ᠴᠦᠬᠡᠨ ᠮᠠᠯ ᠢᠶᠠᠨ ᠴᠢᠨᠠᠷᠯᠢᠭ ᠮᠠᠯᠵᠢᠬᠤ ᠤᠬᠠᠭᠠᠨ — ᠰᠢᠯᠤᠭᠤᠨ ᠬᠦᠪᠡᠬᠡᠳᠦ ᠴᠠᠭᠠᠨ ᠬᠤᠰᠢᠭᠤᠨ ᠤ ᠤᠯᠠᠭᠠᠨᠴᠠᠪ ᠰᠤᠮᠤᠨ ᠤ ᠬᠤᠶᠠᠷᠬᠤᠳᠳᠤᠭ ᠭᠠᠴᠠᠭᠠᠨ ᠤ ᠦᠬᠡᠷ ᠢᠶᠠᠷ ᠲᠤᠰᠬᠠᠢᠢᠵᠢᠵᠤ ᠶᠠᠪᠤᠭ᠎ᠠ ᠰᠠᠶᠢᠨ᠎ᠠ ᠶᠢᠨ ᠬᠢᠨ ᠢ ᠰᠤᠷᠪᠤᠯᠵᠢᠯᠠᠭᠠᠳ
ᠨᠡᠶᠢᠲᠡᠯᠡᠭᠰᠡᠨ ᠴᠠᠭ᠄
2016-10-19
    ᠰᠢᠯᠤᠭᠤᠨ ᠭᠦᠪᠡᠭᠡᠳᠦ ᠴᠠᠭᠠᠨ ᠬᠤᠰᠢᠭᠤᠨ ᠤ ᠤᠯᠠᠭᠠᠨᠴᠠᠪ ᠰᠤᠮᠤᠨ ᠤ ᠬᠤᠶᠠᠷᠬᠤᠳᠳᠤᠭ ᠭᠠᠴᠠᠭᠠᠨ ᠤ ᠮᠠᠯᠴᠢᠨ ᠰᠠᠶᠢᠨ᠎ᠠ ᠨᠤᠳᠤᠬ ᠪᠡᠯᠴᠢᠭᠡᠷ ᠤᠨ ᠪᠠᠶᠢᠳᠠᠯ ᠳᠠᠭᠠᠨ ᠳᠤᠬᠢᠷᠠᠭᠤᠯᠤᠨ᠂ ᠰᠢᠨᠵᠢᠯᠡᠬᠦ ᠤᠬᠠᠭᠠᠨᠴᠢ ᠮᠠᠯᠵᠢᠯ ᠤᠨ ᠠᠷᠭ᠎ᠠ ᠶᠢ ᠡᠷᠬᠢᠮᠯᠡᠨ ᠦᠭᠡᠷ ᠮᠠᠯᠵᠢᠵᠦ᠂ ᠠᠵᠦ ᠠᠮᠢᠳᠤᠷᠠᠯ ᠢᠶᠠᠨ ᠦᠭᠡᠳᠡᠯᠡᠭᠦᠯᠵᠦ ᠶᠠᠪᠤᠨ᠎ᠠ᠃       ᠰᠠᠶᠢᠨ᠎ᠠ ᠶᠢᠨ ᠬᠢ 4000 ᠮᠦ ᠨᠤᠳᠤᠭ ᠲᠡᠭᠡᠷ᠎ᠠ ᠪᠠᠨ ᠤᠳᠤ ᠲᠠᠯᠠᠭᠠᠳ ᠰᠢᠮᠧᠨ᠋ᠲ᠋ᠠᠷ ᠦᠭᠡᠷ ᠭᠤᠤᠯᠳᠠᠢ ᠮᠠᠯᠵᠢᠳᠠᠭ᠃ ᠤᠤᠯ ᠳᠠᠭᠠᠨ ᠬᠤᠨᠢ ᠦᠭᠡᠷ ᠢ ᠵᠡᠷᠭᠡᠪᠡᠷ ᠮᠠᠯᠵᠢᠵᠤ ᠪᠠᠶᠢᠭᠰᠠᠨ ᠪᠤᠯᠪᠠᠴᠦ ᠤᠢᠢᠷ᠎ᠠ ᠶᠢᠨ ᠵᠢᠯ ᠠᠮᠢ ᠠᠬᠤᠢ ᠮᠠᠭᠤᠳᠠᠭᠰᠠᠨ᠂ ᠬᠤᠨᠢᠨ ᠤ ᠦᠨ᠎ᠠ ᠬᠠᠨᠭ᠍ᠰᠢ ᠪᠠᠭᠤᠷᠠᠭᠰᠠᠨ ᠵᠡᠷᠭᠡ ᠰᠢᠯᠳᠠᠭᠠᠨ ᠠᠴᠠ ᠨᠢᠭᠡ ᠲᠠᠯ᠎ᠠ ᠪᠠᠷ ᠨᠤᠳᠤᠭ ᠪᠡᠯᠴᠢᠭᠡᠷ ᠢᠶᠠᠨ ᠬᠠᠮᠠᠭᠠᠯᠠᠵᠦ᠂ ᠨᠦᠭᠦᠭᠡ ᠲᠠᠯ᠎ᠠ ᠪᠠᠷ ᠴᠦᠭᠡᠨ ᠮᠠᠯ ᠠᠴᠠ ᠦᠨᠳᠦᠷ ᠠᠰᠢᠭ ᠤᠯᠬᠤ ᠡᠭᠦᠳᠡᠨ ᠠᠴᠠ ᠠᠷᠭ᠎ᠠ ᠤᠬᠠᠭᠠᠨ ᠰᠦᠪᠡᠭᠴᠢᠯᠡᠵᠦ᠂ ᠨᠤᠳᠤᠭ ᠪᠡᠯᠴᠢᠭᠡᠷ ᠤᠨ ᠢᠶᠠᠨ ᠭᠡᠮᠵᠢᠶ᠎ᠠ᠂ ᠬᠠᠳᠤᠯᠠᠩ ᠤᠷᠭᠤᠯᠳᠠ ᠶᠢᠨ ᠢᠶᠠᠨ ᠪᠠᠶᠢᠳᠠᠯ ᠢ ᠦᠨᠳᠦᠰᠦᠯᠡᠨ ᠮᠠᠯ ᠰᠦ᠋ᠷᠦᠭ ᠤᠨ ᠪᠦᠳᠦᠴᠡ ᠳᠡᠭᠡᠨ ᠵᠤᠷᠢᠬᠳᠠᠢ ᠲᠤᠬᠢᠷᠠᠭᠤᠯᠤᠯᠳᠠ ᠬᠢᠵᠦ᠂ 2009 ᠤᠨ ᠳᠤ ᠪᠤᠭ ᠮᠠᠯ ᠢᠶᠠᠨ ᠪᠦᠭᠦᠨ ᠢ ᠰᠢᠢᠳᠪᠦᠷᠢᠯᠡᠭᠡᠳ ᠦᠭᠡᠷ ᠢᠶᠠᠷ ᠲᠤᠰᠬᠠᠢᠢᠵᠢᠵᠦ ᠡᠬᠢᠯᠡᠭᠰᠡᠨ ᠠᠵᠢ᠃ ᠡᠨᠡ ᠲᠤᠬᠠᠢ ᠪᠠᠨ ᠰᠠᠶᠢᠨ᠎ᠠ᠄ ︽ᠮᠠᠨᠠᠶᠢᠬᠢᠨ ᠨᠤᠳᠤᠭ ᠪᠡᠯᠴᠢᠭᠡᠷ ᠢᠪᠴᠤᠤ ᠤᠴᠢᠷ ᠠᠴᠠ ᠴᠦᠭᠡᠪᠦᠷᠢ ᠦᠭᠡᠷ ᠮᠠᠯᠵᠢᠬᠤ ᠳᠤ ᠭᠦᠷᠪᠡᠯ ᠨᠤᠳᠤᠭ ᠪᠡᠯᠴᠢᠭᠡᠷ ᠡᠪᠡᠰᠦ ᠪᠤᠷᠳᠤᠭ᠎ᠠ ᠳᠤ ᠭᠠᠮᠳᠠᠢ᠃ ᠤᠴᠢᠷ ᠨᠢ ᠦᠭᠡᠷ ᠮᠠᠯᠵᠢᠬᠤ ᠳᠤ ᠪᠡᠯᠴᠢᠭᠡᠷᠯᠡᠭᠦᠯᠬᠦ ᠬᠤᠭᠤᠴᠠᠭ᠎ᠠ ᠤᠬᠤᠷ᠂ ᠪᠡᠯᠴᠢᠭᠡᠷ ᠰᠠᠶᠢᠨ ᠪᠤᠯ ᠳᠠᠮᠠᠢ ᠪᠤᠷᠳᠤᠬᠤ ᠴᠢᠬᠤᠯᠠ ᠦᠭᠡᠢ ᠪᠠᠶᠢᠳᠠᠭ᠃ ᠤᠰᠤᠨ ᠤ ᠠᠰᠠᠭᠤᠳᠠᠯ ᠢ ᠨᠢ ᠰᠠᠶᠢᠳᠤᠷ ᠰᠢᠢᠳᠪᠤᠷᠢᠯᠡᠭᠡᠳ ᠲᠤᠯᠠᠭᠠᠨ ᠬᠡᠪᠳᠡᠷᠢ ᠲᠠᠢ ᠪᠤᠯ ᠪᠤᠯᠴᠢᠬᠠᠨ᠎ᠠ᠂ ᠪᠠᠰᠠ ᠭᠦᠳᠡᠯᠮᠦᠷᠢ ᠭᠦᠴᠦᠨ ᠳᠤ ᠠᠷᠪᠢᠳᠠᠢ︾ ᠭᠡᠨ᠎ᠠ᠃       ᠰᠠᠶᠢᠨ᠎ᠠ ᠶᠢᠨ ᠬᠢ ᠨᠤᠳᠤᠭ ᠪᠡᠯᠴᠢᠭᠡᠷ ᠤᠨ ᠢᠶᠠᠨ ᠭᠡᠮᠵᠢᠶ᠎ᠠ ᠶᠢ ᠦᠨᠳᠦᠰᠦᠯᠡᠨ ᠡᠪᠦᠯᠵᠢᠭᠦᠯᠭᠦ ᠦᠭᠡᠷ ᠢᠶᠠᠨ ᠲᠦᠴᠢᠭᠡᠳ ᠢᠶᠠᠷ ᠯᠠ ᠲᠤᠭᠳᠠᠪᠤᠷᠢᠵᠢᠭᠤᠯᠳᠠᠭ᠃ ᠤᠷᠤᠯᠭ᠎ᠠ ᠵᠠᠷᠤᠯᠭ᠎ᠠ ᠶᠢᠨ ᠬᠢᠨᠢ ᠪᠠᠶᠢᠳᠠᠯ ᠢ ᠯᠠᠪᠯᠠᠪᠠᠯ ᠨᠢᠳᠦᠨᠦᠨ ᠵᠢᠯ ᠭᠤᠴᠢᠭᠠᠳ ᠲᠤᠭᠤᠯ ᠬᠤᠳᠠᠯᠳᠤᠭᠠᠳ 15 ᠲᠦᠮᠡᠨ ᠲᠦᠭᠦᠷᠢᠭ ᠤᠨ ᠤᠷᠤᠯᠭ᠎ᠠ ᠲᠠᠢ᠂ ᠭᠡᠭᠦ ᠳᠡᠭᠡᠨ ᠨᠢᠳᠦᠨᠦᠨ ᠴᠠᠰᠦ ᠵᠤᠳ ᠭᠠᠨᠭ᠌ ᠬᠠᠭᠰᠠᠷᠠᠭᠠᠨ ᠶᠡᠭᠡ ᠪᠠᠶᠢᠬᠰᠠᠨ ᠴᠦ 4 ᠲᠦᠮᠡᠨ ᠲᠦᠭᠦᠷᠢᠭ ᠤᠨ ᠯᠠ ᠡᠪᠡᠰᠦ ᠪᠤᠷᠳᠤᠭ᠎ᠠ ᠵᠠᠷᠤᠭᠰᠠᠨ ᠪᠠᠶᠢᠵᠠᠢ᠃ ᠢᠡᠭᠬᠢᠵᠦ ᠲᠡᠵᠢᠭᠡᠯ ᠪᠤᠷᠳᠤᠭᠠᠨ ᠳᠤ ᠭᠠᠮᠳᠠᠢ ᠪᠠᠶᠢᠭ᠎ᠠ ᠶᠢᠨ ᠪᠠᠰᠠ ᠨᠢᠭᠡᠨ ᠴᠢᠬᠤᠯᠠ ᠰᠢᠯᠳᠠᠭᠠᠨ ᠨᠢ ᠡᠳᠡᠨᠡᠶᠢᠬᠢ ᠨᠤᠳᠤᠭ ᠪᠡᠯᠴᠢᠭᠡᠷ ᠢᠶᠠᠨ ᠰᠢᠨᠵᠢᠯᠡᠭᠦ ᠤᠬᠠᠭᠠᠨᠴᠢ ᠪᠠᠷ ᠠᠰᠢᠬᠯᠠᠵᠦ᠂ ᠭᠡᠮᠵᠢᠶ᠎ᠠ ᠲᠠᠢ ᠨᠤᠳᠤᠭ ᠢᠶᠠᠨ ᠲᠤᠭᠤᠷᠢᠭ ᠬᠤᠪᠢᠶᠠᠨ ᠰᠡᠯᠭᠦᠨ ᠮᠠᠯᠵᠢᠬᠰᠠᠨ ᠳᠤ ᠪᠠᠶᠢᠨ᠎ᠠ᠃ 4000 ᠮᠦ ᠨᠤᠳᠤᠭ ᠢᠶᠠᠨ 5 ᠭᠡᠰᠡᠭ ᠬᠤᠪᠢᠶᠠᠨ ᠭᠦᠷᠢᠶᠠᠯᠠᠭᠡᠳ 2 ᠲᠤᠭᠤᠷᠢᠭ ᠢ ᠨᠢ ᠮᠠᠯ ᠤᠷᠤᠭᠤᠯᠬᠤ ᠦᠭᠡᠢ ᠪᠠᠷ ᠬᠠᠮᠠᠭᠠᠯᠠᠵᠦ ᠪᠡᠯᠴᠢᠭᠡᠷ ᠢᠶᠠᠨ ᠰᠡᠷᠭᠦᠭᠡᠳᠡᠭ ᠪᠤᠯ᠂ ᠨᠦᠭᠦᠭᠡ ᠲᠤᠭᠤᠷᠢᠭ ᠢ ᠨᠢ ᠬᠠᠳᠤᠯᠠᠩ ᠤᠨ ᠪᠡᠯᠴᠢᠭᠡᠷ ᠪᠤᠯᠭᠠᠨ᠂ ᠪᠤᠰᠤᠳ ᠲᠤᠭᠤᠷᠢᠭ ᠤᠳ ᠲᠠᠭᠠᠨ ᠵᠤᠨ ᠨᠠᠮᠤᠷ ᠤᠨ ᠤᠯᠠᠷᠢᠯ ᠳᠤ ᠡᠭᠡᠯᠵᠢᠯᠡᠨ ᠮᠠᠯᠵᠢᠳᠠᠭ ᠠᠴᠠ ᠪᠡᠯᠴᠢᠭᠡᠷ ᠤᠨ ᠬᠢᠨᠢ ᠰᠡᠷᠭᠦᠯᠳᠡ ᠳᠤ ᠲᠤᠩ ᠠᠰᠢᠬᠳᠠᠢ ᠪᠠᠶᠢᠪᠠ᠃ ︽ᠪᠡᠯᠴᠢᠭᠡᠷ ᠲᠡᠭᠡᠨ ᠲᠠᠩᠴᠠᠬᠦᠯᠵᠤ ᠮᠠᠯ ᠮᠠᠯᠵᠢᠪᠠᠯ ᠡᠪᠡᠰᠤ ᠪᠤᠷᠳᠤᠭᠠᠨ ᠳᠤ ᠠᠷᠪᠢᠳᠠᠢ᠃ ᠮᠠᠯ ᠤᠨ ᠲᠤᠭ᠎ᠠ ᠨᠤᠳᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠪᠠᠯ ᠡᠪᠡᠰᠤ ᠪᠤᠷᠳᠤᠭᠠᠨ ᠤ ᠵᠠᠷᠤᠳᠠᠯ ᠢᠶᠠᠨ ᠬᠦᠭᠡᠭᠡᠭᠡᠳ ᠬᠦᠢᠴᠡᠬᠦ ᠦᠭᠡᠢ᠃ ᠭᠤᠤᠯ ᠨᠢ ᠨᠤᠳᠤᠭ ᠢᠶᠠᠨ ᠭᠠᠮᠨᠠᠭᠠᠳ᠂ ᠪᠡᠯᠴᠢᠭᠡᠷ ᠢᠶᠠᠨ ᠬᠠᠳᠠᠭᠠᠯᠠᠵᠤ᠂ ᠭᠠᠮᠰᠢᠭ ᠵᠤᠳ ᠦᠭᠡᠢ ᠴᠠᠭ ᠲᠤ ᠪᠤᠯ ᠬᠠᠳᠤᠯᠠᠩ ᠠᠴᠠ ᠪᠠᠨ ᠬᠠᠳᠤᠴᠢᠬᠠᠨ᠎ᠠ᠃ ᠪᠡᠯᠴᠢᠭᠡᠷ ᠢᠶᠠᠨ ᠭᠠᠮᠨᠠᠪᠠᠯ ᠡᠪᠡᠰᠤ ᠪᠤᠷᠳᠤᠭ᠎ᠠ ᠴᠤ ᠠᠷᠪᠢᠯᠠᠭᠳᠠᠨ᠎ᠠ︾ ᠭᠡᠵᠦ ᠰᠠᠶᠢᠨ᠎ᠠ ᠤᠴᠢᠷᠯᠠᠨ᠎ᠠ᠃ ᠡᠨᠡ ᠵᠢᠯ ᠭᠤᠴᠢᠭᠠᠳ ᠦᠭᠡᠷ ᠢᠶᠠᠨ ᠬᠤᠳᠠᠯᠳᠤᠬᠤ ᠪᠠᠷ ᠲᠦᠯᠦᠪᠯᠡᠵᠦ᠂ ᠪᠢᠳᠡᠨ ᠢ ᠭᠦᠷᠭᠦ ᠳᠤ 8 ᠦᠭᠡᠷ ᠢᠶᠠᠨ ᠪᠦᠳᠦᠭᠦᠨ ᠪᠠᠭ᠎ᠠ᠂ ᠭᠦᠭᠰᠢᠨ ᠵᠠᠯᠠᠭᠤ ᠲᠡᠭᠰᠢᠳᠭᠡᠭᠡᠳ 7000 ᠲᠦᠭᠦᠷᠢᠭ ᠢᠶᠠᠷ ᠬᠤᠳᠠᠯᠳᠤᠭᠠᠳ ᠪᠠᠶᠢᠪᠠ᠃ ᠰᠠᠶᠢᠨ᠎ᠠ ᠶᠢᠨ ᠲᠠᠨᠢᠯᠴᠠᠭᠤᠯᠬᠤ ᠪᠠᠷ᠂ ᠡᠨᠡ ᠨᠢ ᠬᠤᠨᠢ ᠮᠠᠯᠵᠢᠭᠰᠠᠨ ᠠᠴᠠ ᠬᠤᠯᠠ ᠶᠡᠭᠡ ᠤᠷᠤᠯᠭ᠎ᠠ ᠲᠠᠢ ᠶᠤᠮ ᠭᠡᠨ᠎ᠠ᠃ ᠤᠴᠢᠷ ᠨᠢ ᠡᠳᠡᠨᠠᠶᠢᠬᠢ ᠤᠤᠯ ᠳᠠᠭᠠᠨ ᠬᠤᠨᠢ ᠪᠠᠨ ᠶᠡᠭᠡ ᠪᠠᠷ ᠦᠰᠭᠡᠭᠡᠳ ᠵᠢᠯ ᠤᠨ ᠤᠷᠤᠯᠭ᠎ᠠ ᠨᠢ 20 ᠰᠢᠬᠠᠮ ᠲᠦᠮᠡᠨ ᠲᠦᠭᠦᠷᠢᠭ ᠲᠤ ᠭᠦᠷᠳᠡᠭ ᠴᠦ ᠵᠠᠷᠤᠳᠠᠯ ᠨᠢ ᠠᠷᠪᠠᠭᠠᠳ ᠲᠦᠮᠡᠨ ᠲᠦᠭᠦᠷᠢᠭ ᠤᠷᠤᠴᠢᠬᠠᠳᠠᠭ᠂ ᠤᠳᠤᠬᠢ ᠵᠠᠬ᠎ᠠ ᠲᠡᠯᠭᠡᠭᠦᠷ ᠤᠨ ᠦᠨ᠎ᠠ ᠪᠠᠷ ᠨᠢᠭᠡ ᠬᠤᠷᠠᠭ᠎ᠠ 400 ᠰᠢᠬᠠᠮ ᠲᠦᠭᠦᠷᠢᠭ ᠲᠤ ᠭᠦᠷᠭᠦ ᠪᠠᠷ ᠪᠤᠳᠤᠬᠤ ᠳᠤ ᠡᠨᠡ ᠲᠡᠷᠡ ᠵᠠᠷᠤᠳᠠᠯ ᠢᠶᠠᠨ ᠬᠠᠰᠤᠪᠠᠯ ᠪᠡᠶ᠎ᠠ ᠨᠢ ᠪᠡᠶ᠎ᠠ ᠪᠠᠨ ᠲᠡᠵᠢᠭᠡᠭᠡᠳ ᠤᠯᠬᠤ ᠤᠷᠤᠯᠭ᠎ᠠ ᠭᠡᠵᠦ ᠪᠠᠷᠤᠭ ᠪᠠᠶᠢᠬᠤ ᠦᠭᠡᠢ᠂ ᠡᠭᠦᠨ ᠤ ᠲᠡᠭᠡᠷ᠎ᠠ ᠭᠦᠳᠡᠯᠮᠦᠷᠢ ᠭᠦᠴᠦ ᠴᠦ ᠶᠡᠭᠡ ᠵᠠᠷᠤᠴᠠᠭᠤᠯᠳᠠᠭ ᠶᠤᠮ ᠪᠠᠶᠢᠨ᠎ᠠ᠃ ︽ᠦᠭᠡᠷ ᠮᠠᠯᠵᠢᠬᠤ ᠨᠢ ᠢᠯᠡᠭᠦᠦ ᠠᠰᠢᠭ ᠲᠠᠢ ᠰᠠᠨᠠᠬᠳᠠᠬᠤ ᠶᠤᠮ᠂ ᠨᠤᠳᠤᠭ ᠪᠡᠯᠴᠢᠭᠡᠷ ᠤᠨ ᠱᠠᠭᠠᠷᠳᠠᠯᠭ᠎ᠠ ᠪᠠᠭ᠎ᠠ᠂ ᠮᠠᠩᠬᠠᠨ ᠨᠤᠳᠤᠭ ᠲᠠᠢ ᠠᠶᠢᠯ ᠪᠤᠯ ᠵᠢᠭᠠᠬᠠᠨ ᠨᠦᠮᠦᠷᠢ ᠭᠠᠷᠭᠠᠪᠠᠯ ᠪᠤᠯᠴᠢᠬᠠᠨ᠎ᠠ᠂ ᠭᠡᠭᠦ ᠳᠡᠭᠡᠨ ᠪᠦᠳᠦᠭᠡᠨ ᠪᠠᠶᠢᠭᠤᠯᠤᠯᠳᠠ ᠴᠦ ᠶᠠᠷᠢᠶᠠᠨ ᠦᠭᠡᠢ ᠴᠢᠬᠤᠯᠠ᠃ ᠲᠠᠬᠢᠪᠠᠯ ᠦᠭᠡᠷ ᠮᠠᠯᠵᠢᠬᠤ ᠨᠢ ᠭᠦᠳᠡᠯᠮᠦᠷᠢ ᠭᠦᠴᠦᠨ ᠳᠤ ᠠᠷᠪᠢᠳᠠᠢ᠂ ᠲᠡᠵᠢᠭᠡᠯ ᠡᠪᠡᠰᠦᠨ ᠳᠤ ᠭᠠᠮᠳᠠᠢ᠂ ᠨᠢᠭᠡ ᠡᠷᠡᠨ ᠤ ᠡᠪᠡᠰᠦ ᠪᠤᠷᠳᠤᠭ᠎ᠠ ᠶᠢ ᠨᠢ ᠰᠠᠶᠢᠨ ᠢᠳᠡᠭᠦᠯᠴᠢᠭᠡᠪᠡᠯ ᠬᠤᠶᠠᠷ ᠭᠤᠷᠪᠠᠨ ᠴᠠᠭ ᠠᠵᠢᠭ ᠦᠭᠡᠢ ᠭᠡᠪᠳᠡᠴᠢᠭᠡᠨ᠎ᠠ︾ ᠭᠡᠵᠦ ᠰᠠᠶᠢᠨ᠎ᠠ ᠶᠠᠷᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号