ᠪᠠᠷᠠᠭᠤᠨ ᠦᠵᠦᠮᠦᠴᠢᠨ ᠬᠤᠰᠢᠭᠤ ᠡᠨᠡ ᠵᠢᠯ ᠪᠦᠭᠦ ᠬᠤᠰᠢᠭᠤᠨ ᠤ ᠮᠠᠯᠵᠢᠬᠤ ᠤᠷᠤᠨ ᠤ 182 ᠶᠠᠳᠠᠭᠤ ᠭᠦᠴᠢᠷᠳᠡᠯᠳᠠᠢ ᠡᠷᠦᠭᠡ ᠶᠢ ᠭᠤᠤᠯᠳᠠᠯᠭ᠎ᠠ ᠲᠠᠢ ᠲᠡᠳᠭᠦᠵᠦ ᠪᠠᠶᠢᠨ᠎ᠠ
ᠨᠡᠶᠢᠲᠡᠯᠡᠭᠰᠡᠨ ᠴᠠᠭ᠄
2016/10/18
    ᠪᠠᠷᠠᠭᠤᠨ ᠦᠵᠦᠮᠦᠴᠢᠨ ᠬᠤᠰᠢᠭᠤ ᠮᠠᠯᠵᠢᠬᠤ ᠤᠷᠤᠨ ᠤ ᠪᠤᠳᠠᠳᠠᠢ ᠪᠠᠶᠢᠳᠠᠯ ᠢ ᠦᠨᠳᠦᠰᠦᠯᠡᠵᠦ᠂ ᠶᠠᠳᠠᠭᠤ ᠶᠢ ᠲᠡᠳᠭᠦᠭᠦ ᠠᠷᠭ᠎ᠠ ᠭᠡᠯᠪᠡᠷᠢ ᠶᠢᠨ ᠰᠢᠨ᠎ᠠ ᠶᠢ ᠡᠭᠦᠳᠴᠦ᠂ 3 ᠵᠢᠯ ᠳᠤ 4945 ᠲᠦᠮᠡᠨ ᠲᠦᠭᠦᠷᠢᠭ ᠤᠨ ᠪᠡᠯᠡ ᠤᠷᠤᠭᠤᠯᠵᠦ᠂ 1760 ᠡᠷᠦᠭᠡ ᠶᠢᠨ 2364 ᠭᠦᠮᠦᠨ ᠢ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠠᠢ᠃ ᠡᠭᠦᠨ ᠤ ᠬᠠᠮᠳᠦ᠂ ᠮᠠᠯᠵᠢᠬᠤ ᠤᠷᠤᠨ ᠤ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠬᠤ ᠪᠠᠷ 17 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠵᠦ᠂ 7 ᠰᠤᠮᠤ ︵ᠪᠠᠯᠭᠠᠰᠦ︶ 93 ᠭᠠᠴᠠᠭ᠎ᠠ᠂ 57 ᠪᠠᠶᠢᠭᠠᠯᠢᠯᠢᠭ ᠲᠤᠰᠬᠤᠨ ᠳᠤ ︽ᠠᠷᠪᠠ ᠶᠢ ᠪᠦᠷᠭᠦᠭᠦᠯᠭᠦ︾ ᠢᠨᠵᠧᠨᠧᠷᠢᠩ ᠢ ᠭᠡᠷᠡᠭᠵᠢᠭᠦᠯᠪᠡ᠃ ᠡᠨᠡ ᠵᠢᠯ ᠲᠤᠰ ᠬᠤᠰᠢᠭᠤ ᠮᠠᠯᠵᠢᠬᠤ ᠤᠷᠤᠨ ᠤ 182 ᠶᠠᠳᠠᠭᠤ ᠭᠦᠴᠢᠷᠳᠡᠯᠳᠠᠢ ᠡᠷᠦᠭᠡ ᠶᠢᠨ 556 ᠭᠦᠮᠦᠨ ᠢ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠᠷ ᠭᠤᠤᠯᠳᠠᠯᠭ᠎ᠠ ᠲᠠᠢ ᠳᠡᠳᠬᠦᠵᠤ ᠪᠠᠶᠢᠨ᠎ᠡ᠃     ᠡᠨᠡ ᠵᠢᠯ ᠲᠤᠰ ᠬᠤᠰᠢᠭᠤ ᠤᠷᠤᠨ ᠨᠤᠳᠤᠭ ᠤᠨ ᠡᠳ᠋ ᠤᠨ ᠵᠠᠰᠠᠭ ᠠᠴᠠ 1000 ᠲᠦᠮᠡᠨ ᠲᠦᠭᠦᠷᠢᠭ ᠪᠡᠯᠡ ᠤᠷᠤᠭᠤᠯᠵᠦ᠂ ᠡᠭᠦᠨ ᠳᠤ 404 ᠲᠦᠮᠡᠨ ᠲᠦᠭᠦᠷᠢᠭ ᠢᠶᠠᠷ 101 ᠶᠠᠳᠠᠭᠤ ᠭᠦᠴᠢᠷᠳᠡᠯᠳᠡᠢ ᠡᠷᠦᠭᠡ ᠳᠤ ᠰᠠᠭᠤᠷᠢ ᠡᠭᠡ ᠮᠠᠯ ᠬᠤᠳᠠᠯᠳᠤᠨ ᠠᠪᠴᠦ ᠦᠭᠭᠦᠨ᠂ 243 ᠲᠦᠮᠡᠨ ᠲᠦᠭᠦᠷᠢᠭ ᠢᠶᠠᠷ 81 ᠶᠠᠳᠠᠭᠤ ᠭᠦᠴᠢᠷᠳᠡᠯᠳᠠᠢ ᠡᠷᠦᠭᠡ ᠳᠤ ᠰᠢᠨ᠎ᠠ ᠪᠠᠷ ᠫᠸᠡᠭ ᠬᠤᠷᠤᠭ᠎ᠠ ᠪᠠᠶᠢᠭᠤᠯᠤᠨ ᠦᠭᠴᠦ᠂ 32 ᠲᠦᠮᠡᠨ ᠲᠦᠭᠦᠷᠢᠭ ᠢᠶᠠᠷ ᠮᠠᠯᠵᠢᠬᠤ ᠤᠷᠤᠨ ᠤ 80 ᠶᠠᠳᠠᠭᠤ ᠭᠦᠴᠢᠷᠳᠡᠯᠳᠡᠢ ᠤᠶᠤᠳᠠᠨ ᠳᠤ ᠠᠮᠢᠳᠦᠷᠠᠯ ᠤᠨ ᠨᠦᠭᠦᠪᠦᠷᠢ ᠤᠯᠭᠤᠵᠤ ᠪᠤᠢ᠃ ᠵᠢᠯ ᠤᠨ ᠲᠤᠳᠤᠷ᠎ᠠ ᠠᠵᠦ ᠦᠢᠯᠡᠰ᠂ ᠰᠤᠷᠭᠠᠨ ᠭᠦᠮᠦᠵᠢᠯ ᠢᠶᠠᠷ ᠶᠠᠳᠠᠭᠤ ᠶᠢ ᠲᠡᠳᠭᠦᠭᠦ ᠪᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠠᠢ ᠬᠠᠮᠵᠢᠯᠴᠠᠨ᠂ ᠭᠦᠳᠡᠯᠮᠦᠷᠢᠯᠡᠭᠦ ᠴᠢᠳᠠᠪᠤᠷᠢ ᠦᠭᠡᠢ ᠶᠠᠳᠠᠭᠤ ᠭᠦᠴᠢᠷᠳᠡᠯᠳᠠᠢ ᠭᠦᠮᠦᠨ ᠢ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠳᠤ ᠤᠷᠤᠭᠤᠯᠵᠦ᠂ ᠨᠡᠶᠢᠭᠡᠮ ᠤᠨ ᠪᠠᠳᠤᠯᠠᠭ᠎ᠠ ᠪᠠᠷ ᠨᠢᠭᠡ ᠪᠦᠯᠦᠭ ᠬᠦᠮᠤᠰ ᠢ ᠶᠠᠳᠠᠭᠤ ᠠᠴᠠ ᠠᠩᠭᠢᠵᠢᠷᠠᠭᠤᠯᠬᠤ ᠪᠠᠷ ᠪᠠᠶᠢᠨ᠎ᠠ᠃       ᠲᠤᠰ ᠬᠤᠰᠢᠭᠤ ᠶᠠᠳᠠᠭᠤ ᠶᠢ ᠲᠡᠳᠭᠦᠵᠦ ᠨᠡᠭᠡᠭᠡᠨ ᠭᠦᠭᠵᠢᠭᠦᠯᠭᠦ ᠰᠢᠨ᠎ᠠ ᠠᠷᠭ᠎ᠠ ᠵᠠᠮ ᠢ ᠲᠠᠰᠤᠷᠠᠯᠳᠠ ᠦᠭᠡᠢ ᠰᠦᠪᠡᠭᠴᠢᠯᠡᠵᠦ᠂ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠡᠷᠬᠢᠯᠡᠭᠦ᠂ ᠬᠤᠷᠰᠢᠶᠠᠵᠢᠯ ᠤᠨ ᠭᠡᠰᠢᠭᠦᠨ᠂ ᠶᠠᠳᠠᠭᠤ ᠭᠦᠴᠢᠷᠳᠡᠯᠳᠡᠢ ᠡᠷᠦᠭᠡ᠂ ᠮᠠᠯᠴᠢᠳ ᠢ ᠵᠤᠬᠢᠶᠠᠨ ᠪᠠᠶᠢᠭᠤᠯᠤᠨ ᠲᠤᠭᠤᠷᠢᠨ ᠰᠤᠷᠤᠯᠴᠠᠭᠤᠯᠬᠤ ᠵᠡᠷᠭᠡ ᠭᠡᠯᠪᠡᠷᠢ ᠪᠠᠷ ᠶᠠᠳᠠᠭᠤ ᠶᠢ ᠲᠡᠳᠭᠦᠵᠠᠢ᠃ ︽ᠬᠤᠷᠰᠢᠶᠠᠵᠢᠯ + ᠶᠠᠳᠠᠭᠤ ᠭᠦᠴᠢᠷᠳᠡᠯᠳᠡᠢ ᠡᠷᠦᠭᠡ︾᠎ ᠶᠢᠨ ᠵᠠᠬᠪᠤᠷ ᠤᠨ ᠰᠢᠨ᠎ᠠ ᠶᠢ ᠡᠭᠦᠳᠴᠦ᠂ ᠬᠤᠷᠰᠢᠶᠠᠵᠢᠯ ᠢᠶᠠᠷ ᠶᠠᠳᠠᠭᠤ ᠡᠷᠦᠭᠡ ᠶᠢ ᠲᠠᠶᠢᠴᠢᠯᠠᠭᠤᠯᠤᠨ᠂ ᠲᠡᠳᠡᠨ ᠳᠤ ᠠᠵᠢᠯ ᠤᠯᠭᠤᠬᠤ ᠪᠤᠶᠤ ᠬᠤᠷᠰᠢᠶᠠᠵᠢᠯ ᠳᠤ ᠬᠤᠪᠢ ᠤᠷᠤᠵᠦ ᠤᠷᠤᠯᠭ᠎ᠠ ᠶᠢ ᠨᠡᠮᠡᠭᠳᠡᠭᠦᠯᠭᠦ ᠪᠠᠷ ᠲᠠᠮᠵᠢᠭᠤᠯᠤᠨ ᠶᠠᠳᠠᠭᠤ ᠠᠴᠠ ᠠᠩᠭᠢᠵᠢᠷᠠᠭᠤᠯᠵᠦ ᠪᠤᠢ᠃ ᠦᠪᠡᠷᠳᠡᠭᠡᠨ ᠵᠠᠰᠠᠬᠤ ᠤᠷᠤᠨ ᠤ 90 ᠲᠦᠮᠡᠨ ᠲᠦᠭᠦᠷᠢᠭ ᠤᠨ ᠲᠤᠰᠬᠠᠢ ᠲᠦᠷᠦᠯ ᠤᠨ ᠪᠡᠯᠡ ᠮᠦᠡᠭᠭᠦ ᠶᠢ ᠠᠰᠢᠬᠯᠠᠨ ︽ᠭᠤᠷᠪᠠ ᠶᠢ ᠭᠠᠴᠠᠭ᠎ᠠ ᠲᠤᠰᠬᠤᠨ ᠳᠤ ᠭᠤᠷᠪᠠ ᠶᠢ ᠡᠷᠦᠭᠡ ᠳᠤ ᠭᠦᠷᠭᠡᠭᠦ︾ ᠲᠦᠷᠦᠯ ᠵᠦᠢᠯ ᠢ ᠭᠡᠷᠡᠭᠵᠢᠬᠦᠯᠵᠦ ᠪᠠᠶᠢᠭ᠎ᠠ ᠭᠠᠴᠠᠭᠠᠨ ᠤ ᠶᠠᠳᠠᠭᠤ ᠭᠦᠴᠢᠷᠳᠡᠯᠳᠠᠢ ᠡᠷᠦᠭᠡ ᠳᠤ ᠰᠦᠷᠦᠭ ᠲᠠᠯᠪᠢᠬᠤ ᠪᠠ ᠨᠤᠷᠠᠬᠤ ᠠᠶᠦᠯᠳᠠᠢ ᠭᠡᠷ ᠪᠠᠶᠢᠰᠢᠩ ᠢ ᠵᠠᠰᠠᠨ ᠰᠢᠨᠡᠳᠭᠡᠭᠦ ᠴᠢᠬᠤᠯᠠᠳᠠᠢ ᠶᠠᠳᠠᠭᠤ ᠭᠦᠴᠢᠷᠳᠡᠯᠳᠠᠢ ᠡᠷᠦᠭᠡ ᠳᠤ ᠨᠦᠭᠦᠪᠦᠷᠢ ᠤᠯᠭᠤᠬᠤ ᠪᠤᠯᠤᠨ᠎ᠠ᠃       ᠪᠦᠭᠦ ᠬᠤᠰᠢᠭᠤᠨ ᠤ 113 ᠰᠢᠭᠤᠳ ᠬᠠᠷᠢᠶ᠎ᠠ ᠪᠠᠶᠢᠭᠤᠯᠭ᠎ᠠ᠂ ᠠᠵᠦ ᠠᠬᠤᠢᠢᠯᠠᠯ ᠠᠵᠢᠯ ᠦᠢᠯᠡᠰ ᠤᠨ ᠨᠢᠭᠡᠴᠡ᠂ 868 ᠤᠳᠤᠷᠢᠳᠬᠤ ᠺᠠᠳ᠋ᠷ ᠶᠠᠳᠠᠭᠤ ᠶᠢ ᠲᠡᠳᠭᠦᠭᠦ ᠠᠵᠢᠯ ᠳᠤ ᠤᠷᠤᠯᠴᠠᠵᠦ᠂ ᠡᠭᠦᠨ ᠳᠤ ᠬᠤᠰᠢᠭᠤᠨ ᠤ ᠱᠠᠳᠤᠨ ᠤ 32 ᠭᠠᠵᠠᠷ ᠤᠨ ᠲᠡᠰ ᠤᠨ ᠤᠳᠤᠷᠢᠳᠤᠯᠭ᠎ᠠ ᠤᠷᠤᠯᠴᠠᠪᠠ᠃ ᠴᠡᠭ ᠲᠤᠭᠳᠠᠨ ᠶᠠᠳᠠᠭᠤ ᠶᠢ ᠲᠡᠳᠭᠦᠭᠦ᠂ ᠬᠠᠷᠢᠭᠤᠴᠠᠯᠭ᠎ᠠ ᠶᠢᠨ ᠭᠦᠮᠦᠨ ᠲᠤᠭᠳᠠᠭᠠᠬᠤ᠂ ᠲᠦᠷᠦᠯ ᠵᠦᠢᠯ ᠤᠨ ᠪᠡᠯᠡ ᠮᠦᠡᠭᠭᠦ ᠲᠤᠭᠳᠠᠭᠠᠬᠤ ᠵᠡᠷᠭᠡ ᠭᠡᠯᠪᠡᠷᠢ ᠪᠠᠷ 93 ᠭᠠᠴᠠᠭ᠎ᠠ ᠶᠢ ᠲᠡᠳᠭᠦᠵᠦ᠂ ᠤᠳᠤᠬᠠᠨ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ 86 ᠡᠷᠦᠭᠡ ᠶᠢᠨ 258 ᠭᠦᠮᠦᠨ ᠢ ᠲᠡᠳᠭᠦᠵᠦ᠂ ᠨᠡᠶᠢᠳᠡ 51.58 ᠲᠦᠮᠡᠨ ᠲᠦᠭᠦᠷᠢᠭ ᠤᠨ ᠪᠡᠯᠡ ᠤᠷᠤᠭᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号