ᠰᠢᠯᠢ ᠶᠢᠨ ᠬᠤᠲᠠ ᠶᠢᠨ ᠬᠢᠨ ᠭᠠᠳᠠᠭᠠᠲᠤ ᠶᠢᠨ ᠪᠠᠷᠠᠭ᠎ᠠ ᠶᠢ ᠬᠠᠶᠠᠭᠠᠨ ᠠᠴᠠ ᠪᠠᠨ ᠬᠤᠳᠠᠯᠳᠤᠨ ᠠᠪᠬᠤ  ᠪᠤᠯᠤᠯ᠎ᠠ
ᠨᠡᠶᠢᠲᠡᠯᠡᠭᠰᠡᠨ ᠴᠠᠭ᠄
2016-11-21
    ᠤᠢᠢᠷ᠎ᠠ ᠳᠤ ᠲᠤᠮᠳᠠᠳᠤ ᠤᠯᠤᠰ ︵ᠲᠢᠶᠠᠨᠵᠢᠨ︶ ᠤᠨ ᠴᠢᠯᠤᠭᠡᠳᠤ ᠠᠷᠠᠯᠵᠢᠶᠠᠨ ᠤ ᠲᠤᠭᠤᠷᠢᠭ ᠤᠨ ᠳ᠋ᠦᠩ ᠵᠢᠶᠠᠩ ᠭᠠᠳᠠᠭᠠᠳᠤ ᠶᠢᠨ ᠪᠠᠷᠠᠭ᠎ᠠ ᠶᠢ ᠰᠢᠭᠤᠳ ᠪᠤᠷᠤᠯᠠᠭᠤᠯᠬᠤ ᠲᠦᠪ ᠤᠨ ︽ᠰᠢᠯᠢ ᠶᠢᠨ ᠬᠤᠳᠠ ᠲᠡᠯᠭᠡᠭᠦᠷ︾ ᠡᠭᠦᠳᠡ ᠪᠠᠨ ᠨᠡᠭᠡᠭᠡᠵᠤ ᠡᠷᠤᠭᠡ ᠪᠠᠨ ᠰᠡᠭᠦᠭᠰᠡᠨ ᠠᠴᠠ ᠰᠢᠯᠢ ᠨᠤᠳᠤᠭ ᠤᠨ ᠮᠢᠨᠢ ᠠᠷᠠᠳ ᠤᠯᠠᠨ ᠭᠡᠷ ᠤᠨ ᠢᠶᠠᠨ ᠡᠭᠦᠳᠡᠨ ᠠᠴᠠ ᠭᠠᠳᠠᠭᠠᠳᠤ ᠶᠢᠨ ᠪᠠᠷᠠᠭ᠎ᠠ ᠶᠢ ᠬᠤᠳᠠᠯᠳᠤᠨ ᠠᠪᠴᠤ ᠲᠡᠶᠢᠯᠭᠦ ᠪᠤᠯᠤᠭᠰᠨᠨ ᠶᠤᠮ᠃     ᠰᠢᠯᠢ ᠶᠢᠨ ᠬᠤᠳᠠ ᠶᠢᠨ ᠮᠢᠨ ᠡᠾᠧ ᠪᠤᠳᠠᠰ ᠤᠨ ᠭᠦᠢᠯᠭᠡᠭᠡᠨ ᠤ ᠲᠤᠭᠤᠷᠢᠭ ᠲᠤ ᠪᠠᠶᠢᠷᠢᠯᠠᠵᠤ ᠪᠠᠶᠢᠭ᠎ᠠ ᠲᠤᠰ ᠠᠷᠠᠯᠵᠢᠶᠠᠨ ᠤ ᠲᠤᠭᠤᠷᠢᠭ ᠲᠤ ᠭᠦᠷᠭᠦ ᠳᠤ ᠤᠯᠠᠨ ᠭᠦᠮᠤᠨ ᠲᠤᠭᠤᠷᠢᠨ ᠦᠵᠡᠵᠤ᠂ ᠦᠪᠡᠷ ᠦᠪᠡᠷ ᠤᠨ ᠲᠤᠷᠠᠳᠠᠢ ᠵᠦᠢᠯᠡᠰ ᠢᠶᠠᠨ ᠰᠤᠩᠭᠤᠨ ᠠᠪᠴᠤ ᠪᠠᠶᠢᠪᠠ᠃ ︽ᠮᠠᠨ ᠤ ᠡᠨᠡ ᠬᠤᠳᠠᠯᠳᠤᠭᠠᠨ ᠤ ᠲᠤᠭᠤᠷᠢᠭ ᠲᠤ ᠢᠲ᠋ᠠᠯᠢ᠂ ᠺᠤᠷᠢᠶᠠ᠂ ᠮᠤᠩᠭᠤᠯ᠂ ᠺᠠᠨᠠᠳᠠ᠂ ᠠᠮᠧᠷᠢᠺᠠ᠂ ᠭᠧᠷᠮᠠᠨ᠂ ᠲᠠᠶᠢᠯᠠᠨᠳ᠋ ᠵᠡᠷᠭᠡ ᠠᠷᠪᠠᠨ ᠭᠡᠳᠤᠨ ᠤᠯᠤᠰ ᠤᠷᠤᠨ ᠠᠴᠠ ᠤᠷᠤᠭᠤᠯᠤᠭᠰᠠᠨ 1000 ᠢᠯᠡᠭᠦᠤ ᠲᠦᠷᠦᠯ ᠤᠨ ᠪᠦᠳᠦᠭᠡᠭᠳᠡᠭᠦᠨ ᠪᠠᠶᠢᠨ᠎ᠠ᠃ ᠡᠭᠦᠨ ᠳᠤ ᠡᠳᠤᠷ ᠲᠤᠳᠤᠮ ᠤᠨ ᠠᠮᠢᠳᠤᠷᠠᠯ ᠤᠨ ᠭᠡᠷᠡᠭᠰᠡᠯ᠂ ᠭᠤᠶᠤᠯᠠᠯ ᠤᠨ ᠡᠳ᠋᠂ ᠨᠢᠯᠬ᠎ᠠ ᠭᠡᠤᠭᠡᠳ ᠤᠨ ᠭᠡᠷᠡᠭᠯᠡᠭᠡᠨ ᠤ ᠵᠦᠢᠯ ᠪᠠ ᠢᠳᠡᠭᠡᠨ ᠤᠮᠳᠠᠭᠠᠨ ᠤ ᠵᠦᠢᠯ ᠪᠦᠷ ᠪᠤᠢ︾ ᠭᠡᠵᠤ ᠲᠡᠯᠭᠡᠭᠦᠷ ᠤᠨ ᠦᠢᠯᠡᠴᠢᠯᠡᠭᠴᠢ ᠠᠴᠠ ᠮᠠᠨ ᠳᠤ ᠨᠠᠷᠢᠨ ᠲᠠᠨᠢᠯᠴᠠᠭᠤᠯᠵᠤ ᠦᠭᠪᠡ᠃ ᠠᠮᠢᠳᠤᠷᠠᠯ ᠤᠨ ᠭᠢᠷᠢ ᠲᠦᠪᠰᠢᠨ ᠲᠡᠭᠡᠭᠰᠢᠯᠡᠭᠰᠡᠨ ᠪᠠ ᠢᠳᠡᠭᠡᠨ ᠤᠮᠳᠠᠭᠠᠨ ᠤ ᠠᠮᠤᠷ ᠲᠦᠪᠰᠢᠨ ᠢ ᠶᠡᠭᠡᠳᠡ ᠠᠩᠬᠠᠷᠬᠤ ᠪᠤᠯᠤᠭᠰᠠᠨ ᠠᠴᠠ ᠭᠠᠳᠠᠭᠠᠳᠤ ᠶᠢᠨ ᠪᠠᠷᠠᠭ᠎ᠠ ᠭᠦᠮᠤᠰ ᠲᠤ ᠶᠡᠭᠡᠳᠡ ᠲᠠᠭᠠᠯᠠᠭᠳᠠᠬᠤ ᠪᠤᠯᠤᠭᠰᠠᠨ ᠶᠤᠮ᠃ ᠨᠡᠩ ᠢᠯᠠᠩᠭᠤᠶ᠎ᠠ ᠭᠡᠤᠭᠡᠳ ᠤᠨ ᠰᠦᠨ ᠲᠠᠯᠬ ᠎ᠠ ᠵᠡᠷᠭᠡ ᠶᠢ ᠬᠤᠳᠠᠯᠳᠤᠨ ᠠᠪᠬᠤ ᠳᠠᠭᠠᠨ ᠭᠦᠮᠤᠰ ᠭᠡᠳᠤᠢ ᠦᠨᠡᠳᠡᠢ ᠪᠠᠶᠢᠭᠰᠠᠨ ᠴᠤ ᠵᠤᠭᠤᠰ ᠮᠦᠡᠭᠭᠦ ᠪᠠᠨ ᠬᠠᠶᠢᠷᠠᠯᠠᠯ ᠦᠭᠡᠢ ᠠᠪᠴᠤ ᠪᠠᠶᠢᠳᠠᠭ᠃ ᠭᠡᠳᠡᠯ᠎ᠡ ᠵᠠᠷᠢᠮ ᠭᠠᠵᠠᠷ ᠤᠷᠤᠨ ᠳᠤ ᠭᠠᠳᠠᠭᠠᠳᠤ ᠶᠢᠨ ᠪᠠᠷᠠᠭ᠎ᠠ ᠶᠢ ᠰᠢᠭᠤᠳ ᠪᠤᠷᠤᠯᠠᠭᠤᠯᠬᠤ ᠭᠠᠵᠠᠷ ᠭᠡᠵᠤ ᠪᠠᠶᠢᠬᠤ ᠦᠭᠡᠢ ᠪᠤᠯᠬᠤᠷ ᠭᠦᠮᠤᠰ ᠲᠤᠮᠤ ᠲᠤᠮᠤ ᠬᠤᠳᠠ ᠪᠠᠷ ᠭᠦᠷᠴᠤ ᠠᠪᠬᠤ ᠪᠤᠶᠤ ᠰᠦᠯᠵᠢᠶᠡᠨ ᠲᠡᠭᠡᠷ᠎ᠡ ᠠᠴᠠ ᠠᠪᠳᠠᠭ᠃ ᠲᠤᠮᠤ ᠬᠤᠳᠠ ᠳᠤ ᠭᠦᠷᠴᠤ ᠠᠪᠤᠪᠠᠯ ᠶᠠᠪᠤᠵᠤ ᠰᠠᠭᠤᠬᠤ ᠵᠡᠷᠤᠳᠠᠯ ᠭᠡᠵᠤ ᠪᠠᠭ᠎ᠠ ᠪᠤᠰᠤ ᠵᠠᠷᠤᠳᠠᠯ ᠤᠷᠤᠨ᠎ᠠ᠂ ᠰᠦᠯᠵᠢᠶᠡᠨ ᠲᠡᠭᠡᠷ᠎ᠡ ᠠᠴᠠ ᠬᠤᠳᠠᠯᠳᠤᠨ ᠠᠪᠬᠤ ᠨᠢ ᠡᠨᠡᠭᠦ ᠵᠠᠷᠤᠳᠠᠯ ᠢ ᠠᠷᠪᠢᠯᠡᠵᠤ ᠴᠢᠳᠠᠬᠤ ᠪᠤᠯᠤᠭᠰᠠᠨ ᠴᠤ ᠭᠢᠴᠢᠶᠡᠭᠦ ᠦᠭᠡᠢ ᠪᠤᠯ ᠬᠤᠳᠠᠯ ᠬᠠᠭᠤᠷᠮᠠᠭ ᠶᠠᠭᠤᠮ᠎ᠠ ᠠᠪᠬᠤ ᠭᠡᠳ ᠪᠠᠶᠢᠳᠠᠭ᠃ ᠲᠡᠶᠢᠮᠤ ᠳᠡᠭᠡᠨ ᠡᠨᠡᠭᠦ ᠭᠠᠳᠠᠭᠠᠳᠤ ᠶᠢᠨ ᠪᠠᠷᠠᠭ᠎ᠠ ᠶᠢ ᠪᠤᠷᠤᠯᠠᠭᠤᠯᠬᠤ ᠴᠢᠯᠤᠭᠡᠳᠤ ᠠᠷᠠᠯᠵᠢᠶᠡᠨ ᠤ ᠲᠤᠭᠤᠷᠢᠭ ᠲᠠᠢ ᠪᠤᠯᠤᠭᠰᠠᠨ ᠠᠴᠠ ᠨᠠᠰᠢ ᠰᠢᠯᠢ ᠨᠤᠳᠤᠭ ᠤᠨ ᠮᠢᠨᠢ ᠤᠯᠠᠨ ᠲᠦᠮᠡᠨ ᠳᠤ ᠶᠡᠭᠡᠭᠡᠨ ᠲᠦᠭᠦᠮ ᠪᠤᠯᠤᠭᠰᠨᠨ ᠠᠵᠢ᠃ ︽ᠪᠢ ᠠᠳᠡ‌ᠡᠴᠠ ᠭᠠᠳᠠᠭᠠᠳᠤ ᠶᠢᠨ ᠢᠳᠡᠭᠡᠨ ᠤᠮᠳᠠᠭᠠᠨ ᠤ ᠵᠦᠢᠯ ᠠᠪᠬᠤ ᠪᠠᠷ ᠢᠷᠡᠭᠰᠡᠨ᠃ ᠭᠠᠳᠠᠭᠠᠳᠤ ᠶᠢᠨ ᠢᠳᠡᠭᠡᠨ ᠤᠮᠳᠠᠭᠠᠨ ᠤ ᠴᠢᠨᠠᠷ ᠨᠢ ᠰᠠᠶᠢᠨ᠂ ᠡᠯᠳᠡᠪ ᠬᠤᠯᠢᠴᠠ ᠦᠭᠡᠢ ᠪᠠᠶᠢᠳᠠᠭ᠃ ᠤᠤᠯ ᠨᠢ ᠪᠢ ᠰᠦᠯᠵᠢᠶᠡᠨ ᠲᠡᠭᠡᠷ᠎ᠡ ᠠᠴᠠ ᠭᠠᠳᠠᠭᠠᠳᠤ ᠶᠢᠨ ᠢᠳᠡᠭᠡᠨ ᠤᠮᠳᠠᠭᠠᠨ ᠬᠤᠳᠠᠯᠳᠤᠨ ᠠᠪᠳᠠᠬ᠃ ᠭᠡᠭᠦ ᠳᠤ ᠵᠠᠷᠢᠮ ᠳᠠᠭᠠᠨ ᠪᠠᠰᠠ ᠬᠤᠳᠠᠯ ᠬᠠᠭᠤᠷᠮᠠᠭ ᠶᠠᠭᠤᠮ᠎ᠠ ᠲᠠᠭᠠᠷᠠᠬᠤ ᠶᠠᠪᠤᠳᠠᠯ ᠴᠤ ᠭᠠᠷᠴᠤ ᠪᠠᠶᠢᠭᠰᠠᠨ᠃ ᠤᠳᠤ ᠡᠶᠢᠮᠤ ᠨᠢᠭᠡᠨ ᠭᠠᠳᠠᠭᠠᠳᠤ ᠶᠢᠨ ᠪᠠᠷᠠᠭ᠎ᠠ ᠶᠢ ᠪᠤᠷᠤᠯᠠᠭᠤᠯᠬᠤ ᠴᠢᠯᠤᠭᠡᠳᠤ ᠠᠷᠠᠯᠵᠢᠶᠠᠨ ᠤ ᠲᠤᠭᠤᠷᠢᠭ ᠲᠠᠢ ᠪᠤᠯᠤᠭᠰᠠᠨ ᠠᠴᠠ ᠦᠪᠡᠷ ᠤᠨ ᠲᠤᠷᠠᠳᠠᠢ ᠵᠦᠢᠯ ᠢᠶᠠᠨ ᠰᠠᠨᠠᠭᠠᠨ ᠲᠠᠪᠠ ᠪᠠᠷ ᠢᠶᠠᠨ ᠰᠤᠩᠭᠤᠨ ᠠᠪᠴᠤ ᠴᠢᠳᠠᠬᠤ ᠪᠤᠯᠤᠭᠰᠠᠨ︾ ᠭᠡᠵᠤ ᠴᠢᠯᠤᠭᠡᠳᠤ ᠠᠷᠠᠯᠵᠢᠶᠠᠨ ᠤ ᠲᠤᠭᠤᠷᠢᠭ ᠠᠴᠠ ᠶᠠᠭᠤᠮ᠎ᠠ ᠬᠤᠳᠠᠯᠳᠤᠨ ᠠᠪᠴᠤ ᠪᠠᠶᠢᠭᠰᠠᠨ ᠵᠠᠩ ᠠᠪᠠᠭ᠋ᠠᠢ ᠮᠠᠨ ᠳᠤ ᠪᠠᠶᠠᠷᠳᠠᠶᠢᠬᠠᠨ ᠶᠠᠷᠢᠵᠤ ᠪᠠᠶᠢᠯ ᠎ᠠ᠃ 2015 ᠤᠨ ᠤ 9 ᠳ᠋ᠤᠭᠡᠷ ᠰᠠᠷ᠎ᠠ ᠳᠤ ᠮᠠᠨ ᠤ ᠠᠶᠢᠮᠠᠭ ᠲᠢᠶᠠᠨᠵᠢᠨ ᠬᠤᠳᠠ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠨ ᠠᠵᠢᠯᠯᠠᠬᠤ ᠭᠡᠯᠡᠯᠴᠡᠭᠡᠷ ᠲᠤᠭᠳᠠᠭᠰᠠᠨ ᠪᠦᠭᠡᠳ ᠭᠠᠳᠠᠭᠠᠳᠤ ᠠᠷᠠᠯᠵᠢᠶᠠᠨ ᠤ ᠲᠠᠯ᠎ᠠ ᠪᠠᠷ ᠬᠠᠮᠳᠤᠷᠠᠨ ᠠᠵᠢᠯᠯᠠᠬᠤ ᠪᠠᠷ ᠲᠤᠭᠳᠠᠵᠤ᠂ ᠡᠨᠡᠭᠦ ᠴᠢᠯᠤᠭᠡᠳᠤ ᠠᠷᠠᠯᠵᠢᠶᠠᠨ ᠤ ᠲᠤᠭᠤᠷᠢᠭ ᠢ ᠪᠠᠶᠢᠭᠤᠯᠤᠭᠰᠠᠨ ᠪᠠᠶᠢᠳᠠᠭ᠃ ᠲᠤᠰ ᠠᠷᠠᠯᠵᠢᠶᠠᠨ ᠤ ᠲᠤᠭᠤᠷᠢᠭ ᠲᠤ ᠪᠤᠷᠤᠯᠠᠭᠤᠯᠵᠤ ᠪᠠᠶᠢᠭ᠎ᠠ ᠲᠠᠸᠠᠷ ᠤᠨ 40% ᠠᠴᠠ ᠲᠡᠭᠡᠭᠰᠢᠭᠢ ᠨᠢ ᠲᠢᠶᠠᠨᠵᠢᠨ ᠭᠠᠷᠠᠮ ᠢᠶᠠᠷ ᠤᠷᠤᠵᠤ ᠢᠷᠡᠭᠰᠡᠨ ᠪᠠᠶᠢᠵᠤ᠂ ᠲᠢᠶᠠᠨᠵᠢᠨ ᠬᠤᠳᠠ ᠶᠢᠨ ᠭᠠᠳᠠᠭᠠᠳᠤ ᠠᠴᠠ ᠤᠷᠤᠭᠤᠯᠤᠭᠰᠠᠨ ᠪᠠᠷᠠᠭ᠎ᠠ ᠲᠠᠸᠠᠷ ᠤᠨ ᠦᠢᠯᠡᠴᠢᠯᠡᠭᠡᠨ ᠤ ᠺᠤᠮᠫᠠᠨᠢ ᠨᠢ ᠡᠳᠡᠭᠡᠷ ᠪᠠᠷᠠᠭ᠎ᠠ ᠲᠠᠸᠠᠷ ᠲᠤ ᠨᠠᠷᠢᠨ ᠪᠠᠶᠢᠴᠠᠭᠠᠯᠳᠠ ᠭᠢᠵᠤ᠂ ᠭᠢᠷᠢ ᠲᠡᠩᠴᠡᠭᠰᠡᠨ ᠪᠦᠳᠦᠭᠡᠭᠳᠡᠭᠦᠨ ᠢ ᠤᠷᠤᠭᠤᠯᠵᠤ᠂ ᠭᠢᠷᠢ ᠲᠡᠩᠴᠡᠭᠦ ᠦᠭᠡᠢ ᠪᠦᠳᠦᠭᠡᠭᠳᠡᠭᠦᠨ ᠢ ᠬᠤᠳᠠᠯᠳᠤᠭᠠᠨ ᠤ ᠲᠤᠭᠤᠷᠢᠭ ᠲᠤ ᠤᠷᠤᠭᠤᠯᠬᠤ ᠶᠢ ᠲᠠᠰᠤ ᠬᠤᠷᠢᠭᠯᠠᠵᠤ ᠪᠠᠶᠢᠳᠠᠭ ᠪᠤᠯᠬᠤᠷ ᠴᠢᠨᠠᠷ ᠤᠨ ᠲᠠᠯ ᠎ᠠ ᠪᠠᠷ ᠪᠠᠳᠤᠯᠠᠭ᠎ᠠ ᠲᠠᠢ ᠪᠠᠶᠢᠳᠠᠭ᠃ ᠲᠠᠭᠢᠪᠠᠯ ᠲᠤᠰ ᠠᠷᠠᠯᠵᠢᠶᠠᠨ ᠤ ᠲᠤᠭᠤᠷᠢᠭ ᠤᠨ ᠪᠠᠷᠠᠭ᠎ᠠ ᠲᠠᠸᠠᠷ ᠢ ᠲᠢᠶᠠᠨᠵᠢᠨ ᠭᠠᠷᠠᠮ ᠠᠴᠠ ᠰᠢᠭᠤᠳ ᠰᠢᠯᠢ ᠶᠢᠨ ᠬᠤᠳᠠ ᠳᠤ ᠶᠠᠪᠤᠭᠤᠯᠳᠠᠭ ᠪᠤᠯᠬᠤᠷ ᠤᠯᠠᠨ ᠭᠤᠭᠴᠤᠭ᠎ᠠ ᠲᠠᠮᠵᠢᠳᠠᠭ ᠦᠭᠡᠢ᠃ ᠡᠨᠡ ᠨᠢ ᠪᠤᠳᠠᠰ ᠤᠨ ᠭᠦᠢᠯᠭᠡᠭᠡᠨ ᠤ ᠦᠷᠳᠡᠭ ᠢ ᠶᠡᠭᠡᠪᠡᠷ ᠪᠠᠭᠤᠷᠠᠭᠤᠯᠤᠬᠰᠠᠨ ᠪᠤᠯᠬᠤᠷ ᠳᠤᠰ ᠠᠷᠠᠯᠵᠢᠶᠠᠨ ᠤ ᠳᠤᠭᠤᠷᠢᠭ ᠲᠤ ᠪᠤᠷᠤᠯᠠᠭᠤᠯᠵᠤ ᠪᠠᠶᠢᠭ᠎ᠠ ᠪᠠᠷᠠᠭᠠᠨ ᠤ ᠦᠨ᠎ᠡ ᠬᠠᠨᠭ᠍ᠰᠢ ᠨᠢ ᠵᠠᠬ᠎ᠠ ᠳᠡᠯᠭᠡᠭᠦᠷ ᠤᠨ ᠦᠨ᠎ᠡ ᠠᠴᠠ 30% — 50% ᠤᠷᠴᠢᠮ ᠭᠢᠮᠳᠠᠬᠠᠨ ᠪᠠᠶᠢᠳᠠᠭ᠃ ᠡᠳᠡᠭᠡᠷ ᠭᠠᠳᠠᠭᠠᠳᠤ ᠠᠴᠠ ᠤᠷᠤᠭᠤᠯᠤᠬᠰᠠᠨ ᠪᠠᠷᠠᠭᠠᠨ ᠳᠤ ᠪᠦᠷ ᠮᠦᠷᠳᠡᠨ ᠨᠡᠭᠡᠮᠵᠢᠯᠡᠭᠦ ᠰᠢᠰᠲ᠋ᠧᠮ ᠲᠠᠢ ᠪᠤᠯᠬᠤᠷ ᠭᠡᠷᠡᠭᠯᠡᠭᠴᠢᠳ ᠪᠠᠷᠠᠭᠠᠨ ᠤ ᠭᠠᠷᠤᠯᠳᠠ ᠶᠢᠨ ᠤᠷᠤᠨ᠂ ᠬᠤᠳᠠᠯ ᠬᠠᠭᠤᠷᠮᠠᠭ ᠪᠠᠷᠠᠭ᠎ᠠ ᠮᠦᠨ ᠡᠰᠡᠭᠦ ᠶᠢ ᠪᠦᠷ ᠦᠵᠡᠵᠤ ᠳᠡᠶᠢᠯᠳᠡᠭ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠢᠨ᠎ᠠ ᠮᠠᠯᠴᠢᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号