ᠲᠠᠶᠢᠹᠤᠰᠧ ᠬᠤᠰᠢᠭᠤ ᠪᠦᠳᠦᠮᠵᠢᠳᠡᠢ ᠠᠷᠭ᠎ᠠ ᠠᠪᠴᠢᠯ ᠢᠶᠠᠷ ᠲᠠᠷᠢᠶᠠᠯᠠᠬᠤ ᠤᠷᠤᠨ ᠳᠤ ᠪᠡᠯᠴᠢᠭᠡᠷᠯᠡᠬᠦᠯᠬᠦ ᠶᠢ ᠴᠠᠭᠠᠵᠠᠯᠠᠨ ᠲᠤᠰᠬᠠᠢ ᠴᠡᠭᠴᠡᠯᠡᠵᠤ ᠪᠠᠶᠢᠨ᠎ᠠ
ᠨᠡᠶᠢᠲᠡᠯᠡᠭᠰᠡᠨ ᠴᠠᠭ᠄
2016/11/24
    ᠲᠠᠶᠢᠹᠤᠰᠧ ᠬᠤᠰᠢᠭᠤ ︽ᠪᠡᠯᠴᠢᠭᠡᠷ ᠰᠡᠷᠭᠦᠬᠡᠵᠦ ᠪᠡᠯᠴᠢᠭᠡᠷᠯᠡᠬᠦᠯᠬᠦ ᠶᠢ ᠴᠠᠭᠠᠵᠠᠯᠬᠠᠤ ᠬᠠᠮᠢᠶᠠᠷᠤᠯᠳᠠ ᠶᠢᠨ ᠠᠷᠭ᠎ᠠ︾᠎ ᠶᠢ ᠴᠢᠩᠭ᠎ᠠ ᠭᠡᠷᠡᠭᠵᠢᠬᠦᠯᠦᠨ᠂ ︽ᠬᠤᠨᠢ ᠶᠢ ᠴᠦᠬᠡᠳᠭᠡᠵᠦ᠂ ᠦᠬᠡᠷ ᠢ ᠦᠰᠭᠡᠬᠦ︾ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠦᠨᠡᠨᠬᠦ ᠬᠠᠮᠠᠭᠠᠯᠬᠠᠤ ᠶᠢᠨ ᠲᠦᠯᠦᠬᠡ᠂ 10 ᠳ᠋ᠤᠭᠠᠷ ᠰᠠᠷ᠎ᠠ ᠶᠢᠨ 25᠎ ᠤ ᠡᠳᠦᠷ ᠠᠴᠠ ᠡᠬᠢᠯᠡᠨ ᠢᠷᠡᠬᠦ ᠵᠢᠯ ᠤᠨ ᠡᠬᠢ ᠬᠦᠷᠳᠡᠯ᠎ᠡ ᠪᠦᠬᠦ ᠬᠤᠰᠢᠭᠤᠨ ᠤ ᠲᠠᠷᠢᠶᠠᠯᠬᠠᠤ ᠤᠷᠤᠨ ᠳᠤ ᠪᠤᠭ ᠮᠠᠯ ᠤᠨ ᠪᠡᠯᠴᠢᠭᠡᠷᠯᠡᠬᠦᠯᠬᠦ ᠶᠢ ᠴᠠᠭᠠᠵᠠᠯᠬᠠᠤ ᠠᠵᠢᠯ ᠢ ᠴᠢᠩᠭᠠᠳᠬᠠᠬᠤ ᠲᠤᠰᠬᠠᠢ ᠴᠡᠭᠴᠡᠯᠡᠯᠳᠡ ᠶᠠᠪᠤᠭᠤᠯᠬᠤ ᠪᠠᠷ ᠪᠠᠶᠢᠨ᠎ᠠ᠃     ᠲᠤᠰ ᠬᠤᠰᠢᠭᠤ ᠶᠠᠭᠤᠨ ᠤ ᠤᠷᠢᠳ ᠤᠢ ᠰᠢᠭᠤᠢ᠂ ᠨᠤᠳᠤᠭ ᠪᠡᠯᠴᠢᠭᠡᠷ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠬᠢᠭᠡᠳ ᠡᠯ᠎ᠡ ᠰᠢᠶᠠᠩ ᠪᠠᠯᠭᠠᠰᠤ ᠶᠢᠨ ᠭᠤᠤᠯ ᠤᠳᠤᠷᠢᠳᠤᠯᠭ᠎ᠠ ᠪᠠᠷ ᠪᠦᠷᠢᠯᠳᠦᠭᠰᠡᠨ ᠲᠠᠷᠢᠶᠠᠯᠬᠠᠤ ᠤᠷᠤᠨ ᠤ ᠪᠤᠭ ᠮᠠᠯ ᠤᠨ ᠪᠡᠯᠴᠢᠭᠡᠷᠯᠡᠬᠦᠯᠬᠦ ᠶᠢ ᠴᠠᠭᠠᠵᠠᠯᠬᠠᠤ ᠲᠤᠰᠬᠠᠢ ᠴᠡᠭᠴᠡᠯᠡᠯᠳᠡ ᠶᠢᠨ ᠠᠵᠢᠯᠯᠠᠭᠠᠨ ᠤ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠲᠤᠤᠷ᠎ᠠ ᠨᠢ ᠪᠠᠰᠠ 7 ᠠᠵᠢᠯᠯᠬᠠᠤ ᠠᠩᠬᠢ ᠲᠤᠬᠢᠷᠠᠭᠤᠯᠤᠨ᠂ ᠡᠯ᠎ᠡ ᠰᠢᠶᠠᠩ ᠪᠠᠯᠭᠠᠰᠤ ᠶᠢᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠭᠤᠯᠤᠭᠰᠠᠨ ᠤ ᠬᠠᠮᠳᠤ ᠰᠢᠶᠠᠩ ᠪᠠᠯᠭᠠᠰᠤ ᠶᠢ ᠬᠤᠪᠢᠳᠠᠵᠤ ᠲᠠᠭᠠᠭᠠᠴᠢᠯᠠᠭᠰᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠨᠠᠷ ᠴᠤ ᠦᠪᠡᠷ ᠦᠪᠡᠷ ᠤᠨ ᠴᠢᠭ᠋ ᠲᠡᠭᠡᠨ ᠬᠦᠨᠵᠡᠬᠡᠶᠢᠷᠡᠨ᠂ ᠲᠤᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠠᠵᠢᠯ ᠢ ᠬᠢᠵᠦ᠂ ᠡᠯ᠎ᠡ ᠰᠢᠶᠠᠩ ᠪᠠᠯᠭᠠᠰᠤ ᠪᠠ ᠤᠢ ᠰᠢᠭᠤᠢ ᠶᠢᠨ ᠴᠠᠭᠳᠠᠭ᠎ᠠ ᠶᠢᠨ ᠲᠤᠮᠢᠯᠠᠭᠰᠠᠨ ᠰᠠᠯᠪᠤᠷᠢ ᠨᠢ ᠬᠤᠯᠪᠤᠭᠠᠯᠠᠨ᠂ ᠡᠯ᠎ᠡ ᠲᠤᠰᠬᠤᠨ ᠤ ᠠᠮᠢ ᠠᠬᠤᠢ ᠶᠢᠨ ᠬᠠᠮᠢᠶᠠᠷᠤᠯᠳᠠ ᠶᠢᠨ ᠠᠵᠢᠯᠳᠠᠨ ᠪᠠ ᠤᠢ ᠰᠢᠭᠤᠢ ᠶᠢᠨ ᠬᠠᠮᠠᠭᠠᠯᠠᠭᠴᠢ ᠨᠢ ᠦᠢᠯᠡᠳᠦᠯ ᠢᠶᠠᠨ ᠬᠦᠢᠴᠡᠳ ᠪᠠᠳᠠᠷᠠᠭᠤᠯᠵᠤ ᠂ ᠪᠠᠶᠢᠷᠢ ᠰᠤᠯᠢᠵᠤ ᠬᠠᠤᠯᠢ ᠭᠡᠷᠡᠭᠵᠢᠬᠦᠯᠬᠦ ᠠᠷᠭ᠎ᠠ ᠪᠠᠷ ᠨᠢᠭᠤᠷ ᠲᠠᠯ᠎ᠠ ᠬᠠᠷᠬᠠᠤ ᠦᠵᠡᠭᠳᠡᠯ ᠢ ᠪᠦᠳᠦᠮᠵᠢᠳᠡᠢ ᠬᠤᠷᠢᠭᠯᠠᠨ᠂ ᠠᠮᠢ ᠠᠬᠤᠢ ᠡᠪᠳᠡᠭᠰᠡᠨ ᠬᠠᠤᠯᠢ ᠪᠤᠰᠤ ᠠᠵᠢᠯᠯᠠᠭ᠎ᠠ ᠳᠤ ᠢᠯᠳᠠᠷ ᠬᠠᠶ᠋ᠬᠠᠤ ᠦᠬᠡᠢ ᠴᠢᠩᠭ᠎ᠠ ᠴᠤᠬᠢᠯᠳᠠ ᠦᠭᠴᠦ ᠪᠠᠶᠢᠨ᠎ᠠ᠃ ᠬᠤᠰᠢᠭᠤ ᠵᠠᠰᠠᠭ ᠤᠨ ᠤᠷᠳᠤᠨ ᠠᠴᠠ ︽ᠲᠠᠷᠢᠶᠠᠯᠬᠠᠤ ᠤᠷᠤᠨ ᠳᠤ ᠪᠡᠯᠴᠢᠭᠡᠷᠯᠡᠬᠦᠯᠬᠦ ᠶᠢ ᠴᠠᠭᠠᠵᠠᠯᠬᠠᠤ ᠲᠤᠰᠬᠠᠢ ᠴᠡᠭᠴᠡᠯᠡᠯᠳᠡ ᠶᠠᠪᠤᠭᠤᠯᠬᠤ ᠲᠤᠬᠠᠢ ᠠᠯᠪᠠᠨ ᠵᠠᠷ︾᠎ ᠢ ᠨᠡᠶᠢᠳᠡᠯᠡᠵᠦ᠂ ᠷᠠᠳᠢᠤ᠋ ᠲᠧᠯᠸᠢᠰ᠂ ᠸᠢᠴᠠᠲ᠂ ᠤᠬᠠᠭᠤᠯᠭ᠎ᠠ ᠶᠢᠨ ᠤᠷᠢᠶ᠎ᠠ ᠵᠡᠷᠭᠡ ᠶᠢ ᠠᠰᠢᠭᠯᠠᠵᠤ᠂ ︽ᠤᠢ ᠢᠭᠤᠢ ᠶᠢᠨ ᠬᠠᠤᠯᠢ︾᠂ ︽ᠡᠯᠡᠰᠦ ᠶᠢ ᠰᠡᠷᠭᠡᠶᠢᠯᠡᠨ ᠵᠠᠰᠬᠠᠤ ᠬᠠᠤᠯᠢ︾᠂ ︽ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠲᠠᠯ᠎ᠠ ᠨᠤᠳᠤᠭ ᠤᠨ ᠬᠠᠮᠠᠭᠠᠯᠠᠯᠳᠠ ᠶᠢᠨ ᠲᠦᠷᠢᠮ︾᠂ ︽ᠲᠠᠶᠢᠹᠤᠰᠧ ᠬᠤᠰᠢᠭᠤᠨ ᠤ ᠪᠡᠯᠴᠢᠭᠡᠷ ᠰᠡᠷᠭᠦᠬᠡᠵᠦ ᠪᠡᠯᠴᠢᠭᠡᠷᠯᠡᠬᠦᠯᠬᠦ ᠶᠢ ᠴᠠᠭᠠᠵᠠᠯᠬᠠᠤ ᠬᠠᠮᠢᠶᠠᠷᠤᠯᠳᠠ ᠶᠢᠨ ᠠᠷᠭ᠎ᠠ︾ ᠵᠡᠷᠭᠡ ᠬᠠᠤᠯᠢ ᠲᠦᠷᠢᠮ ᠢ ᠬᠦᠴᠦᠳᠡᠢ ᠤᠬᠠᠭᠤᠯᠤᠨ᠂ ᠠᠷᠠᠳ ᠤᠯᠠᠨ ᠨᠡᠶᠢᠬᠡᠮ ᠨᠡᠶᠢᠳᠡ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠲᠤᠬᠠᠢ ᠤᠬᠠᠮᠰᠠᠷ ᠲᠠᠨᠢᠯᠳᠠ ᠶᠢ ᠲᠡᠭᠡᠭᠰᠢᠯᠡᠬᠦᠯᠦᠭᠰᠡᠨ ᠪᠦᠬᠡᠳ ᠬᠢᠨᠠᠯᠳᠠ ᠲᠠᠯᠪᠢᠵᠤ ᠢᠯᠡᠴᠢᠯᠡᠨ ᠮᠡᠳᠡᠬᠦᠯᠬᠦ ᠲᠤᠰᠬᠠᠢ ᠤᠳᠠᠰᠤ ᠶᠢ ᠲᠤᠬᠢᠷᠠᠭᠤᠯᠵᠤ᠂ ᠱᠠᠩᠨᠠᠨ ᠵᠤᠷᠢᠭᠵᠢᠭᠤᠯᠬᠤ ᠠᠷᠭ᠎ᠠ ᠪᠠᠷ ᠤᠯᠠᠨ ᠲᠦᠮᠡᠨ ᠤ ᠬᠠᠤᠯᠢ ᠪᠤᠰᠤ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠲᠠᠶᠢᠴᠢᠯᠠᠵᠠᠢ᠃ ᠠᠵᠢᠯᠳᠠᠳ ᠤᠨ ᠬᠠᠤᠯᠢ ᠶᠤᠰᠤᠭᠠᠷ ᠠᠵᠢᠯ ᠢᠶᠠᠨ ᠦᠷᠨᠢᠬᠦᠯᠬᠦ ᠳᠤ ᠬᠢᠨᠠᠯᠳᠠ ᠲᠠᠯᠪᠢᠵᠤ᠂ ᠡᠷᠭᠡ ᠲᠡᠭᠰᠢ᠂ ᠲᠦᠪ ᠭᠤᠤᠯᠴᠢ᠂ ᠢᠯᠡ ᠲᠤᠳᠤ ᠬᠠᠤᠯᠢ ᠭᠡᠷᠡᠭᠵᠢᠬᠦᠯᠬᠦ ᠶᠢ ᠪᠠᠳᠤᠯᠠᠨ᠂ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠮᠡᠳᠡᠭᠡ ᠵᠠᠩᠬᠢ ᠱᠠᠭᠠᠷᠳᠠᠨ ᠪᠠᠶᠢᠴᠠᠭᠠᠬᠤ ᠠᠯᠪᠠᠨ ᠭᠡᠷ᠂ ᠤᠢ ᠰᠢᠭᠤᠢ ᠶᠢᠨ ᠲᠤᠪᠴᠢᠶ᠎ᠠ ᠪᠠ ᠲᠧᠯᠸᠢᠰ ᠬᠤᠷᠢᠶ᠎ᠠ ᠵᠡᠷᠭᠡ ᠰᠠᠯᠠᠭ᠎ᠠ ᠮᠦᠴᠢᠷ ᠨᠢ ᠬᠤᠯᠪᠤᠭᠠᠯᠠᠨ ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠪᠦᠬᠦ ᠬᠤᠰᠢᠭᠤᠨ ᠤ ᠪᠡᠯᠴᠢᠭᠡᠷᠯᠡᠬᠦᠯᠬᠦ ᠶᠢ ᠴᠠᠭᠠᠵᠠᠯᠬᠠᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠭᠤᠷᠢᠨ ᠪᠠᠶᠢᠴᠠᠭᠠᠯᠳᠠ ᠬᠢᠵᠦ᠂ ᠭᠡᠷᠡᠭᠵᠢᠬᠦᠯᠦᠯᠳᠡ ᠰᠤᠯᠠ ᠂ ᠠᠷᠭ᠎ᠠ ᠠᠪᠴᠡᠯ ᠬᠦᠴᠦᠨ ᠦᠬᠡᠢ ᠰᠢᠶᠠᠩ ᠪᠠᠯᠭᠠᠰᠤ ᠪᠠ ᠲᠤᠰᠬᠤᠨ ᠤ ᠭᠤᠤᠯ ᠤᠳᠤᠷᠢᠳᠤᠯᠭ᠎ᠠ ᠳᠤ ᠰᠡᠷᠡᠮᠵᠢᠯᠡᠬᠦᠯᠦᠯ ᠦᠭᠴᠦ᠂ ᠪᠠᠶᠢᠳᠠᠯ ᠢ ᠪᠦᠬᠦ ᠬᠤᠰᠢᠭᠤᠨ ᠳᠤ ᠨᠡᠶᠢᠳᠡᠯᠡᠨ ᠮᠡᠳᠡᠭᠡᠯᠡᠬᠦ ᠶᠢᠨ ᠬᠠᠮᠳᠤ ᠵᠢᠯ ᠤᠨ ᠡᠴᠦᠰ ᠤᠨ ᠬᠢᠨᠠᠨ ᠰᠢᠯᠭᠠᠯᠳᠠ ᠳᠤ ᠤᠷᠤᠭᠤᠯᠬᠤ ᠪᠠᠷ ᠲᠤᠭᠳᠠᠪᠠ᠃ ᠲᠤᠰᠬᠠᠢ ᠴᠡᠭᠴᠡᠯᠡᠯᠳᠡ ᠶᠢ ᠡᠬᠢᠯᠡᠬᠦᠯᠥᠭᠰᠡᠨ ᠠᠴᠠ ᠨᠠᠰᠢ᠂ ᠲᠤᠰ ᠬᠤᠰᠢᠭᠤ ᠨᠢᠬᠡᠨᠳᠡ ᠬᠠᠤᠯᠢ ᠲᠦᠷᠢᠮ ᠵᠦᠷᠢᠴᠡᠵᠦ ᠬᠤᠯᠠᠭᠠᠢ ᠪᠠᠷ ᠪᠡᠯᠴᠢᠭᠡᠷᠯᠡᠬᠦᠯᠦᠭᠰᠡᠨ ᠭᠡᠷᠡᠭ ᠢ 28 ᠤᠳᠠᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠳᠡ 36200 ᠲᠦᠬᠦᠷᠢᠭ ᠤᠨ ᠠᠵᠤ ᠠᠬᠤᠢ ᠶᠢᠨ ᠲᠤᠷᠭᠠᠭᠤᠯᠢ ᠶᠠᠪᠤᠭᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号