ᠰᠢᠯᠦᠭᠤᠨ ᠬᠦᠬᠡ ᠬᠤᠰᠢᠭᠤᠨ ᠤ ᠤᠯᠤᠰ ᠤᠨ ᠮᠢᠬ᠎ᠠ ᠨᠤᠤᠰᠤᠨ ᠤ ᠬᠤᠤᠰ ᠬᠡᠷᠡᠭᠴᠡᠭᠡᠳᠤ ᠨᠠᠷᠢᠨ ᠨᠤᠤᠰᠤᠳᠤ ᠬᠤᠨᠢ ᠳᠡᠵᠢᠭᠡᠨ ᠦᠷᠡᠵᠢᠬᠦᠯᠬᠦ ᠳᠠᠷᠢᠶᠠᠯᠠᠩ ᠤᠨ ᠪᠠᠷᠢᠮᠵᠢᠶᠠᠵᠢᠬᠰᠠᠨ ᠵᠢᠱᠢᠶ᠎ᠠ ᠦᠵᠡᠬᠦᠯᠬᠦ ᠳᠤᠭᠤᠷᠢᠭ ᠰᠢᠯᠭᠠᠨ ᠪᠠᠶᠢᠴᠠᠭᠠᠯᠳᠠ ᠳᠤ ᠬᠢᠷᠢ ᠳᠡᠩᠴᠡᠯ᠎ᠠ
ᠨᠡᠶᠢᠲᠡᠯᠡᠭᠰᠡᠨ ᠴᠠᠭ᠄
2016/10/13
    ᠤᠢᠢᠷ᠎ᠠ ᠶᠢᠨ ᠡᠳᠤᠷ᠂ ᠤᠯᠤᠰ ᠤᠨ ᠪᠠᠷᠢᠮᠵᠢᠶᠠᠵᠢᠭᠰᠠᠨ ᠬᠠᠮᠢᠶᠠᠷᠤᠯᠳᠠ ᠶᠢᠨ ᠠᠵᠢᠯ ᠤᠨ ᠵᠦᠪᠯᠡᠯ ᠦᠪᠦᠷ ᠮᠤᠩᠭᠤᠯ ᠤᠨ ᠶᠠᠰᠤ ᠴᠢᠨᠠᠷ ᠲᠤ ᠬᠢᠨᠠᠯᠳᠠ ᠳᠠᠯᠪᠢᠬᠤ ᠳᠤᠪᠴᠢᠶ᠎ᠠ ᠳᠤ ᠨᠠᠶᠢᠳᠠᠵᠤ᠂ ᠰᠢᠯᠦᠭᠤᠨ ᠬᠦᠬᠡ ᠬᠤᠰᠢᠭᠤᠨ ᠤ ᠤᠯᠤᠰ ᠤᠨ ᠮᠢᠬ᠎ᠠ ᠨᠤᠤᠰᠤᠨ ᠤ ᠬᠤᠤᠰ ᠬᠡᠷᠡᠭᠴᠡᠭᠡᠳᠤ ᠨᠠᠷᠢᠨ ᠨᠤᠤᠰᠤᠳᠤ ᠬᠤᠨᠢ ᠳᠡᠵᠢᠭᠡᠨ ᠦᠷᠡᠵᠢᠬᠦᠯᠬᠦ ᠮᠠᠯ ᠠᠵᠤ ᠠᠬᠤᠢ ᠶᠢᠨ ᠪᠠᠷᠢᠮᠵᠢᠶᠠᠵᠢᠭᠰᠠᠨ ᠵᠢᠱᠢᠶ᠎ᠠ ᠦᠵᠡᠬᠦᠯᠬᠦ ᠳᠤᠭᠤᠷᠢᠭ ᠲᠤ ᠬᠢᠨᠠᠨ ᠲᠤᠭᠳᠠᠭᠠᠯ ᠬᠢᠵᠦ ᠰᠢᠯᠭᠠᠨ ᠪᠠᠶᠢᠴᠠᠭᠠᠭᠰᠠᠨ ᠪᠠᠶᠢᠨ᠎ᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠳᠤᠪᠴᠢᠶᠠᠨ ᠤ ᠳᠤᠰᠬᠠᠢ ᠮᠡᠷᠭᠡᠵᠢᠯᠳᠡᠨ ᠤ ᠳᠤᠭᠤᠢᠢᠯᠠᠩ ᠳᠤᠰ ᠬᠤᠰᠢᠭᠤᠨ ᠤ ︽5 · 1︾ ᠮᠠᠯᠵᠢᠯ ᠤᠨ ᠳᠠᠯᠠᠪᠠᠢ ᠶᠢᠨ ᠦᠪᠦᠷ ᠮᠤᠩᠭᠤᠯ ᠤᠨ ᠨᠠᠷᠢᠨ ᠨᠤᠤᠰᠤᠳᠤ ᠬᠤᠨᠢᠨ ᠤ ᠶᠡᠷᠦᠩᠬᠡᠶᠢᠯᠡᠭᠰᠡᠨ ᠪᠠᠷᠢᠮᠵᠢᠶᠠᠵᠢᠬᠰᠠᠨ ᠵᠢᠱᠢᠶ᠎ᠠ ᠦᠵᠡᠬᠦᠯᠬᠦ ᠲᠦᠷᠦᠯ ᠵᠦᠢᠯ ᠢ ᠰᠢᠯᠭᠠᠨ ᠪᠠᠶᠢᠴᠠᠭᠠᠵᠠᠢ᠃ ᠳᠤᠰ ᠳᠤᠭᠤᠢᠢᠯᠠᠩ ᠤᠨ ᠪᠤᠳᠠᠳᠠᠢ ᠭᠠᠵᠠᠷ ᠲᠤᠨᠢ ᠬᠦᠷᠴᠤ ᠪᠠᠶᠢᠴᠠᠭᠠᠬᠤ᠂ ᠨᠠᠷᠢᠨ ᠨᠤᠤᠰᠤᠳᠤ ᠬᠤᠨᠢ ᠶᠢ ᠬᠢᠨᠠᠨ ᠳᠤᠬᠳᠠᠭᠠᠬᠤ᠂ ᠬᠤᠨᠢᠨ ᠨᠤᠤᠰᠤ ᠬᠢᠨᠠᠨ ᠳᠤᠬᠳᠠᠭᠠᠬᠤ᠂ ᠨᠠᠷᠢᠨ ᠨᠤᠤᠰᠤ ᠳᠡᠮᠳᠡᠭᠯᠡᠵᠤ ᠬᠤᠪᠢᠶᠠᠵᠤ ᠰᠤᠩᠭᠤᠬᠤ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠳᠤᠰ ᠳᠠᠯᠠᠪᠠᠢ ᠶᠢᠨ ᠦᠪᠦᠷ ᠮᠤᠩᠭᠤᠯ ᠤᠨ ᠨᠠᠷᠢᠨ ᠨᠤᠤᠰᠤᠳᠤ ᠬᠤᠨᠢᠨ ᠤ ᠶᠡᠷᠦᠩᠬᠡᠶᠢᠯᠡᠭᠰᠡᠨ ᠪᠠᠷᠢᠮᠵᠢᠶᠠᠵᠢᠬᠰᠠᠨ ᠵᠢᠱᠢᠶ᠎ᠠ ᠦᠵᠡᠬᠦᠯᠬᠦ ᠲᠦᠷᠦᠯ ᠵᠦᠢᠯ ᠨᠢ ᠬᠠᠮᠤᠭ ᠡᠴᠤᠰ ᠲᠤ 81 ᠬᠤᠪᠢ ᠤᠯᠵᠤ᠂ ᠰᠢᠯᠭᠠᠨ ᠪᠠᠶᠢᠴᠠᠭᠠᠯᠳᠠ ᠳᠤ ᠬᠢᠷᠢ ᠳᠡᠩᠴᠡᠭᠰᠡᠨ ᠪᠠᠶᠢᠨ᠎ᠠ᠃    ᠤᠯᠤᠰ ᠤᠨ ᠮᠢᠬ᠎ᠠ ᠨᠤᠤᠰᠤᠨ ᠤ ᠬᠤᠤᠰ ᠬᠡᠷᠡᠭᠴᠡᠭᠡᠳᠤ ᠨᠠᠷᠢᠨ ᠨᠤᠤᠰᠤᠳᠤ ᠬᠤᠨᠢ ᠳᠡᠵᠢᠭᠡᠨ ᠦᠷᠡᠵᠢᠬᠦᠯᠬᠦ ᠮᠠᠯ ᠠᠵᠤ ᠠᠬᠤᠢ ᠶᠢᠨ ᠪᠠᠷᠢᠮᠵᠢᠶᠠᠵᠢᠬᠰᠠᠨ ᠵᠢᠱᠢᠶ᠎ᠠ ᠦᠵᠡᠬᠦᠯᠬᠦ ᠳᠤᠭᠤᠷᠢᠭ ᠢ 2014 ᠤᠨ ᠳᠤ ᠤᠯᠤᠰ ᠤᠨ ᠪᠠᠷᠢᠮᠵᠢᠶᠠᠵᠢᠭᠰᠠᠨ ᠬᠠᠮᠢᠶᠠᠷᠤᠯᠳᠠ ᠶᠢᠨ ᠠᠵᠢᠯ ᠤᠨ ᠵᠦᠪᠯᠡᠯ ᠠᠴᠠ ᠨᠠᠢᠮᠠᠳᠤᠭᠠᠷ ᠤᠳᠠᠭᠠᠨ ᠤ ᠤᠯᠤᠰ ᠤᠨ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠪᠠᠷᠢᠮᠵᠢᠶᠠᠵᠢᠬᠰᠠᠨ ᠵᠢᠱᠢᠶ᠎ᠠ ᠦᠵᠡᠬᠦᠯᠬᠦ ᠲᠦᠷᠦᠯ ᠵᠦᠢᠯ ᠢᠶᠠᠷ ᠳᠤᠬᠳᠠᠭᠠᠵᠤ᠂ ᠰᠢᠯᠦᠭᠤᠨ ᠬᠦᠬᠡ ᠬᠤᠰᠢᠭᠤᠨ ᠤ ︽5 · 1︾ ᠳᠡᠵᠢᠬᠡᠨ ᠦᠷᠡᠵᠢᠬᠦᠯᠬᠦ ᠳᠠᠯᠠᠪᠠᠢ ᠳᠠᠭᠠᠭᠠᠴᠢᠯᠠᠨ ᠡᠷᠬᠢᠯᠡᠬᠦ ᠨᠢᠭᠡᠴᠡ ᠪᠤᠯᠵᠤ᠂ ᠪᠦᠳᠤᠭᠡᠨ ᠪᠠᠶᠢᠭᠤᠯᠤᠯᠳᠠ ᠬᠢᠬᠦ ᠬᠤᠭᠤᠴᠠᠭ᠎ᠠ ᠨᠢ 3 ᠵᠢᠯ ᠪᠤᠯᠤᠨ᠎ᠠ᠃ ᠳᠤᠰ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠭᠤᠤᠯ ᠠᠭᠤᠯᠭ᠎ᠠ ᠨᠢ ᠦᠪᠦᠷ ᠮᠤᠩᠭᠤᠯ ᠤᠨ ᠨᠠᠷᠢᠨ ᠨᠤᠤᠰᠤᠳᠤ ᠬᠤᠨᠢ ᠬᠤᠴᠠ ᠶᠢ ᠳᠡᠵᠢᠭᠡᠨ ᠪᠦᠢᠵᠢᠭᠤᠯᠵᠤ᠂ ᠮᠠᠯ ᠰᠦᠷᠦᠭ ᠤᠨ ᠪᠦᠳᠤᠴᠡ ᠶᠢ ᠳᠤᠬᠢᠷᠠᠭᠤᠯᠤᠨ᠂ ᠰᠢᠨᠵᠢᠯᠡᠬᠦ ᠤᠬᠠᠭᠠᠬᠴᠢ ᠮᠠᠯᠵᠢᠯ ᠤᠨ ᠠᠷᠭ᠎ᠠ ᠪᠠᠷ ᠦᠷ᠎ᠠ ᠠᠰᠢᠭ ᠢ ᠨᠡᠮᠡᠭᠳᠡᠭᠦᠯᠦᠨ᠂ ᠮᠠᠯ ᠠᠵᠤ ᠠᠬᠤᠢ ᠶᠢᠨ ᠦᠷᠭᠦᠯᠵᠢᠯᠡᠬᠦᠯᠬᠦ ᠬᠦᠭᠵᠢᠯᠳᠡ ᠶᠢ ᠠᠬᠢᠭᠤᠯᠤᠨ᠂ ᠠᠵᠤ ᠦᠢᠯᠡᠰ ᠤᠨ ᠰᠦᠯᠵᠢᠶ᠎ᠠ ᠶᠢ ᠪᠤᠢ ᠪᠤᠯᠭᠠᠨ᠎ᠠ᠃ ᠲᠦᠷᠦᠯ ᠵᠦᠢᠯ ᠬᠡᠷᠡᠭᠵᠢᠭᠦᠯᠦᠭᠳᠡᠭᠰᠡᠨ ᠤ ᠳᠠᠷᠠᠭ᠎ᠠ᠂ ᠵᠢᠯ ᠳᠤ 1000 ᠰᠢᠯᠢᠳᠡᠭ ᠡᠭᠦᠯᠳᠡᠷ ᠤᠨ ᠬᠤᠨᠢ ᠶᠢ ᠪᠦᠢᠵᠢᠭᠤᠯᠤᠨ᠂ ᠰᠢᠯᠢᠳᠡᠭ ᠡᠭᠦᠯᠳᠡᠷ ᠤᠨ ᠬᠤᠴᠠ ᠶᠢ ᠬᠡᠷᠡᠭᠯᠡᠭᠰᠡᠨ 100 ᠮᠠᠯᠴᠢᠨ ᠡᠷᠤᠬᠡ ᠶᠢᠨ ᠵᠢᠯ ᠤᠨ ᠴᠡᠪᠡᠷ ᠤᠷᠤᠯᠭ᠎ᠠ ᠶᠢ 240 ᠲᠦᠮᠡᠨ ᠲᠦᠭᠦᠷᠢᠭ ᠤᠷᠴᠢᠮ ᠨᠡᠮᠡᠭᠳᠡᠭᠦᠯᠵᠤ᠂ ᠲᠦᠷᠦᠯ ᠵᠦᠢᠯ ᠤᠨ ᠤᠷᠤᠨ ᠤ ᠮᠠᠯᠴᠢᠨ ᠡᠷᠤᠬᠡ ᠶᠢᠨ ᠦᠢᠯᠡᠳᠪᠦᠷᠢᠯᠡᠯ ᠤᠨ ᠦᠷ᠎ᠠ ᠠᠰᠢᠭ ᠢ ᠨᠡᠮᠡᠭᠳᠡᠬᠦᠯᠬᠦ ᠪᠤᠯᠤᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号