ᠰᠥᠨᠢᠳ ᠪᠠᠷᠠᠭᠤᠨ ᠬᠤᠰᠢᠭᠤ ᠨᠠᠮ ᠤᠨ ᠠᠷᠪᠡᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2016/11/17
    ᠤᠢᠢᠷ᠎ᠠ ᠶᠢᠨ ᠡᠲᠥᠷ᠂ ᠰᠦᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠪᠦᠬᠦ ᠬᠡᠰᠢᠬᠦᠳ ᠤᠨ ᠦᠷᠬᠡᠳᠬᠡᠭᠰᠡᠨ ᠬᠤᠷᠠᠯ ᠬᠤᠷᠠᠯᠲᠤᠭᠤᠯᠵᠤ᠂ ᠨᠠᠮ ᠤᠨ ᠠᠷᠪᠡᠨ ᠨᠠᠢᠮᠠᠲᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠲᠤᠭᠠᠷ ᠪᠦᠬᠦᠲᠠ ᠬᠤᠷᠠᠯ ᠪᠤᠯᠤᠨ ᠪᠦᠬᠦ ᠤᠷᠤᠨ᠂ ᠪᠦᠬᠦ ᠠᠶᠢᠮᠠᠭ ᠤᠨ ᠤᠲᠤᠷᠢᠳᠬᠤ ᠺᠠᠳ᠋ᠷᠴᠤᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠲᠥᠷᠭᠡᠨ ᠬᠦᠲᠡᠯᠤᠯᠴᠡᠵᠤ᠂ ᠰᠤᠷᠤᠯᠴᠠᠬᠤ ᠬᠤᠷᠠᠯ᠂ ᠲᠤᠰᠬᠠᠢ ᠰᠡᠲᠦᠪᠲᠤ ᠲᠠᠶᠢᠯᠤᠮᠵᠢ ᠡᠷᠬᠢᠯᠡᠬᠦ ᠵᠡᠷᠬᠡ ᠬᠡᠯᠪᠡᠷᠢ ᠪᠠᠷ ᠵᠢᠷᠭᠤᠲᠤᠭᠠᠷ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠬᠤ ᠬᠡᠷᠡᠭᠲᠡᠢ᠃ ᠨᠠᠮ ᠤᠨ ᠬᠤᠷᠢᠶᠠᠨ ᠤ ᠰᠤᠷᠤᠯᠴᠠᠬᠤ ᠭᠤᠤᠯ ᠲᠤᠭᠤᠶᠢᠯᠡᠩ ᠲᠠᠭᠠᠭᠤᠯᠤᠨ ᠰᠤᠷᠤᠯᠴᠠᠵᠤ᠂ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ᠂ ᠨᠠᠮ ᠤᠨ ᠬᠡᠰᠢᠬᠦᠨ ᠭᠤᠤᠯᠯᠠᠬᠤ ᠡᠷᠦᠬᠡ ᠡᠯ᠎ᠡ ᠲᠦᠷᠦᠯ ᠤᠨ ᠰᠤᠷᠤᠯᠴᠠᠯᠭ᠎ᠠ ᠤᠬᠠᠭᠤᠯᠭ᠎ᠠ ᠶᠢ ᠲᠡᠯᠭᠡᠷᠡᠩᠭᠦᠢ ᠦᠷᠨᠢᠬᠦᠯᠵᠤ᠂ ᠪᠦᠬᠦᠲᠡ ᠬᠤᠷᠠᠯ ᠤᠨ ᠵᠤᠷᠢᠭ ᠰᠠᠨᠠᠭ᠎ᠠ ᠶᠢ ︽ᠬᠤᠶᠠᠷ ᠢ ᠰᠤᠷᠤᠯᠴᠠᠵᠥ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠭᠤᠤᠯ ᠠᠭᠤᠯᠭ᠎ᠠ ᠪᠤᠯᠭᠠᠨ᠂ ᠪᠦᠬᠦᠲᠠ ᠬᠤᠷᠠᠯ ᠤᠨ ᠵᠤᠷᠢᠭ ᠰᠠᠨᠠᠭᠠᠨ ᠤ ᠲᠤᠬᠠᠢ ᠤᠶᠢᠯᠠᠭᠠᠯᠲᠠ ᠪᠠ ᠲᠠᠨᠢᠯᠲᠠ ᠪᠠᠨ ᠬᠦᠨᠵᠡᠬᠡᠶᠢᠷᠡᠬᠦᠯᠬᠦ ᠬᠡᠷᠡᠭᠲᠡᠢ᠃ ᠵᠤᠬᠢᠶᠠᠨ ᠪᠠᠶᠢᠭᠤᠯᠬᠤ ᠬᠡᠯᠲᠡᠰ᠂ ᠨᠠᠮ ᠤᠨ ᠰᠤᠷᠭᠠᠭᠤᠯᠢ ᠨᠢ ᠬᠤᠭᠤᠴᠠᠭ᠎ᠠ ᠪᠦᠯᠦᠭ ᠬᠤᠪᠢᠶᠠᠵᠤ ᠤᠲᠤᠷᠢᠳᠬᠤ ᠺᠠᠳ᠋ᠷ᠂ ᠨᠠᠮ ᠤᠨ ᠬᠡᠰᠢᠬᠦᠳ ᠤᠨ ᠰᠤᠷᠤᠯᠴᠠᠯᠭ᠎ᠠ ᠪᠤᠯᠪᠠᠰᠤᠷᠠᠯ ᠬᠢᠵᠤ᠂ ᠪᠦᠬᠦ ᠬᠤᠰᠢᠭᠤ ᠪᠠᠷ ᠢᠶᠠᠨ ᠪᠦᠬᠦᠲᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠦᠷᠨᠢᠯᠲᠠ ᠶᠢ ᠪᠤᠢ ᠪᠤᠯᠭᠠᠨ᠂ ᠨᠠᠮ ᠤᠨ ᠠᠷᠪᠡᠨ ᠨᠠᠢᠮᠠᠲᠤᠭᠠᠷ ᠬᠤᠭᠤᠴᠠᠭᠠᠨ ᠤ ᠳᠦᠪ ᠬᠤᠷᠢᠶᠠᠨ ᠤ ᠵᠢᠷᠭᠤᠲᠤᠭᠠᠷ ᠪᠦᠬᠦᠲᠠ ᠬᠤᠷᠠᠯ ᠤᠨ ᠵᠤᠷᠢᠭ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠲᠦᠯᠬᠡ ᠪᠠᠨ ᠵᠢᠯᠤᠭᠤᠲᠤᠭᠤᠯᠵᠥ᠂ ᠰᠤᠷᠤᠯᠴᠠᠯᠭ᠎ᠠ ᠶᠢ ᠠᠬᠢᠭᠤᠯᠬᠤ ᠬᠡᠷᠡᠭᠲᠡᠢ ᠭᠡᠵᠥ ᠱᠠᠭᠠᠷᠲᠠᠵᠠᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号