠶᠢᠨ 15᠎ᠤ ᠡᠳᠦᠷ ᠪᠤᠯᠲᠠᠯ᠎ᠠ ᠨᠡᠷ᠎ᠡ ᠮᠡᠳᠡᠭᠦᠯᠦᠨ᠎ᠡ᠂ ᠲᠤᠬᠠᠢ ᠵᠢᠨ ᠲᠠᠯᠠᠪᠠᠢ ᠵᠢᠨ ᠨᠡᠷ᠎ᠡ ᠮᠡᠳᠡᠭᠦᠯᠬᠦ ᠭᠠᠵᠠᠷ ᠨᠢ ᠰᠢᠯᠢ᠎ᠶᠢᠨ ᠭᠣᠣᠯ ᠠᠢᠮᠠᠭ᠎ᠤᠨ ᠰᠣᠶᠣᠯ᠎ᠤᠨ ᠣᠷᠳᠣᠨ᠎ᠳᠦ ᠪᠠᠢᠷᠢᠯᠠᠵᠦ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠦᠮᠦᠰ ᠺᠣᠳ᠋᠎ᠢ ᠰᠢᠷᠪᠢᠨ ᠴᠤᠭᠯᠠᠷᠠᠯ᠎ᠳᠦ ᠤᠷᠤᠵᠦ ᠨᠡᠷ᠎ᠡ ᠮᠡᠳᠡᠭᠦᠯᠦᠨ᠎ᠡ᠃

ᠢᠷᠡᠯᠲᠡ᠄ ᠰᠢᠯᠢ ᠵᠢᠨ ᠭᠣᠣᠯ ᠠᠢ᠌ᠮᠠᠭ᠎ᠤᠨ ᠵᠠᠬᠢᠷᠭ᠎ᠠ ᠵᠢᠨ ᠮᠣᠩᠭᠣᠯ ᠰᠦᠯᠵᠢᠶ᠎ᠡ
          
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ᠎ᠤᠨ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠴᠢᠯᠠᠨ ᠡᠷᠬᠢᠯᠡᠪᠡ 蒙ICP备06002797号