ᠲᠠᠶᠢᠹᠤᠰᠧ ᠬᠤᠰᠢᠭᠤ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ  ᠪᠥᠬᠦᠲᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2016/11/17
    ᠤᠢᠢᠷ᠎ᠠ ᠶᠢᠨ ᠡᠲᠥᠷ᠂ ᠲᠠᠶᠢᠹᠤᠰᠧ ᠬᠤᠰᠢᠭᠤ ᠪᠥᠬᠦ ᠬᠤᠰᠢᠭᠤᠨ ᠤ ᠤᠲᠤᠷᠢᠳᠬᠤ ᠺᠠᠳ᠋ᠷᠴᠤᠳ ᠤᠨ ᠶᠡᠭᠡ ᠬᠤᠷᠠᠯ ᠬᠤᠷᠠᠯᠲᠤᠭᠤᠯᠵᠥ᠂ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠪᠥᠬᠦ ᠬᠤᠰᠢᠭᠤᠨ ᠤ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ ᠪᠥᠬᠦᠲᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠪᠤᠯᠤᠨ ᠤᠲᠤᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠤᠯᠲᠠᠯᠭ᠎ᠠ ᠲᠠᠢ ᠠᠵᠢᠯ ᠡᠬᠦᠷᠭᠡ ᠪᠠᠨ ᠪᠠᠶᠢᠷᠢᠯᠠᠭᠤᠯᠪᠠ᠃       ᠬᠤᠷᠠᠯ ᠲᠡᠭᠡᠷ᠎ᠠ᠂ ᠪᠥᠬᠦ ᠬᠤᠰᠢᠭᠤᠨ ᠤ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠥᠷᠭᠡᠨ ᠤᠯᠠᠨ ᠨᠠᠮ ᠤᠨ ᠬᠡᠰᠢᠬᠦᠨ ᠺᠠᠳ᠋ᠷᠴᠤᠳ ᠲᠡᠭᠡᠲᠥ ᠱᠠᠲᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠤᠰᠤᠭᠠᠷ ᠤᠲᠤᠷᠢᠲᠤᠯᠭ᠎ᠠ ᠪᠠᠨ ᠴᠢᠩᠭᠠᠳᠬᠠᠵᠥ᠂ ᠰᠤᠷᠤᠯᠴᠠᠯᠭ᠎ᠠ ᠪᠤᠯᠪᠠᠰᠤᠷᠠᠯ᠂ ᠤᠬᠠᠭᠤᠯᠭ᠎ᠠ ᠲᠠᠶᠢᠯᠤᠮᠵᠢ ᠶᠢᠨ ᠠᠵᠢᠯ ᠢ ᠴᠢᠩᠭ᠎ᠠ ᠠᠳᠬᠤᠵᠥ᠂ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠤᠲᠤᠷᠢᠳᠬᠤ ᠭᠤᠤᠯᠯᠠᠭᠴᠢ ᠶᠢᠨ ᠥᠢᠯᠡᠲᠥᠯ ᠢᠶᠠᠨ ᠬᠥᠢᠴᠡᠳ ᠪᠠᠲᠠᠷᠠᠭᠤᠯᠵᠥ᠂ ᠪᠥᠬᠦᠲᠠ ᠬᠤᠷᠠᠯ ᠤᠨ ᠵᠤᠷᠢᠭ ᠰᠠᠨᠠᠭ᠎ᠠ ᠪᠠᠷ ᠥᠢᠯᠡᠲᠥᠯᠭᠡ ᠪᠠᠨ ᠵᠢᠯᠤᠭᠤᠲᠤᠭᠤᠯᠵᠥ᠂ ᠠᠵᠢᠯ ᠢᠶᠠᠨ ᠠᠬᠢᠭᠤᠯᠬᠤ ᠶᠢ ᠱᠠᠭᠠᠷᠳᠠᠪᠠ᠃       ᠬᠥᠭᠵᠢᠯᠲᠡ ᠶᠢᠨ ᠰᠠᠭᠤᠷᠢ ᠬᠢᠭᠡᠳ ᠠᠵᠤ ᠥᠢᠯᠡᠰ ᠤᠨ ᠤᠨᠴᠠᠯᠢᠭ ᠲᠠᠭᠠᠨ ᠰᠠᠭᠤᠷᠢᠯᠠᠵᠥ᠂ ᠲᠡᠭᠡᠲᠥ ᠱᠠᠲᠤᠨ ᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠲᠠᠢ ᠬᠠᠷᠢᠯᠴᠠᠵᠥ᠂ ᠪᠥᠬᠦ ᠬᠤᠰᠢᠭᠤᠨ ᠤ ᠭᠤᠤᠯᠲᠠᠯᠭ᠎ᠠ ᠲᠠᠢ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠥᠴᠥᠨ ᠢᠶᠠᠷ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠵᠡᠷᠭᠡ ᠠᠵᠢᠯ ᠢ ᠰᠠᠶᠢᠲᠤᠷ ᠠᠳᠬᠤᠵᠥ᠂ ᠮᠠᠯᠵᠢᠬᠤ ᠲᠠᠷᠢᠶᠠᠯᠠᠬᠤ ᠤᠷᠤᠨ ᠤ ᠥᠭᠡᠷᠡᠴᠢᠯᠡᠯᠲᠡ ᠶᠢᠨ ᠠᠵᠢᠯ ᠢ ᠥᠷᠬᠦᠯᠵᠢᠯᠡᠨ ᠰᠠᠶᠢᠳᠤᠷ ᠥᠷᠨᠢᠬᠦᠯᠵᠥ᠂ ᠡᠯ᠎ᠠ ᠲᠥᠷᠥᠯ ᠤᠨ ᠠᠷᠠᠳ ᠤᠨ ᠠᠮᠢᠲᠤᠷᠠᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠬᠡᠵᠥ ᠬᠤᠷᠠᠯ ᠠᠴᠠ ᠱᠠᠭᠠᠷᠲᠠᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号