ᠭᠤᠷᠪᠠᠨ ᠰᠠᠷ᠎ᠠ ᠶᠢᠨ ᠡᠮᠥᠨ᠎ᠠ᠂ ᠵᠡᠬᠦᠨ ᠥᠵᠥᠮᠥᠴᠢᠨ ᠬᠤᠰᠢᠭᠤ ᠭᠠᠳᠠᠭᠠᠳᠤ ᠶᠢᠨ 12 — 18 | ᠰᠠᠷ᠎ᠠ ᠲᠠᠢ 500 ᠴᠡᠪᠡᠷ ᠡᠭᠦᠯᠳᠡᠷ ᠤᠨ ᠠᠩᠭᠢᠰ ᠦᠨᠢᠶ᠎ᠠ ᠤᠷᠤᠭᠤᠯᠵᠥ ᠠᠪᠴᠢᠷᠠᠭᠰᠠᠨ ᠶᠤᠮ᠃ ᠡᠬᠦᠨ ᠤ | ᠲᠤᠳᠤᠷ᠎ᠠ 350 ᠦᠨᠢᠶ᠎ᠠ ᠶᠢ ᠲᠠᠭᠤᠳᠦᠨᠠᠭᠤᠷ ᠪᠠᠯᠭᠠᠰᠤ ᠶᠢᠨ ᠤᠯᠠᠭᠠᠨᠳᠤᠭ ᠭᠠᠴᠠᠭᠠᠨ ᠤ ᠰᠢᠯᠢᠳᠡᠭ ᠡᠭᠦᠯᠳᠡᠷ ᠤᠨ | ᠦᠭᠡᠷ ᠲᠦᠪᠯᠡᠷᠡᠭᠦᠯᠦᠨ ᠮᠠᠯᠵᠢᠬᠤ ᠴᠡᠭ ᠲᠤ ᠭᠦᠷᠭᠡᠵᠦ᠂ 150 ᠦᠨᠢᠶ᠎ᠠ ᠶᠢ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠲᠤᠪᠴᠢᠶᠠᠨ ᠤ ᠮᠠᠯ ᠠᠵᠦ ᠠᠬᠤᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠵᠢᠱᠢᠶ᠎ᠠ ᠦᠵᠡᠭᠦᠯᠭᠦ | ᠮᠠᠯᠵᠢᠯ ᠤᠨ ᠲᠠᠯᠠᠪᠠᠢ ᠳᠤ ᠲᠦᠷ ᠮᠠᠯᠵᠢᠵᠠᠢ᠃ | ᠡᠨᠡ ᠳᠠᠰᠢᠷᠠᠮ ᠢᠶᠠᠷ ᠲᠠᠭᠤᠳᠤᠨᠠᠭᠤᠷ ᠪᠠᠯᠭᠠᠰᠤ ᠶᠢᠨ ᠤᠯᠠᠭᠠᠨᠳᠤᠭ ᠭᠠᠴᠠᠭᠠᠨ ᠤ ᠮᠠᠯᠴᠢᠨ ᠭᠦᠸᠧ ᠵᠸᠡᠭ ᠯᠢᠨ | ᠮᠠᠯ ᠰᠦᠷᠦᠭ ᠤᠨ ᠪᠦᠳᠤᠴᠠ ᠳᠡᠭᠡᠨ ᠳᠤᠬᠢᠷᠠᠭᠤᠯᠤᠯᠳᠠ ᠬᠢᠵᠦ᠂ ᠨᠢᠭᠡ ᠯᠠ ᠤᠳᠠᠭ᠎ᠠ ᠳᠤ 30 ᠭᠠᠷᠦᠢ ᠲᠦᠮᠡᠨ | ᠲᠦᠭᠦᠷᠢᠭ ᠢᠶᠠᠷ 25 ᠠᠩᠬᠢᠰ ᠦᠨᠢᠶ᠎ᠠ ᠠᠪᠴᠠᠢ᠃ ︽ᠤᠢᠢᠷ᠎ᠠ ᠶᠢᠨ ᠵᠢᠯ ᠬᠤᠨᠢ ᠬᠤᠷᠠᠭ᠎ᠠ ᠦᠨ᠎ᠠ ᠬᠥᠷᠬᠦ ᠥᠭᠡᠢ᠂ | ᠡᠪᠡᠰᠦ ᠪᠤᠷᠳᠤᠭᠠᠨ ᠤ ᠦᠨ᠎ᠠ ᠪᠠᠰᠠ ᠲᠠᠰᠤᠷᠠᠯᠳᠠ ᠦᠭᠡᠢ ᠨᠡᠮᠡᠭᠳᠡᠭᠰᠡᠨ ᠢᠶᠠᠷ ᠬᠤᠨᠢ ᠮᠠᠯᠵᠢᠭᠠᠳ ᠤᠷᠤᠯᠭ᠎ᠠ ᠠᠨᠠᠢ | ᠪᠤᠯᠪᠠ᠃ ᠤᠲᠤ ᠰᠢᠯᠢᠳᠡᠭ ᠡᠭᠦᠯᠳᠡᠷ ᠤᠨ ᠦᠭᠡᠷ ᠮᠠᠯᠵᠢᠬᠤ ᠶᠢ ᠤᠷᠢᠶᠠᠯᠠᠵᠥ ᠪᠠᠶᠢᠬᠤ ᠪᠥᠭᠡᠳ ᠡᠯ᠎ᠠ ᠲᠠᠯ᠎ᠠ ᠶᠢᠨ | ᠬᠠᠷᠠᠭᠠᠯᠵᠠᠯ ᠤᠨ ᠲᠥᠷᠥ ᠶᠢᠨ ᠪᠤᠲᠤᠯᠭ᠎ᠠ ᠬᠡᠷᠡᠭᠵᠢᠬᠦᠯᠵᠥ ᠪᠠᠶᠢᠭ᠎ᠠ ᠠᠰᠢᠭᠲᠠᠢ ᠲᠤᠬᠢᠶᠠᠯ ᠢ ᠠᠮᠵᠢᠨ ᠪᠢ | ᠵᠤᠷᠢᠭᠲᠠᠢ ᠪᠠᠷ ᠰᠢᠨ᠎ᠠ ᠲᠤᠷᠰᠢᠴᠠ ᠬᠢᠵᠥ᠂ ᠰᠢᠯᠢᠲᠡᠭ ᠡᠬᠦᠯᠲᠡᠷ ᠤᠨ ᠥᠭᠡᠷ ᠮᠠᠯᠵᠢᠶ᠎ᠠ ᠬᠡᠵᠥ ᠪᠤᠲᠤᠵᠥ ᠪᠠᠶᠢᠨ᠎ᠠ︾ | ᠭᠡᠵᠦ ᠭᠦᠸᠧ ᠵᠸᠡᠭ ᠯᠢᠨ ᠶᠠᠷᠢᠨ᠎ᠠ᠃ | ᠵᠡᠭᠦᠨ ᠦᠵᠦᠮᠦᠴᠢᠨ ᠬᠤᠰᠢᠭᠤ ᠰᠢᠯᠢᠳᠡᠭ ᠡᠭᠦᠯᠳᠡᠷ ᠤᠨ ᠦᠭᠡᠷ ᠤᠷᠤᠭᠤᠯᠬᠤ ᠠᠴᠠ ᠡᠮᠦᠨ᠎ᠠ ᠤᠷᠳᠤ | ᠬᠤᠭᠤᠴᠠᠭᠠᠨ ᠤ ᠪᠡᠯᠡᠳᠭᠡᠯ ᠠᠵᠢᠯ ᠬᠢᠵᠦ᠂ ᠠᠵᠦ ᠠᠬᠤᠢᠢᠯᠠᠯ ᠪᠤᠯᠤᠨ ᠭᠠᠴᠠᠭ᠎ᠠ᠂ ᠮᠠᠯᠵᠢᠬᠤ ᠡᠷᠦᠭᠡ ᠶᠢ ᠵᠤᠬᠢᠶᠠᠨ | ᠪᠠᠶᠢᠭᠤᠯᠤᠨ ᠶᠠᠷᠢᠯᠴᠠᠬᠤ ᠬᠤᠷᠠᠯ ᠬᠤᠷᠠᠯᠳᠤᠭᠤᠯᠵᠦ᠂ ᠡᠷᠦᠭᠡ ᠬᠤᠯᠪᠤᠭᠠᠯᠠᠨ ᠲᠦᠪᠯᠡᠷᠡᠭᠦᠯᠦᠨ ᠮᠠᠯᠵᠢᠬᠤ ᠴᠡᠭ ᠲᠤ | ᠭᠦᠨᠵᠡᠭᠡᠶᠢᠷᠡᠨ ᠮᠠᠯᠴᠢᠳ ᠤᠨ ᠰᠢᠯᠢᠳᠡᠭ ᠡᠭᠦᠯᠳᠡᠷ ᠤᠨ ᠦᠭᠡᠷ ᠮᠠᠯᠵᠢᠬᠤ ᠦᠢᠯᠡᠰ ᠤᠨ ᠭᠦᠭᠵᠢᠯᠳᠡ ᠳᠤ ᠢᠳᠡᠪᠬᠢᠳᠠᠢ | ᠤᠷᠤᠯᠴᠠᠬᠤ ᠶᠢ ᠳᠠᠶᠢᠴᠢᠯᠠᠵᠠᠢ᠃ 3 ᠳ᠋ᠤᠭᠠᠷ ᠰᠠᠷ᠎ᠠ ᠶᠢᠨ ᠲᠤᠮᠳᠠᠴᠢ ᠪᠠᠷ᠂ ᠲᠠᠭᠤᠳᠤᠨᠠᠭᠤᠷ ᠪᠠᠯᠭᠠᠰᠤ ᠶᠢᠨ | ᠤᠯᠠᠭᠠᠨᠳᠤᠭ ᠭᠠᠴᠠᠭᠠᠨ ᠤ ᠮᠠᠯᠴᠢᠳ ᠪᠤᠯᠤᠨ ᠪᠠᠯᠭᠠᠰᠤᠨ ᠤ ᠵᠠᠰᠠᠭ ᠤᠨ ᠤᠷᠳᠤᠨ ᠤ ᠪᠠᠶᠢᠴᠠᠭᠠᠬᠤ ᠪᠦᠯᠭᠦᠮ ᠤᠨ | 20 ᠭᠠᠷᠦᠢ ᠭᠦᠮᠦᠨ ᠬᠠᠷᠠᠮᠦ᠋ᠷᠡᠨ ᠮᠤᠵᠢ ᠶᠢᠨ ᠯᠦᠡᠭ ᠵᠢᠶᠠᠩ ᠸᠠᠬᠢᠢᠢᠤ᠋ ᠦᠭᠡᠷ ᠢ ᠤᠳᠤᠬᠢᠴᠢᠯᠠᠭᠰᠠᠨ ᠮᠠᠶ᠋ᠢᠭ ᠢᠶᠠᠷ | ᠲᠡᠵᠢᠭᠡᠨ ᠦᠷᠡᠵᠢᠭᠦᠯᠭᠦ ᠵᠢᠱᠢᠶ᠎ᠠ ᠦᠵᠡᠭᠦᠯᠭᠦ ᠰᠠᠭᠤᠷᠢᠨ ᠭᠠᠵᠠᠷ ᠢᠶᠠᠷ ᠭᠦᠷᠴᠦ ᠪᠠᠶᠢᠴᠠᠭᠠᠨ ᠰᠤᠷᠤᠯᠴᠠᠵᠦ᠂ | ᠮᠠᠯᠴᠢᠳ ᠲᠤ ᠰᠢᠯᠢᠳᠡᠭ ᠡᠭᠦᠯᠳᠡᠷ ᠤᠨ ᠦᠭᠡᠷ ᠮᠠᠯᠵᠢᠬᠤ ᠶᠢᠨ ᠠᠰᠢᠭᠳᠠᠢ ᠲᠠᠯ᠎ᠠ ᠶᠢ ᠭᠦᠢᠴᠡᠳ ᠲᠠᠨᠢᠭᠤᠯᠤᠭᠰᠠᠨ | ᠪᠠᠶᠢᠨ᠎ᠠ᠃ | ᠲᠤᠰ ᠬᠤᠰᠢᠭᠤ ᠮᠠᠯᠴᠢᠳ ᠤᠨ ᠰᠦᠷᠦᠭ ᠤᠨ ᠪᠦᠳᠦᠴᠡ ᠳᠡᠭᠡᠨ ᠵᠤᠷᠢᠬᠳᠠᠢ ᠲᠤᠬᠢᠷᠠᠭᠤᠯᠤᠯᠳᠠ ᠬᠢᠭᠦ ᠶᠢ | ᠵᠢᠯᠤᠭᠤᠳᠴᠦ᠂ ᠲᠠᠭᠤᠳᠤᠨᠠᠭᠤᠷ ᠪᠠᠯᠭᠠᠰᠤ ᠶᠢᠨ ᠤᠯᠠᠭᠠᠨᠳᠤᠭ ᠭᠠᠴᠠᠭᠠᠨ ᠤ ᠰᠢᠯᠢᠳᠡᠭ ᠡᠭᠦᠯᠳᠡᠷ ᠤᠨ ᠦᠭᠡᠷ | ᠲᠦᠪᠯᠡᠷᠡᠭᠦᠯᠦᠨ ᠮᠠᠯᠵᠢᠬᠤ ᠴᠡᠭ ᠤᠨ 21 ᠮᠠᠯᠵᠢᠬᠤ ᠡᠷᠦᠭᠡ ᠳᠤ ᠦᠭᠡᠷ ᠬᠤᠳᠠᠯᠳᠤᠨ ᠠᠪᠬᠤ 600 ᠲᠦᠮᠡᠨ | ᠲᠦᠭᠦᠷᠢᠭ ᠤᠨ ᠵᠢᠭᠡᠯᠡᠯᠭᠡ ᠤᠯᠭᠤᠵᠠᠢ᠃ ᠭᠠᠳᠠᠨ᠎ᠠ ᠠᠴᠠ ᠤᠷᠤᠭᠤᠯᠤᠭᠰᠠᠨ 350 ᠰᠢᠯᠢᠳᠡᠭ ᠡᠭᠦᠯᠳᠡᠷ ᠤᠨ | ᠦᠭᠡᠷ ᠲᠤ ᠲᠠᠩᠰᠠ ᠡᠪᠭᠡᠮᠡᠯ ᠪᠠᠶᠢᠭᠤᠯᠤᠭᠰᠠᠨ ᠪᠥᠭᠡᠳ ᠪᠤᠷᠳᠤᠨ ᠲᠠᠷᠭᠤᠯᠠᠭᠤᠯᠬᠤ ᠬᠠᠮᠢᠶᠠᠷᠤᠯᠳᠠ᠂ ᠬᠢᠵᠢᠭ ᠭᠡᠮ | ᠰᠡᠷᠭᠡᠶᠢᠯᠡᠭᠦ ᠵᠡᠷᠭᠡ ᠲᠠᠯ᠎ᠠ ᠪᠠᠷ ᠮᠡᠷᠭᠡᠵᠢᠯ ᠤᠨ ᠵᠢᠯᠤᠭᠤᠳᠤᠯᠭ᠎ᠠ ᠬᠠᠨᠭ᠍ᠭᠠᠪᠠ᠃ ᠬᠤᠰᠢᠭᠤᠨ ᠤ ᠲᠠᠷᠢᠶᠠᠯᠠᠩ ᠮᠠᠯ ᠠᠵᠦ | ᠠᠬᠤᠢ ᠶᠢᠨ ᠲᠤᠪᠴᠢᠶᠠᠨ ᠤ ᠲᠡᠳ᠋ ᠲᠠᠷᠤᠭ᠎ᠠ ᠴᠤᠬᠵᠢᠯ᠄ ︽ᠭᠡᠪᠴᠢᠶᠡᠵᠢᠭᠦᠯᠦᠨ ᠮᠠᠯᠵᠢᠬᠤ ᠶᠢ ᠦᠷᠭᠡᠳᠭᠡᠭᠦ | ᠲᠠᠯ᠎ᠠ ᠪᠠᠷ ᠪᠢᠳᠡ ᠭᠠᠴᠠᠭ᠎ᠠ᠂ ᠮᠠᠯᠵᠢᠬᠤ ᠡᠷᠦᠭᠡ ᠪᠤᠯᠤᠨ ᠵᠦᠡᠭ ᠡᡁᠧ ᠡᡁᠸᠡᠭ ᠷᠦᠢ ᠺᠤᠮᠫᠠᠨᠢ ᠶᠢ ᠵᠤᠯᠭᠠᠯᠴᠠᠭᠤᠯᠬᠤ | ᠠᠵᠢᠯ ᠢ ᠰᠠᠶᠢᠳᠦᠷ ᠬᠢᠵᠦ᠂ ᠬᠤᠷᠰᠢᠶᠠᠵᠢᠯ ᠪᠤᠯᠤᠨ ᠮᠠᠯᠵᠢᠬᠤ ᠡᠷᠦᠭᠡ ᠶᠢ ᠵᠢᠯᠤᠭᠤᠳᠤᠨ ᠲᠠᠭᠠᠭᠤᠯᠬᠤ ᠪᠤᠶᠤ | ᠢᠳᠡᠪᠬᠢᠳᠠᠢ ᠪᠠᠷ ᠰᠢᠭᠰᠢᠨ ᠰᠤᠩᠭᠤᠵᠥ᠂ ᠪᠤᠳᠠᠳᠦ ᠦᠷ᠎ᠠ ᠪᠦᠳᠦᠮᠵᠢ ᠤᠯᠬᠤ ᠪᠠᠷ ᠴᠢᠷᠮᠠᠶᠢᠵᠦ ᠪᠤᠢ︾ ᠭᠡᠪᠡ᠃ | ᠲᠠᠷᠠᠭᠠᠴᠢ ᠶᠢᠨ ᠠᠯᠬᠤᠮ ᠳᠤ᠂ ᠲᠤᠰ ᠬᠤᠰᠢᠭᠤ ᠵᠠᠬ᠎ᠠ ᠲᠠᠯᠭᠡᠭᠦᠷ ᠤᠨ ᠱᠠᠭᠠᠷᠳᠠᠯᠭ᠎ᠠ ᠶᠢ ᠦᠨᠳᠦᠰᠦᠯᠡᠵᠦ᠂ ︽ | ᠬᠤᠨᠢ ᠶᠢ ᠴᠦᠭᠡᠴᠢᠯᠡᠵᠦ ᠦᠭᠡᠷ ᠢᠯᠡᠭᠦᠦ ᠮᠠᠯᠵᠢᠬᠤ︾ ᠪᠠᠶᠢᠯᠳᠤᠬᠤ ᠪᠤᠳᠤᠯᠭ᠎ᠠ ᠶᠢ ᠢᠲᠡᠪᠬᠢᠲᠡᠢ ᠭᠡᠷᠡᠭᠵᠢᠭᠦᠯᠦᠨ᠂ | ᠰᠢᠯᠢᠳᠡᠭ ᠡᠭᠦᠯᠳᠡᠷ ᠤᠨ ᠦᠭᠡᠷ ᠮᠠᠯᠵᠢᠬᠤ ᠠᠵᠦ ᠦᠢᠯᠡᠰ ᠢ ᠭᠦᠭᠵᠢᠭᠦᠯᠵᠦ᠂ ᠬᠤᠳᠠᠯᠳᠤᠨ ᠤᠷᠤᠭᠤᠯᠬᠤ᠂ | ᠭᠡᠭᠡᠯᠳᠦᠭᠦᠯᠭᠡ ᠬᠢᠭᠦ᠂ ᠲᠡᠵᠢᠭᠡᠨ ᠦᠷᠡᠵᠢᠭᠦᠯᠭᠦ᠂ ᠪᠤᠷᠳᠤᠨ ᠲᠠᠷᠭᠤᠯᠠᠭᠤᠯᠬᠤ᠂ ᠡᠳ᠋ᠰᠢᠭᠦᠯᠦᠨ ᠪᠤᠯᠪᠠᠰᠤᠷᠠᠭᠤᠯᠬᠤ᠂ | ᠪᠤᠷᠤᠯᠠᠭᠤᠯᠬᠤ ᠵᠡᠷᠭᠡ ᠠᠵᠦ ᠦᠢᠯᠡᠰ ᠤᠨ ᠭᠡᠯᠬᠢᠶᠡᠵᠢᠯ ᠢ ᠪᠦᠷᠢᠯᠳᠦᠭᠦᠯᠵᠦ᠂ ᠬᠢᠵᠢᠭ ᠭᠡᠮ ᠰᠡᠷᠭᠡᠶᠢᠯᠡᠭᠦ᠂ ᠶᠠᠰᠦ | ᠴᠢᠨᠡᠷ ᠢ ᠮᠦᠷᠳᠡᠨ ᠨᠡᠭᠡᠮᠵᠢᠯᠡᠭᠦ᠂ ᠪᠦᠳᠦᠭᠡᠭᠳᠡᠭᠦᠨ ᠰᠤᠳᠤᠯᠤᠨ ᠦᠢᠯᠡᠳᠭᠦ᠂ ᠨᠡᠷᠡᠳᠦ ᠲᠡᠮᠳᠡᠭ ᠡᠭᠦᠳᠭᠦ ᠵᠡᠷᠭᠡ ᠡᠯ᠎ᠠ | ᠭᠤᠭᠴᠤᠭ᠎ᠠ ᠶᠢ ᠨᠢᠭᠡ ᠴᠤᠭᠴᠠᠵᠢᠭᠤᠯᠵᠤ᠂ ᠪᠦᠬᠦ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠶᠢᠨ | ᠤᠳᠤᠬᠢᠴᠢᠯᠠᠭᠰᠠᠨ ᠳᠦᠪᠰᠢᠨ ᠢ ᠳᠡᠭᠡᠭᠰᠢᠯᠡᠬᠦᠯᠬᠦ ᠪᠤᠯᠤᠨ᠎ᠡ᠃ 2020 ᠤᠨ ᠪᠤᠯᠳᠠᠯ᠎ᠠ᠂ ᠪᠦᠭᠦ ᠬᠤᠰᠢᠭᠤᠨ ᠤ | ᠰᠢᠯᠢᠳᠡᠭ ᠡᠭᠦᠯᠳᠡᠷ ᠤᠨ ᠦᠭᠡᠷ ᠤᠨ ᠲᠤᠭ᠎ᠠ ᠶᠢ 20 ᠲᠦᠮᠡ ᠠᠴᠠ ᠲᠡᠭᠡᠭᠰᠢ ᠭᠦᠷᠭᠡᠵᠦ᠂ ᠵᠢᠯ ᠳᠤ 8 ᠲᠦᠮᠡ | ᠭᠠᠷᠦᠢ ᠦᠭᠡᠷ ᠪᠤᠷᠳᠤᠨ ᠲᠠᠷᠭᠤᠯᠠᠭᠤᠯᠵᠦ ᠵᠠᠷᠤᠴᠠᠭᠤᠯᠬᠤ ᠪᠠ ᠨᠠᠷᠢᠯᠢᠭ ᠡᠳ᠋ᠰᠢᠭᠦᠯᠭᠦ ᠪᠠᠷ ᠲᠥᠯᠥᠪᠯᠡᠵᠥ ᠪᠤᠢ᠃ |