ᠵᠡᠬᠦᠨ ᠦᠵᠦᠮᠦᠴᠢᠨ ᠬᠤᠰᠢᠭᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠦᠷᠢᠮ ᠢ ᠴᠢᠩᠭ᠎ᠠ ᠬᠡᠷᠡᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2016/11/24
    ᠵᠡᠬᠦᠨ ᠦᠵᠦᠮᠦᠴᠢᠨ ᠬᠤᠰᠢᠭᠤ ︽ᠨᠤᠲᠤᠭ ᠪᠡᠯᠴᠢᠭᠡᠷ ᠤᠨ ᠬᠠᠤᠯᠢ︾᠂ ︽ᠥᠪᠦᠷ ᠮᠤᠩᠭᠤᠯ ᠤᠨ ᠥᠪᠡᠷᠲᠡᠭᠡᠨ ᠵᠠᠰᠬᠠᠤ ᠤᠷᠤᠨ ᠤ ᠪᠡᠯᠴᠢᠭᠡᠷᠯᠡᠬᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠲᠦᠷᠢᠮ ᠢ ᠴᠢᠩᠭ᠎ᠠ ᠨᠠᠶᠢᠲᠠᠪᠤᠷᠢᠵᠢᠭᠤᠯᠬᠤ ᠶᠢᠨ ᠲᠦᠯᠥᠭᠡ ᠂ ᠪᠡᠯᠴᠢᠭᠡᠷᠯᠡᠬᠦᠯᠬᠦ ᠶᠢ ᠴᠠᠭᠠᠵᠠᠯᠠᠬᠰᠠᠨ ᠤᠷᠤᠨ ᠳᠤ ᠬᠠᠥᠯᠢ ᠪᠤᠰᠥ ᠪᠠᠷ ᠮᠠᠯ ᠮᠠᠯᠵᠢᠬᠰᠠᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ ᠲᠠᠭᠠᠭᠠᠴᠠ ᠠᠴᠠ ᠬᠡᠳᠦᠷᠡᠲᠡᠯ᠎ᠡ ᠮᠠᠯ ᠮᠠᠯᠵᠢᠬᠰᠠᠨ ᠵᠡᠷᠭᠡ ᠲᠦᠷᠢᠮ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠥᠭᠴᠦ᠂ ᠬᠤᠶᠠᠲᠤᠭᠠᠷ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠯ ᠨᠥᠬᠦᠪᠦᠷᠢ ᠶᠢᠨ ᠲᠦᠷᠦ ᠶᠢᠨ ᠪᠤᠲᠤᠯᠭ᠎ᠠ ᠶᠢᠨ ᠤᠷᠢᠳᠴᠢᠯᠠᠨ ᠲᠥᠯᠦᠪᠯᠡᠭᠰᠡᠨ ᠦᠷ᠎ᠡ ᠪᠦᠲᠦᠮᠵᠢ ᠳᠤ ᠪᠠᠨ ᠬᠦᠷᠴᠦ ᠲᠡᠶᠢᠯᠬᠦ ᠶᠢ ᠪᠠᠲᠤᠯᠠᠵᠦ᠂ ᠪᠡᠯᠴᠢᠭᠡᠷ ᠤᠨ ᠲᠠᠭᠠᠭᠠᠴᠠ ᠶᠢ ᠦᠨᠡᠨᠬᠦ ᠬᠥᠩᠭᠡᠷᠡᠭᠦᠯᠵᠦ ᠪᠠᠶᠢᠨ᠎ᠠ᠃         ᠵᠡᠬᠦᠨ ᠦᠵᠦᠮᠦᠴᠢᠨ ᠬᠤᠰᠢᠭᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ ᠮᠠᠯ ᠠᠵᠤ ᠠᠬᠤᠢ ᠶᠢᠨ ᠭᠡᠯᠲᠡᠰ ᠲᠠᠢ ᠬᠠᠮᠲᠤᠷᠠᠨ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠬᠠᠤ ᠠᠵᠢᠯᠯᠠᠭ᠎ᠠ ᠶᠢ ᠪᠠᠶᠢᠷᠢᠯᠠᠭᠤᠯᠵᠦ᠂ 4 ᠳ᠋ᠤᠭᠡᠷ ᠰᠠᠷ᠎ᠠ ᠶᠢᠨ 30 ᠤ ᠡᠳᠦᠷ ᠠᠴᠠ ᠡᠬᠢᠯᠡᠨ᠂ ᠲᠤᠰᠬᠠᠢ ᠲᠦᠷᠦᠯ ᠤᠨ ᠪᠡᠯᠡ ᠮᠥᠩᠭᠦ ᠲᠤᠬᠢᠷᠠᠭᠤᠯᠤᠨ᠂ ᠬᠠᠤᠯᠢ ᠬᠡᠷᠡᠭᠵᠢᠬᠦᠯᠦᠭᠴᠢ 75 ᠬᠦᠮᠦᠨ ᠤᠲᠠᠭ᠎ᠠ᠂ 13 ᠲᠡᠷᠭᠡ ᠤᠨᠤᠭ᠎ᠠ ᠬᠦᠲᠡᠯᠭᠡᠨ᠂ ᠪᠦᠬᠦ ᠬᠤᠰᠢᠭᠤᠨ ᠤ ᠬᠡᠪᠴᠢᠶᠡᠨ ᠳᠤ ᠪᠡᠯᠴᠢᠭᠡᠷᠯᠡᠬᠦᠯᠬᠦ ᠶᠢ ᠴᠠᠭᠠᠵᠠᠯᠠᠵᠥ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠦᠷᠢᠮ ᠢ ᠨᠠᠶᠢᠲᠠᠪᠤᠷᠢᠵᠢᠭᠤᠯᠬᠤ ᠲᠤᠰᠬᠠᠢ ᠲᠦᠷᠦᠯ ᠤᠨ ᠴᠡᠭᠴᠡᠯᠡᠯᠳᠠ ᠶᠢᠨ ᠠᠵᠢᠯᠯᠠᠭ᠎ᠠ ᠥᠷᠨᠢᠬᠦᠯᠪᠡ᠃ ᠲᠤᠰ ᠤᠲᠠᠭᠠᠨ ᠤ ᠠᠵᠢᠯᠯᠠᠭ᠎ᠠ ᠳᠤ ᠲᠤᠰ ᠬᠤᠰᠢᠭᠤᠨ ᠤ ᠪᠡᠯᠴᠢᠭᠡᠷᠯᠡᠬᠦᠯᠬᠦ ᠶᠢ ᠴᠠᠭᠠᠵᠠᠯᠠᠬᠰᠠᠨ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ ᠭᠤᠤᠯᠲᠠᠯᠭ᠎ᠠ ᠲᠠᠢ ᠪᠠᠶᠢᠴᠠᠭᠠᠯᠲᠠ ᠬᠢᠵᠦ᠂ ᠲᠦᠷᠢᠮ ᠠᠴᠠ ᠵᠥᠷᠢᠴᠡᠨ ᠮᠠᠯ ᠮᠠᠯᠵᠢᠭᠰᠠᠨ ᠡᠷᠦᠭᠡ ᠶᠢ ᠵᠠᠷᠯᠢᠭᠲᠠᠨ ᠬᠠᠯᠠᠨ ᠰᠠᠶᠢᠵᠢᠷᠠᠭᠤᠯᠵᠦ᠂ ᠮᠠᠯ ᠤᠨ ᠵᠠᠷᠤᠴᠠᠭᠤᠯᠤᠯᠲᠠ ᠶᠢ ᠲᠦᠷᠭᠡᠳᠭᠡᠨ᠂ ᠤᠯᠠᠨᠲᠠ ᠢᠳᠬᠠᠭᠰᠠᠨ ᠴᠤ ᠬᠠᠯᠠᠨ ᠰᠠᠶᠢᠵᠢᠷᠠᠭᠤᠯᠤᠭᠰᠠᠨ ᠦᠭᠡᠢ ᠡᠷᠦᠭᠡ ᠶᠢ ᠬᠠᠤᠯᠢ ᠲᠦᠷᠢᠮ ᠶᠤᠰᠤᠭᠠᠷ ᠲᠤᠷᠭᠠᠨ᠂ ᠦᠢᠯᠡ ᠠᠵᠢᠯᠯᠠᠭ᠎ᠠ ᠬᠦᠨᠳᠦ ᠨᠤᠴᠢᠲᠠᠢ ᠶᠢ ᠨᠢ ᠲᠤᠰ ᠵᠢᠯ ᠤᠨ ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠯ ᠨᠥᠬᠦᠪᠦᠷᠢ ᠶᠢ ᠨᠢ ᠵᠤᠭᠰᠤᠭᠠᠬᠤ ᠪᠠᠷ ᠲᠤᠬᠳᠠᠪᠠ᠃       ᠲᠤᠰ ᠤᠲᠠᠭᠠᠨ ᠤ ᠠᠵᠢᠯᠯᠠᠭ᠎ᠠ ᠨᠢ ᠲᠤᠰ ᠬᠤᠰᠢᠭᠤᠨ ᠤ ᠮᠠᠯ ᠤᠨ ᠲᠤᠭ᠎ᠠ ᠶᠢ ᠪᠠᠭᠠᠰᠬᠠᠨ᠂ ᠥᠷᠭᠡᠨ ᠤᠯᠠᠨ ᠮᠠᠯᠴᠢᠨ ᠲᠦᠮᠡᠨ ᠤ ᠰᠢᠨᠵᠢᠯᠡᠬᠦ ᠤᠬᠠᠭᠠᠨᠴᠢ ᠪᠠᠷ ᠮᠠᠯ ᠮᠠᠯᠵᠢᠬᠤ ᠲᠠᠨᠢᠯᠲᠠ ᠶᠢ ᠲᠡᠭᠡᠭᠰᠢᠯᠡᠬᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠦ᠂ ᠤᠯᠤᠰ ᠤᠨ ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠯ ᠨᠥᠬᠦᠪᠦᠷᠢ ᠶᠢᠨ ᠲᠦᠷᠦ ᠶᠢᠨ ᠪᠤᠲᠤᠯᠭ᠎ᠠ ᠶᠢ ᠭᠡᠷᠡᠭᠵᠢᠬᠦᠯᠥᠭᠰᠡᠨ ᠦᠷ᠎ᠡ ᠪᠦᠲᠦᠮᠵᠢ ᠶᠢ ᠪᠠᠲᠤᠯᠠᠨ᠂ ᠪᠦᠬᠦ ᠬᠤᠰᠢᠭᠤᠨ ᠤ ᠮᠠᠯ ᠠᠵᠦ ᠠᠬᠤᠢ ᠶᠢᠨ ᠪᠦᠲᠦᠴᠡ ᠶᠢᠨ ᠥᠭᠡᠷᠡᠴᠢᠯᠡᠯᠲᠡ ᠵᠢᠴᠢ ︽ᠬᠤᠨᠢ ᠶᠢ ᠴᠦᠬᠡᠳᠭᠡᠵᠦ᠂ ᠥᠭᠡᠷ ᠢ ᠥᠰᠭᠡᠬᠦ︾ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号