ᠰᠢᠯᠢ ᠶᠢᠨ ᠬᠤᠲᠠ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠵᠤ ᠪᠠᠶᠢᠨ᠎ᠠ
ᠨᠡᠶᠢᠲᠡᠯᠡᠭᠰᠡᠨ ᠴᠠᠭ᠄
2016/11/17
    11 ᠳ᠋ᠤᠭᠡᠷ ᠰᠠᠷ᠎ᠠ ᠶᠢᠨ 1᠎ ᠤ ᠡᠳᠦᠷ᠂ ᠰᠢᠯᠢ ᠶᠢᠨ ᠬᠤᠳᠠ ᠪᠦᠬᠦ ᠬᠤᠳᠠ ᠶᠢᠨ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠦ᠂ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠪᠤᠯᠤᠨ ᠪᠦᠬᠦ ᠤᠷᠤᠨ᠂ ᠪᠦᠬᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠲᠠᠷᠠᠭᠠᠴᠢ ᠶᠢᠨ ᠠᠯᠬᠤᠮ ᠤᠨ ᠰᠤᠷᠤᠯᠴᠠᠨ ᠲᠤᠤᠱᠯᠠᠭᠤᠯᠬᠤ ᠠᠵᠢᠯ ᠢᠶᠠᠨ ᠪᠠᠶᠢᠷᠢᠯᠠᠭᠤᠯᠪᠠ᠃         ᠰᠢᠯᠢ ᠶᠢᠨ ᠬᠤᠲᠠ ᠶᠢᠨ ᠤᠲᠤᠷᠢᠳᠬᠤ ᠺᠠᠳ᠋ᠷᠴᠤᠳ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠪᠤᠯᠤᠨ ᠪᠦᠬᠦ ᠤᠷᠤᠨ᠂ ᠪᠦᠬᠦ ᠠᠶᠢᠮᠠᠭ ᠤᠨ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠥ᠂ ᠨᠠᠮ ᠤᠨ ᠠᠷᠪᠡᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠤᠯ ᠤᠳᠤᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠬᠦᠷᠭᠡ ᠮᠦᠨ᠃ ᠡᠷᠭᠡᠪᠰᠢ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠢ ᠪᠠᠶᠢᠷᠢᠯᠠᠭᠤᠯᠵᠦ᠂ ᠪᠥᠬᠦ ᠬᠤᠲᠠ ᠪᠠᠷ ᠢᠶᠠᠨ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠦᠷᠨᠢᠯᠳᠠ ᠶᠢ ᠦᠳᠲᠡᠷ ᠲᠦᠷᠭᠡᠨ ᠪᠤᠢ ᠪᠤᠯᠭᠠᠬᠤ ᠬᠡᠷᠡᠭᠳᠡᠢ ᠬᠡᠵᠥ ᠥᠵᠡᠵᠥ ᠪᠤᠢ᠃ ᠡᠯ᠎ᠠ ᠪᠠᠶᠢᠭᠤᠯᠭ᠎ᠠ ᠨᠢᠭᠡᠴᠠ᠂ ᠲᠦᠪ ᠬᠤᠷᠢᠶᠠᠨ ᠤ ᠱᠠᠭᠠᠷᠳᠠᠯᠭ᠎ᠠ ᠪᠤᠯᠤᠨ ᠤᠷᠤᠨ᠂ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠤᠰᠤᠭᠠᠷ᠂ ᠤᠳᠤᠷᠢᠳᠬᠤ ᠺᠠᠳ᠋ᠷ ᠳᠠᠭᠠᠭᠤᠯᠤᠨ ᠰᠤᠷᠤᠯᠴᠠᠵᠦ᠂ ᠤᠬᠠᠭᠤᠯᠤᠨ ᠨᠠᠶᠢᠳᠠᠪᠦᠷᠢᠵᠢᠭᠤᠯᠵᠦ᠂ ᠭᠤᠤᠯᠯᠠᠭᠴᠢ ᠳᠠᠭᠠᠭᠤᠯᠤᠬᠴᠢ ᠦᠢᠯᠡᠳᠦᠯ ᠢᠶᠠᠨ ᠪᠠᠲᠠᠷᠠᠭᠤᠯᠤᠨ᠎ᠠ᠃ ᠪᠦᠬᠦ ᠨᠠᠮ ᠤᠨ ᠭᠡᠰᠢᠭᠦᠳ ᠢᠳᠡᠪᠬᠢᠳᠠᠢ ᠬᠦᠳᠦᠯᠦᠯᠴᠡᠨ᠂ ᠰᠤᠷᠤᠯᠴᠠᠨ ᠤᠶᠢᠯᠠᠭᠠᠵᠦ᠂ ᠤᠬᠠᠭᠤᠯᠤᠨ ᠲᠠᠶᠢᠯᠪᠤᠷᠢᠯᠠᠬᠤ᠂ ᠬᠦᠮᠦᠵᠢᠭᠦᠯᠦᠨ ᠪᠤᠯᠪᠠᠰᠤᠷᠠᠭᠤᠯᠬᠤ ᠠᠵᠢᠯ ᠢ ᠭᠦᠨᠵᠡᠭᠡᠢ ᠦᠷᠨᠢᠭᠦᠯᠵᠦ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠪᠠ ᠦᠢᠯᠠ ᠠᠵᠢᠯᠯᠠᠭ᠎ᠠ ᠶᠢ ᠪᠦᠭᠦᠳᠠ ᠬᠤᠷᠠᠯ ᠤᠨ ᠵᠤᠷᠢᠭ ᠰᠠᠨᠠᠭᠠᠨ ᠳᠡᠭᠡᠷ᠎ᠠ ᠨᠢᠭᠡᠳᠭᠡᠨ᠎ᠠ ᠬᠡᠵᠥ ᠰᠠᠨᠠᠯ ᠨᠢᠭᠡᠲᠡᠢ ᠢᠯᠡᠷᠭᠡᠶᠢᠯᠡᠵᠥ ᠪᠤᠢ᠃  ᠰᠢᠯᠢ ᠶᠢᠨ ᠬᠤᠲᠠ ᠪᠠᠰᠠ᠂ ᠭᠤᠤᠯᠳᠠᠯᠭ᠎ᠠ ᠶᠢ ᠲᠤᠪᠤᠶᠢᠯᠭᠠᠨ᠂ ᠠᠷᠭ᠎ᠠ ᠬᠡᠮᠵᠢᠶ᠎ᠠ ᠪᠠᠨ ᠪᠤᠳᠠᠳᠠᠶᠢᠵᠢᠭᠤᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠯ᠎ᠠ ᠲᠠᠯ᠎ᠠ ᠶᠢᠨ ᠡᠭᠦᠷᠭᠡ ᠪᠤᠯᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠦᠷᠢᠵᠢᠭᠤᠯᠵᠦ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠵᠥ᠂ ᠪᠦᠭᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ᠤᠳᠤᠬᠠᠨ ᠤ ᠠᠵᠢᠯ ᠢᠶᠠᠨ ᠯᠠᠪᠳᠠᠭᠤᠨ ᠪᠠᠳᠤᠳᠠᠢ ᠬᠢᠬᠦ ᠶᠢ ᠨᠢᠬᠳᠠ ᠤᠶᠠᠯᠳᠤᠭᠤᠯᠬᠤ ᠶᠢ ᠴᠢᠬᠤᠯᠠᠴᠢᠯᠠᠨ᠂ ᠪᠦᠬᠦ ᠨᠠᠮ ᠤᠨ ᠭᠡᠰᠢᠬᠦᠨ ᠤᠳᠤᠷᠢᠳᠬᠤ ᠺᠠᠳ᠋ᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ︽ᠲᠦᠷᠪᠡᠨ ᠤᠬᠠᠮᠰᠠᠷ︾ ᠤᠨᠴᠠᠭᠠᠢᠢᠯᠠᠨ ᠭᠤᠤᠯᠯᠠᠭᠴᠢ ᠤᠬᠠᠮᠰᠠᠷ᠂ ᠨᠢᠭᠡᠳᠦᠯᠳᠠᠢ ᠪᠠᠶᠢᠬᠤ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠥ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠦ᠂ ᠨᠡᠶᠢᠭᠡᠮ ᠤᠨ ᠡᠶ᠎ᠡ ᠳᠤᠬᠳᠠᠭᠤᠨ ᠢ ᠬᠠᠮᠠᠭᠠᠯᠠᠵᠦ᠂ ᠪᠦᠬᠦ ᠬᠤᠳᠠ ᠶᠢᠨ ᠠᠵᠦ ᠠᠬᠤᠢ ᠨᠡᠶᠢᠭᠡᠮ ᠵᠡᠷᠭᠡ ᠡᠯ᠎ᠠ ᠲᠠᠯ᠎ᠠ ᠶᠢᠨ ᠠᠵᠢᠯ ᠤᠨ ᠲᠤᠬᠳᠠᠭᠤᠨ ᠬᠦᠭᠵᠢᠯᠳᠠ ᠶᠢ ᠠᠬᠢᠭᠤᠯᠬᠤ ᠪᠠᠷ ᠴᠢᠷᠮᠠᠶᠢᠬᠤ ᠬᠡᠷᠡᠭᠲᠡᠢ ᠬᠡᠵᠥ ᠱᠠᠭᠠᠷᠲᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号