ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠡᠯᠭᠡᠨ ᠦᠵᠡᠭᠦᠯᠬᠦ ᠲᠢᠩᠬᠢᠮ ᠰᠢᠯᠤᠭᠤᠨ ᠬᠦᠬᠡ  ᠬᠤᠰᠢᠭᠤᠨ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2016-11-21
    ᠤᠢᠢᠷ᠎ᠠ ᠶᠢᠨ ᠡᠳᠦᠷ᠂ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠡᠯᠭᠡᠨ ᠦᠵᠡᠭᠦᠯᠬᠦ ᠲᠢᠩᠬᠢᠮ ᠰᠢᠯᠤᠭᠤᠨ ᠬᠦᠬᠡ ᠬᠤᠰᠢᠭᠤᠨ ᠳᠤ ᠪᠠᠶᠢᠭᠤᠯᠤᠭᠳᠠᠪᠠ᠃         ᠲᠤᠰ ᠲᠢᠩᠬᠢᠮ ᠳᠤ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠤᠬᠠᠢ ᠨᠤᠮ ᠪᠢᠴᠢᠭ᠂ ᠰᠡᠳᠬᠦᠯ᠂ ᠮᠠᠲ᠋ᠧᠷᠢᠶᠠᠯ᠂ ᠵᠢᠷᠤᠭ ᠰᠡᠬᠦᠳᠡᠷ᠂ ᠲᠦᠷᠰᠦ ᠰᠢᠩᠭᠡᠭᠡᠯᠳᠡ ᠵᠡᠷᠭᠡ 380 ᠲᠦᠷᠦᠯ ᠤᠨ 30 ᠲᠦᠮᠡᠨ ᠲᠦᠭᠦᠷᠢᠭ ᠤᠨ ᠥᠷᠳᠡᠭ ᠪᠦᠬᠦᠢ ᠪᠢᠴᠢᠭ ᠮᠠᠲ᠋ᠧᠷᠢᠶᠠᠯ ᠪᠠᠶᠢᠵᠦ᠂ ᠡᠳᠡᠭᠡᠷ ᠪᠢᠴᠢᠭ ᠮᠠᠲ᠋ᠧᠷᠢᠶᠠᠯ ᠨᠢ ᠬᠦᠮᠦᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠡᠦᠬᠡ ᠪᠤᠯᠤᠨ ᠤᠳᠤᠬᠢ ᠬᠦᠭᠵᠢᠯᠲᠡ ᠶᠢᠨ ᠬᠠᠨᠳᠤᠰᠢ ᠶᠢᠨ ᠲᠤᠬᠠᠢ ᠤᠶᠢᠯᠠᠭᠠᠬᠤ ᠪᠠ ᠰᠤᠳᠤᠯᠬᠤ ᠳᠤ ᠶᠡᠭᠡ ᠲᠦᠬᠦᠮ ᠦᠵᠡᠬᠦᠯᠵᠦ ᠪᠠᠶᠢᠨ᠎ᠠ᠃       ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠡᠯᠭᠡᠨ ᠦᠵᠡᠬᠦᠯᠦᠯᠬᠡ ᠨᠢ ᠡᠬᠢᠯᠡᠯᠲᠡ ᠶᠢᠨ ᠦᠭᠡ᠂ ᠪᠠᠷᠢᠮᠵᠢᠶ᠎ᠠ ᠠᠪᠢᠶᠠᠨ ᠤ ᠠᠵᠢᠯ ᠢ ᠵᠢᠯᠤᠭᠤᠳᠬᠤ ᠤᠳᠤᠷᠢᠳᠤᠯᠭ᠎ᠠ᠂ ᠪᠠᠷᠢᠮᠵᠢᠶ᠎ᠠ ᠠᠪᠢᠶ᠎ᠠ ᠶᠢ ᠲᠤᠭᠳᠠᠭᠠᠬᠤ ᠠᠵᠢᠯ ᠳᠤ ᠤᠷᠤᠯᠴᠠᠭᠰᠠᠨ ᠰᠤᠳᠤᠯᠭᠠᠳᠠᠨ᠂ ᠮᠤᠩᠭᠤᠯ ᠪᠠᠷᠢᠮᠵᠢᠶ᠎ᠠ ᠠᠪᠢᠶᠠᠨ ᠤ ᠠᠯᠳᠠᠷᠲᠦ ᠨᠡᠪᠳᠡᠷᠡᠭᠦᠯᠦᠭᠴᠢ᠂ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠠᠵᠢᠯ ᠤᠨ ᠵᠢᠳᠬᠦᠯᠳᠡᠨ᠂ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠬᠦ ᠠᠵᠢᠯᠳᠠᠨ᠂ ᠲᠡᠭᠦᠰᠭᠡᠯ ᠤᠨ ᠦᠬᠡ ᠵᠡᠷᠭᠡ ᠲᠤᠯᠤᠭᠠᠨ ᠭᠡᠰᠡᠭ ᠢᠶᠠᠷ ᠪᠦᠷᠢᠯᠳᠦᠵᠡᠢ᠃         ᠤᠢᠢᠯᠠᠭᠠᠭᠰᠠᠨ ᠢᠶᠠᠷ᠂ 1980 ᠤᠨ ᠤ 3 ᠳ᠋ᠤᠭᠠᠷ ᠰᠠᠷ᠎ᠠ ᠶᠢᠨ 31᠎ ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠨᠠᠢᠮᠠᠨ ᠮᠤᠵᠢ ᠤᠷᠤᠨ ᠤ ᠮᠤᠩᠭᠤᠯ ᠬᠡᠯᠡᠨ ᠤ ᠠᠵᠢᠯᠯᠠᠬᠤ ᠲᠤᠭᠤᠶᠢᠯᠠᠩ ᠤᠨ ᠲᠤᠷᠠᠳᠴᠦ ᠭᠠᠷᠭᠠᠬᠰᠠᠨ ᠲᠤᠮᠳᠠᠳᠤ ᠭᠡᠰᠡᠭ ᠤᠨ ᠠᠮᠠᠨ ᠠᠶᠠᠯᠭᠤ ᠪᠠᠷ ᠰᠠᠭᠤᠷᠢ ᠠᠪᠢᠶ᠎ᠠ ᠪᠤᠯᠭᠠᠬᠤ ᠲᠤᠷᠠᠳᠤᠯᠭ᠎ᠠ ᠶᠢ ᠵᠦᠪᠰᠢᠶᠡᠷᠡᠵᠦ᠂ ᠰᠢᠯᠤᠭᠤᠨ ᠬᠦᠭᠡ ᠪᠠᠷ ᠲᠦᠯᠦᠭᠡᠯᠡᠭᠦᠯᠦᠭᠰᠡᠨ ᠴᠠᠬᠠᠷ ᠠᠮᠠᠨ ᠠᠶᠠᠯᠭᠤ ᠶᠢ ᠪᠠᠷᠢᠮᠵᠢᠶ᠎ᠠ ᠠᠪᠢᠶ᠎ᠠ ᠪᠠᠷ ᠲᠤᠭᠳᠠᠭᠠᠭᠰᠠᠨ ᠪᠠᠶᠢᠨ᠎ᠠ᠃ 2009 ᠤᠨ ᠤ 11 ᠳ᠋ᠤᠭᠡᠷ ᠰᠠᠷ᠎ᠠ ᠶᠢᠨ 10 — 11᠎ ᠤ ᠡᠳᠦᠷ᠂ ᠰᠢᠯᠤᠭᠤᠨ ᠬᠦᠬᠡ ᠬᠤᠰᠢᠭᠤ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠤᠭᠳᠠᠭᠠᠭᠰᠠᠨ 30 ᠵᠢᠯ ᠤᠨ ᠤᠢ ᠶᠢ ᠪᠡᠯᠬᠡᠯᠡᠬᠦ ᠪᠠ ᠰᠤᠳᠤᠯᠬᠤ ᠬᠤᠷᠠᠯ ᠬᠤᠷᠠᠯᠳᠤᠭᠤᠯᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠠᠴᠠ ᠰᠢᠯᠤᠭᠤᠨ ᠬᠦᠬᠡ ᠬᠤᠰᠢᠭᠤ ᠶᠢ ᠲᠤᠮᠳᠠᠳᠤ ᠤᠯᠤᠰ ᠤᠨ ᠪᠠᠷᠢᠮᠵᠢᠶ᠎ᠠ ᠠᠪᠢᠶᠠᠨ ᠤ ᠰᠠᠭᠤᠷᠢᠨ ᠭᠡᠵᠦ ᠲᠤᠭᠳᠠᠭᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号