ᠭᠠᠩ ᠵᠢᠯ ᠳᠤ ᠬᠤᠷᠠᠭ᠎ᠠ ᠪᠠᠨ ᠦᠨᠳᠦᠷ ᠦᠨ᠎ᠡ ᠬᠦᠷᠬᠡᠭᠰᠡᠨ ᠮᠠᠯᠵᠢᠯ ᠤᠨ ᠤᠬᠠᠭᠠᠨ — ᠡᠵᠢᠨᠠᠭᠤᠷ ᠪᠠᠯᠭᠠᠰᠤᠨ ᠤ ᠬᠠᠷᠠᠭᠤᠪᠢ ᠭᠠᠴᠠᠭᠠᠨ ᠤ ᠮᠠᠯᠴᠢᠨ ᠳ᠋ᠧᠵᠠᠯᠰᠠᠨᠳᠧᠮᠪᠢᠸᠠ ᠶᠢ ᠰᠤᠷᠪᠤᠯᠵᠢᠯᠠᠭᠠᠳ
ᠨᠡᠶᠢᠲᠡᠯᠡᠭᠰᠡᠨ ᠴᠠᠭ᠄
2016-10-19
    ᠮᠠᠯᠴᠢᠨ ᠬᠦᠮᠦᠨ ᠭᠡᠵᠦ ᠮᠠᠯ ᠤᠨ ᠢᠶᠠᠨ ᠬᠡᠰᠢᠭ ᠪᠤᠶᠠᠨ ᠢᠶᠠᠷ ᠠᠵᠦ ᠲᠦᠷᠦᠵᠦ ᠠᠮᠢᠳᠤᠷᠠᠳᠠᠭ ᠪᠢᠯᠡ᠃ ᠲᠦᠯ ᠮᠠᠯ ᠢᠶᠠᠨ ᠥᠨᠢᠷ ᠣᠨᠳᠣᠷᠤᠭᠤᠯᠵᠣ᠂ ᠬᠤᠨᠢ ᠦᠭᠡᠷ ᠢᠶᠠᠨ ᠦᠨᠳᠦᠷ ᠦᠨ᠎ᠡ ᠳᠤ ᠬᠦᠷᠭᠡᠵᠦ᠂ ᠪᠠᠶᠠᠨ ᠴᠢᠨᠡᠭᠡᠯᠢᠭ ᠠᠮᠢᠳᠤᠷᠠᠯ ᠦᠢᠯᠡᠰ ᠢᠶᠠᠨ ᠴᠤᠭᠴᠠᠯᠠᠵᠦ ᠶᠠᠪᠤᠬᠤ ᠬᠦᠰᠡᠯ ᠡᠪᠤᠷᠯᠡᠭᠰᠡᠨ ᠮᠠᠯᠴᠢᠳ ᠢ ᠡᠨᠡ ᠵᠢᠯ ᠤᠨ ᠬᠤᠷ᠎ᠠ ᠪᠣᠷᠣᠭᠠᠨ ᠴᠦᠭᠡᠨ᠂ ᠭᠠᠩ ᠬᠠᠭᠰᠠᠷᠠᠭᠠᠨ ᠲᠠᠢ ᠪᠦᠭᠡᠳ ᠮᠠᠯ ᠤᠨ ᠦᠨ᠎ᠡ ᠬᠠᠩᠰᠢ ᠲᠣᠷᠤᠭᠰᠢᠯᠠᠭᠰᠠᠨ ᠪᠠᠶᠢᠳᠠᠯ ᠨᠢ ᠬᠦᠨᠳᠦ ᠭᠡᠴᠡᠬᠦᠦ ᠭᠠᠴᠢᠭᠳᠠᠯ ᠳᠤ ᠤᠴᠠᠷᠠᠭᠤᠯᠵᠦ᠂ ᠤᠷᠤᠯᠭ᠎ᠠ ᠶᠢ ᠨᠢ ᠮᠡᠳᠡᠭᠳᠡᠮ᠎ᠠ ᠨᠦᠯᠦᠭᠡᠯᠡᠵᠡᠢ᠃ ᠲᠡᠭᠡᠭᠰᠡᠨ ᠴᠦ ᠡᠨᠡᠬᠦ ᠭᠠᠴᠢᠭᠳᠠᠯᠳᠤ ᠪᠠᠶᠢᠳᠠᠯ ᠳᠤ ᠤᠬᠠᠭᠠᠨ ᠰᠦᠢᠭᠰᠡᠨ ᠦᠵᠦᠮᠥᠴᠢᠨ ᠮᠠᠯᠴᠢᠳ ᠮᠠᠨᠢ ᠭᠠᠷ ᠢᠶᠠᠨ ᠨᠤᠬᠤᠯᠠᠵᠦ ᠠᠷᠭ᠎ᠠ ᠪᠠᠷᠠᠭᠳᠠᠵᠤ ᠰᠠᠭᠤᠭ᠎ᠠ ᠦᠭᠡᠢ ᠬᠠᠷᠢᠨ ᠥᠪᠡᠷ ᠤᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠠᠷᠭ᠎ᠠ ᠪᠦᠬᠦᠨ ᠢ ᠰᠦᠪᠡᠭᠴᠢᠯᠡᠵᠦ᠂ ᠮᠠᠯᠵᠢᠯ ᠤᠨ ᠤᠷᠤᠯᠭ᠎ᠠ ᠪᠠᠨ ᠨᠡᠮᠡᠭᠳᠡᠭᠦᠯᠬᠦ ᠶᠢ ᠵᠤᠷᠢᠵᠦ ᠴᠢᠷᠮᠠᠶᠢᠵᠦ ᠯᠡ ᠶᠠᠪᠤᠨ᠎ᠠ᠃       ᠤᠢᠢᠷ᠎ᠡ ᠶᠢᠨ ᠡᠳᠦᠷ᠂ ᠮᠠᠯᠴᠢᠳ ᠬᠤᠷᠠᠭ᠎ᠠ ᠪᠠᠨ ᠶᠠᠮᠠᠷ ᠰᠢᠤᠬᠠᠨ ᠦᠨ᠎ᠡ ᠬᠠᠩᠰᠢ ᠪᠠᠷ ᠬᠤᠳᠠᠯᠳᠤᠵᠦ ᠪᠠᠶᠢᠭ᠎ᠠ ᠂ ᠮᠠᠯᠴᠢᠳ ᠤᠨ ᠤᠷᠤᠯᠭ᠎ᠠ ᠶᠠᠭᠤ ᠪᠤᠯᠵᠦ ᠪᠠᠶᠢᠭ᠎ᠠ ᠪᠠᠶᠢᠳᠠᠯ ᠢ ᠤᠢᠢᠯᠠᠭᠠᠬᠤ ᠪᠠᠷ ᠰᠤᠷᠪᠤᠯᠵᠢᠯᠠᠭᠴᠢ ᠵᠡᠬᠦᠨ ᠦᠵᠦᠮᠥᠴᠢᠨ ᠬᠤᠰᠢᠭᠤᠨ ᠤ ᠡᠵᠢᠨᠠᠭᠤᠷ ᠪᠠᠯᠭᠠᠰᠤᠨ ᠤ ᠬᠠᠷᠠᠭᠤᠪᠢ ᠭᠠᠴᠠᠭ᠎ᠠ ᠶᠢ ᠵᠤᠷᠢᠵᠦ ᠮᠠᠯᠴᠢᠨ ᠳ᠋ᠧᠵᠠᠯᠰᠠᠨᠳᠧᠮᠪᠢᠸᠠ ᠶᠢᠨ ᠬᠢᠨ ᠳᠤ ᠬᠦᠷᠦᠯ᠎ᠡ᠃        ᠳ᠋ᠧᠵᠠᠯᠰᠠᠠᠳᠧᠮᠪᠢᠸᠠ ᠶᠢᠨ ᠬᠢᠨ 4 ᠬᠦᠮᠦᠨ ᠠᠮᠠ ᠲᠠᠢ᠂ 5300 ᠮᠦ ᠨᠤᠲᠤᠭ ᠪᠡᠯᠴᠢᠭᠡᠷ ᠲᠠᠢ᠃ ᠥᠨᠦ ᠵᠢᠯ 300 ᠭᠠᠷᠤᠢ ᠬᠤᠷᠠᠭ᠎ᠠ ᠵᠠᠷᠤᠴᠠᠭᠤᠯᠵᠦ᠂ ᠳᠡᠭᠰᠢᠳᠭᠡᠭᠡᠳ ᠬᠤᠷᠠᠭ᠎ᠠ ᠪᠦᠷᠢ ᠶᠢ 420 ᠲᠦᠭᠦᠷᠢᠭ ᠢᠶᠠᠷ ᠬᠤᠳᠠᠯᠳᠤᠵᠦ᠂ ᠨᠡᠶᠢᠲᠡ 1 ᠲᠦᠮᠡ 2600 ᠲᠦᠭᠦᠷᠢᠭ ᠤᠨ ᠤᠷᠤᠯᠭ᠎ᠠ ᠡᠬᠦᠳᠴᠦ᠂ ᠴᠡᠪᠡᠷ ᠤᠷᠤᠯᠭ᠎ᠠ 8 ᠲᠦᠮᠡ ᠭᠠᠷᠤᠢ ᠲᠦᠭᠦᠷᠢᠭ ᠲᠤ ᠬᠦᠷᠴᠡᠢ᠃ ᠥᠨᠦ ᠵᠢᠯ ᠤᠨ ᠬᠠᠨᠭ᠍ᠰᠢ ᠪᠠᠷ ᠬᠤᠷᠠᠭ᠎ᠠ ᠪᠠᠨ ᠲᠡᠭᠰᠢᠳᠭᠡᠭᠡᠳ 400 ᠭᠠᠷᠤᠢ ᠲᠦᠭᠦᠷᠢᠭ ᠢᠶᠠᠷ ᠬᠤᠳᠠᠯᠳᠤᠨ᠎ᠡ ᠬᠡᠳᠡᠭ ᠨᠢ ᠨᠡᠯᠢᠶᠡᠳ ᠦᠨᠳᠦᠷ ᠦᠨ᠎ᠡ ᠪᠠᠷ ᠬᠤᠳᠠᠯᠳᠤᠭᠰᠠᠨ ᠳᠤ ᠲᠤᠭᠠᠴᠠᠭᠳᠠᠨ᠎ᠠ᠃ ᠵᠠᠬ᠎ᠠ ᠲᠡᠯᠬᠡᠭᠦᠷ ᠤᠨ ᠬᠤᠷᠠᠭᠠᠨ ᠦᠨ᠎ᠡ ᠨᠡᠶᠢᠳᠡᠮ ᠲᠤᠤᠷ᠎ᠡ ᠪᠠᠶᠢᠳᠠᠯ ᠳᠤ ᠶᠠᠭᠠᠬᠢᠭᠠᠳ ᠬᠤᠷᠠᠭ᠎ᠠ ᠪᠠᠨ ᠡᠶᠢᠮᠦ ᠦᠨᠳᠦᠷ ᠦᠨ᠎ᠡ ᠪᠠᠷ ᠬᠤᠳᠠᠯᠳᠤᠴᠢᠬᠠᠪᠠ︖ ᠭᠡᠪᠡᠯ ᠳᠡᠳᠡᠨᠠᠶᠢᠬᠢᠨ ᠡᠬᠡ ᠮᠠᠯ ᠤᠨ ᠲᠦᠯᠯᠡᠬᠦ ᠬᠤᠭᠤᠴᠠᠭᠠᠨ ᠳᠤ ᠪᠠᠷᠤᠭ ᠵᠠᠭᠤᠭᠠᠳ ᠡᠳᠦᠷ ᠲᠡᠵᠢᠭᠡᠯ ᠨᠦᠬᠦᠪᠦᠷᠢᠯᠡᠵᠦ᠂ ᠪᠤᠷᠳᠤᠨ ᠲᠡᠵᠢᠭᠡᠭᠰᠡᠨ ᠠᠴᠠ ᠡᠬᠡ ᠮᠠᠯ ᠤᠨ ᠲᠠᠷᠭᠤ ᠬᠦᠴᠦ ᠨᠡᠮᠡᠭᠳᠡᠵᠦ᠂ ᠬᠤᠷᠠᠭ᠎ᠠ ᠨᠢ ᠡᠬᠡ ᠶᠢᠨ ᠬᠡᠪᠡᠯᠢ ᠳᠤ ᠪᠠᠨ ᠲᠡᠵᠢᠭᠡᠯ ᠨᠢ ᠬᠦᠢᠴᠡᠵᠠᠢ᠃ ᠡᠬᠦᠨ ᠤ ᠬᠠᠮᠳᠤ ᠬᠤᠷᠠᠭᠠᠯᠠᠭᠰᠠᠨ ᠤ ᠳᠠᠷᠠᠭ᠎ᠠ᠂ ᠡᠬᠡ ᠮᠠᠯ ᠤᠨ ᠴᠠᠳᠬᠠᠯᠳᠠ ᠭᠦᠢᠴᠡᠳ ᠠᠴᠠ ᠬᠤᠷᠠᠭᠠᠨ ᠤ ᠦᠰᠦᠯᠲᠡ ᠲᠦᠷᠬᠡᠨ ᠪᠠᠶᠢᠵᠦ᠂ ᠲᠦᠯ ᠳᠣᠰᠣᠭᠰᠠᠨ ᠠᠴᠠ ᠬᠤᠷᠠᠭ᠎ᠠ ᠪᠠᠨ ᠵᠠᠷᠤᠴᠠᠭᠤᠯᠬᠤ ᠬᠦᠷᠲᠡᠯ᠎ᠡ ᠲᠠᠪᠤᠨ ᠰᠠᠷ᠎ᠠ ᠶᠢᠨ ᠪᠤᠷᠳᠤᠨ ᠲᠡᠵᠢᠭᠡᠬᠦ ᠬᠤᠭᠤᠴᠠᠭᠠᠨ ᠳᠤ ᠬᠤᠷᠠᠭ᠎ᠠ ᠪᠦᠷᠢ ᠲᠡᠭᠰᠢᠳᠭᠡᠭᠡᠳ 70 - 80 ᠵᠢᠩ ᠳᠤ ᠬᠦᠷᠴᠦ᠂ ᠬᠠᠮᠤᠭ ᠦᠨᠳᠦᠷ ᠲᠤ ᠪᠠᠨ 95 ᠵᠢᠩ ᠳᠤ ᠬᠦᠷᠦᠭᠰᠡᠨ ᠠᠴᠠ ᠵᠢᠩ ᠳᠠᠭᠠᠭᠠᠵᠦ ᠦᠨ᠎ᠡ ᠬᠦᠷᠴᠡᠢ᠃       ᠳ᠋ᠧᠵᠠᠯᠰᠠᠨᠳᠧᠮᠪᠢᠸᠠ ᠢᠡᠭᠬᠢᠵᠦ ᠥᠪᠡᠷ ᠤᠨ ᠮᠠᠯᠵᠢᠬᠤ ᠦᠢᠯᠡᠳᠪᠦᠷᠢᠯᠡᠯ ᠤᠨ ᠪᠤᠳᠠᠳᠤ ᠪᠠᠶᠢᠳᠠᠯ ᠳᠤ ᠪᠠᠨ ᠵᠤᠬᠢᠴᠠᠭᠤᠯᠵᠦ᠂ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠦ᠂ ᠭᠠᠨᠭ᠌ ᠭᠠᠴᠢᠭ ᠲᠠᠢ ᠵᠢᠯ ᠳᠤ ᠮᠠᠯ ᠮᠠᠯᠵᠢᠭᠰᠠᠨ ᠤᠳᠠᠭᠠᠨ ᠵᠢᠯ ᠤᠨ ᠠᠷᠭ᠎ᠠ ᠳᠤᠷᠰᠢᠯᠭ᠎ᠠ ᠪᠠᠨ ᠦᠨᠳᠦᠰᠦᠯᠡᠨ᠂ ᠰᠢᠨ᠎ᠡ ᠨᠢᠭᠡᠨ ᠠᠷᠭ᠎ᠠ ᠤᠬᠠᠭᠠᠨ ᠢ ᠰᠦᠪᠡᠭᠴᠢᠯᠡᠨ᠂ ᠮᠠᠯ ᠢᠶᠠᠨ ᠰᠢᠯᠢᠳᠡᠭᠵᠢᠭᠦᠯᠦᠨ ᠮᠠᠯᠵᠢᠵᠦ᠂ ᠮᠠᠯ ᠪᠡᠯᠴᠢᠬᠡᠷ ᠤᠨ ᠳᠡᠩᠴᠡᠬᠦᠷᠢ ᠶᠢ ᠪᠠᠳᠣᠯᠠᠵᠦ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠨ᠂ ᠤᠷᠤᠯᠭ᠎ᠠ ᠪᠠᠨ ᠨᠡᠮᠡᠭᠳᠡᠭᠦᠯᠵᠦ ᠴᠢᠳᠠᠵᠠᠢ᠃ ︽ᠬᠡᠷᠪᠡ ᠲᠦᠷᠦᠭᠦᠦ ᠬᠡᠳᠤᠨ ᠵᠢᠯ ᠪᠠᠶᠢᠬᠰᠠᠨ ᠪᠤᠯ ᠪᠦᠷ ᠨᠠᠢᠮᠠ ᠶᠢᠰᠦᠨ ᠵᠠᠭᠤᠨ ᠲᠦᠬᠦᠷᠢᠭ ᠬᠦᠷᠬᠦ ᠬᠤᠷᠠᠭ᠎ᠠ ᠨᠤᠭᠤᠳ ᠰᠢᠦ᠃ ᠭᠡᠪᠡᠴᠦ ᠥᠨᠦ ᠵᠢᠯ ᠳᠡᠭᠡᠨ ᠠᠪᠴᠦ ᠬᠡᠯᠡᠪᠡᠯ 400 ᠭᠠᠷᠤᠢ ᠲᠦᠬᠦᠷᠢᠭ ᠢᠶᠠᠷ ᠬᠤᠳᠠᠯᠳᠤᠭᠰᠠᠨ ᠨᠢ ᠪᠠᠰᠠ ᠨᠡᠯᠢᠶᠡᠳ ᠦᠨᠳᠦᠷ ᠦᠨ᠎ᠡ ᠪᠠᠷ ᠬᠤᠳᠠᠯᠳᠤᠬᠰᠠᠨ ᠳᠤ ᠤᠷᠤᠨ᠎ᠠ︾ ᠭᠡᠵᠦ ᠳ᠋ᠧᠵᠠᠯᠰᠠᠨᠳᠧᠮᠪᠢᠸᠠ ᠵᠢᠭᠠᠬᠠᠨ ᠬᠠᠷᠠᠮᠰᠠᠯ ᠲᠠᠢ ᠶᠠᠷᠢᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号