ᠰᠢᠯᠢ ᠶᠢᠨ ᠬᠤᠲᠠ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾  ᠰᠤᠷᠤᠯᠴᠠᠯᠭ᠎ᠠ ᠬᠦᠮᠦᠵᠢᠯ ᠢᠶᠠᠷ ᠲᠠᠮᠵᠢᠭᠤᠯᠤᠨ ᠡᠯ᠎ᠡ ᠵᠦᠢᠯ ᠤᠨ ᠠᠵᠢᠯ ᠢᠶᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2016/10/19
    ᠰᠢᠯᠢ ᠶᠢᠨ ᠬᠤᠲᠠ ᠶᠢᠨ ᠡᠯ᠎ᠠ ᠰᠠᠯᠠᠭ᠎ᠠ ᠮᠥᠴᠢᠷ ᠡᠯ᠎ᠠ ᠨᠢᠭᠡᠴᠡ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠲᠤᠬᠠᠢᠢᠯᠠᠭᠰᠠᠨ ᠠᠵᠢᠯ ᠤᠨ ᠤᠨᠴᠠᠯᠢᠭ ᠲᠠᠢ ᠪᠠᠨ ᠤᠶᠠᠯᠲᠤᠭᠤᠯᠵᠥ᠂ ᠪᠤᠲᠠᠲᠠᠶᠢᠵᠢᠭᠤᠯᠤᠨ ᠥᠷᠨᠢᠬᠦᠯᠵᠥ ᠪᠠᠶᠢᠨ᠎ᠠ᠃       ᠪᠤᠯᠠᠭᠠᠨ ᠵᠡᠭᠡᠯᠢ ᠭᠤᠲᠤᠮᠵᠢ ᠶᠢᠨ ᠭᠡᠷᠡᠭ ᠡᠷᠬᠢᠯᠡᠬᠦ ᠭᠠᠵᠠᠷ ᠨᠠᠮ ᠤᠨ ᠬᠡᠰᠢᠬᠦᠨ ᠪᠦᠷᠢ ᠨᠠᠮ ᠤᠨ ᠬᠢᠴᠢᠶᠡᠯ ᠲᠠᠶᠢᠯᠪᠤᠷᠢᠯᠠᠬᠤ᠂ ᠨᠠᠮ ᠤᠨ ᠬᠡᠰᠢᠬᠦᠨ ᠲᠥᠷᠥᠬᠦᠯᠡᠨ ᠰᠤᠷᠤᠯᠴᠠᠬᠤ ᠠᠵᠢᠯᠯᠠᠭ᠎ᠠ ᠥᠷᠨᠢᠬᠦᠯᠵᠥ᠂ ᠸᠢᠴᠠᠲ ᠲᠠᠪᠴᠠᠩ ᠢ ᠠᠰᠢᠭᠯᠠᠨ ᠨᠠᠮ ᠤᠨ ᠬᠢᠴᠢᠶᠡᠯ ᠢ ᠢᠲᠡᠪᠬᠢᠲᠡᠢ ᠰᠤᠷᠤᠯᠴᠠᠵᠥ ᠪᠤᠢ᠃ ᠵᠡᠭᠡᠯᠢ ᠭᠤᠲᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ ᠵᠥᠪᠯᠡᠯ ︽ᠠᠰᠠᠭᠤᠲᠠᠯ ᠢ ᠡᠷᠢᠬᠦ︾ ᠲᠤᠰᠬᠠᠢ ᠰᠡᠲᠤᠪᠲᠤ ᠠᠵᠢᠯᠯᠠᠭ᠎ᠠ ᠪᠠᠷ ᠭᠠᠷᠲᠠᠴᠠ ᠪᠤᠯᠭᠠᠵᠥ᠂ ᠠᠰᠠᠭᠤᠲᠠᠯ ᠢ ᠡᠷᠢᠬᠦ ᠪᠠ ᠴᠡᠭᠴᠡᠯᠡᠨ ᠰᠠᠶᠢᠵᠢᠷᠠᠭᠤᠯᠬᠤ ᠲᠥᠷᠢᠮ ᠪᠠᠶᠢᠭᠤᠯᠵᠥ᠂ ᠨᠠᠮ ᠤᠨ ᠬᠡᠰᠢᠬᠦᠨ ᠤᠲᠤᠷᠢᠳᠬᠤ ᠺᠠᠳ᠋ᠷ 18 ᠵᠤᠷᠪᠤᠰ ᠠᠰᠠᠭᠤᠲᠠᠯ ᠢ ᠡᠷᠢᠨ ᠭᠠᠷᠭᠠᠵᠥ᠂ ᠪᠥᠬᠦᠨ ᠢ ᠴᠡᠭᠴᠡᠯᠡᠨ ᠰᠠᠶᠢᠵᠢᠷᠠᠭᠤᠯᠵᠥ᠂ ᠡᠩ ᠤᠨ ᠨᠠᠮ ᠤᠨ ᠬᠡᠰᠢᠬᠦᠨ 198 ᠵᠤᠷᠪᠤᠰ ᠠᠰᠠᠭᠤᠲᠠᠯ ᠢ ᠡᠷᠢᠨ ᠭᠠᠷᠭᠠᠵᠥ᠂ 158 ᠵᠤᠷᠪᠤᠰ ᠢ ᠴᠡᠭᠴᠡᠯᠡᠨ ᠰᠠᠶᠢᠵᠢᠷᠠᠭᠤᠯᠪᠠ᠃ ᠵᠡᠭᠡᠯᠢ ᠭᠤᠲᠤᠮᠵᠢ ᠶᠢᠨ ᠭᠡᠷᠡᠭ ᠡᠷᠬᠢᠯᠡᠬᠦ ᠭᠠᠵᠠᠷ ᠠᠴᠠ ᠪᠠᠰᠠ ᠨᠡᠶᠢᠭᠡᠮ ᠲᠤᠭᠤᠷᠢᠭ ᠤᠨ ᠰᠠᠶᠢᠨ ᠲᠤᠷᠠᠴᠤᠤᠯ ᠤᠨ ᠥᠢᠯᠡᠴᠢᠯᠡᠭᠡᠨ ᠤ ᠠᠩᠭᠢ ᠵᠤᠬᠢᠶᠠᠨ ᠪᠠᠶᠢᠭᠤᠯᠵᠥ᠂ ᠤᠯᠠᠨ ᠲᠥᠮᠡᠨ ᠲᠠᠢ ᠬᠠᠷᠢᠴᠠᠵᠥ ᠥᠢᠯᠡᠴᠢᠯᠡᠬᠦ ᠠᠵᠢᠯᠯᠠᠭ᠎ᠠ ᠥᠷᠨᠢᠬᠦᠯᠵᠥ᠂ ᠰᠠᠶᠢᠨ ᠲᠤᠷᠠᠴᠤᠤᠯ ᠤᠨ ᠥᠢᠯᠡᠴᠢᠯᠡᠭᠡᠨ ᠤ ᠠᠵᠢᠯᠯᠠᠭ᠎ᠠ ᠶᠢ 10 ᠭᠠᠷᠤᠢ ᠤᠲᠠᠭ᠎ᠠ ᠥᠷᠨᠢᠬᠦᠯᠵᠥ᠂ 1300 ᠭᠠᠷᠤᠢ ᠬᠥᠮᠥᠨ ᠳᠤ ᠠᠰᠢᠭ ᠬᠥᠷᠲᠡᠭᠡᠪᠡ᠃       ᠬᠤᠲᠠ ᠶᠢᠨ ᠶᠠᠲᠠᠭᠤ ᠶᠢ ᠲᠡᠳᠬᠦᠬᠦ ᠠᠯᠪᠠᠨ ᠭᠡᠷ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠰᠠᠶᠢᠲᠤᠷ ᠠᠳᠬᠤᠵᠥ᠂ ᠤᠨᠢᠨ ᠲᠡᠭᠡᠷ᠎ᠠ ᠨᠢ ᠶᠠᠲᠠᠭᠤ ᠶᠢ ᠲᠡᠳᠬᠦᠬᠦ ᠠᠵᠢᠯ ᠢᠶᠠᠨ ᠠᠬᠢᠭᠤᠯᠵᠥ ᠪᠤᠢ᠃ ᠬᠤᠲᠠ ᠶᠢᠨ ᠶᠠᠲᠠᠭᠤ ᠶᠢ ᠲᠡᠳᠬᠦᠬᠦ ᠠᠯᠪᠠᠨ ᠭᠡᠷ ᠨᠠᠮ ᠤᠨ ᠬᠡᠰᠢᠬᠦᠨ ᠺᠠᠳ᠋ᠷ ᠢ ᠵᠤᠬᠢᠶᠠᠨ ᠪᠠᠶᠢᠭᠤᠯᠤᠨ ᠬᠥᠴᠢᠷᠲᠡᠯᠲᠡᠢ ᠡᠷᠥᠭᠡ ᠪᠠᠷ ᠬᠥᠨᠵᠡᠭᠡᠶᠢᠷᠡᠵᠥ᠂ ᠶᠠᠲᠠᠭᠤᠷᠠᠭᠰᠠᠨ ᠰᠢᠯᠲᠠᠭᠠᠨ ᠢ ᠠᠰᠠᠭᠤᠨ ᠤᠢᠢᠯᠠᠭᠠᠵᠥ᠂ ᠲᠡᠳᠬᠦᠨ ᠲᠡᠮᠵᠢᠬᠦ ᠠᠷᠭ᠎ᠠ ᠬᠡᠮᠵᠢᠶ᠎ᠠ ᠶᠢ ᠤᠨᠤᠪᠴᠢᠲᠠᠢ ᠲᠤᠭᠲᠠᠭᠠᠬᠤ ᠪᠠ ᠥᠷ᠎ᠠ ᠪᠥᠲᠥᠮᠵᠢ ᠤᠯᠬᠤ ᠶᠢ ᠪᠠᠲᠤᠯᠠᠵᠠᠢ᠃ ᠨᠡᠶᠢᠭᠡᠮ ᠨᠡᠶᠢᠲᠡ ᠠᠴᠠ ᠶᠠᠲᠠᠭᠤ ᠶᠢ ᠲᠡᠳᠬᠦᠬᠦ ᠠᠵᠢᠯ ᠳᠤ ᠤᠷᠤᠯᠴᠠᠬᠤ ᠳᠤ ᠲᠠᠪᠴᠠᠩ ᠪᠠᠶᠢᠭᠤᠯᠵᠥ᠂ ᠰᠢᠯᠢ ᠶᠢᠨ ᠬᠤᠲᠠ ᠳᠠᠬᠢ 96 ᠠᠵᠤ ᠠᠬᠤᠢᠢᠯᠠᠯ ᠢ ᠵᠤᠬᠢᠶᠠᠨ ᠪᠠᠶᠢᠭᠤᠯᠤᠨ᠂ ᠰᠤᠷᠤᠯᠭ᠎ᠠ ᠶᠢ ᠲᠡᠳᠬᠦᠬᠦ᠂ ᠡᠮ ᠡᠮᠨᠡᠯᠭᠡ ᠪᠠᠷ ᠲᠡᠳᠬᠦᠬᠦ ᠵᠡᠷᠭᠡ ᠬᠡᠯᠪᠡᠷᠢ ᠪᠠᠷ ᠶᠠᠲᠠᠭᠤ ᠶᠢ ᠲᠡᠳᠬᠦᠬᠦ ᠠᠵᠢᠯᠯᠠᠭ᠎ᠠ ᠥᠷᠨᠢᠬᠦᠯᠵᠥ᠂ ᠲᠤᠮᠲᠠᠲᠤ ᠤᠯᠤᠰ ᠤᠨ ᠪᠠᠩᠭᠢ᠂ ᠲᠤᠮᠲᠠᠲᠤ ᠤᠯᠤᠰ ᠤᠨ ᠲᠠᠷᠢᠶᠠᠯᠠᠩ ᠤᠨ ᠪᠠᠩᠭᠢ ᠲᠠᠢ ᠬᠠᠮᠲᠤᠷᠠᠨ᠂ ᠮᠥᠡᠭᠭᠦᠨ ᠬᠥᠢᠯᠭᠡᠭᠡ ᠪᠠᠷ ᠶᠠᠲᠠᠭᠤ ᠶᠢ ᠲᠡᠳᠬᠦᠬᠦ ᠵᠢᠭᠡᠯᠡᠯᠭᠡ ᠶᠢ 3621 ᠲᠥᠮᠡᠨ ᠲᠥᠭᠦᠷᠢᠭ ᠲᠠᠷᠬᠠᠭᠠᠵᠥ᠂ 531 ᠮᠠᠯᠵᠢᠬᠤ ᠡᠷᠥᠭᠡ᠂ 7 ᠬᠤᠷᠰᠢᠶᠠᠵᠢᠯ ᠢ ᠲᠡᠳᠬᠦᠨ ᠲᠡᠮᠵᠢᠵᠡᠢ᠃       ᠰᠢᠯᠢ ᠶᠢᠨ ᠬᠤᠲᠠ ᠶᠢᠨ ᠰᠢᠬᠦᠬᠦ ᠬᠤᠷᠢᠶ᠎ᠠ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠢ ᠬᠥᠨᠵᠡᠭᠡᠶᠢᠷᠡᠬᠦᠯᠵᠥ᠂ ᠵᠠᠷᠭᠤ ᠵᠠᠭᠠᠯᠲᠤᠯᠭ᠎ᠠ ᠵᠤᠬᠢᠴᠠᠭᠤᠯᠵᠤ ᠰᠢᠢᠳᠪᠤᠷᠢᠯᠡᠬᠦ ᠲᠥᠪᠰᠢᠨ ᠢ ᠲᠡᠭᠡᠭᠰᠢᠯᠡᠬᠦᠯᠵᠥ ᠪᠤᠢ᠃ ᠲᠤᠰ ᠰᠢᠬᠦᠬᠦ ᠬᠤᠷᠢᠶ᠎ᠠ ᠤᠯᠠᠨ ᠲᠠᠯ᠎ᠠ ᠪᠠᠷ ᠵᠥᠷᠢᠴᠡᠯ ᠵᠢᠭᠤᠷᠠᠭᠠᠨ ᠢ ᠰᠢᠢᠳᠪᠤᠷᠢᠯᠡᠬᠦ ᠪᠠᠶᠢᠭᠤᠯᠤᠮᠵᠢ ᠪᠠᠶᠢᠭᠤᠯᠵᠥ᠂ ᠵᠠᠰᠠᠭ ᠤᠨ ᠤᠷᠲᠤᠨ ᠤ ᠡᠬᠦᠷᠭᠡ ᠴᠢᠲᠠᠪᠬᠢᠲᠤ ᠰᠠᠯᠠᠭ᠎ᠠ ᠮᠥᠴᠢᠷ᠂ ᠤᠯᠠᠨ ᠲᠥᠮᠡᠨᠴᠢ ᠪᠥᠯᠬᠦᠮ ᠵᠤᠬᠢᠶᠠᠨ ᠪᠠᠶᠢᠭᠤᠯᠤᠯᠲᠠ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ 17 ᠰᠠᠯᠠᠭ᠎ᠠ ᠮᠥᠴᠢᠷ ᠨᠢᠭᠡᠴᠡ ᠲᠠᠢ ᠬᠠᠮᠲᠤᠷᠠᠨ ᠵᠠᠷᠭᠤ ᠵᠠᠭᠠᠯᠲᠤᠯᠭ᠎ᠠ ᠶᠢ ᠵᠤᠬᠢᠴᠠᠭᠤᠯᠵᠥ ᠵᠤᠯᠭᠠᠭᠤᠯᠬᠤ ᠲᠥᠪ ᠪᠠᠶᠢᠭᠤᠯᠵᠥ᠂ ᠵᠥᠷᠢᠴᠡᠯ ᠤᠨ ᠲᠥᠷᠥᠯ ᠬᠡᠯᠪᠡᠷᠢ ᠶᠢ ᠥᠨᠲᠤᠰᠤᠯᠡᠨ᠂ ᠰᠠᠯᠠᠭ᠎ᠠ ᠮᠥᠴᠢᠷ ᠤᠨ ᠡᠬᠦᠷᠭᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠵᠥ ᠤᠷᠢᠲᠠᠪᠠᠷ ᠵᠤᠬᠢᠴᠠᠭᠤᠯᠵᠥ᠂ ᠬᠥᠯᠥᠰᠥᠨ ᠠᠵᠢᠯᠴᠢᠨ ᠵᠢᠴᠢ ᠡᠮᠡᠭᠲᠡᠶᠢᠴᠤᠳ ᠬᠡᠥᠭᠡᠳ᠂ ᠨᠠᠰᠤᠲᠠᠶᠢᠴᠤᠳ ᠲᠤ ᠬᠤᠯᠪᠤᠭᠲᠠᠭᠰᠠᠨ ᠬᠠᠤᠯᠢ ᠶᠤᠰᠤᠨ ᠤ ᠡᠷᠭᠡ ᠠᠰᠢᠭ ᠤᠨ ᠬᠡᠷᠡᠭ ᠢ ᠰᠢᠢᠳᠪᠤᠷᠢᠯᠡᠬᠦ ᠳᠤ ᠲᠥᠭᠦᠮ ᠨᠥᠬᠦᠴᠡᠯ ᠪᠥᠷᠢᠯᠲᠥᠬᠦᠯᠵᠥ᠂ ᠤᠷᠢᠲᠠᠪᠠᠷ ᠬᠡᠷᠡᠭ ᠪᠤᠯᠭᠠᠨ ᠲᠠᠩᠰᠠᠯᠠᠵᠥ᠂ ᠰᠢᠬᠦᠵᠥ ᠪᠠᠶᠢᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号