ᠰᠦᠨᠢᠳ ᠪᠠᠷᠠᠭᠤᠨ ᠬᠤᠰᠢᠭᠤ ᠤᠳᠤᠬᠠᠨ ᠪᠤᠯᠳᠠᠯ᠎ᠠ 88.28 ᠲᠦᠮᠡᠨ ᠮᠠᠯ ᠵᠠᠷᠤᠴᠠᠭᠤᠯᠪᠠ
ᠨᠡᠶᠢᠲᠡᠯᠡᠭᠰᠡᠨ ᠴᠠᠭ᠄
2016/10/13
    ᠰᠦᠨᠢᠳ ᠪᠠᠷᠠᠭᠤᠨ ᠬᠤᠰᠢᠭᠤ ᠠᠮᠢᠳᠦ ᠮᠠᠯ ᠤᠨ ᠰᠤᠯᠢᠯᠴᠠᠭᠠᠨ ᠤ ᠵᠠᠬ᠎ᠠ ᠪᠠᠶᠢᠭᠤᠯᠬᠤ᠂ ᠤᠯᠠᠭᠠᠨ ᠢᠲᠡᠭᠡᠨ ᠤ ᠠᠵᠤ ᠠᠬᠤᠢᠢᠯᠠᠯ ᠳᠤ ᠪᠡᠯᠡ ᠮᠥᠡᠭᠭᠦ ᠵᠤᠬᠢᠴᠠᠭᠤᠯᠬᠤ᠂ ᠭᠠᠳᠠᠨ᠎ᠠ ᠠᠴᠠ ᠡᠪᠡᠰᠦ ᠪᠤᠷᠳᠤᠭ᠎ᠠ ᠬᠠᠷᠢᠯᠴᠠᠬᠤ ᠵᠡᠷᠭᠡ ᠤᠯᠠᠨ ᠵᠦᠢᠯ ᠤᠨ ᠠᠷᠭ᠎ᠠ ᠭᠡᠮᠵᠢᠶ᠎ᠡ ᠪᠠᠷ ᠲᠠᠮᠵᠢᠭᠤᠯᠤᠨ᠂ ᠮᠠᠯᠴᠢᠳ ᠤᠨ ᠮᠠᠯ ᠵᠠᠷᠤᠴᠠᠭᠤᠯᠵᠦ ᠡᠪᠡᠰᠦ ᠪᠤᠷᠳᠤᠭ᠎ᠠ ᠨᠦᠭᠡᠴᠡᠯᠡᠭᠦ ᠠᠵᠢᠯ ᠢ ᠪᠦᠭᠦ ᠭᠦᠴᠦᠨ ᠢᠶᠠᠷ ᠠᠬᠢᠭᠤᠯᠵᠥ ᠪᠠᠶᠢᠨ᠎ᠠ᠃       ᠲᠤᠰ ᠬᠤᠰᠢᠭᠤᠨ ᠤ ᠮᠠᠯ ᠲᠠᠷᠢᠶᠠᠯᠠᠩ ᠤᠨ ᠦᠢᠯᠡᠰ ᠤᠨ ᠭᠦᠷᠢᠶᠠᠯᠠᠩ ᠪᠤᠯ ᠲᠤᠬᠠᠢ ᠶᠢᠨ ᠭᠠᠵᠠᠷ ᠤᠨ ᠢᠶᠠᠨ ᠬᠠᠮᠤᠭ ᠲᠤᠮᠤ ᠠᠮᠢᠳᠦ ᠮᠠᠯ ᠤᠨ ᠰᠤᠯᠢᠯᠴᠠᠭᠠᠨ ᠤ ᠵᠠᠬ᠎ᠠ ᠪᠤᠯᠬᠤ ᠪᠦᠭᠡᠳ 6 ᠰᠤᠯᠢᠯᠴᠠᠭᠠᠨ ᠤ ᠲᠠᠪᠴᠠᠩ ᠲᠠᠢ᠂ ᠱᠠᠨ ᠰᠢ᠂ ᠡᡁᠧᠨᠠᠨ᠂ ᠡᡁᠧᠪᠸᠢ᠂ ᠭᠠᠨᠰᠦ᠂ ᠨᠢᠩᠰᠢᠶᠠ᠂ ᠵᠢᠶᠠᠩᠰᠦ᠂ ᠬᠠᠶᠢᠨᠠᠨ ᠵᠡᠷᠭᠡ 20 ᠭᠠᠷᠦᠢ ᠭᠠᠵᠠᠷ ᠤᠷᠤᠨ ᠤ ᠮᠠᠶᠢᠮᠠᠶᠢᠴᠢᠨ ᠠᠳᠡ ᠢᠷᠡᠵᠦ ᠵᠠᠬ᠎ᠠ ᠲᠡᠯᠭᠡᠭᠦᠷ ᠠᠴᠠ ᠦᠨᠳᠦᠷ ᠦᠨ᠎ᠠ ᠪᠠᠷ ᠮᠠᠯᠴᠢᠳ ᠤᠨ ᠬᠤᠨᠢ ᠶᠢ ᠬᠤᠳᠠᠯᠳᠤᠨ ᠠᠪᠳᠠᠭ ᠤᠴᠢᠷ ᠠᠴᠠ ᠮᠠᠯᠴᠢᠳ ᠤᠨ ᠬᠤᠨᠢ ᠮᠠᠯ ᠢᠶᠠᠨ ᠵᠠᠷᠤᠴᠠᠭᠤᠯᠬᠤ ᠳᠤ ᠲᠤᠩ ᠲᠦᠭᠦᠮ ᠦᠵᠡᠭᠦᠯᠵᠦ ᠪᠠᠶᠢᠨ᠎ᠠ᠃ ᠤᠢᠢᠷ᠎ᠠ ᠳᠤ ᠠᠳᠡ ᠤᠨᠴᠠ ᠶᠢᠨ ᠭᠦᠭᠵᠢᠶᠡᠨᠳᠠᠢ ᠪᠠᠶᠢᠵᠦ᠂ ᠮᠠᠯ ᠵᠠᠷᠤᠴᠠᠭᠤᠯᠬᠤ ᠮᠠᠯᠴᠢᠳ ᠡᠳᠦᠷ ᠠᠴᠠ ᠡᠳᠦᠷ ᠤᠯᠠᠰᠢᠷᠠᠵᠦ ᠪᠠᠶᠢᠯ᠎ᠠ᠃ ᠡᠷᠢᠶᠠᠨᠨᠠᠭᠤᠷ ᠰᠤᠮᠤ ᠶᠢᠨ ᠵᠢᠪᠬᠤᠯᠠᠩᠳᠦ ᠭᠠᠴᠠᠭᠠᠨ ᠤ ᠮᠠᠯᠴᠢᠨ ᠵᠠᠩ ᠹᠸᠢ 24 ᠬᠤᠨᠢ ᠪᠠᠨ ᠬᠤᠳᠠᠯᠳᠤᠬᠤ ᠪᠠᠷ ᠢᠷᠡᠵᠠᠢ᠃ ᠲᠡᠷᠡ ᠬᠤᠨᠢ ᠪᠠᠨ ᠭᠦᠢᠳᠡᠡ ᠭᠦᠮᠦᠷᠭᠡ ᠳᠤ ᠬᠤᠳᠠᠯᠳᠤᠬᠤ ᠪᠠᠷ ᠲᠦᠯᠦᠪᠯᠡᠵᠦ ᠪᠠᠶᠢᠭᠰᠠᠨ ᠪᠤᠯᠪᠠᠴᠦ ᠭᠠᠷᠲᠠᠮ ᠬᠥᠢᠴᠡᠳᠭᠡᠯ ᠤᠯᠠᠨ ᠪᠤᠯᠬᠤᠷ ᠠᠮᠢᠳᠦ ᠮᠠᠯ ᠤᠨ ᠰᠤᠯᠢᠯᠴᠠᠭᠠᠨ ᠤ ᠵᠠᠬ᠎ᠠ ᠳᠤ ᠢᠷᠡᠵᠦ ᠬᠤᠳᠠᠯᠳᠤᠬᠰᠠᠨ ᠠᠵᠢ᠃ ︽ᠠᠳᠡ ᠬᠤᠳᠠᠯᠳᠤᠪᠠᠯ ᠭᠠᠷᠳᠠᠮ ᠬᠥᠢᠴᠡᠳᠭᠡᠯ ᠴᠦᠭᠡᠨ᠂ ᠭᠡᠷ ᠠᠴᠠ ᠴᠦ ᠤᠢᠢᠷᠠᠬᠠᠨ ᠤᠴᠢᠷ ᠠᠴᠠ ᠦᠪᠡᠷ ᠤᠨ ᠵᠠᠪ ᠴᠢᠯᠦᠬᠡ ᠪᠠᠨ ᠦᠵᠡᠵᠤ ᠪᠠᠶᠢᠭᠠᠳ ᠬᠤᠨᠢ ᠪᠠᠨ ᠠᠪᠴᠢᠷᠠᠵᠦ ᠬᠤᠳᠠᠯᠳᠤᠴᠢᠬᠠᠨ᠎ᠠ᠂ ᠦᠨ᠎ᠠ ᠬᠠᠨᠭ᠍ᠰᠢ ᠴᠦ ᠲᠤᠬᠢᠷᠠᠮᠵᠢᠳᠠᠢ ᠤᠴᠢᠷ ᠠᠴᠠ ᠪᠢᠳᠡᠨ ᠳᠤ ᠲᠤᠩ ᠶᠡᠭᠡ ᠲᠡᠮᠵᠢᠯᠭᠡ ᠪᠤᠯᠤᠯ᠎ᠠ︾ ᠭᠡᠵᠦ ᠲᠡᠷᠡ ᠶᠠᠷᠢᠨ᠎ᠠ᠃ ᠠᠴᠠᠳᠤᠬᠭᠤᠯᠠ ᠰᠤᠮᠤ ᠶᠢᠨ ᠡᠷᠳᠡᠨᠢᠪᠤᠯᠠᠭ ᠭᠠᠴᠠᠭᠠᠨ ᠤ ᠮᠠᠯᠴᠢᠨ ᠬᠤᠪᠢᠰᠬᠠᠯᠳᠦ ᠦᠷᠯᠦᠭᠡ ᠡᠷᠳᠡ 110 ᠬᠤᠨᠢ ᠪᠠᠨ ᠬᠤᠳᠠᠯᠳᠤᠬᠤ ᠪᠠᠷ ᠢᠷᠡᠭᠡᠳ ᠤᠳᠠᠭᠰᠠᠨ ᠦᠬᠡᠢ ᠪᠠᠶᠠᠨᠨᠠᠭᠤᠷ ᠤᠨ ᠮᠠᠶᠢᠮᠠᠶᠢᠴᠢᠨ ᠳᠤ ᠬᠤᠳᠠᠯᠳᠤᠬᠤ ᠪᠠᠷ ᠲᠤᠭᠳᠠᠭᠰᠠᠨ ᠪᠠᠶᠢᠪᠠ᠃       ᠠᠮᠢᠳᠦ ᠮᠠᠯ ᠤᠨ ᠰᠤᠯᠢᠯᠴᠠᠭᠠᠨ ᠤ ᠵᠠᠬ᠎ᠠ ᠲᠠᠢ ᠪᠤᠯᠤᠭᠰᠠᠨ ᠨᠢ ᠮᠠᠯᠴᠢᠳ ᠤᠨ ᠮᠠᠯ ᠵᠠᠷᠤᠴᠠᠭᠤᠯᠬᠤ ᠳᠤ ᠪᠠᠰᠠ ᠨᠢᠭᠡᠨ ᠵᠠᠮ ᠤᠯᠭᠤᠭᠰᠠᠨ ᠢᠶᠠᠷ ᠪᠠᠷᠠᠬᠤ ᠦᠭᠡᠢ᠂ ᠡᠯ᠎ᠠ ᠭᠦᠢᠳᠡᠡ ᠭᠦᠮᠦᠷᠭᠡ ᠴᠦ ᠬᠤᠰᠢᠭᠤᠨ ᠤ ᠬᠠᠮᠢᠶ᠎ᠠ ᠪᠦᠭᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠᠷ ᠪᠡᠯᠡ ᠮᠦᠡᠭᠭᠦᠨ ᠤ ᠲᠤᠳᠠᠭᠤᠳᠠᠯ ᠢᠶᠠᠨ ᠨᠦᠭᠦᠪᠦᠷᠢᠯᠡᠵᠦ᠂ ᠮᠠᠯᠴᠢᠳ ᠤᠨ ᠬᠤᠨᠢ ᠶᠢ ᠶᠡᠭᠡ ᠭᠡᠮᠵᠢᠶ᠎ᠠ ᠪᠠᠷ ᠬᠤᠳᠠᠯᠳᠤᠨ ᠠᠪᠴᠦ ᠤᠷᠤᠯᠭ᠎ᠠ ᠶᠢ ᠨᠢ ᠨᠡᠮᠡᠭᠳᠡᠭᠦᠯᠵᠦ ᠪᠤᠢ᠃ ᠤᠳᠤᠬᠠᠨ ᠪᠤᠯᠳᠠᠯ᠎ᠠ ᠲᠤᠰ ᠬᠤᠰᠢᠭᠤ ᠨᠡᠶᠢᠳᠡ 88.28 ᠲᠦᠮᠡᠨ ᠪᠤᠳᠠ ᠪᠤᠭ ᠮᠠᠯ ᠵᠠᠷᠤᠴᠠᠭᠤᠯᠵᠦ᠂ 6530 ᠲᠦᠮᠡᠨ ᠺᠢᠯᠦᠭᠷᠠᠮ ᠡᠪᠡᠰᠦ ᠬᠠᠳᠤᠵᠦ ᠨᠥᠭᠡᠴᠡᠯᠡᠵᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号