ᠤᠶᠢᠷ᠎ᠠ ᠳᠤ᠂ ᠲᠠᠶᠢᠹᠤᠰᠧ ᠬᠤᠰᠢᠭᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠠᠷ ᠤᠳᠤᠷᠢᠳᠤᠭᠤᠯᠤᠬᠰᠠᠨ | ᠤᠢ ᠰᠢᠭᠤᠢ ᠶᠢᠨ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠤᠢ ᠰᠢᠭᠤᠢ ᠶᠢᠨ ᠴᠠᠭᠳᠠᠭ᠎ᠠ ᠵᠢᠴᠢ | ᠦᠢᠯᠡᠳᠪᠦᠷᠢ ᠬᠤᠳᠠᠯᠳᠤᠭ᠎ᠠ᠂ ᠡᠷᠡᠬᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠢᠶᠠᠷ ᠭᠡᠰᠢᠬᠦᠨ ᠪᠤᠯᠭᠠᠭᠰᠠᠨ | ᠭᠡᠭᠡᠷ᠎ᠡ ᠶᠢᠨ ᠠᠮᠢᠳᠠᠨ ᠢ ᠬᠠᠮᠠᠭᠠᠯᠠᠬᠤ ᠲᠤᠰᠬᠠᠢ ᠲᠦᠷᠦᠯ ᠤᠨ ᠠᠵᠢᠯᠯᠠᠭᠠᠨ ᠤ ᠤᠳᠤᠷᠢᠳᠬᠤ ᠲᠤᠭᠤᠶᠢᠯᠠᠩ ᠢ | ᠪᠠᠶᠢᠭᠤᠯᠵᠤ᠂ ᠬᠤᠰᠢᠭᠤᠨ ᠤ ᠪᠠᠨ ᠬᠠᠷᠢᠶᠠᠨ ᠳᠤ ᠲᠤᠤᠷᠴᠢᠯᠠᠭᠰᠠᠨ ᠭᠡᠯᠪᠡᠷᠢ ᠶᠢᠨ ᠪᠠᠶᠢᠴᠠᠭᠠᠨ ᠴᠡᠭᠴᠡᠯᠡᠯᠳᠡ | ᠶᠠᠪᠤᠭᠤᠯᠵᠤ ᠪᠠᠶᠢᠨ᠎ᠠ᠃ | ᠤᠳᠤ ᠪᠤᠯᠳᠠᠯ᠎ᠠ᠂ ᠲᠤᠰ ᠬᠤᠰᠢᠭᠤ ᠤᠷᠢᠳ ᠬᠤᠵᠢᠳ 2160 ᠴᠠᠭᠳᠠᠭ᠎ᠠ ᠠᠵᠢᠯᠳᠠᠨ ᠢ ᠵᠤᠬᠢᠶᠠᠨ | ᠪᠠᠶᠢᠭᠤᠯᠵᠤ᠂ ᠤᠰᠤᠨ ᠴᠦᠬᠦᠷᠦᠮ᠂ ᠨᠠᠭᠤᠷ ᠭᠤᠤᠯ᠂ ᠤᠢ ᠰᠢᠭᠤᠢ ᠶᠢ ᠪᠠᠭᠳᠠᠭᠠᠭᠰᠠᠨ 26 ᠭᠠᠵᠠᠷ ᠢᠶᠠᠷ | ᠭᠤᠤᠯᠳᠠᠯᠭ᠎ᠠ ᠪᠤᠯᠭᠠᠵᠤ ᠴᠠᠭᠳᠠᠨ ᠪᠠᠶᠢᠴᠠᠭᠠᠬᠤ ᠶᠢᠨ ᠬᠠᠮᠳᠤ᠂ ᠮᠠᠯ ᠲᠠᠷᠢᠶᠠᠨ ᠤ ᠡᠮ ᠤᠨ ᠲᠡᠯᠬᠡᠬᠦᠷ᠂ ᠠᠯᠠᠰᠢᠨ ᠤ | ᠭᠠᠵᠠᠷ᠂ ᠬᠦᠢᠳᠡᠨ ᠬᠦᠮᠦᠷᠭᠡ᠂ ᠵᠠᠬ᠎ᠠ ᠲᠡᠯᠬᠡᠬᠦᠷ᠂ ᠠᠮᠢᠳᠠᠨ ᠵᠢᠬᠦᠷᠳᠡᠨ ᠤ ᠬᠤᠳᠠᠯᠳᠤᠭ᠎ᠠ ᠵᠢᠴᠢ ᠬᠤᠭᠤᠯᠠᠨ ᠭᠡᠷ᠂ | ᠪᠠᠭᠤᠳᠠᠯ ᠵᠡᠷᠭᠡ 35 ᠭᠠᠵᠠᠷ ᠢ ᠬᠡᠨᠡᠳᠡᠬᠦᠯᠦᠨ ᠪᠠᠶᠢᠴᠠᠭᠠᠬᠤ ᠪᠠᠷ ᠲᠠᠮᠵᠢᠭᠠᠳ᠂ ᠬᠠᠤᠯᠢ ᠪᠤᠰᠤ ᠪᠠᠷ ᠭᠡᠭᠡᠷ᠎ᠡ ᠶᠢᠨ | ᠠᠮᠢᠳᠠᠨ ᠠᠪᠠᠯᠠᠭᠰᠠᠨ 4 ᠤᠳᠠᠭᠠᠨ ᠤ ᠭᠡᠷᠡᠭ ᠢ ᠢᠯᠡᠷᠡᠬᠦᠯᠵᠦ᠂ 4 ᠭᠡᠷᠡᠭ ᠤᠨ ᠰᠡᠵᠢᠭᠳᠡᠨ ᠢ ᠰᠢᠳᠭᠡᠨ᠂ ᠬᠠᠪᠬ᠎ᠠ | ᠲᠤᠤᠷ ᠮᠡᠳᠦ ᠶᠢᠨ ᠪᠠᠭᠠᠵᠢ ᠭᠡᠷᠡᠭᠰᠡᠯ 10 ᠢᠵᠢ᠂ ᠰᠢᠪᠠᠭᠤᠨ ᠰᠢᠩᠭᠡᠯᠢᠭ 18 ᠶᠢ ᠬᠤᠷᠢᠶᠠᠨ ᠠᠪᠴᠤ᠂ 17 | ᠠᠯᠳᠠᠨ ᠭᠤᠷᠭᠤᠯᠳᠠᠢ ᠪᠠ 5 ᠤᠢ ᠶᠢᠨ ᠲᠠᠭᠳᠠᠭ᠎ᠠ ᠶᠢ ᠠᠪᠤᠷᠠᠵᠤ ᠡᠬᠡ ᠪᠠᠶᠢᠭᠠᠯᠢ ᠳᠤᠨᠢ ᠪᠤᠴᠠᠭᠠᠬᠰᠠᠨ ᠪᠠᠶᠢᠨ᠎ᠠ᠃ | ᠲᠤᠰ ᠬᠤᠰᠢᠭᠤ ᠪᠠᠰᠠ ᠨᠡᠬᠦᠳᠡᠯ ᠤᠨ ᠰᠢᠪᠠᠭᠤᠳ ᠤᠨ ᠠᠮᠠᠷᠠᠵᠤ ᠪᠠᠭᠤᠬᠤ ᠭᠠᠵᠠᠷ ᠲᠤ 1000 ᠭᠠᠷᠤᠢ ᠺᠢᠯᠦᠭᠷᠠᠮ | ᠡᠷᠳᠡᠨᠢ ᠰᠢᠰᠢ ᠶᠢᠨ ᠦᠷ᠎ᠡ ᠰᠠᠴᠤᠵᠤ᠂ ᠨᠡᠬᠦᠳᠡᠯ ᠤᠨ ᠰᠢᠪᠠᠭᠤᠳ ᠲᠤ ᠲᠡᠵᠢᠬᠡᠯ ᠪᠤᠯᠭᠠᠨ᠂ ᠬᠤᠤᠷᠠᠳᠤ ᠪᠤᠳᠠᠰ | ᠢᠳᠡᠬᠦ ᠠᠴᠠ ᠨᠢ ᠰᠡᠷᠭᠡᠶᠢᠯᠡᠬᠦ ᠪᠦᠳᠦᠮᠵᠢᠳᠡᠢ ᠠᠷᠭ᠎ᠠ ᠭᠡᠮᠵᠢᠶ᠎ᠡ ᠠᠪᠤᠭᠰᠠᠨ ᠪᠦᠬᠡᠳ ᠪᠠᠶᠢᠴᠠᠭᠠᠨ ᠴᠡᠭᠴᠡᠯᠡᠬᠦ | ᠠᠵᠢᠯᠯᠠᠭᠠᠨ ᠤ ᠶᠠᠪᠤᠴᠠ ᠳᠠᠭᠠᠨ 300 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠮᠢᠳᠠᠨ | ᠵᠢᠬᠦᠷᠳᠡᠨ ᠢ ᠬᠠᠶᠢᠷᠠᠯᠠᠵᠤ ᠬᠠᠮᠠᠭᠠᠯᠠᠬᠤ ᠲᠤᠬᠠᠢ ᠬᠦᠮᠦᠨ ᠠᠷᠠᠳ ᠤᠨ ᠤᠬᠠᠮᠰᠠᠷ ᠲᠠᠨᠢᠯᠳᠠ ᠶᠢ ᠲᠡᠭᠡᠭᠰᠢᠯᠡᠬᠦᠯᠵᠡᠢ᠃ |