ᠲᠠᠶᠢᠹᠤᠰᠧ ᠬᠤᠰᠢᠭᠤ ᠭᠡᠭᠡᠷ᠎ᠡ ᠶᠢᠨ ᠠᠮᠢᠳᠠᠨ ᠢ ᠬᠠᠮᠠᠭᠠᠯᠬᠤ ᠲᠤᠰᠬᠠᠢ ᠠᠵᠢᠯᠯᠠᠭ᠎ᠠ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2016/11/21
    ᠤᠶᠢᠷ᠎ᠠ ᠳᠤ᠂ ᠲᠠᠶᠢᠹᠤᠰᠧ ᠬᠤᠰᠢᠭᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠠᠷ ᠤᠳᠤᠷᠢᠳᠤᠭᠤᠯᠤᠬᠰᠠᠨ ᠤᠢ ᠰᠢᠭᠤᠢ ᠶᠢᠨ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠤᠢ ᠰᠢᠭᠤᠢ ᠶᠢᠨ ᠴᠠᠭᠳᠠᠭ᠎ᠠ ᠵᠢᠴᠢ ᠦᠢᠯᠡᠳᠪᠦᠷᠢ ᠬᠤᠳᠠᠯᠳᠤᠭ᠎ᠠ᠂ ᠡᠷᠡᠬᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠢᠶᠠᠷ ᠭᠡᠰᠢᠬᠦᠨ ᠪᠤᠯᠭᠠᠭᠰᠠᠨ ᠭᠡᠭᠡᠷ᠎ᠡ ᠶᠢᠨ ᠠᠮᠢᠳᠠᠨ ᠢ ᠬᠠᠮᠠᠭᠠᠯᠠᠬᠤ ᠲᠤᠰᠬᠠᠢ ᠲᠦᠷᠦᠯ ᠤᠨ ᠠᠵᠢᠯᠯᠠᠭᠠᠨ ᠤ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠬᠤᠰᠢᠭᠤᠨ ᠤ ᠪᠠᠨ ᠬᠠᠷᠢᠶᠠᠨ ᠳᠤ ᠲᠤᠤᠷᠴᠢᠯᠠᠭᠰᠠᠨ ᠭᠡᠯᠪᠡᠷᠢ ᠶᠢᠨ ᠪᠠᠶᠢᠴᠠᠭᠠᠨ ᠴᠡᠭᠴᠡᠯᠡᠯᠳᠡ ᠶᠠᠪᠤᠭᠤᠯᠵᠤ ᠪᠠᠶᠢᠨ᠎ᠠ᠃       ᠤᠳᠤ ᠪᠤᠯᠳᠠᠯ᠎ᠠ᠂ ᠲᠤᠰ ᠬᠤᠰᠢᠭᠤ ᠤᠷᠢᠳ ᠬᠤᠵᠢᠳ 2160 ᠴᠠᠭᠳᠠᠭ᠎ᠠ ᠠᠵᠢᠯᠳᠠᠨ ᠢ ᠵᠤᠬᠢᠶᠠᠨ ᠪᠠᠶᠢᠭᠤᠯᠵᠤ᠂ ᠤᠰᠤᠨ ᠴᠦᠬᠦᠷᠦᠮ᠂ ᠨᠠᠭᠤᠷ ᠭᠤᠤᠯ᠂ ᠤᠢ ᠰᠢᠭᠤᠢ ᠶᠢ ᠪᠠᠭᠳᠠᠭᠠᠭᠰᠠᠨ 26 ᠭᠠᠵᠠᠷ ᠢᠶᠠᠷ ᠭᠤᠤᠯᠳᠠᠯᠭ᠎ᠠ ᠪᠤᠯᠭᠠᠵᠤ ᠴᠠᠭᠳᠠᠨ ᠪᠠᠶᠢᠴᠠᠭᠠᠬᠤ ᠶᠢᠨ ᠬᠠᠮᠳᠤ᠂ ᠮᠠᠯ ᠲᠠᠷᠢᠶᠠᠨ ᠤ ᠡᠮ ᠤᠨ ᠲᠡᠯᠬᠡᠬᠦᠷ᠂ ᠠᠯᠠᠰᠢᠨ ᠤ ᠭᠠᠵᠠᠷ᠂ ᠬᠦᠢᠳᠡᠨ ᠬᠦᠮᠦᠷᠭᠡ᠂ ᠵᠠᠬ᠎ᠠ ᠲᠡᠯᠬᠡᠬᠦᠷ᠂ ᠠᠮᠢᠳᠠᠨ ᠵᠢᠬᠦᠷᠳᠡᠨ ᠤ ᠬᠤᠳᠠᠯᠳᠤᠭ᠎ᠠ ᠵᠢᠴᠢ ᠬᠤᠭᠤᠯᠠᠨ ᠭᠡᠷ᠂ ᠪᠠᠭᠤᠳᠠᠯ ᠵᠡᠷᠭᠡ 35 ᠭᠠᠵᠠᠷ ᠢ ᠬᠡᠨᠡᠳᠡᠬᠦᠯᠦᠨ ᠪᠠᠶᠢᠴᠠᠭᠠᠬᠤ ᠪᠠᠷ ᠲᠠᠮᠵᠢᠭᠠᠳ᠂ ᠬᠠᠤᠯᠢ ᠪᠤᠰᠤ ᠪᠠᠷ ᠭᠡᠭᠡᠷ᠎ᠡ ᠶᠢᠨ ᠠᠮᠢᠳᠠᠨ ᠠᠪᠠᠯᠠᠭᠰᠠᠨ 4 ᠤᠳᠠᠭᠠᠨ ᠤ ᠭᠡᠷᠡᠭ ᠢ ᠢᠯᠡᠷᠡᠬᠦᠯᠵᠦ᠂ 4 ᠭᠡᠷᠡᠭ ᠤᠨ ᠰᠡᠵᠢᠭᠳᠡᠨ ᠢ ᠰᠢᠳᠭᠡᠨ᠂ ᠬᠠᠪᠬ᠎ᠠ ᠲᠤᠤᠷ ᠮᠡᠳᠦ ᠶᠢᠨ ᠪᠠᠭᠠᠵᠢ ᠭᠡᠷᠡᠭᠰᠡᠯ 10 ᠢᠵᠢ᠂ ᠰᠢᠪᠠᠭᠤᠨ ᠰᠢᠩᠭᠡᠯᠢᠭ 18᠎ ᠶᠢ ᠬᠤᠷᠢᠶᠠᠨ ᠠᠪᠴᠤ᠂ 17 ᠠᠯᠳᠠᠨ ᠭᠤᠷᠭᠤᠯᠳᠠᠢ ᠪᠠ 5 ᠤᠢ ᠶᠢᠨ ᠲᠠᠭᠳᠠᠭ᠎ᠠ ᠶᠢ ᠠᠪᠤᠷᠠᠵᠤ ᠡᠬᠡ ᠪᠠᠶᠢᠭᠠᠯᠢ ᠳᠤᠨᠢ ᠪᠤᠴᠠᠭᠠᠬᠰᠠᠨ ᠪᠠᠶᠢᠨ᠎ᠠ᠃ ᠲᠤᠰ ᠬᠤᠰᠢᠭᠤ ᠪᠠᠰᠠ ᠨᠡᠬᠦᠳᠡᠯ ᠤᠨ ᠰᠢᠪᠠᠭᠤᠳ ᠤᠨ ᠠᠮᠠᠷᠠᠵᠤ ᠪᠠᠭᠤᠬᠤ ᠭᠠᠵᠠᠷ ᠲᠤ 1000 ᠭᠠᠷᠤᠢ ᠺᠢᠯᠦᠭᠷᠠᠮ ᠡᠷᠳᠡᠨᠢ ᠰᠢᠰᠢ ᠶᠢᠨ ᠦᠷ᠎ᠡ ᠰᠠᠴᠤᠵᠤ᠂ ᠨᠡᠬᠦᠳᠡᠯ ᠤᠨ ᠰᠢᠪᠠᠭᠤᠳ ᠲᠤ ᠲᠡᠵᠢᠬᠡᠯ ᠪᠤᠯᠭᠠᠨ᠂ ᠬᠤᠤᠷᠠᠳᠤ ᠪᠤᠳᠠᠰ ᠢᠳᠡᠬᠦ ᠠᠴᠠ ᠨᠢ ᠰᠡᠷᠭᠡᠶᠢᠯᠡᠬᠦ ᠪᠦᠳᠦᠮᠵᠢᠳᠡᠢ ᠠᠷᠭ᠎ᠠ ᠭᠡᠮᠵᠢᠶ᠎ᠡ ᠠᠪᠤᠭᠰᠠᠨ ᠪᠦᠬᠡᠳ ᠪᠠᠶᠢᠴᠠᠭᠠᠨ ᠴᠡᠭᠴᠡᠯᠡᠬᠦ ᠠᠵᠢᠯᠯᠠᠭᠠᠨ ᠤ ᠶᠠᠪᠤᠴᠠ ᠳᠠᠭᠠᠨ 300 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠮᠢᠳᠠᠨ ᠵᠢᠬᠦᠷᠳᠡᠨ ᠢ ᠬᠠᠶᠢᠷᠠᠯᠠᠵᠤ ᠬᠠᠮᠠᠭᠠᠯᠠᠬᠤ ᠲᠤᠬᠠᠢ ᠬᠦᠮᠦᠨ ᠠᠷᠠᠳ ᠤᠨ ᠤᠬᠠᠮᠰᠠᠷ ᠲᠠᠨᠢᠯᠳᠠ ᠶᠢ ᠲᠡᠭᠡᠭᠰᠢᠯᠡᠬᠦᠯᠵᠡᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号