3 ᠲᠦᠮᠡᠨ ᠲᠦᠭᠦᠷᠢᠭ ᠠᠴᠠ 60 ᠲᠦᠮᠡᠨ ᠲᠦᠭᠦᠷᠢᠭ ᠤᠨ ᠤᠷᠤᠯᠭ᠎ᠠ ᠡᠭᠦᠳᠦᠭᠰᠡᠨ ᠵᠠᠮ — ᠰᠢᠯᠤᠭᠤᠨ ᠬᠦᠬᠡ ᠬᠤᠰᠢᠭᠤᠨ ᠤ ᠰᠠᠩ ᠤᠨ ᠳᠠᠯᠠᠢ ᠪᠠᠯᠭᠠᠰᠤᠨ ᠤ ᠲᠠᠭᠠᠨᠠᠳᠦ ᠭᠠᠴᠠᠭᠠᠨ ᠤ ︽ᠶᠦᠡᠭ ᠱᠸᠡᠭ︾  ᠦᠭᠡᠷ ᠪᠤᠷᠳᠤᠨ ᠲᠠᠷᠭᠤᠯᠠᠭᠤᠯᠬᠤ ᠬᠤᠷᠰᠢᠶᠠᠵᠢᠯ ᠢ ᠲᠡᠮᠳᠡᠭᠯᠡᠪᠡ
ᠨᠡᠶᠢᠲᠡᠯᠡᠭᠰᠡᠨ ᠴᠠᠭ᠄
2016/10/10
    ᠰᠢᠯᠤᠭᠤᠨ ᠭᠦᠭᠡ ᠬᠤᠰᠢᠭᠤᠨ ᠤ ᠰᠠᠩ ᠤᠨ ᠲᠠᠯᠠᠢ ᠪᠠᠯᠭᠠᠰᠤᠨ ᠤ ᠲᠠᠭᠠᠨᠠᠳᠦ ᠭᠠᠴᠠᠭᠠᠨ ᠤ ︽ᠶᠦᠡᠭ ᠱᠸᠡᠭ ︾ ᠦᠭᠡᠷ ᠪᠤᠷᠳᠤᠨ ᠲᠠᠷᠭᠤᠯᠠᠭᠤᠯᠬᠤ ᠬᠤᠷᠰᠢᠶᠠᠵᠢᠯ ᠪᠠᠶᠢᠭᠤᠯᠤᠭᠳᠠᠭᠰᠠᠨ ᠠᠴᠠ ᠪᠠᠨ ᠨᠠᠰᠢᠭᠢ 5 ᠵᠢᠯ ᠤᠨ ᠬᠤᠭᠤᠴᠠᠭᠠᠨ ᠳᠤ᠂ ᠬᠠᠮᠤᠭ ᠠᠩᠬᠠᠨ ᠤ 3 ᠲᠦᠮᠡᠨ ᠲᠦᠭᠦᠷᠢᠭ ᠤᠨ ᠤᠷᠤᠯᠭ᠎ᠠ ᠤᠯᠳᠠᠭ ᠪᠠᠶᠢᠭᠰᠠᠨ ᠠᠴᠠ ᠪᠠᠨ ᠤᠳᠤ ᠪᠤᠯᠬᠤ ᠳᠤ 60 ᠲᠦᠮᠡᠨ ᠲᠦᠭᠦᠷᠢᠭ ᠤᠨ ᠤᠷᠤᠯᠭ᠎ᠠ ᠡᠭᠦᠳᠳᠡᠭ ᠪᠤᠯᠵᠠᠢ᠃ ᠤᠬᠤᠷᠬᠠᠨ ᠬᠤᠭᠤᠴᠠᠭᠠᠨ ᠳᠤ ᠭᠡᠷᠭᠢᠨ ᠡᠶᠢᠮᠦ ᠶᠡᠭᠡ ᠠᠮᠵᠢᠯᠳᠠ ᠳᠤ ᠭᠦᠷᠦᠭᠰᠡᠨ ᠲᠤᠬᠠᠢ ᠨᠢ ᠰᠤᠷᠪᠤᠯᠵᠢᠯᠠᠬᠤ ᠪᠠᠷ ᠪᠢᠳᠡ 9 ᠳ᠋ᠤᠭᠡᠷ ᠰᠠᠷ᠎ᠠ ᠶᠢᠨ ᠡᠬᠢᠨ ᠢᠶᠠᠷ ᠲᠤᠰ ᠬᠤᠷᠰᠢᠶᠠᠵᠢᠯ ᠢ ᠵᠤᠷᠢᠵᠦ ᠪᠢᠯᠡ᠃     ᠪᠢᠳᠡᠨ ᠢ ᠭᠦᠷᠭᠦ ᠳᠤ ᠬᠤᠷᠰᠢᠶᠠᠵᠢᠯ ᠤᠨ ᠡᠵᠡᠨ ᠱᠠᠩ ᠭᠦᠢ ᠴᠢᠩ ᠶᠠᠭ ᠭᠡᠳᠦᠨ ᠠᠵᠢᠯᠳᠠᠨ ᠲᠠᠢ ᠪᠠᠨ ᠬᠠᠮᠳᠦ ᠡᠪᠡᠰᠦ ᠲᠠᠯᠬᠠᠳᠠᠨ ᠶᠠᠭᠠᠷᠠᠵᠦ ᠪᠠᠶᠢᠯ᠎ᠠ᠃ ᠱᠠᠩ ᠭᠦᠢ ᠴᠢᠩ ᠪᠤᠯ ᠬᠤᠷᠰᠢᠶᠠᠵᠢᠯ ᠢ ᠡᠭᠦᠰᠭᠡᠨ ᠪᠠᠶᠢᠭᠤᠯᠤᠭᠴᠢ ᠶᠢᠨ ᠨᠢᠭᠡ᠃ ᠮᠠᠯ ᠠᠵᠦ ᠠᠬᠤᠢ ᠶᠢᠨ ᠭᠦᠭᠵᠢᠯ ᠤᠨ ᠬᠠᠨᠳᠤᠰᠢ ᠪᠤᠯᠤᠨ ᠵᠠᠬ᠎ᠠ ᠲᠡᠯᠭᠡᠭᠦᠷ ᠤᠨ ᠪᠠᠶᠢᠳᠠᠯ ᠳᠤ ᠰᠡᠷᠭᠡᠭ ᠲᠠᠨᠢᠯᠳᠠ ᠲᠠᠢ ᠱᠠᠩ ᠭᠦᠢ ᠴᠢᠩ᠂ ᠯᠢ ᠯᠢᠶᠠᠩ ᠰᠢ ᠨᠡᠷ 2011 ᠤᠨ ᠳᠤ ᠭᠠᠴᠠᠭᠠᠨ ᠤ ᠪᠠᠨ ᠭᠦᠮᠦᠨ ᠪᠦᠷᠢ ᠳᠤ ᠨᠤᠭᠳᠠᠬᠤ ᠨᠤᠳᠤᠭ ᠪᠡᠯᠴᠢᠭᠡᠷ ᠪᠠᠭ᠎ᠠ ᠪᠠᠶᠢᠭ᠎ᠠ ᠭᠦᠷᠦᠯᠴᠡᠭᠦ ᠦᠭᠡᠢ ᠲᠠᠯ᠎ᠠ ᠪᠡ ᠵᠢᠨᠢᠩ — ᠲᠦᠡᠭᠯᠢᠶᠤᠤ ᠭᠦᠷᠭᠦ ᠲᠡᠮᠦᠷ ᠵᠠᠮ᠂ 207 ᠤᠯᠤᠰ ᠤᠨ ᠵᠠᠮ᠂ ᠭᠦᠭᠡᠬᠤᠳᠠ ᠠᠴᠠ ᠬᠠᠶᠢᠯᠠᠷ ᠭᠦᠷᠭᠦ ᠮᠤᠵᠢ ᠶᠢᠨ ᠲᠡᠰ ᠤᠨ ᠵᠠᠮ ᠠᠴᠠ ᠤᠢᠢᠷ᠎ᠠ ᠪᠠᠶᠢᠭ᠎ᠠ ᠲᠠᠪᠠᠭᠤᠯᠢᠭ ᠨᠦᠭᠦᠴᠡᠯ ᠢᠶᠠᠨ ᠠᠰᠢᠬᠯᠠᠨ᠂ ᠵᠠᠬ᠎ᠠ ᠲᠡᠯᠭᠡᠭᠦᠷ ᠲᠤ ᠤᠯᠠᠨ ᠤᠳᠠᠭ᠎ᠠ ᠪᠠᠶᠢᠴᠠᠭᠠᠯᠳᠠ ᠬᠢᠭᠰᠡᠨ ᠰᠠᠭᠤᠷᠢᠨ ᠲᠡᠭᠡᠷ᠎ᠠ᠂ ᠦᠭᠡᠷ ᠪᠤᠷᠳᠤᠨ ᠲᠠᠷᠭᠤᠯᠠᠭᠤᠯᠵᠦ ᠪᠤᠷᠤᠯᠠᠭᠤᠯᠬᠤ ᠦᠢᠯᠡᠰ ᠢᠶᠠᠨ ᠡᠬᠢᠯᠡᠭᠦᠯᠵᠦ᠂ ᠭᠠᠴᠠᠭᠠᠨ ᠤ ᠪᠠᠨ 6 ᠮᠠᠯᠵᠢᠬᠤ ᠡᠷᠦᠭᠡ ᠶᠢ ᠲᠠᠶᠢᠴᠢᠯᠠᠨ ︽ᠶᠦᠡᠭ ᠱᠸᠡᠭ︾ ᠦᠭᠡᠷ ᠪᠤᠷᠳᠤᠨ ᠲᠠᠷᠭᠤᠯᠠᠭᠤᠯᠬᠤ ᠲᠤᠰᠬᠠᠢ ᠬᠤᠷᠰᠢᠶᠠᠵᠢᠯ ᠢ ᠲᠠᠩᠰᠠᠯᠠᠭᠤᠯᠤᠨ ᠪᠠᠶᠢᠭᠤᠯᠵᠠᠢ᠃ ︽ᠠᠩᠬ᠎ᠠ ᠡᠬᠢᠯᠡᠭᠦ ᠳᠡᠭᠡᠨ ᠮᠠᠨ ᠤ ᠬᠤᠷᠰᠢᠶᠠᠵᠢᠯ ︵ᠪᠡᠶ᠎ᠠ ᠭᠦᠢᠴᠡᠭᠰᠡᠨ︶ 58 ᠦᠭᠡᠷ ᠢᠶᠠᠨ 3 ᠰᠠᠷ᠎ᠠ ᠪᠤᠷᠳᠤᠨ ᠲᠠᠷᠭᠤᠯᠠᠭᠤᠯᠤᠭᠠᠳ ᠵᠠᠬ᠎ᠠ ᠲᠡᠯᠭᠡᠭᠦᠷ ᠲᠤ ᠪᠤᠷᠤᠯᠠᠭᠤᠯᠤᠭᠰᠠᠨ ᠤ ᠲᠠᠷᠠᠭ᠎ᠠ 3 ᠲᠦᠮᠡᠨ ᠲᠦᠭᠦᠷᠢᠭ ᠤᠨ ᠴᠡᠪᠡᠷ ᠤᠷᠤᠯᠭ᠎ᠠ ᠤᠯᠤᠭᠰᠠᠨ᠃ ᠢᠡᠭᠭᠢᠵᠦ ᠲᠤᠷᠰᠢᠨ ᠬᠢᠭᠡᠳ ᠨᠡᠯᠢᠶᠡᠳ ᠠᠮᠵᠢᠯᠳᠠ ᠤᠯᠤᠭᠰᠠᠨ ᠪᠤᠯᠬᠤᠷ 2012 ᠤᠨ ᠠᠴᠠ ᠬᠤᠷᠰᠢᠶᠠᠵᠢᠯ ᠢᠶᠠᠨ ᠢᠳᠡᠭ ᠢᠳᠡᠭ ᠢᠶᠠᠷ ᠦᠷᠭᠡᠳᠭᠡᠵᠦ᠂ 2014 ᠤᠨ ᠪᠤᠯᠬᠤ ᠳᠤ ᠮᠠᠨ ᠤ ᠬᠤᠷᠰᠢᠶᠠᠵᠢᠯ ᠤᠨ ᠭᠡᠰᠢᠭᠦᠨ ᠡᠷᠦᠭᠡ 20 ᠪᠤᠯᠤᠭᠰᠠᠨ ᠶᠤᠮ︾ ᠭᠡᠵᠦ ᠱᠠᠩ ᠭᠦᠢ ᠴᠢᠩ ᠶᠠᠷᠢᠨ᠎ᠠ᠃ ᠬᠤᠷᠰᠢᠶᠠᠵᠢᠯ ᠪᠠᠶᠢᠭᠤᠯᠤᠭᠰᠠᠨ ᠤᠬᠤᠷᠬᠠᠨ ᠭᠡᠳᠦᠨ ᠵᠢᠯ ᠤᠨ ᠬᠤᠭᠤᠴᠠᠭᠠᠨ ᠳᠤ ᠬᠤᠰᠢᠭᠤᠨ ᠤ ᠪᠠᠨ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠲᠡᠮᠵᠢᠯᠭᠡ ᠶᠢ ᠤᠯᠵᠦ᠂ ᠬᠤᠷᠰᠢᠶᠠᠵᠢᠯ ᠢᠶᠠᠨ ᠪᠠᠷᠢᠮᠵᠢᠶᠠᠵᠢᠭᠤᠯᠤᠨ᠂ ᠭᠡᠪᠴᠢᠶᠡᠵᠢᠭᠦᠯᠦᠨ ᠡᠵᠡᠩᠨᠡᠵᠦ᠂ ᠬᠤᠷᠰᠢᠶᠠᠵᠢᠯ ᠤᠨ ᠢᠶᠠᠨ ᠪᠦᠭᠦ 42 ᠮᠦ ᠲᠠᠯᠠᠪᠠᠢ ᠲᠡᠭᠡᠷ᠎ᠠ ᠪᠠᠨ ᠠᠯᠪᠠᠯᠠᠬᠤ ᠲᠠᠰᠤᠭ᠂ ᠡᠪᠡᠰᠦ ᠬᠠᠳᠠᠭᠠᠯᠠᠬᠤ ᠫᠸᠡᠭ᠂ ᠨᠤᠭᠤᠭᠠᠨ ᠲᠠᠷᠤᠰᠢ ᠶᠢᠨ ᠵᠤᠭᠤᠷᠢ ᠪᠠ 500 ᠦᠭᠡᠷ ᠢ ᠪᠠᠭᠳᠠᠭᠠᠵᠦ ᠲᠠᠶᠢᠯᠭᠦ 3 ᠪᠠᠷᠢᠮᠵᠢᠶᠠᠵᠢᠭᠰᠠᠨ ᠰᠠᠷᠠᠪᠴᠢ ᠶᠢ ᠢᠵᠢ ᠪᠦᠷᠢᠳᠦᠭᠦᠯᠦᠭᠰᠡᠨ ᠪᠦᠭᠡᠳ ᠬᠢᠨᠠᠨ ᠡᠵᠡᠮᠳᠡᠭᠦᠷ᠂ ᠪᠦᠯᠢᠶᠡᠨ ᠤᠰᠤ ᠬᠠᠨᠭ᠍ᠭᠠᠬᠤ ᠲᠦᠭᠦᠭᠡᠷᠦᠮᠵᠢ᠂ ᠰᠠᠯᠬᠢ ᠨᠡᠪᠳᠡᠷᠡᠭᠦᠯᠭᠦ ᠲᠦᠭᠦᠭᠡᠷᠦᠮᠵᠢ ᠵᠡᠷᠭᠡ ᠶᠢ ᠤᠭᠰᠠᠷᠠᠨ ᠰᠠᠭᠤᠷᠢ ᠨᠦᠭᠦᠴᠡᠯ ᠢᠶᠠᠨ ᠰᠠᠶᠢᠵᠢᠷᠠᠭᠤᠯᠤᠭᠰᠠᠨ ᠢᠶᠠᠷ ᠦᠭᠡᠷ ᠪᠤᠷᠳᠤᠨ ᠲᠠᠷᠭᠤᠯᠠᠭᠤᠯᠬᠤ ᠦᠢᠯᠡᠰ ᠨᠢ ᠦᠷᠭᠦᠯᠵᠢᠯᠡᠨ ᠲᠦᠷᠢᠮᠵᠢᠨ ᠭᠦᠭᠵᠢᠵᠦ ᠪᠤᠵᠠᠭᠠᠢᠢᠷᠠᠭᠰᠠᠨ ᠠᠵᠢ᠃ ᠢᠡᠭᠭᠢᠭᠡᠳ ᠠᠩᠬ᠎ᠠ ᠡᠬᠢᠯᠡᠭᠦ ᠦᠶ᠎ᠠ ᠶᠢᠨ ᠵᠢᠷᠠᠭᠠᠳ ᠦᠭᠡᠷ ᠪᠤᠷᠳᠤᠨ ᠲᠠᠷᠭᠤᠯᠠᠭᠤᠯᠵᠦ ᠪᠠᠶᠢᠭᠰᠠᠨ ᠠᠴᠠ ᠪᠠᠨ ᠤᠳᠤ ᠪᠤᠯᠬᠤ ᠳᠤ ᠵᠢᠯ ᠪᠦᠷᠢ 400 — 500 ᠭᠠᠷᠦᠢ ᠦᠭᠡᠷ ᠪᠤᠷᠳᠤᠨ ᠲᠠᠷᠭᠤᠯᠠᠭᠤᠯᠬᠤ ᠪᠤᠯᠪᠠ᠃ ᠵᠢᠯ ᠪᠦᠷᠢ ᠶᠢᠨ 11 ᠳ᠋ᠤᠭᠡᠷ ᠰᠠᠷ᠎ᠠ ᠶᠢᠨ ᠰᠡᠭᠦᠯᠴᠢ ᠪᠠᠷ 350 — 360 ᠵᠢᠩ ᠤᠨ ᠦᠭᠡᠷ ᠢ 4000 ᠲᠦᠭᠦᠷᠢᠭ ᠤᠷᠴᠢᠮ ᠢᠶᠠᠷ ᠬᠤᠳᠠᠯᠳᠤᠨ ᠠᠪᠴᠦ᠂ 9 — 12 ᠰᠠᠷ᠎ᠠ ᠪᠤᠷᠳᠤᠨ ᠲᠠᠷᠭᠤᠯᠠᠭᠤᠯᠤᠭᠰᠠᠨ ᠤ ᠪᠠᠨ ᠲᠠᠷᠠᠭ᠎ᠠ ᠪᠡᠶ᠎ᠠ ᠶᠢᠨ ᠭᠦᠨᠳᠦ ᠨᠢ ᠨᠡᠮᠡᠭᠳᠡᠭᠡᠳ 1200 ᠵᠢᠩ ᠭᠦᠷᠦᠨ᠎ᠠ᠂ ᠵᠠᠬ᠎ᠠ ᠲᠡᠯᠭᠡᠭᠦᠷ ᠤᠨ ᠦᠨ᠎ᠠ ᠪᠠᠷ ᠪᠤᠷᠤᠯᠠᠭᠤᠯᠪᠠᠯ ᠨᠢᠭᠡ ᠦᠭᠡᠷ 13000 ᠲᠦᠮᠡᠨ ᠲᠦᠭᠦᠷᠢᠭ ᠭᠦᠷᠳᠡᠭ᠂ ᠪᠤᠷᠳᠤᠨ ᠲᠠᠷᠭᠤᠯᠠᠭᠤᠯᠤᠭᠰᠠᠨ ᠡᠨᠡ ᠲᠡᠷᠡ ᠵᠠᠷᠤᠳᠠᠯ ᠢᠶᠠᠨ ᠭᠠᠷᠭᠠᠪᠠᠯ ᠨᠢᠭᠡ ᠦᠭᠡᠷ ᠠᠴᠠ 3000 ᠲᠦᠭᠦᠷᠢᠭ ᠤᠨ ᠴᠡᠪᠡᠷ ᠤᠷᠤᠯᠭ᠎ᠠ ᠤᠯᠳᠠᠭ᠃ ᠲᠦᠷᠦᠭᠦᠦ ᠬᠤᠶᠠᠷ ᠵᠢᠯ ᠢᠶᠠᠷ ᠪᠤᠳᠤᠪᠠᠯ᠂ ᠤᠷᠵᠢᠨᠤᠨ ᠵᠢᠯ 540 ᠦᠭᠡᠷ ᠵᠠᠷᠤᠴᠠᠭᠤᠯᠤᠭᠠᠳ 64 ᠲᠦᠮᠡᠨ ᠲᠦᠭᠦᠷᠢᠭ ᠤᠨ ᠤᠷᠤᠯᠭ᠎ᠠ ᠡᠭᠦᠳᠦᠭᠰᠡᠨ ᠪᠤᠯ ᠨᠢᠳᠦᠨᠦᠨ 400 ᠦᠭᠡᠷ ᠵᠠᠷᠤᠴᠠᠭᠤᠯᠤᠭᠠᠳ 50 ᠭᠠᠷᠦᠢ ᠲᠦᠮᠡᠨ ᠲᠦᠭᠦᠷᠢᠭ ᠤᠨ ᠤᠷᠤᠯᠭ᠎ᠠ ᠡᠭᠦᠳᠴᠠᠢ᠃         ᠦᠭᠡᠷ ᠪᠤᠷᠳᠤᠨ ᠲᠠᠷᠭᠤᠯᠠᠭᠤᠯᠵᠦ ᠬᠤᠳᠠᠯᠳᠤᠪᠠᠯ ᠦᠷ᠎ᠠ ᠠᠰᠢᠭ ᠢᠶᠠᠷ ᠰᠠᠶᠢᠨ ᠪᠤᠯᠪᠠᠴᠦ ᠦᠭᠡᠷ ᠢᠶᠠᠨ ᠦᠪᠡᠷᠳᠡᠭᠡᠨ ᠠᠯᠠᠵᠦ ᠨᠢᠳᠤᠯᠤᠨ᠂ ᠮᠢᠬ᠎ᠠ ᠶᠢ ᠨᠢ ᠬᠠᠳᠠᠭᠠᠵᠦ ᠪᠤᠷᠴᠠ ᠪᠤᠷᠤᠯᠠᠭᠤᠯᠪᠠᠯ ᠰᠢᠭᠤᠳ ᠪᠤᠷᠤᠯᠠᠭᠤᠯᠤᠭᠰᠠᠨ ᠠᠴᠠ ᠨᠡᠩ ᠢᠯᠡᠭᠦᠦ ᠦᠨ᠎ᠠ ᠳᠤ ᠭᠦᠷᠦᠨ᠎ᠠ ᠭᠡᠳᠡᠭ ᠢ ᠵᠠᠬ᠎ᠠ ᠲᠡᠯᠭᠡᠭᠦᠷ ᠤᠨ ᠭᠡᠷᠡᠭᠴᠡᠭᠡ ᠱᠠᠭᠠᠷᠳᠠᠯᠭ᠎ᠠ ᠳᠤ ᠰᠡᠷᠭᠡᠭ ᠲᠠᠨᠢᠯᠳᠠ ᠲᠠᠢ ᠱᠠᠩ ᠭᠦᠢ ᠴᠢᠩ ᠤᠬᠠᠭᠠᠷᠠᠵᠦ᠂ ᠨᠢᠭᠡ ᠲᠠᠯ᠎ᠠ ᠪᠠᠷ ᠦᠭᠡᠷ ᠪᠤᠷᠳᠤᠨ ᠲᠠᠷᠭᠤᠯᠠᠭᠤᠯᠵᠦ ᠪᠤᠷᠤᠯᠠᠭᠤᠯᠬᠤ ᠶᠢᠨ ᠲᠠᠭᠠᠦ ᠨᠦᠭᠦᠭᠡ ᠲᠠᠯ᠎ᠠ ᠪᠠᠷ ᠦᠭᠡᠷ ᠤᠨ ᠮᠢᠬ᠎ᠠ ᠨᠠᠷᠢᠯᠢᠭ ᠡᠳ᠋ᠰᠢᠭᠦᠯᠵᠦ ᠬᠤᠳᠠᠯᠳᠤᠬᠤ ᠪᠤᠯᠵᠠᠢ᠃ ᠡᠭᠦᠨ ᠤ ᠪᠠᠨ ᠲᠤᠬᠠᠢ᠄ ︽ᠨᠢᠭᠡ ᠦᠭᠡᠷ ᠠᠴᠠ ᠪᠠᠷᠤᠭ 50 — 60 ᠺᠢᠯᠦᠭᠷᠠᠮ ᠪᠤᠷᠴᠠ ᠭᠠᠷᠤᠨ᠎ᠠ᠂ ᠵᠠᠬ᠎ᠠ ᠲᠡᠯᠭᠡᠭᠦᠷ ᠤᠨ ᠦᠨ᠎ᠠ ᠪᠠᠷ ᠨᠢᠭᠡ ᠵᠢᠩ ᠢ 150 ᠲᠦᠭᠦᠷᠢᠭ ᠢᠶᠠᠷ ᠬᠤᠳᠠᠯᠳᠤᠬᠤ ᠳᠤ 15000 ᠲᠦᠭᠦᠷᠢᠭ ᠤᠷᠴᠢᠮ ᠤᠷᠤᠯᠭ᠎ᠠ ᠤᠯᠵᠦ᠂ ᠡᠨᠡ ᠨᠢ ᠠᠮᠢᠳᠦ ᠪᠠᠷ ᠬᠤᠳᠠᠯᠳᠤᠭᠰᠠᠨ ᠠᠴᠠ 2000 — 3000 ᠲᠦᠭᠦᠷᠢᠭ ᠢᠯᠡᠭᠦᠦ ᠤᠷᠤᠯᠭ᠎ᠠ ᠲᠠᠢ᠃ ᠤᠳᠤᠬᠠᠨ ᠪᠢᠳᠡᠨ ᠳᠤ ᠲᠤᠯᠭᠠᠷᠠᠵᠦ ᠪᠠᠶᠢᠭ᠎ᠠ ᠠᠰᠠᠭᠤᠳᠠᠯ ᠪᠤᠯ ᠪᠤᠷᠤᠯᠠᠭᠤᠯᠭ᠎ᠠ ᠶᠢᠨ ᠠᠷᠭ᠎ᠠ ᠵᠠᠮ ᠢᠶᠠᠨ ᠨᠡᠩ ᠦᠷᠭᠡᠳᠭᠡᠭᠦ ᠶᠠᠪᠤᠳᠠᠯ ᠪᠤᠯᠤᠨ᠎ᠠ᠂ ᠪᠢᠳᠡ ᠡᠨᠡ ᠲᠠᠯ᠎ᠠ ᠪᠠᠷ ᠪᠠᠰᠠ ᠦᠷᠭᠦᠯᠵᠢᠯᠡᠨ ᠰᠦᠪᠡᠭᠴᠢᠯᠡᠭᠰᠡᠭᠡᠷ ᠶᠤᠮ︾ ᠭᠡᠵᠦ ᠱᠠᠩ ᠭᠦᠢ ᠴᠢᠩ ᠶᠠᠷᠢᠨ᠎ᠠ᠃       ᠬᠤᠷᠰᠢᠶᠠᠵᠢᠯ ᠨᠢ ᠦᠷᠭᠦᠯᠵᠢᠯᠡᠨ ᠭᠦᠭᠵᠢᠨ ᠪᠤᠵᠠᠭᠠᠢᠢᠷᠠᠬᠤ ᠶᠢ ᠲᠠᠭᠠᠯᠳᠤᠨ᠂ ᠬᠤᠷᠰᠢᠶᠠᠵᠢᠯ ᠤᠨ ᠭᠡᠰᠢᠭᠦᠨ ᠠᠴᠠ ᠭᠠᠳᠠᠨ᠎ᠠ ᠭᠠᠴᠠᠭᠠᠨ ᠤ ᠪᠠᠨ 8 ᠡᠷᠦᠭᠡ ᠶᠢ ᠲᠠᠶᠢᠴᠢᠯᠠᠨ ᠠᠵᠢᠯ ᠤᠯᠭᠤᠵᠦ᠂ ᠲᠡᠳᠡᠨ ᠤ ᠮᠠᠯᠵᠢᠯ ᠤᠨ ᠪᠤᠰᠤ ᠤᠷᠤᠯᠭ᠎ᠠ ᠶᠢ ᠨᠢ ᠨᠡᠮᠡᠭᠳᠡᠭᠦᠯᠦᠨ ᠬᠠᠮᠳᠤᠪᠡᠷ ᠴᠢᠨᠡᠭᠡᠯᠢᠭᠵᠢᠭᠦ ᠳᠤ ᠭᠦᠴᠦᠨ ᠴᠢᠳᠠᠯ ᠢᠶᠠᠨ ᠡᠷᠭᠦᠭᠰᠡᠭᠡᠷ᠃ ᠬᠤᠷᠰᠢᠶᠠᠵᠢᠯ ᠳᠤ ᠠᠵᠢᠯᠯᠠᠵᠦ ᠪᠠᠶᠢᠭ᠎ᠠ ᠮᠠᠯᠴᠢᠨ ᠠᠯᠳᠠᠨᠰᠦ᠋ᠭᠡ᠄ ︽ᠤᠢᠢᠷ᠎ᠠ ᠶᠢᠨ ᠵᠢᠯ ᠮᠠᠯ ᠤᠨ ᠦᠨ᠎ᠠ ᠬᠠᠨᠭ᠍ᠰᠢ ᠮᠠᠭᠤ ᠲᠡᠭᠡᠷ᠎ᠠ ᠪᠤᠳᠠᠰ ᠤᠨ ᠦᠨ᠎ᠠ ᠬᠠᠨᠭ᠍ᠰᠢ ᠨᠡᠮᠡᠭᠳᠡᠨ᠂ ᠮᠠᠨᠠᠶᠢᠬᠢᠨ ᠤ ᠬᠢ ᠰᠢᠭ ᠴᠦᠭᠡᠪᠦᠷᠢ ᠭᠡᠳᠦᠨ ᠮᠠᠯ ᠲᠠᠢ ᠠᠶᠢᠯ ᠳᠤ ᠲᠤᠩ ᠶᠡᠭᠡ ᠲᠠᠷᠤᠭᠠᠰᠦ ᠪᠤᠯᠤᠭᠰᠠᠨ᠂ ᠤᠳᠤ ᠬᠤᠷᠰᠢᠶᠠᠵᠢᠯ ᠳᠤ ᠢᠷᠡᠵᠦ ᠠᠵᠢᠯᠯᠠᠭᠠᠳ ᠰᠠᠷ᠎ᠠ ᠶᠢᠨ 2300 ᠲᠦᠭᠦᠷᠢᠭ ᠤᠨ ᠴᠠᠯᠢᠩ ᠲᠠᠢ᠂ ᠭᠤᠤᠯᠳᠠᠭᠤ ᠡᠪᠡᠰᠦ ᠲᠠᠯᠬᠠᠳᠠᠵᠦ ᠲᠡᠭᠡᠭᠡᠭᠦ ᠠᠵᠢᠯ ᠬᠢᠨ᠎ᠠ᠂ ᠠᠵᠢᠯ ᠭᠦᠡᠭᠭᠡᠨ ᠮᠦᠷᠳᠡᠭᠡᠨ ᠰᠠᠷ᠎ᠠ ᠪᠦᠷᠢ ᠶᠢᠨ ᠲᠤᠭᠳᠠᠭᠤᠨ ᠤᠷᠤᠯᠭ᠎ᠠ ᠲᠠᠢ︾ ᠭᠡᠵᠦ ᠪᠠᠶᠠᠷᠯᠠᠨ ᠶᠠᠷᠢᠨ᠎ᠠ᠃ ᠡᠭᠦᠨ ᠠᠴᠠ ᠭᠠᠳᠠᠨ᠎ᠠ ᠬᠤᠷᠰᠢᠶᠠᠵᠢᠯ ᠨᠢ ᠪᠠᠰᠠ ᠵᠢᠯ ᠪᠦᠷᠢ ᠶᠢᠨ ᠨᠤᠭᠤᠭᠠᠨ ᠲᠠᠷᠤᠰᠢ ᠶᠢ ᠡᠷᠬᠢᠨ ᠲᠤᠭᠤᠷᠢᠨ ᠤ ᠪᠠᠨ ᠮᠠᠯᠴᠢᠳ ᠠᠴᠠ ᠬᠤᠳᠠᠯᠳᠤᠨ ᠠᠪᠳᠠᠭ ᠪᠤᠯᠬᠤᠷ ᠮᠠᠯᠴᠢᠳ ᠤᠨ ᠤᠷᠤᠯᠭ᠎ᠠ ᠶᠢ ᠨᠡᠮᠡᠭᠳᠡᠭᠦᠯᠭᠦ ᠳᠤ ᠪᠠᠭ᠎ᠠ ᠪᠤᠰᠤ ᠲᠡᠮᠵᠢᠯᠭᠡ ᠦᠵᠡᠭᠦᠯᠵᠦ ᠪᠢᠯᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号